ᠪᠤᠤ ᠭᠠᠩ ᠤᠯᠠᠭᠠᠨᠴᠠᠪ ᠬᠤᠳᠠ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠬᠰᠠᠨ ᠨᠢ  ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢᠨ ᠵᠠᠰᠠᠯᠳᠠ ᠶᠢᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠳᠤᠷ ᠰᠢᠢᠳᠪᠦᠷᠢᠯᠡᠬᠦ ᠬᠡᠷᠡᠭᠳᠡᠢ
ᠨᠡᠶᠢᠲᠡᠯᠡᠭᠰᠡᠨ ᠴᠠᠭ᠄
2018/8/13
     8 ᠳ᠋ᠤᠭᠠᠷ ᠰᠠᠷ᠎ᠠ ᠶᠢᠨ 9᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠪᠤᠤ ᠭᠠᠩ ᠤᠯᠠᠭᠠᠨᠴᠠᠪ ᠬᠤᠳᠠ ᠶᠢᠨ ᠯᠢᠶᠠᠩᠴᠧᠩ ᠰᠢᠶᠠᠨ ᠳᠤ ᠬᠦᠨᠵᠡᠬᠡᠶᠢᠷᠡᠨ᠂ ᠳᠦᠪ ᠤᠨ ᠤᠷᠴᠢᠨ ᠳᠤᠭᠤᠷᠢᠨ ᠤᠰᠢᠮᠳᠠᠭᠤᠯᠤᠠ ᠪᠠᠶᠢᠴᠠᠭᠠᠯᠳᠠ ᠶᠢᠨ ︽ᠪᠣᠴᠠᠵᠤ ᠬᠠᠷᠠᠬᠤ︾᠎ ᠳᠤ ᠵᠢᠭᠠᠵᠥ ᠭᠠᠷᠭᠠᠬᠰᠠᠨ ᠳᠠᠭ᠎ᠠ ᠶᠢᠨ ᠨᠠᠭᠤᠷ ᠤᠨ ᠶᠡᠷᠦᠩᠬᠡᠶᠢᠯᠡᠭᠰᠡᠨ ᠵᠠᠰᠠᠯᠳᠠ ᠶᠢᠨ ᠠᠰᠠᠭᠤᠳᠠᠯ ᠤᠨ ᠳᠤᠬᠠᠢ ᠶᠠᠷᠢᠯᠴᠠᠬᠤ ᠬᠤᠷᠠᠯ ᠬᠤᠷᠠᠯᠳᠤᠭᠤᠯᠪᠠ᠃      ᠪᠤᠤ ᠭᠠᠩ ᠨᠠᠷ ᠵᠢᠷᠭᠤᠳᠤᠭᠠᠷ ᠰᠤᠮᠤ ᠪᠠᠯᠭᠠᠰᠤ ᠶᠢᠨ ᠶᠡᠭᠡ ᠬᠦᠳᠦᠯ ᠳᠤᠰᠬᠤᠨ᠂ ᠳᠠᠭ᠎ᠠ ᠶᠢᠨ ᠨᠠᠭᠤᠷ ᠤᠨ ᠴᠠᠬᠢᠯᠭᠠᠨ ᠦᠷᠳᠡᠭᠡ ᠪᠤᠯᠤᠨ ᠳᠠᠭ᠎ᠠ ᠶᠢᠨ ᠨᠠᠭᠤᠷ ᠤᠨ ᠦᠵᠡᠮᠵᠢ ᠶᠢᠨ ᠤᠷᠤᠨ ᠳᠤ ᠬᠦᠷᠴᠦ᠂ ᠳᠠᠭ᠎ᠠ ᠶᠢᠨ ᠨᠠᠭᠤᠷ ᠎ ᠤᠨ ᠡᠷᠬᠢᠨ ᠲᠤᠭᠤᠷᠢᠨ ᠤ ᠳᠠᠷᠢᠶᠠᠨ ᠭᠠᠵᠠᠷ ᠤᠨ ᠤᠰᠤᠯᠠᠯᠳᠡ ᠶᠢ ᠵᠤᠭᠰᠤᠭᠠᠵᠤ ᠤᠰᠤ ᠶᠢ ᠰᠡᠷᠬᠦᠬᠡᠬᠦ ᠳᠦᠷᠦᠯ ᠵᠦᠢᠯ᠂ ᠳᠠᠭ᠎ᠠ ᠶᠢᠨ ᠨᠠᠭᠤᠷ ᠤᠨ ᠴᠠᠬᠢᠯᠭᠠᠨ ᠦᠷᠳᠡᠭᠡ ᠶᠢᠨ ᠤᠰᠤ ᠪᠠᠷ ᠬᠦᠷᠦᠬᠡᠬᠦ ᠶᠢ ᠬᠤᠪᠢᠷᠠᠭᠤᠯᠤᠨ ᠠᠭᠠᠷ ᠢᠶᠠᠷ ᠬᠦᠷᠦᠬᠡᠬᠦ ᠵᠢᠴᠢ ᠡᠨᠧᠷᠬᠢ ᠶᠢ ᠠᠷᠪᠢᠯᠠᠵᠥ ᠭᠠᠳᠠᠬᠰᠢᠯᠠᠭᠤᠯᠤᠯᠳᠠ ᠶᠢ ᠪᠠᠭᠠᠰᠬᠠᠬᠤ ᠶᠡᠷᠦᠩᠬᠡᠶᠢᠯᠡᠨ ᠳᠡᠰ ᠳᠡᠪᠰᠢᠭᠦᠯᠬᠦ ᠦᠬᠡᠷᠡᠴᠢᠯᠡᠯᠳᠡ ᠶᠢᠨ ᠢᠨᠵᠧᠨᠧᠷᠢᠩ ᠪᠤᠯᠤᠨ ᠳᠠᠭ᠎ᠠ ᠶᠢᠨ ᠨᠠᠭᠤᠷ ᠤᠨ ︽ᠬᠤᠶᠠᠷ ᠢ ᠠᠷᠪᠢᠯᠠᠬᠤ︾᠂ ︽ᠬᠤᠶᠠᠷ ᠢ ᠨᠦᠬᠦᠪᠦᠷᠢᠯᠡᠬᠦ︾᠂ ︽ᠬᠤᠶᠠᠷ ᠢ ᠰᠡᠷᠬᠦᠬᠡᠬᠦ︾ ᠬᠠᠮᠠᠭᠠᠯᠠᠯᠳᠠ ᠶᠢᠨ ᠠᠷᠭ᠎ᠠ ᠬᠡᠯᠪᠡᠷᠢ ᠶᠢᠨ ᠬᠡᠷᠡᠭᠵᠢᠬᠦᠯᠦᠯᠳᠡ ᠶᠢᠨ ᠪᠠᠶᠢᠳᠠᠯ ᠢ ᠬᠦᠨᠵᠡᠬᠡᠢ ᠦᠢᠯᠠᠭᠠᠪᠠ᠃ ᠪᠤᠤ ᠭᠠᠩ ᠵᠢᠭᠠᠭᠰᠠᠨ ᠨᠢ᠂ ᠳᠠᠭ᠎ᠠ ᠶᠢᠨ ᠨᠠᠭᠤᠷ ᠤᠨ ᠠᠮᠢ ᠠᠬᠤᠢ ᠶᠢᠨ ᠤᠷᠤᠨ ᠪᠠᠶᠢᠷᠢ ᠳᠦᠢᠯ ᠤᠨ ᠴᠢᠬᠤᠯᠠ ᠶᠤᠮ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠳᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠪᠠᠶᠢᠭᠠᠯᠢ ᠶᠢᠨ ᠵᠢᠮ᠎ᠡ ᠶᠤᠰᠤ ᠶᠢ ᠴᠢᠩᠭ᠎ᠠ ᠵᠢᠷᠤᠮᠯᠠᠵᠥ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ ᠢ ᠰᠢᠰᠲ᠋ᠧᠮ ᠲᠠᠢ ᠪᠠᠷ ᠵᠠᠰᠠᠬᠤ ᠶᠢ ᠨᠢᠬᠡᠳᠦᠯᠳᠡᠢ ᠳᠦᠯᠦᠪᠵᠢᠬᠦᠯᠦᠨ᠂ ᠠᠯᠤᠰ ᠬᠡᠳᠤ ᠳᠤ ᠠᠩᠬᠠᠷᠤᠯ ᠳᠦᠪᠯᠡᠷᠡᠬᠦᠯᠵᠥ᠂ ᠳᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠬᠦᠯᠵᠥ᠂ ᠰᠢᠨᠳᠡᠷᠡᠰᠢ ᠦᠬᠡᠢ ᠴᠢᠷᠮᠠᠶᠢᠵᠥ᠂ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢᠨ ᠵᠠᠰᠠᠯᠳᠠ ᠶᠢᠨ ᠪᠤᠳᠠᠳᠠᠢ ᠦᠷ᠎ᠡ ᠪᠦᠳᠦᠬᠡᠯ ᠤᠯᠬᠤ ᠶᠢ ᠪᠠᠳᠤᠯᠠᠬᠤ ᠬᠡᠷᠡᠭᠳᠡᠢ᠃ ᠪᠤᠳᠠᠳᠠᠢ ᠲᠠᠢ ᠤᠶᠠᠯᠳᠤᠭᠤᠯᠤᠨ ᠶᠡᠷᠦᠩᠬᠡᠶᠢᠯᠡᠭᠰᠡᠨ ᠵᠠᠰᠠᠯᠳᠠ ᠶᠢᠨ ᠳᠦᠯᠦᠪᠵᠢᠬᠦᠯᠬᠡ ᠶᠢ ᠪᠦᠷᠢᠨᠰᠢᠬᠦᠯᠵᠦ᠂ ᠤᠰᠤ ᠳᠠᠳᠠᠬᠤ ᠶᠢ ᠴᠢᠩᠭ᠎ᠠ ᠬᠢᠵᠠᠭᠠᠷᠯᠠᠵᠥ᠂ ᠤᠰᠤ ᠭᠠᠳᠠᠬᠰᠢᠯᠠᠭᠤᠯᠬᠤ ᠶᠢ ᠵᠤᠬᠰᠤᠭᠠᠵᠥ᠂ ᠤᠰᠤ ᠤᠷᠤᠭᠤᠯᠬᠤ ᠶᠢ ᠨᠡᠮᠡᠭᠳᠡᠬᠦᠯᠬᠦ ᠵᠡᠷᠬᠡ ᠠᠷᠭ᠎ᠠ ᠬᠡᠯᠪᠡᠷᠢ ᠶᠢ ᠬᠠᠮᠳᠤ ᠳᠤᠨᠢ ᠬᠡᠷᠡᠭᠵᠢᠬᠦᠯᠵᠥ᠂ ᠳᠠᠭ᠎ᠠ ᠶᠢᠨ ᠨᠠᠭᠤᠷ ᠤᠨ ᠠᠮᠢ ᠠᠬᠤᠢ ᠰᠠᠶᠢᠵᠢᠷᠠᠬᠰᠠᠨ᠂ ᠪᠤᠬᠢᠷᠳᠤᠯ ᠦᠬᠡᠢ ᠬᠦᠭᠵᠢᠭᠰᠡᠨ ᠰᠠᠶᠢᠨ ᠤᠷᠴᠢᠯ ᠢ ᠪᠦᠷᠢᠯᠳᠦᠬᠦᠯᠬᠦ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号