ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠦᠨᠳᠦᠰᠦᠳᠡᠨ ᠤ ᠵᠦᠪᠯᠡᠯ ᠤᠯᠤᠰ ᠤᠨ ᠦᠨᠳᠦᠰᠦᠳᠡᠨ ᠤ ᠭᠡᠷᠡᠭ ᠡᠷᠬᠢᠯᠡᠬᠦ ᠵᠦᠪᠯᠡᠯ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠠᠶᠢᠭᠤᠯᠤᠭᠳᠠᠭᠰᠠᠨ 60 ᠵᠢᠯ ᠤᠨ ᠣᠢ ᠶᠢ ᠪᠡᠯᠡᠭᠯᠡᠬᠦ ᠲᠤᠬᠠᠢ ᠪᠠᠶᠠᠷ ᠤᠨ ᠴᠠᠬᠢᠯᠭᠠᠨ ᠴᠢᠮᠡᠭᠡ
ᠨᠡᠶᠢᠲᠡᠯᠡᠭᠰᠡᠨ ᠴᠠᠭ᠄
2018/8/13
ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠳᠤ᠄      ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠸᠡᠩᠬᠢ ᠦᠨᠳᠦᠰᠦᠳᠡᠨ ᠤ ᠦᠪᠡᠷᠲᠡᠭᠡᠨ ᠵᠠᠰᠠᠬᠤ ᠬᠤᠰᠢᠭᠤ ᠪᠠᠶᠢᠭᠤᠯᠤᠭᠳᠠᠭᠰᠠᠨ 60 ᠵᠢᠯ ᠤᠨ ᠤᠢ ᠶᠢᠨ ᠲᠠᠰᠢᠷᠠᠮ ᠳᠤ᠂ ᠲᠠᠨᠠᠷ ᠲᠤ ᠵᠢᠴᠢ ᠲᠠᠨᠠᠷ ᠢᠶᠠᠷ ᠳᠠᠮᠵᠢᠭᠤᠯᠤᠨ ᠪᠦᠬᠦ ᠬᠤᠰᠢᠭᠤ ᠶᠢᠨ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ᠂ ᠬᠤᠰᠢᠭᠤᠨ ᠳᠤ ᠰᠠᠭᠤᠭ᠎ᠠ ᠠᠷᠠᠳ ᠤᠨ ᠴᠢᠯᠦᠭᠡᠯᠡᠬᠦ ᠴᠡᠷᠢᠭ ᠤᠨ ᠵᠢᠯᠤᠭᠤᠳᠤᠬᠴᠢ ᠪᠠᠶᠢᠯᠳᠤᠬᠴᠢ᠂ ᠵᠡᠪᠰᠡᠭᠳᠦ ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠬᠴᠢ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠲᠤ ᠪᠠᠶᠠᠷ ᠬᠦᠷᠭᠡᠬᠦ ᠶᠢᠨ ᠬᠠᠮᠲᠤ ᠳᠣᠲᠣᠨᠣ ᠲᠣᠬᠤᠨᠢᠭᠤᠯᠤᠯ ᠬᠦᠷᠭᠡᠵᠦ ᠪᠠᠶᠢᠨ᠎ᠠ᠃      60 ᠵᠢᠯ ᠤᠨ ᠲᠤᠷᠰᠢ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠵᠢᠴᠢ ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ ᠪᠠ ᠬᠤᠳᠠ ᠶᠢᠨ ᠵᠠᠰᠠᠭ ᠤᠨ ᠤᠷᠳᠤᠨ ᠎ ᠤ ᠤᠳᠤᠷᠢᠳᠤᠯᠭ᠎ᠠ ᠲᠤᠤᠷ᠎ᠠ᠂ ᠡᠸᠡᠩᠬᠢ ᠦᠨᠳᠦᠰᠦᠳᠡᠨ ᠤ ᠦᠪᠡᠷᠲᠡᠭᠡᠨ ᠵᠠᠰᠠᠬᠤ ᠬᠤᠰᠢᠭᠤ ᠶᠢᠨ ᠠᠵᠤ ᠠᠬᠤᠢ ᠬᠦᠭᠵᠢᠵᠦ᠂ ᠦᠨᠳᠦᠰᠦᠳᠡᠨ ᠨᠦᠭᠦᠳ ᠪᠦᠯᠬᠦᠮᠳᠡᠵᠦ᠂ ᠨᠡᠶᠢᠭᠡᠮ ᠲᠤᠭᠳᠠᠭᠤᠨ ᠪᠤᠯᠵᠦ᠂ ᠠᠷᠠᠳ ᠲᠦᠮᠡᠨ ᠤ ᠠᠮᠢᠳᠤᠷᠠᠯ ᠳᠠᠰᠤᠷᠠᠯᠳᠠ ᠦᠭᠡᠢ ᠰᠠᠶᠢᠵᠢᠷᠠᠵᠦ᠂ ᠡᠯ᠎ᠠ ᠵᠦᠢᠯ ᠤᠨ ᠦᠢᠯᠡᠰ ᠪᠦᠬᠦ ᠲᠠᠯ᠎ᠠ ᠪᠠᠷ ᠠᠬᠢᠵᠦ᠂ ᠯᠤᠳᠤ ᠶᠡᠭᠡ ᠠᠮᠵᠢᠯᠲᠠ ᠤᠯᠵᠠᠢ᠃ ᠲᠠᠨᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠢᠯᠡᠬᠦᠦ ᠨᠢᠬᠳᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠎ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠵᠢᠴᠢ ᠲᠦᠪ ᠤᠨ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠦ᠂ ︽ᠲᠦᠷᠪᠡᠨ ᠢᠳᠡᠭᠡᠯ︾᠎ ᠢ ᠪᠠᠳᠤᠳᠬᠠᠵᠦ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠬᠦᠯᠦᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠱᠠᠭᠠᠷᠳᠠᠯᠭ᠎ᠠ ᠶᠤᠰᠤᠭᠠᠷ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠥᠪᠦᠷ ᠮᠤᠩᠭᠤᠯ ᠤᠨ ᠠᠵᠤ ᠠᠬᠤᠢ ᠶᠢᠨ ᠬᠦᠭᠵᠢᠯᠳᠠ ᠶᠢ ᠳᠡᠮᠵᠢᠬᠦ ᠠᠯᠢ ᠤᠯᠠᠨ ᠲᠦᠷᠦ ᠶᠢᠨ ᠪᠤᠳᠤᠯᠭ᠎ᠠ ᠶᠢᠨ ᠠᠷᠭ᠎ᠠ ᠭᠡᠮᠵᠢᠶ᠎ᠠ ᠶᠢ ᠴᠢᠨᠠᠬᠰᠢᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠰᠠᠶᠢᠳᠤᠷ ᠬᠢᠵᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠵᠡᠷᠭᠡ ᠡᠯ᠎ᠠ ᠵᠦᠢᠯ ᠤᠨ ᠠᠵᠢᠯ ᠢ ᠠᠬᠢᠭᠤᠯᠵᠦ᠂ ᠳᠤᠮᠳᠠᠳᠤ ᠶᠢᠨ ᠦᠨᠳᠦᠰᠦᠳᠡᠨ ᠤ ᠬᠠᠮᠳᠦ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠵᠦ᠂ ᠦᠪᠡᠷᠲᠡᠭᠡᠨ ᠵᠠᠰᠠᠬᠤ ᠬᠤᠰᠢᠭᠤ ᠪᠠᠶᠢᠭᠤᠯᠤᠭᠳᠠᠭᠰᠠᠨ 60 ᠵᠢᠯ ᠤᠨ ᠤᠢ ᠪᠠᠷ ᠰᠢᠨ᠎ᠠ ᠭᠠᠷᠤᠭ᠎ᠠ ᠪᠤᠯᠭᠠᠵᠦ᠂ ᠢᠳᠡᠭᠡᠯ ᠢᠶᠠᠨ ᠪᠠᠳᠤᠳᠬᠠᠵᠦ᠂ ᠰᠡᠳᠬᠢᠯ ᠢᠶᠠᠨ ᠨᠢᠭᠡᠳᠭᠡᠨ ᠬᠦᠴᠦ ᠪᠠᠨ ᠬᠠᠮᠳᠤᠳᠬᠠᠵᠦ᠂ ᠦᠷᠯᠦᠭᠡ ᠦᠳᠡᠰᠢ ᠶᠢ ᠲᠡᠮᠡᠴᠡᠵᠦ᠂ ᠦᠨᠡᠨ ᠬᠦ ᠠᠳᠬᠤᠨ ᠪᠤᠳᠠᠳᠠᠢ ᠠᠵᠢᠯᠯᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠬᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠡᠯᠳᠠ ᠶᠢ ᠲᠡᠮᠡᠴᠡᠨ ᠤᠯᠬᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠥᠭᠡᠭᠡᠴᠡᠯᠳᠦᠯ ᠢ ᠪᠡᠶᠡᠯᠡᠭᠦᠯᠬᠦ ᠶᠢᠨ ᠲᠥᠯᠥᠭᠡ ᠥᠷᠭᠦᠯᠵᠢᠯᠡᠨ ᠲᠡᠮᠡᠴᠡᠬᠦ ᠶᠢ ᠬᠦᠰᠡᠵᠦ ᠪᠠᠶᠢᠨ᠎ᠠ᠃      ᠡᠸᠡᠩᠬᠢ ᠦᠨᠳᠦᠰᠦᠳᠡᠨ ᠤ ᠦᠪᠡᠷᠲᠡᠭᠡᠨ ᠵᠠᠰᠠᠬᠤ ᠬᠤᠰᠢᠭᠤ ᠬᠦᠭᠵᠢᠨ ᠴᠡᠴᠡᠭᠯᠡᠬᠦ ᠶᠢ ᠵᠦᠩᠨᠡᠶ᠎ᠠ︕      ᠡᠸᠡᠩᠬᠢ ᠦᠨᠳᠦᠰᠦᠳᠡᠨ ᠤ ᠦᠪᠡᠷᠲᠡᠭᠡᠨ ᠵᠠᠰᠠᠬᠤ ᠬᠤᠰᠢᠭᠤ ᠶᠢᠨ ᠦᠨᠳᠦᠰᠦᠳᠡᠨ ᠨᠦᠭᠦᠳ ᠤᠨ ᠠᠷᠠᠳ ᠲᠦᠮᠡᠨ ᠵᠣᠯ ᠵᠢᠷᠭᠠᠯ ᠲᠠᠢ ᠠᠵᠤ ᠲᠦᠷᠦᠬᠦ ᠶᠢ ᠬᠦᠰᠡᠨ ᠵᠦᠩᠨᠡᠶ᠎ᠠ︕                                ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ                                ᠶᠡᠭᠡ ᠬᠤᠷᠠᠯ ᠤᠨ ᠦᠨᠳᠦᠰᠦᠳᠡᠨ ᠤ ᠵᠦᠪᠯᠡᠯ                                ᠤᠯᠤᠰ ᠤᠨ ᠥᠨᠳᠥᠰᠥᠲᠡᠨ ᠤ ᠭᠡᠷᠡᠭ ᠡᠷᠬᠢᠯᠡᠬᠦ ᠵᠦᠪᠯᠡᠯ                                       2018 ᠣᠨ ᠤ 8 ᠳ᠋ᠤᠭᠠᠷ ᠰᠠᠷ᠎ᠠ ᠶᠢᠨ 12᠎ ᠤᠨ ᠡᠳᠦᠷ
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号