ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ︽ᠶᠠᠳᠠᠭᠤ ᠬᠦᠴᠢᠷᠳᠡᠯ ᠠᠴᠠ ᠤᠬᠤᠷᠢᠨ ᠭᠠᠷᠬᠤ ᠲᠣᠭᠲᠠᠴᠠ ᠶᠢ | ᠪᠠᠶᠢᠭᠤᠯᠬᠤ ᠲᠤᠬᠠᠶ ᠰᠠᠨᠠᠯ︾ ︵ᠲᠢᠩᠬᠢᠮ ᠥᠰᠥᠭ ︹ 2016 ︺ 16 ᠳ᠋ᠤᠭᠠᠷ ᠲᠣᠭᠠᠲᠤ︶ ᠪᠣᠯᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠶᠠᠳᠠᠭᠤ ᠬᠦᠴᠢᠷᠳᠡᠯ ᠠᠴᠠ ᠤᠬᠤᠷᠢᠨ | ᠭᠠᠷᠬᠤ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠲᠢᠩᠬᠢᠮ ᠲᠠᠷᠬᠠᠭᠠᠭᠰᠠᠨ ︹ 2016 ︺ | 24 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠰᠢᠭᠤ ᠰᠢᠶᠠᠨ ᠭᠤᠶᠤᠴᠢᠯᠠᠬᠤ᠂ ᠠᠶᠢᠮᠠᠭ | ᠬᠤᠲᠠ ᠠᠩᠬᠠᠨ ᠤ ᠬᠢᠨᠠᠯᠲᠠ ᠬᠢᠬᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠬᠢᠨᠠᠨ ᠪᠠᠶᠢᠴᠠᠭᠠᠬᠤ᠂ ᠤᠯᠤᠰ ᠤᠨ ᠭᠤᠷᠪᠠᠳᠠᠬᠢ | ᠡᠲᠡᠭᠡᠳ ᠠᠴᠠ ᠤᠬᠤᠷᠢᠨ ᠭᠠᠷᠬᠤ ᠲᠤᠰᠬᠠᠶ ᠵᠦᠢᠯ ᠢᠶᠠᠷ ᠦᠨᠡᠯᠡᠨ ᠵᠢᠱᠢᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠭᠠᠳ᠂ | ᠯᠢᠨᠰᠢ ᠰᠢᠶᠠᠨ ᠶᠠᠳᠠᠭᠤ ᠬᠦᠴᠢᠷᠳᠡᠯᠲᠡᠢ ᠰᠢᠶᠠᠨ ᠤ ᠡᠩᠨᠡᠭᠡ ᠠᠴᠠ ᠤᠬᠤᠷᠢᠨ ᠭᠠᠷᠬᠤ ᠨᠥᠬᠦᠴᠡᠯ ᠳᠤ ᠨᠡᠶᠢᠴᠡᠵᠡᠢ᠃ | ᠰᠤᠳᠤᠯᠬᠤ ᠪᠠᠷ ᠲᠠᠮᠵᠢᠨ᠂ ᠯᠢᠨᠰᠢ ᠰᠢᠶᠠᠨ ᠤ ᠤᠯᠤᠰ ᠤᠨ ᠶᠠᠳᠠᠭᠤ ᠬᠦᠴᠢᠷᠳᠡᠯᠲᠡᠢ ᠰᠢᠶᠠᠨ ᠤ ᠡᠩᠨᠡᠭᠡ ᠠᠴᠠ | ᠤᠬᠤᠷᠢᠨ ᠭᠠᠷᠬᠤ ᠶᠢ ᠨᠢ ᠵᠦᠪᠰᠢᠶᠡᠷᠡᠪᠡ᠃ | ᠡᠭᠦᠨ ᠤ ᠲᠤᠯᠠ ᠣᠨᠴᠣᠭᠤᠶᠢᠯᠠᠨ ᠵᠠᠷᠯᠠᠪᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | 2018 ᠤᠨ ᠤ 8 ᠳ᠋ᠤᠭᠠᠷ ᠰᠠᠷ᠎ᠠ ᠶᠢᠨ 10 ᠤ ᠡᠳᠦᠷ |