2018 ᠦᠪᠦᠷ ᠮᠤᠩᠭᠤᠯ ᠤᠨ ᠤᠯᠠᠨ ᠤᠯᠤᠰ ᠤᠨ ᠡᠨᠧᠷᠬᠢ ᠶᠢᠨ ᠶᠡᠭᠡ ᠬᠤᠷᠠᠯ ᠤᠷᠳᠤᠰ ᠬᠤᠳᠠ ᠳᠤ ᠡᠬᠢᠯᠡᠪᠡ
ᠨᠡᠶᠢᠲᠡᠯᠡᠭᠰᠡᠨ ᠴᠠᠭ᠄
2018/8/13
     8 ᠳ᠋ᠤᠭᠠᠷ ᠰᠠᠷ᠎ᠠ ᠶᠢᠨ 10᠎ ᠤ ᠡᠳᠤᠷ᠂ 2018 ᠦᠪᠦᠷ ᠮᠤᠩᠭᠤᠯ ᠤᠨ ᠤᠯᠠᠨ ᠤᠯᠤᠰ ᠤᠨ ᠡᠨᠧᠷᠬᠢ ᠶᠢᠨ ᠶᠡᠭᠡ ᠬᠤᠷᠠᠯ ᠤᠷᠳᠤᠰ ᠬᠤᠳᠠ ᠳᠤ ᠡᠬᠢᠯᠡᠪᠡ᠃ ᠡᠨᠡ ᠪᠤᠯ ᠦᠪᠦᠷ ᠮᠤᠩᠭᠤᠯ ᠤᠨ ᠡᠷᠬᠢᠯᠡᠨ ᠬᠢᠵᠤ ᠪᠠᠶᠢᠭ᠎ᠠ ᠠᠩᠬᠠᠳᠤᠭᠠᠷ ᠬᠤᠭᠤᠴᠠᠭᠠᠨ ᠤ ᠤᠯᠠᠨ ᠤᠯᠤᠰ ᠤᠨ ᠡᠨᠧᠷᠬᠢ ᠶᠢᠨ ᠶᠡᠭᠡ ᠬᠤᠷᠠᠯ ᠪᠤᠯᠤᠨ᠎ᠡ᠃      ᠡᠬᠢᠯᠡᠯᠳᠡ ᠶᠢᠨ ᠶᠤᠰᠤᠯᠠᠯ ᠳᠡᠬᠡᠷ᠎ᠡ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ᠂ ᠳᠤᠮᠳᠠᠳᠤ ᠤᠯᠤᠰ ᠤᠨ ᠴᠢᠯᠠᠭᠤᠨ ᠳᠤᠰᠤ ᠬᠢᠮᠢ ᠶᠢᠨ ᠠᠵᠥ ᠦᠢᠯᠡᠳᠪᠦᠷᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ᠂ ᠳᠤᠮᠳᠠᠳᠤ ᠤᠯᠤᠰ ᠎ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠳ᠋ᠠᠢ ᠾᠸᠤ ᠯᠢᠶᠠᠩ᠂ ᠤᠯᠤᠰ ᠤᠨ ᠡᠨᠧᠷᠬᠢ ᠶᠢᠨ ᠪᠡᠯᠡ ᠤᠷᠤᠭᠤᠯᠤᠯᠳᠠ ᠶᠢᠨ ᠪᠦᠯᠦᠭᠯᠡᠯ ᠤᠨ ᠶᠡᠷᠦᠩᠬᠡᠢ ᠲᠠᠭᠠᠭᠠᠮᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠯᠢᠩ ᠸᠧᠨ᠂ 2006 ᠣᠨ ᠤ ᠨᠤᠪᠧᠯ ᠤᠨ ᠹᠢᠽᠢᠺ ᠤᠨ ᠱᠠᠩᠨᠠᠯ ᠬᠦᠷᠳᠡᠭᠴᠢ ᠵᠤᠷᠵ · ᠹᠸᠢᠢᠽᠵᠧᠷᠠᠯᠳ᠋ · ᠰᠮᠦ᠋ᠲᠧ ᠫᠷᠦᠹᠧᠰᠰᠤᠷ᠂ 1998 ᠣᠨ ᠤ ᠨᠤᠪᠧᠯ ᠤᠨ ᠹᠢᠽᠢᠺ ᠤᠨ ᠱᠠᠩᠨᠠᠯ ᠬᠦᠷᠳᠡᠭᠴᠢ ᠷᠤᠪᠧᠷᠲ · ᠪᠸᠢᠢᠼ · ᠷᠤᠤᠺᠯᠢᠨ ᠫᠷᠦᠹᠧᠰᠰᠤᠷ᠂ ᠳᠡᠯᠡᠬᠡᠢ ᠶᠢᠨ ᠡᠨᠧᠷᠬᠢ ᠶᠢᠨ ᠶᠠᠷᠢᠶᠠᠨ ᠤ ᠳᠠᠪᠴᠠᠩ ᠎ ᠤᠨ ᠳᠡᠷᠢᠬᠦᠯᠡᠭᠴᠢ ᠪᠦᠬᠡᠳ ᠶᠠᠷᠦᠩᠬᠡᠢ ᠵᠠᠬᠢᠷᠤᠬᠴᠢ ᠬᠠᠷᠤᠳ᠋ · ᠡᠸᠤ᠂ 69 ᠳ᠋ᠤᠬᠡᠷ ᠬᠤᠭᠤᠴᠠᠭᠠᠨ ᠤ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠶᠡᠭᠡ ᠬᠤᠷᠠᠯ ᠤᠨ ᠳᠡᠳ᠋ ᠳᠡᠷᠢᠬᠦᠯᠡᠭᠴᠢ᠂ ᠳᠤᠮᠳᠠᠳᠤ ᠤᠯᠤᠰ ᠲᠤ ᠰᠠᠭᠤᠭ᠎ᠠ ᠭᠷᠧᠨᠠᠳᠠ ᠶᠢᠨ ᠡᠯᠴᠢᠨ ᠰᠠᠶᠢᠳ ᠳ᠋ᠠᠨᠨᠢᠰ · ᠠᠨᠲ᠋ᠤᠸᠠᠠ ᠤᠷᠢᠳ ᠬᠤᠵᠢᠳ ᠪᠠᠶᠠᠷ ᠤᠨ ᠦᠬᠡ ᠬᠡᠯᠡᠵᠡᠢ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠵᠠᠩ ᠵᠢᠶᠧ ᠡᠬᠢᠯᠡᠯᠳᠡ ᠶᠢᠨ ᠶᠤᠰᠤᠯᠠᠯ ᠢ ᠡᠷᠬᠢᠯᠡᠪᠡ᠃      ᠦᠪᠡᠷᠳᠡᠬᠡᠨ‌ᠵᠠᠰᠠᠬᠤ ᠤᠷᠤᠨ ᠤ ᠳᠡᠳ᠋ ᠳᠡᠷᠢᠬᠦᠯᠡᠭᠴᠢ ᠠᠢ ᠯᠢ ᠬᠤᠸᠠ ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ᠃ ᠪᠦ᠋ ᠰᠢᠶᠤᠤ ᠯᠢᠨ ᠬᠡᠯᠡᠬᠦ ᠳᠡᠭᠡᠨ᠂ ᠲᠡᠷᠢᠬᠦᠯᠡᠭᠴᠢ ᠰᠢ ᠶᠢᠨ ᠫᠢᠩ ᠦᠪᠤᠷ ᠮᠤᠩᠭᠤᠯ ᠳᠤ ᠲᠡᠯᠡᠬᠡᠢ ᠎ ᠶᠢᠨ ᠡᠨᠧᠷᠬᠢ ᠶᠢᠨ ᠮᠡᠷᠬᠡᠵᠢᠯ ᠤᠨ ᠬᠤᠪᠢᠰᠬᠠᠯ ᠤᠨ ᠰᠢᠨ᠎ᠠ ᠬᠠᠨᠳᠤᠰᠢ ᠶᠢ ᠮᠦᠷᠳᠡᠨ ᠲᠠᠭᠠᠵᠤ᠂ ᠤᠳᠤ ᠦᠶ᠎ᠠ ᠶᠢᠨ ᠡᠨᠧᠷᠬᠢ ᠶᠢᠨ ᠠᠵᠤ ᠠᠬᠤᠢ ᠵᠢᠨ‌ᠠᠵᠢᠯ ᠢ ᠰᠠᠶᠢᠳᠤᠷ ᠬᠢᠬᠦ ᠭᠡᠷᠡᠭᠳᠠᠢ ᠬᠡᠵᠤ ᠱᠠᠭᠠᠷᠳᠠᠪᠠ᠃ ᠪᠢᠳᠠ ᠦᠪᠤᠷ ᠮᠤᠩᠭᠤᠯ ᠎ ᠤᠨ ᠤᠯᠠᠨ ᠤᠯᠤᠰ ᠤᠨ ᠡᠨᠧᠷᠬᠢ ᠶᠢᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠤ ᠪᠠᠶᠢᠬᠤ ᠶᠢᠨ ᠵᠤᠷᠢᠯᠭ᠎ᠠ ᠨᠢ ᠲᠠᠷᠤᠢ ᠬᠠᠮᠳᠤᠷᠠᠯᠴᠠᠭ᠎ᠠ ᠰᠤᠯᠢᠯᠴᠠᠭ᠎ᠠ ᠶᠢᠨ ᠲᠠᠪᠴᠠᠩ ᠢ ᠪᠠᠶᠢᠭᠤᠯᠤᠨ᠂ ᠪᠦᠬᠦ ᠪᠦᠮᠪᠦᠷᠴᠡᠭ ᠤᠨ ᠤᠶᠤᠨ ᠤᠬᠠᠭᠠᠨ ᠎ ᠢ ᠨᠢᠬᠳᠠᠷᠠᠭᠤᠯᠵᠤ᠂ ᠤᠳᠤ ᠦᠶ᠎ᠠ ᠶᠢᠨ ᠡᠨᠧᠷᠬᠢ ᠶᠢᠨ ᠠᠵᠤ ᠠᠬᠤᠢ ᠶᠢᠨ ᠬᠦᠭᠵᠢᠯᠳᠠ ᠶᠢᠨ ᠰᠡᠳᠬᠢᠴᠠ᠂ ᠠᠷᠭ᠎ᠠ ᠵᠠᠮ ᠢ ᠰᠦᠪᠡᠭᠴᠢᠯᠡᠬᠦ ᠶᠠᠪᠤᠳᠠᠯ ᠪᠤᠯᠤᠨ᠎ᠠ᠃ ᠠᠩᠬᠠᠳᠤᠭᠠᠷ ᠬᠤᠭᠤᠴᠠᠭᠠᠨ ᠤ ᠦᠪᠤᠷ ᠮᠤᠩᠭᠤᠯ ᠤᠨ ᠤᠯᠠᠨ ᠤᠯᠤᠰ ᠎ ᠤᠨ ᠡᠨᠧᠷᠬᠢ ᠶᠢᠨ ᠶᠡᠭᠡ ᠬᠤᠷᠠᠯ ᠡᠨᠧᠷᠬᠢ ᠶᠢ ᠠᠷᠢᠭᠤᠨ ᠴᠡᠪᠡᠷ ᠦᠨᠳᠤᠷ ᠦᠷ᠎ᠠ ᠠᠰᠢᠬᠳᠠᠢ ᠪᠠᠷ ᠠᠰᠢᠬᠯᠠᠬᠤ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠶᠢ ᠡᠬᠦᠳᠬᠦ᠂ ᠦᠷᠬᠦᠯᠵᠢᠯᠡᠬᠦ ᠬᠦᠭᠵᠢᠯᠳᠡ ᠵᠡᠷᠬᠡ ᠲᠠᠯ᠎ᠠ ᠪᠠᠷ ᠬᠠᠮᠳᠤ ᠎ ᠶᠢᠨ ᠲᠠᠨᠢᠯᠳᠠ ᠲᠠᠢ ᠪᠤᠯᠵᠤ᠂ ᠡᠯᠪᠡᠭ ᠪᠠᠶᠠᠯᠢᠬ ᠦᠷ᠎ᠠ ᠪᠦᠳᠤᠬᠡᠯ ᠤᠯᠬᠤ ᠢ ᠬᠦᠰᠡᠵᠤ ᠪᠠᠶᠢᠨ᠎ᠠ᠃ ᠦᠪᠤᠷ ᠮᠤᠩᠭᠤᠯ ᠎ ᠤᠨ ᠬᠢᠨ ᠢᠮᠠᠬᠳᠠ ᠦᠷᠬᠦᠯᠵᠢᠯᠡᠬᠦ ᠬᠦᠭᠵᠢᠯᠳᠠ ᠶᠢᠨ ᠣᠨᠣᠯᠵᠢᠬᠤᠨ ᠢ ᠪᠠᠷᠢᠮᠳᠠᠯᠠᠵᠤ᠂ ᠡᠨᠧᠷᠬᠢ ᠶᠢᠨ ᠭᠡᠷᠡᠭᠯᠡᠬᠡᠨ ᠤ ᠬᠤᠪᠢᠰᠬᠠᠯ᠂ ᠬᠠᠩᠭᠠᠯᠭ᠎ᠠ ᠶᠢᠨ ᠬᠤᠪᠢᠰᠬᠠᠯ᠂ ᠮᠡᠷᠬᠡᠵᠢᠯ ᠤᠨ ᠬᠤᠪᠢᠰᠬᠠᠯ ᠪᠤᠯᠤᠨ ᠪᠠᠶᠢᠭᠤᠯᠤᠮᠵᠢ ᠶᠢᠨ ᠬᠤᠪᠢᠰᠬᠠᠯ ᠎ ᠢ ᠠᠬᠢᠭᠤᠯᠵᠤ᠂ ᠤᠯᠠᠨ ᠤᠯᠤᠰ ᠤᠨ ᠬᠠᠮᠳᠤᠷᠠᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠨᠧᠷᠬᠢ ᠶᠢᠨ ᠪᠤᠬᠢᠷᠳᠤᠯ ᠦᠬᠡᠢ ᠪᠠᠶᠢᠬᠤ᠂ ᠨᠡᠬᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ᠂ ᠤᠶᠤᠨᠴᠢ ᠬᠦᠭᠵᠢᠯᠳᠠ ᠶᠢ ᠲᠦᠷᠬᠡᠳᠬᠡᠵᠤ᠂ ᠦᠪᠤᠷ ᠮᠤᠩᠭᠤᠯ ᠤᠨ ᠡᠨᠧᠷᠬᠢ ᠶᠢᠨ ᠲᠦᠷᠤᠯ ᠲᠡᠮᠳᠡᠭ ᠢ ᠪᠠᠶᠢᠭᠤᠯᠵᠤ᠂ ᠲᠡᠯᠡᠬᠡᠢ ᠶᠢᠨ ᠡᠨᠧᠷᠬᠢ ᠎ ᠶᠢᠨ ᠠᠮᠤᠷ ᠲᠦᠪᠰᠢᠨ ᠢ ᠬᠠᠮᠠᠭᠠᠯᠠᠬᠤ ᠪᠠ ᠪᠦᠬᠦ ᠪᠦᠮᠪᠦᠷᠴᠡᠭ ᠤᠨ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ ᠳᠤ ᠦᠵᠡᠬᠦᠯᠪᠡᠰᠤ ᠵᠤᠬᠢᠬᠤ ᠬᠤᠪᠢ ᠨᠡᠮᠡᠷᠢ ᠪᠠᠨ ᠦᠵᠡᠬᠦᠯᠤᠨ᠎ᠠ ᠬᠡᠵᠤ ᠬᠡᠯᠡᠪᠡ᠃      2018 ᠦᠪᠦᠷ ᠮᠤᠩᠭᠤᠯ ᠤᠨ ᠤᠯᠠᠨ ᠤᠯᠤᠰ ᠤᠨ ᠡᠨᠧᠷᠬᠢ ᠶᠢᠨ ᠶᠡᠭᠡ ᠬᠤᠷᠠᠯ ᠢ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠭᠤᠤᠯᠯᠠᠨ ᠤᠳᠤᠷᠢᠳᠴᠤ᠂ ᠦᠪᠦᠷ ᠮᠤᠩᠭᠤᠯ ᠤᠨ ᠲᠠᠯ᠎ᠠ ᠨᠤᠲᠤᠭ ᠤᠨ ᠰᠤᠶᠤᠯ ᠎ ᠤᠨ ᠬᠠᠮᠠᠭᠠᠯᠠᠯᠲᠠ ᠬᠦᠭᠵᠢᠭᠦᠯᠦᠯᠲᠡ ᠶᠢᠨ ᠰᠠᠭᠤᠷᠢ ᠮᠦᠡᠭᠭᠦᠨ ᠤ ᠨᠡᠶᠢᠭᠡᠮᠯᠢᠭ ᠭᠤᠤᠯᠯᠠᠨ ᠡᠷᠬᠢᠯᠡᠵᠦ᠂ ᠤᠷᠳᠤᠰ ᠬᠤᠲᠠ ᠶᠢᠨ ᠵᠠᠰᠠᠭ ᠤᠨ ᠤᠷᠳᠤᠨ ᠳᠠᠭᠠᠭᠠᠴᠢᠯᠠᠨ ᠡᠷᠬᠢᠯᠡᠵᠠᠢ᠂ ᠶᠡᠭᠡ ᠬᠤᠷᠠᠯ ᠨᠢ ︽ᠰᠢᠨ᠎ᠡ ᠴᠠᠭ ᠦᠶ᠎ᠡ ᠶᠢᠨ ᠦᠪᠦᠷ ᠮᠤᠩᠭᠤᠯ ᠤᠨ ᠡᠨᠧᠷᠬᠢ ᠶᠢᠨ ᠬᠦᠭᠵᠢᠯᠲᠡ ᠶᠢᠨ ᠠᠷᠭ᠎ᠠ ᠵᠠᠮ ᠢ ᠰᠦᠪᠡᠭᠴᠢᠯᠡᠬᠦ︾᠎ ᠪᠠᠷ ᠭᠤᠤᠯ ᠰᠡᠳᠦᠪ ᠪᠤᠯᠭᠠᠵᠤ᠂ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠭ᠎ᠠ ᠪᠠ ᠰᠤᠯᠢᠯᠴᠠᠭ᠎ᠠ ᠪᠠᠷ ᠭᠤᠤᠯ ᠪᠤᠯᠭᠠᠵᠤ᠂ ᠡᠷᠳᠡᠮ ᠰᠢᠨᠵᠢᠯᠡᠭᠡᠨ ᠤ ᠴᠢᠨᠠᠷ᠂ ᠤᠯᠠᠨ ᠤᠯᠤᠰ ᠤᠨ ᠴᠢᠨᠠᠷ ᠤᠨ ᠵᠠᠷᠴᠢᠮ ᠢ ᠵᠢᠷᠤᠮᠯᠠᠵᠤ᠂ 3 ᠬᠤᠪᠢᠶᠠᠷᠢ ᠶᠠᠷᠢᠶᠠᠨ ᠤ ᠲᠠᠪᠴᠠᠩ ᠡᠷᠬᠢᠯᠡᠵᠦ᠂ 10 ᠭᠠᠷᠤᠢ ᠵᠦᠪᠯᠡᠬᠦ ᠵᠦᠢᠯ ᠳᠤ ᠬᠤᠯᠪᠤᠭᠳᠠᠬᠤ ᠪᠤᠯᠤᠨ᠎ᠠ᠃      ᠨᠤᠪᠧᠯ ᠤᠨ ᠱᠠᠩᠨᠠᠯ ᠬᠦᠷᠲᠡᠭᠴᠢ᠂ ᠤᠯᠤᠰ ᠤᠨ ᠳᠤᠳᠤᠭᠠᠳᠤ ᠭᠠᠳᠠᠭᠠᠳᠤ ᠶᠢᠨ ᠨᠡᠷᠡᠲᠦ ᠲᠤᠰᠬᠠᠢ ᠮᠡᠷᠭᠡᠵᠢᠯᠲᠡᠠ ᠡᠷᠳᠡᠮᠳᠡᠨ᠂ ᠡᠨᠧᠷᠬᠢ ᠵᠢᠴᠢ ᠬᠤᠯᠪᠤᠭᠳᠠᠯ ᠪᠦᠬᠦᠢ ᠬᠦᠷᠢᠶᠡᠨ ᠤ ᠤᠯᠤᠰ ᠤᠨ ᠳᠤᠳᠤᠭᠠᠳᠤ ᠶᠢᠨ ᠨᠡᠷᠡᠳᠤ ᠠᠵᠥ ᠠᠬᠤᠢᠢᠯᠠᠯ ᠤᠨ ᠬᠠᠷᠢᠭᠤᠴᠠᠯᠭᠠᠳᠠᠨ᠂ ᠤᠯᠤᠰ ᠤᠨ ᠬᠤᠯᠪᠤᠬᠳᠠᠯ ᠪᠦᠬᠦᠢ ᠶᠠᠮᠤᠨ ᠵᠦᠪᠯᠡᠯ᠂ ᠦᠪᠡᠷᠲᠡᠭᠡᠨ ᠵᠠᠰᠠᠬᠤ ᠤᠷᠤᠨ ᠵᠢᠴᠢ ᠡᠯ᠎ᠡ ᠠᠶᠢᠮᠠᠭ ᠬᠤᠲᠠ ᠶᠢᠨ ᠲᠦᠯᠦᠭᠡᠯᠡᠭᠴᠢ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃ ᠡᠬᠢᠯᠡᠯᠲᠡ ᠶᠢᠨ ᠶᠤᠰᠤᠯᠠᠯ ᠠᠴᠠ ᠡᠮᠦᠨ᠎ᠡ᠂ ᠪᠦ᠋ ᠰᠢᠶᠤᠤ ᠯᠢᠨ ᠬᠤᠷᠠᠯ ᠳᠤ ᠤᠷᠤᠯᠴᠠᠭᠰᠠᠨ ᠬᠡᠰᠡᠭ ᠳᠤᠮᠳᠠᠳᠤ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠡᠷᠳᠡᠮᠳᠡᠨ ᠪᠤᠯᠤᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠨᠠᠷ ᠲᠠᠢ ᠠᠭᠤᠯᠵᠠᠵᠤ ᠬᠠᠮᠲᠤ ᠶᠢᠨ ᠭᠡᠷᠡᠯ ᠵᠢᠷᠤᠭ ᠲᠠᠳᠠᠭᠤᠯᠪᠠ᠃ ᠡᠬᠢᠯᠡᠯᠲᠡ ᠶᠢᠨ ᠶᠤᠰᠤᠯᠠᠯ ᠤᠨ ᠳᠠᠷᠠᠭ᠎ᠠ᠂ ᠬᠤᠷᠠᠯ ᠳᠤ ᠤᠷᠤᠯᠴᠠᠭᠰᠠᠨ ᠡᠷᠬᠢᠮ ᠵᠤᠴᠢᠳ ᠦᠭᠡᠷᠡᠴᠢᠯᠡᠯᠲᠡ ᠨᠡᠬᠡᠭᠡᠯᠲᠡ ᠬᠢᠭᠰᠡᠨ 40 ᠵᠢᠯ ᠤᠨ ᠦᠪᠦᠷ ᠮᠤᠩᠭᠤᠯ ᠎ ᠤᠨ ᠡᠨᠧᠷᠬᠢ ᠶᠢᠨ ᠦᠷ᠎ᠡ ᠪᠦᠲᠦᠭᠡᠯ ᠤᠨ ᠦᠵᠡᠭᠦᠯᠦᠯᠭᠡ ᠶᠢ ᠲᠣᠭᠤᠷᠢᠨ ᠦᠵᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号