2018 ᠦᠪᠦᠷ ᠮᠤᠩᠭᠤᠯ ᠤᠨ ᠤᠯᠠᠨ ᠤᠯᠤᠰ ᠤᠨ ᠡᠨᠧᠷᠬᠢ ᠶᠢᠨ ᠶᠡᠭᠡ ᠬᠤᠷᠠᠯ ᠪᠦᠬᠦᠳᠡ ᠬᠤᠷᠠᠯ ᠬᠢᠪᠠ
ᠨᠡᠶᠢᠲᠡᠯᠡᠭᠰᠡᠨ ᠴᠠᠭ᠄
2018/8/13
     8 ᠳ᠋ᠤᠭᠠᠷ ᠰᠠᠷ᠎ᠠ ᠶᠢᠨ 11᠎ ᠤ ᠡᠳᠦᠷ ᠤᠨ ᠦᠳᠡ ᠶᠢᠨ ᠡᠮᠦᠨ᠎ᠠ᠂ 2018 ᠦᠪᠦᠷ ᠮᠤᠩᠭᠤᠯ ᠤᠨ ᠤᠯᠠᠨ ᠤᠯᠤᠰ ᠤᠨ ᠡᠨᠧᠷᠬᠢ ᠶᠢᠨ ᠶᠡᠭᠡ ᠬᠤᠷᠠᠯ ᠪᠦᠬᠦᠳᠡ ᠬᠤᠷᠠᠯ ᠬᠢᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠳᠤ ᠤᠷᠤᠯᠴᠠᠬᠰᠠᠨ ᠪᠦᠭᠡᠳ ᠨᠤᠪᠧᠯ ᠤᠨ ᠹᠢᠽᠢᠺ ᠤᠨ ᠱᠠᠩᠨᠠᠯ ᠬᠦᠷᠳᠡᠭᠰᠡᠨ ᠷᠤᠪᠧᠷᠲ · ᠪᠸᠢᠢᠼ · ᠷᠤᠤᠺᠯᠢᠨ ᠫᠷᠤᠹᠧᠰᠰᠤᠷ᠂ ᠵᠤᠷᠵ · ᠹᠸᠢᠢᠽᠵᠧᠷᠠᠯᠳ᠋ · ᠰᠮᠦ᠋ᠲᠧ ᠫᠷᠤᠹᠧᠰᠰᠤᠷ᠂ ᠺᠤᠨᠰᠲ᠋ᠠᠨᠳᠢᠨ · ᠨᠤᠸᠤᠱᠤᠯᠤᠪ ᠫᠷᠤᠹᠧᠰᠰᠤᠷ ᠲᠤ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠤᠨᠴᠠ ᠤᠷᠢᠬᠰᠠᠨ ᠵᠦᠪᠯᠡᠭᠴᠢ ᠶᠢᠨ ᠦᠨᠡᠮᠯᠡᠯ ᠤᠨ ᠪᠢᠴᠢᠭ ᠭᠠᠷᠳᠠᠭᠤᠯᠪᠠ᠃ ᠡᠭᠦᠨ ᠤ ᠬᠠᠮᠳᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠠᠺᠠᠳᠧᠮᠢᠴᠢ ᠵᠠᠩ ᠵᠢᠶᠧ᠂ ᠳ᠋ᠠᠢ ᠾᠸᠤ ᠯᠢᠶᠠᠩ᠂ ᠮᠠ ᠶᠦᠩ ᠱᠧᠩ᠂ ᠯᠢᠩ ᠸᠧᠨ᠂ ᠰᠢᠤᠸᠠᠢ ᠬᠤᠢ ᠹᠧᠩ᠂ ᠸᠠᠩ ᠠᠨ᠂ ᠸᠠᠩ ᠱᠤᠸᠠᠩ ᠮᠢᠩ ᠢ ᠤᠨᠴᠨ ᠤᠷᠢᠬᠰᠠᠨ ᠵᠦᠪᠯᠡᠭᠴᠢ ᠪᠠᠷ ᠤᠷᠢᠵᠠᠢ᠃      ᠬᠤᠷᠠᠯ ᠲᠡᠭᠡᠷ᠎ᠠ᠂ ︽ᠴᠢᠯᠠᠭᠤᠨ ᠲᠤᠰᠤ ᠰᠢᠳᠠᠮᠠᠬᠠᠢ ᠬᠡᠢ ᠶᠢᠨ ᠪᠤᠯᠪᠠᠰᠤᠨ ᠤ ᠬᠦᠭᠵᠢᠯᠳᠡ ᠶᠢᠨ ᠴᠢᠭᠯᠡᠯ ᠤᠨ ᠲᠤᠬᠠᠢ ᠦᠭᠦᠯᠡᠭᠦ ᠨᠢ︾ ᠬᠡᠭᠦ ᠭᠤᠤᠯ ᠰᠡᠳᠦᠪᠳᠤ ᠨᠤᠪᠧᠯ ᠤᠨ ᠱᠠᠩᠨᠠᠯ ᠬᠦᠷᠳᠡᠭᠰᠡᠳ ᠤᠨ ᠲᠣᠭᠤᠷᠢᠭ ᠰᠢᠷᠡᠭᠡᠨ ᠤ ᠶᠠᠷᠢᠶᠠᠨ ᠤ ᠲᠠᠪᠴᠠᠩ ᠢ ᠡᠷᠬᠢᠯᠡᠵᠤ᠂ ᠨᠤᠪᠧᠯ ᠤᠨ ᠹᠢᠽᠢᠺ ᠤᠨ ᠱᠠᠩᠨᠠᠯ ᠬᠦᠷᠳᠡᠭᠰᠡᠨ ᠭᠤᠷᠪᠠᠨ ᠰᠢᠨᠵᠢᠯᠡᠬᠦ ᠤᠬᠠᠭᠠᠨᠳᠡᠨ ᠤᠯᠠᠨ ᠲᠠᠢ ᠰᠠᠨᠠᠯ ᠪᠤᠳᠤᠯ ᠢᠶᠠᠨ ᠬᠤᠪᠢᠶᠠᠯᠴᠠᠵᠤ᠂ ᠲᠡᠯᠡᠬᠡᠢ ᠶᠢᠨ ᠡᠨᠧᠷᠬᠢ ᠶᠢᠨ ᠶᠠᠷᠢᠶᠠᠨ ᠤ ᠲᠠᠪᠴᠠᠩ ᠎ ᠤᠨ ᠲᠡᠷᠢᠭᠦᠯᠡᠭᠴᠢ ᠪᠦᠬᠡᠳ ᠶᠡᠷᠦᠩᠬᠡᠢ ᠵᠠᠬᠢᠷᠤᠬᠴᠢ ᠬᠠᠷᠦᠳ᠋ · ᠡᠸᠤ ᠶᠠᠷᠢᠶᠠᠨ ᠤ ᠲᠠᠪᠴᠠᠩ ᠢ ᠡᠷᠬᠢᠯᠡᠪᠡ᠃ ᠲᠤᠮᠳᠠᠳᠤ ᠤᠯᠤᠰ ᠤᠨ ᠠᠭᠠᠷ ᠤᠨ ᠠᠶᠠᠯᠠᠯ ᠤᠨ ᠰᠢᠰᠲ᠋ᠧᠮ ᠤᠨ ᠰᠢᠨᠵᠢᠯᠡᠭᠦ ᠤᠬᠠᠭᠠᠨ ᠬᠢᠭᠡᠳ ᠢᠨᠵᠧᠨᠧᠷᠢᠩ ᠤᠨ ᠰᠤᠳᠤᠯᠭᠠᠨ ᠤ ᠬᠦᠷᠢᠶᠡᠯᠡᠩ ᠤᠨ ᠲᠠᠷᠤᠭ᠎ᠠ᠂ ᠤᠯᠠᠨ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠭᠦ ᠤᠬᠠᠭᠠᠨ ᠎ ᠤ ᠬᠦᠷᠢᠶᠡᠯᠡᠩ ᠤᠨ ᠠᠺᠠᠳᠧᠮᠢᠴᠢ ᠰᠢᠤᠸᠠᠢ ᠬᠤᠢ ᠹᠧᠩ᠂ ᠳ᠋ᠠᠨᠮᠠᠷᠺ ᠤᠨ ᠡᠨᠧᠷᠬᠢ ᠶᠢᠨ ᠰᠤᠳᠤᠯᠭᠠᠨ ᠪᠠ ᠨᠡᠶᠢᠭᠡᠮ ᠎ ᠤᠨ ᠰᠢᠨᠵᠢᠯᠡᠭᠦ ᠤᠬᠠᠭᠠᠨ ᠤ ᠶᠡᠷᠦᠩᠬᠡᠢ ᠨᠠᠶᠢᠷᠠᠭᠤᠯᠤᠬᠴᠢ ᠪᠧᠨ᠋ᠵᠠᠮᠢᠨ · K · ᠰᠤᠸᠠᠺᠦ᠋᠂ ᠳ᠋ᠧᠨ᠋ᠩᠳᠢ ᠶᠡᠭᠡ ᠰᠤᠷᠭᠠᠭᠤᠯᠢ ᠶᠢᠨ ᠡᠨᠧᠷᠬᠢ ᠴᠢᠯᠠᠭᠤᠨ ᠲᠤᠰᠤᠨ ᠤ ᠠᠭᠤᠷᠬᠠᠢ ᠶᠢᠨ ᠬᠠᠤᠯᠢ ᠴᠠᠭᠠᠵᠠ ᠬᠢᠭᠡᠳ ᠲᠦᠷᠦ ᠶᠢᠨ ᠪᠤᠳᠤᠯᠭ᠎ᠠ ᠶᠢᠨ ᠲᠦᠪ ᠤᠨ ᠫᠷᠤᠹᠧᠰᠰᠤᠷ ᠷᠠᠹᠧᠯ · ᠾᠹᠧᠯᠦ᠋ᠨ᠂ ᠲᠤᠮᠳᠠᠳᠤ ᠤᠯᠤᠰ ᠤᠨ ᠤᠯᠠᠨ ᠤᠯᠤᠰ ᠤᠨ ᠢᠨᠵᠧᠨᠧᠷᠢᠩ ᠤᠨ ᠵᠦᠪᠯᠡᠯᠭᠡ ᠦᠭᠬᠦ ᠬᠢᠵᠠᠭᠠᠷᠳᠤ ᠺᠤᠮᠫᠠᠨᠢ ᠶᠢᠨ ᠬᠡᠷᠡᠭ ᠮᠡᠳᠡᠭᠴᠢᠳ ᠤᠨ ᠲᠠᠷᠤᠭ᠎ᠠ᠂ ᠶᠠᠷᠦᠩᠬᠡᠢ ᠲᠠᠭᠠᠭᠠᠮᠠᠯ᠂ ᠲᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠸᠠᠩ ᠠᠨ᠂ ᠴᠢᠯᠠᠭᠤᠨ ᠲᠤᠰᠤ ᠬᠢᠮᠢ ᠶᠢᠨ ᠠᠵᠤ ᠦᠢᠯᠠᠳᠪᠦᠷᠢ ᠶᠢᠨ ᠲᠦᠯᠦᠪᠵᠢᠭᠦᠯᠭᠡ ᠶᠢᠨ ᠬᠦᠷᠢᠶᠡᠯᠡᠩ ᠤᠨ ᠲᠡᠳ᠋ ᠲᠠᠷᠤᠭ᠎ᠠ ᠪᠠᠢ ᠢ᠂ ᠲᠤᠮᠳᠠᠳᠤ ᠤᠯᠤᠰ ᠤᠨ ᠤᠷᠴᠢᠨ ᠲᠤᠭᠤᠷᠢᠨ ᠤ ᠰᠢᠨᠵᠢᠯᠡᠭᠦ ᠤᠬᠠᠭᠠᠨ ᠤ ᠰᠤᠳᠤᠯᠭᠠᠨ ᠤ ᠨᠡᠶᠢᠭᠡᠮᠯᠢᠭ ᠤᠨ ᠨᠠᠷᠢᠨ ᠪᠢᠴᠢᠭ ᠤᠨ ᠲᠠᠷᠤᠭ᠎ᠠ ᠸᠠᠩ ᡁᠢ ᠬᠤᠸᠠ᠂ ᠤᠯᠤᠰ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠤᠨ ᠡᠨᠧᠷᠬᠢ ᠶᠢᠨ ᠰᠤᠳᠤᠯᠭᠠᠨ ᠤ ᠭᠠᠵᠠᠷ ᠤᠨ ᠲᠠᠷᠤᠭ᠎ᠠ ᠵᠠᠩ ᠶᠢᠦ ᠱᠧᠩ ︽ᠰᠢᠨ᠎ᠠ ᠴᠠᠭ ᠦᠶ᠎ᠠ ᠶᠢᠨ ᠦᠪᠦᠷ ᠮᠤᠩᠭᠤᠯ ᠤᠨ ᠡᠨᠧᠷᠬᠢ ᠶᠢᠨ ᠬᠦᠭᠵᠢᠯᠳᠡ ᠶᠢᠨ ᠠᠷᠭ᠎ᠠ ᠵᠠᠮ ᠢ ᠰᠦᠪᠡᠭᠴᠢᠯᠡᠶ᠎ᠠ︾ ᠬᠡᠭᠦ ᠭᠤᠤᠯ ᠰᠡᠳᠦᠪ ᠤᠨ ᠲᠤᠭᠤᠷᠢᠨ ᠳᠤ ᠶᠠᠷᠢᠶ᠎ᠠ ᠢᠯᠡᠳᠭᠡᠯ ᠬᠢᠵᠠᠢ᠃ ᠤᠯᠤᠰ ᠤᠨ ᠡᠨᠧᠷᠬᠢ ᠶᠢᠨ ᠪᠡᠯᠡ ᠤᠷᠤᠭᠤᠯᠤᠯᠳᠠ ᠶᠢᠨ ᠪᠦᠯᠦᠭᠯᠡᠯ ᠤᠨ ᠶᠡᠷᠦᠩᠬᠡᠢ ᠲᠠᠭᠠᠭᠠᠮᠠᠯ᠂ ᠲᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠯᠢᠩ ᠸᠧᠨ ᠬᠤᠷᠠᠯ ᠢ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ ᠬᠤᠷᠠᠯ ᠳᠤ ᠤᠷᠤᠯᠴᠠᠵᠠᠢ᠃       ᠪᠦᠬᠦᠳᠡ ᠬᠤᠷᠠᠯ ᠠᠴᠠ ᠦᠪᠦᠷ ᠮᠤᠩᠭᠤᠯ ᠤᠨ ᠡᠨᠧᠷᠬᠢ ᠶᠢᠨ ᠬᠦᠭᠵᠢᠯᠳᠡ᠂ ᠰᠢᠨ᠎ᠠ ᠴᠠᠭ ᠦᠶ᠎ᠠ ᠳᠠᠬᠢ ᠦᠪᠦᠷ ᠮᠤᠩᠭᠤᠯ ᠤᠨ ᠡᠨᠧᠷᠬᠢ ᠶᠢᠨ ᠬᠦᠭᠵᠢᠯᠳᠡ ᠶᠢᠨ ᠰᠢᠨ᠎ᠠ ᠠᠷᠭ᠎ᠠ ᠵᠠᠮ᠂ ᠰᠢᠨ᠎ᠠ ᠠᠷᠭ᠎ᠠ ᠬᠡᠮᠵᠢᠶ᠎ᠠ᠂ ᠰᠢᠨ᠎ᠠ ᠮᠡᠷᠭᠡᠵᠢᠯ ᠢ ᠰᠦᠪᠡᠭᠴᠢᠯᠡᠭᠦ ᠳᠤ ᠠᠩᠬᠠᠷᠤᠯ ᠢᠶᠠᠨ ᠲᠦᠪᠯᠡᠷᠡᠭᠦᠯᠦᠨ᠂ ᠲᠡᠯᠡᠭᠡᠢ ᠶᠢᠨ ᠡᠨᠧᠷᠬᠢ ᠶᠢᠨ ᠬᠦᠭᠵᠢᠯᠳᠡ ᠶᠢᠨ ᠲᠡᠷᠢᠭᠦᠨ ᠤ ᠣᠨᠣᠯᠵᠢᠬᠤᠨ ᠪᠠ ᠲᠤᠷᠰᠢᠯᠭ᠎ᠠ ᠮᠡᠷᠭᠡᠵᠢᠯ ᠤᠨ ᠲᠤᠭᠤᠷᠢᠨ ᠳᠤ ᠦᠷᠭᠡᠨ ᠢᠶᠠᠷ ᠰᠠᠨᠠᠯ ᠪᠤᠳᠤᠯ ᠢᠶᠠᠨ ᠰᠤᠯᠢᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号