ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠢᠵᠦ    ᠯᠢ ᠵᠢᠢ ᠾᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2018/8/10
      8 ᠳ᠋ᠤᠭᠠᠷ ᠰᠠᠷ᠎ᠠ ᠶᠢᠨ 9᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠬᠠᠤ ᠤᠷᠤᠨ ᠤ ᠨᠠᠮ ᠎ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠢᠵᠦ᠂ 7 ᠳ᠋ᠤᠭᠠᠷ ᠰᠠᠷ᠎ᠠ ᠶᠢᠨ 31᠎ ᠤ ᠡᠳᠦᠷ ᠪᠣᠯᠣᠭᠰᠠᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠤᠨ ᠵᠤᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠲᠤᠯᠤᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠦᠪᠯᠡᠵᠤ᠂ ᠬᠠᠮᠢᠶ᠎ᠠ ᠪᠦᠬᠦᠢ ᠠᠵᠢᠯ ᠢ ᠰᠤᠳᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠡᠢ᠃       ᠬᠤᠷᠠᠯ ᠠᠴᠠ ᠵᠢᠭᠠᠭᠰᠠᠨ ᠨᠢ᠂ 7 ᠳ᠋ᠤᠭᠠᠷ ᠰᠠᠷ᠎ᠠ ᠶᠢᠨ 31᠎ ᠤ ᠡᠳᠦᠷ ᠪᠣᠯᠣᠭᠰᠠᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠨᠢ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠬᠠᠷᠠᠯᠳᠠ ᠡᠭᠦᠷᠭᠡ ᠶᠢ ᠪᠡᠶᠡᠯᠡᠭᠦᠯᠭᠦ ᠶᠢ ᠪᠠᠳᠤᠯᠠᠬᠤ ᠳᠤ ᠤᠷᠤᠬᠰᠢᠯᠠᠯᠳᠠ ᠶᠢᠨ ᠴᠢᠭᠯᠡᠯ ᠎ ᠢ ᠵᠢᠭᠠᠨ ᠦᠭᠴᠤ᠂ ᠴᠢᠬᠤᠯᠠ ᠵᠢᠷᠤᠮᠯᠠᠯ ᠬᠠᠩᠭᠠᠵᠠᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠳ ︽ᠲᠦᠷᠪᠡᠨ ᠤᠬᠠᠮᠰᠠᠷ︾᠎ ᠢᠶᠠᠨ ᠦᠨᠡᠨ ᠬᠦ ᠴᠢᠩᠭᠠᠳᠬᠠᠨ᠂ ︽ᠲᠦᠷᠪᠡᠨ ᠢᠳᠡᠭᠡᠯ︾᠎ ᠢᠶᠠᠨ ᠪᠠᠳᠤᠳᠬᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠶᠢᠨ ᠤᠳᠤᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠮᠠᠭᠠᠳᠯᠠᠯᠳᠠ ᠪᠤᠯᠤᠠ ᠠᠵᠢᠯ ᠤᠨ ᠪᠠᠶᠢᠷᠢᠯᠠᠭᠤᠯᠤᠯᠳᠠ ᠲᠠᠢ ᠨᠢᠭᠡᠳᠦᠯᠳᠡᠢ ᠪᠠᠶᠢᠯᠭᠠᠬᠤ ᠬᠡᠷᠡᠭᠳᠡᠢ᠃ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠠᠴᠠ ᠪᠠᠶᠢᠷᠢᠯᠠᠭᠤᠯᠤᠭᠰᠠᠨ 6 ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠶᠢ ᠬᠦᠨᠵᠡᠭᠡᠢ ᠨᠡᠶᠢᠳᠡᠪᠦᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠰᠢᠨ᠎ᠠ ᠬᠠᠭᠤᠴᠢᠨ ᠬᠦᠳᠡᠯᠭᠡᠭᠦ ᠡᠨᠧᠷᠬᠢ ᠶᠢᠨ ᠰᠤᠯᠢᠬᠳᠠᠯ ᠢ ᠲᠦᠷᠭᠡᠳᠭᠡᠵᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠪᠠ ᠲᠡᠭᠡᠷ᠎ᠠ ᠬᠠᠭᠠᠰ ᠵᠢᠯ ᠤᠨ ᠭᠤᠤᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠳᠡ ᠶᠢᠨ ᠬᠤᠷᠠᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠦᠨ᠂ ᠡᠷᠴᠢᠮ ᠢᠶᠠᠨ ᠴᠢᠩᠭᠠᠷᠠᠭᠤᠯᠵᠤ ᠲᠤᠳᠠᠭᠤᠳᠠᠯ ᠢᠶᠠᠨ ᠨᠦᠬᠦᠪᠦᠷᠢᠯᠡᠵᠦ᠂ ᠲᠡᠰ ᠳᠡᠪᠰᠢᠭᠦᠯᠬᠦ ᠎ ᠶᠢ ᠠᠬᠢᠭᠤᠯᠵᠤ᠂ ᠡᠷᠡᠰ ᠭᠤᠶᠢᠪᠢᠰᠢ ᠦᠭᠡᠢ ᠪᠠᠷ ᠦᠭᠡᠷᠡᠴᠢᠯᠡᠯᠳᠡ ᠶᠢ ᠠᠳᠬᠤᠨ᠂ ᠨᠡᠭᠡᠭᠡᠯᠳᠡ ᠶᠢ ᠠᠬᠢᠭᠤᠯᠵᠤ᠂ ᠰᠡᠳᠬᠢᠯ ᠲᠠᠯᠪᠢᠨ ᠬᠦᠴᠦ ᠤᠷᠤᠭᠤᠯᠦᠨ ᠠᠷᠠᠳ ᠤᠨ ᠠᠮᠢᠳᠤᠷᠠᠯ ᠳᠤ ᠠᠰᠢᠭ ᠬᠦᠷᠳᠡᠭᠡᠵᠦ᠂ ᠲᠤᠬᠳᠠᠭᠤᠨ ᠢ ᠪᠠᠳᠤᠯᠠᠵᠤ᠂ ᠠᠵᠢᠯ ᠤᠯᠭᠤᠯᠳᠠ ᠶᠢ ᠲᠤᠬᠳᠠᠪᠤᠷᠢᠵᠢᠭᠤᠯᠬᠤ᠂ ᠮᠦᠩᠭᠦᠨ ᠬᠦᠢᠯᠭᠡᠭᠡ ᠶᠢ ᠲᠤᠬᠳᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠤᠬᠳᠠᠪᠤᠷᠢᠵᠢᠭᠤᠯᠬᠤ᠂ ᠭᠠᠳᠠᠭᠠᠳᠤ ᠪᠡᠯᠡ ᠶᠢ ᠲᠤᠬᠳᠠᠪᠤᠷᠢᠵᠢᠭᠤᠯᠬᠤ᠂ ᠪᠡᠯᠡ ᠤᠷᠤᠭᠤᠯᠤᠯᠳᠠ ᠶᠢ ᠲᠤᠬᠳᠠᠪᠤᠷᠢᠵᠢᠭᠤᠯᠬᠤ᠂ ᠵᠢᠱᠢᠯᠳᠡ ᠶᠢ ᠲᠤᠬᠳᠠᠪᠤᠷᠢᠵᠢᠭᠤᠯᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠠᠵᠤ ᠠᠬᠤᠢ ᠶᠢᠨ ᠲᠤᠬᠳᠠᠭᠤᠨ ᠪᠦᠭᠡᠳ ᠡᠷᠡᠭᠦᠯ ᠢᠶᠠᠷ ᠬᠦᠭᠵᠢᠭᠦ ᠶᠢ ᠠᠬᠢᠭᠤᠯᠵᠤ᠂ ᠨᠡᠶᠢᠭᠡᠮ ᠎ ᠤᠨ ᠡᠶ᠎ᠡ ᠵᠤᠬᠢᠴᠠᠩᠭᠤᠢ ᠲᠤᠬᠳᠠᠭᠤᠨ ᠢ ᠠᠬᠢᠭᠤᠯᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠰᠠᠬᠢᠯᠭ᠎ᠠ ᠪᠠᠳᠤ ᠶᠢᠨ ᠪᠠᠶᠢᠭᠤᠯᠤᠯᠳᠠ ᠶᠢ ᠴᠢᠩᠭ᠎ᠠ ᠠᠳᠬᠤᠵᠤ᠂ ᠢᠯᠠᠩᠭᠤᠶ᠎ᠠ ᠤᠯᠤᠰ ᠲᠦᠷᠦ ᠶᠢᠨ ᠰᠠᠬᠢᠯᠭ᠎ᠠ ᠪᠠᠳᠤ ᠪᠤᠯᠤᠨ ᠤᠯᠤᠰ ᠲᠦᠷᠦ ᠶᠢᠨ ᠶᠤᠰᠤ ᠲᠦᠷᠢᠮ ᠢ ᠴᠢᠩᠳᠠᠯᠠᠨ᠂ ᠲᠡᠮᠦᠷ ᠮᠡᠳᠦ ᠰᠠᠬᠢᠯᠭ᠎ᠠ ᠪᠠᠳᠤ ᠶᠢ ᠦᠨᠡᠨ ᠬᠦ ᠨᠠᠮ ᠤᠨ ᠬᠡᠰᠢᠭᠦᠨ ᠺᠠᠳ᠋ᠷᠴᠤᠳ ᠤᠨ ᠡᠳᠦᠷ ᠲᠤᠳᠤᠮ ᠎ ᠤᠨ ᠲᠠᠳᠬᠠᠯ ᠪᠠ ᠤᠬᠠᠮᠰᠠᠷ ᠠᠴᠠ ᠪᠠᠨ ᠰᠠᠬᠢᠬᠤ ᠵᠢᠷᠤᠮᠯᠠᠯ ᠪᠤᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠦᠨᠵᠡᠭᠡᠶᠢᠷᠡᠨ ᠬᠦᠭᠵᠢᠭᠦ ᠶᠢ ᠠᠬᠢᠭᠤᠯᠬᠤ ᠬᠡᠷᠡᠭᠳᠡᠢ ᠬᠡᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠲᠤᠯᠤᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ ᠬᠤᠷᠢᠶ᠎ᠠ ᠪᠠ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠦᠨ᠂ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠦ ᠶᠢ ᠪᠠᠳᠤᠯᠠᠵᠦ᠂ ᠵᠦᠷᠢᠴᠡᠯ ᠠᠰᠠᠭᠤᠳᠠᠯ ᠳᠤ ᠰᠢᠭᠤᠳ ᠬᠠᠨᠳᠤᠵᠦ᠂ ᠴᠡᠷᠢᠭ ᠠᠩᠬᠢ ᠤᠷᠤᠨ ᠨᠤᠳᠤᠭ ᠬᠤᠶᠠᠷ ᠲᠠᠯ᠎ᠠ ᠶᠢᠨ ᠬᠢᠨ ᠬᠠᠮᠵᠢᠯᠴᠠᠨ ᠵᠤᠬᠢᠴᠠᠯᠳᠤᠵᠤ ᠬᠠᠮᠳᠤ ᠪᠠᠷ ᠴᠢᠷᠮᠠᠶᠢᠵᠤ᠂ ᠦᠪᠡᠷᠳᠡᠭᠡᠨ ᠵᠠᠰᠠᠬᠤ ᠤᠷᠤᠨ ᠤ ᠬᠡᠪᠴᠢᠶᠡᠨ ᠳᠠᠬᠢ ᠴᠡᠷᠢᠭ ᠠᠩᠬᠢ ᠶᠢᠨ ᠲᠦᠯᠦᠪᠦᠷᠢ ᠲᠠᠢ ᠦᠢᠯᠡᠴᠢᠯᠡᠭᠡ ᠶᠢ ᠪᠦᠬᠦ ᠲᠠᠯ᠎ᠠ ᠪᠠᠷ ᠵᠤᠬᠰᠤᠭᠠᠬᠤ ᠠᠵᠢᠯ ᠢ ᠴᠦᠭᠦᠷᠡᠰᠢ ᠦᠭᠡᠢ ᠠᠬᠢᠭᠤᠯᠵᠤ᠂ ᠲᠤᠬᠳᠠᠬᠰᠠᠨ ᠬᠤᠭᠤᠴᠠᠭᠠᠨ ᠳᠠᠭᠠᠨ ᠡᠭᠦᠷᠭᠡ ᠪᠠᠨ ᠪᠡᠶᠡᠯᠡᠭᠦᠯᠭᠦ ᠶᠢ ᠪᠠᠳᠤᠯᠠᠬᠤ ᠬᠡᠷᠡᠭᠳᠡᠢ ᠬᠡᠵᠠᠢ᠃       ᠬᠤᠷᠠᠯ ᠠᠴᠠ ᠬᠦᠪᠴᠢ ᠶᠢᠨ ᠡᠯᠡᠰᠤ ᠶᠢ ᠵᠠᠰᠠᠬᠰᠠᠨ ᠲᠤᠷᠰᠢᠯᠭ᠎ᠠ ᠶᠢ ᠤᠬᠠᠭᠤᠯᠬᠤ᠂ ᠬᠦᠪᠴᠢ ᠶᠢᠨ ᠵᠤᠷᠢᠭ ᠰᠠᠨᠠᠭ᠎ᠠ ᠶᠢ ᠪᠠᠳᠠᠷᠠᠭᠤᠯᠬᠤ ᠲᠤᠬᠠᠢ ᠱᠠᠭᠠᠷᠳᠠᠯᠭ᠎ᠠ ᠲᠤᠷᠠᠳᠴᠤ᠂ ᠤᠯᠠᠮ ᠴᠢᠨᠠᠬᠰᠢᠳᠠ ᠰᠠᠶᠢᠳᠤᠷ ᠳ᠋ᠦᠩᠨᠡᠵᠤ᠂ ᠬᠦᠪᠴᠢ ᠶᠢᠨ ᠡᠯᠡᠰᠦ ᠶᠢ ᠵᠠᠰᠠᠬᠰᠠᠨ ᠠᠮᠵᠢᠯᠳᠡ ᠲᠠᠢ ᠬᠡᠪ ᠵᠠᠬᠪᠤᠷ ᠪᠤᠯᠤᠨ ᠲᠤᠷᠰᠢᠯᠭ᠎ᠠ ᠬᠢᠳᠡᠯ ᠢ ᠰᠠᠶᠢᠳᠤᠷ ᠲᠡᠯᠭᠡᠷᠡᠭᠦᠯᠵᠤ᠂ ᠤᠷᠤᠨ ᠲᠠᠶᠠᠭᠠᠷ ᠢ ᠲᠠᠶᠢᠴᠢᠯᠡᠨ ᠵᠢᠯᠤᠭᠤᠳᠴᠤ ᠪᠠᠶᠢᠭᠠᠳ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠭᠡᠬᠦ ᠡᠨᠡ ᠭᠦ ᠤᠳᠤ ᠦᠶ᠎ᠠ ᠳᠤ ᠭᠠᠪᠢᠶ᠎ᠠ ᠪᠠᠶᠢᠭᠤᠯᠤᠨ ᠮᠢᠩᠭᠠᠨ ᠣᠨ ᠳᠤ ᠠᠰᠢᠭ ᠬᠦᠷᠳᠡᠭᠦ ᠠᠭᠤᠤ ᠦᠢᠯᠡᠰ ᠲᠤ ᠢᠳᠡᠪᠬᠢᠳᠡᠢ ᠤᠷᠤᠯᠴᠠᠭᠤᠯᠵᠤ᠂ ᠦᠷᠭᠦᠯᠵᠢᠯᠡᠨ ᠬᠦᠴᠦ ᠤᠷᠤᠭᠤᠯᠵᠤ ᠤᠷᠳᠤ ᠬᠤᠭᠤᠴᠠᠭ᠎ᠠ ᠪᠠᠷ ᠬᠦᠴᠦᠯᠡᠨ᠂ ᠡᠭᠡ ᠤᠯᠤᠰ ᠤᠨ ᠤᠮᠠᠷᠠᠳᠦ ᠬᠢᠯᠢ ᠳᠤ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠬᠡᠷᠡᠮ ᠢ ᠴᠤᠬᠴᠠᠯᠠᠬᠤ ᠬᠡᠷᠡᠭᠳᠡᠢ ᠬᠡᠪᠠ᠃       ᠬᠤᠷᠠᠯ ᠠᠴᠠ ︽ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠡ ᠶᠢᠨ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠭᠦ ᠰᠠᠨᠠᠯ︾ ︽ᠰᠢᠨ᠎ᠠ ᠴᠠᠭ ᠦᠶ᠎ᠠ ᠶᠢᠨ ᠱᠠᠭᠠᠷᠳᠠᠯᠭ᠎ᠠ ᠲᠠᠢ ᠵᠤᠬᠢᠴᠠᠵᠤ ᠰᠢᠯᠢᠳᠡᠭ ᠵᠠᠯᠠᠭᠤ ᠺᠠᠳ᠋ᠷ ᠢ ᠶᠡᠭᠡ ᠪᠠᠷ ᠢᠯᠡᠷᠡᠭᠦᠯᠦᠨ ᠬᠦᠮᠦᠵᠢᠭᠦᠯᠵᠤ ᠰᠤᠩᠭᠤᠨ ᠲᠡᠪᠰᠢᠭᠦᠯᠭᠦ ᠲᠤᠬᠠᠢ ᠬᠡᠷᠡᠭᠵᠢᠭᠦᠯᠭᠦ ᠰᠠᠨᠠᠯ︾ ︽ᠺᠠᠳ᠋ᠷ ᠢ ᠴᠢᠨᠠᠬᠰᠢᠳᠠ ᠬᠠᠯᠠᠮᠵᠢᠯᠠᠨ ᠬᠠᠶᠢᠷᠠᠯᠠᠬᠤ ᠠᠷᠭ᠎ᠠ ︵ᠲᠤᠷᠰᠢᠨ ᠬᠡᠷᠡᠭᠵᠢᠭᠦᠯᠭᠦ︶︾ ︽︿ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠳᠤᠭᠠᠳᠦ ᠶᠢᠨ ᠭᠠᠪᠢᠶ᠎ᠠ ᠵᠢᠳᠭᠦᠯ ᠢᠷᠠᠭᠤ ᠠᠯᠳᠠᠷ ᠢ ᠬᠦᠬᠢᠭᠦᠯᠦᠨ ᠰᠠᠶᠢᠰᠢᠶᠠᠬᠤ ᠲᠦᠷᠢᠮ﹀᠎ ᠢ ᠲᠤᠭᠤᠰᠢᠯᠠᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠡᠷᠡᠭᠵᠢᠭᠦᠯᠭᠦ ᠠᠷᠭ᠎ᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠦᠪᠯᠡᠪᠡ᠃       ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号