ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠲᠦᠷᠪᠡᠳᠦᠬᠡᠷ ᠤᠳᠠᠭ᠎ᠠ ᠶᠢᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠲᠧᠯᠸᠢᠰ ᠳ᠋ᠢᠶᠠᠩᠬᠤᠸᠠ ᠬᠤᠷᠠᠯ ᠬᠢᠪᠡ
ᠨᠡᠶᠢᠲᠡᠯᠡᠭᠰᠡᠨ ᠴᠠᠭ᠄
2018/8/13

     8 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠠ᠂ ᠪᠦᠬᠦ ᠤᠷᠤᠨ ᠤ ᠲᠦᠷᠪᠡᠳᠦᠬᠡᠷ ᠤᠳᠠᠭ᠎ᠠ ᠶᠢᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠦᠷᠪᠡᠳᠦᠬᠡᠷ ᠤᠳᠠᠭ᠎ᠠ ᠶᠢᠨ ᠪᠦᠬᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠲᠧᠯᠸᠢᠰ ᠳ᠋ᠢᠶᠠᠩᠬᠤᠸᠠ ᠬᠤᠷᠠᠯ ᠤᠨ ᠵᠤᠷᠢᠬ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠤᠷᠤᠨ ᠤ ᠲᠦᠷᠪᠡᠳᠦᠬᠡᠷ ᠤᠳᠠᠭ᠎ᠠ ᠶᠢᠨ ᠪᠦᠬᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠪᠠᠶᠢᠷᠢᠯᠠᠭᠤᠯᠤᠬᠰᠠᠨ ᠪᠠᠶᠢᠨ᠎ᠠ᠃
     ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠧᠠᠢ ᠵᠢᠶᠦ᠋ᠨ ᠬᠤᠷᠠᠯ ᠳᠤ ᠤᠷᠤᠯᠴᠠᠵᠦ ᠶᠠᠷᠢᠶ᠎ᠠ

ᠲᠠᠯᠪᠢᠵᠠᠢ᠃
     ᠮᠠ ᠰᠢᠤᠧᠠᠢ ᠵᠢᠶᠦ᠋ᠨ ᠴᠢᠬᠤᠯᠠᠴᠢᠯᠠᠭᠰᠠᠨ ᠨᠢ᠂ ᠦᠵᠡᠯ ᠲᠠᠨᠢᠯᠳᠠ ᠪᠠᠨ ᠬᠦᠨᠵᠡᠬᠡᠶᠢᠷᠡᠬᠦᠯᠦᠨ᠂ ᠲᠦᠷᠪᠡᠳᠦᠬᠡᠷ ᠤᠳᠠᠭ᠎ᠠ ᠶᠢᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢ ᠰᠠᠶᠢᠳᠤᠷ ᠬᠢᠬᠦ ᠡᠬᠦᠷᠬᠡᠳᠤ ᠰᠡᠳᠬᠢᠯᠬᠡ ᠪᠠᠨ ᠦᠨᠡᠨ ᠬᠦ ᠲᠡᠭᠡᠭᠰᠢᠯᠡᠬᠦᠯᠬᠦ ᠬᠡᠷᠡᠭᠳᠡᠢ᠃ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠶᠢ ᠦᠷᠨᠢᠬᠦᠯᠬᠦ ᠪᠤᠯ ᠬᠠᠮᠤᠬ ᠤᠨ ᠰᠢᠨ᠎ᠠ ︽ᠡᠳ᠋ ᠬᠦᠷᠦᠩᠬᠡ︾ ᠶᠢ ᠪᠦᠬᠦ ᠲᠠᠯ᠎ᠠ ᠪᠠᠷ ᠤᠶᠢᠯᠠᠭᠠᠬᠤ ᠪᠤᠰᠤᠳᠴᠢ ᠱᠠᠭᠠᠷᠳᠠᠯᠭ᠎ᠠ᠂ ᠪᠠᠰᠠ ᠴᠤ ᠲᠤᠭ᠎ᠠ ᠪᠦᠷᠢᠳᠬᠡᠯ ᠤᠨ ᠪᠠᠶᠢᠴᠠᠭᠠᠯᠳᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠬᠦ ᠴᠢᠬᠤᠯᠠ ᠠᠵᠠ ᠲᠤᠬᠢᠶᠠᠯ᠂ ᠮᠦᠨ ᠴᠤ ᠲᠤᠭ᠎ᠠ ᠪᠦᠷᠢᠳᠬᠡᠯ ᠤᠨ ᠲᠤᠭ᠎ᠠ ᠪᠠᠷᠢᠮᠳᠠ ᠶᠢᠨ ᠦᠨᠡᠨ ᠪᠤᠳᠠᠳᠤ ᠴᠢᠨᠠᠷ ᠢ ᠲᠡᠭᠡᠭᠰᠢᠯᠡᠬᠦᠯᠬᠦ ᠪᠦᠲᠦᠮᠵᠢᠳᠡᠢ ᠠᠷᠭ᠎ᠠ ᠵᠠᠮ ᠮᠦᠨ᠃ ᠪᠡᠶᠢᠴᠠᠭᠠᠯᠳᠠ ᠲᠤᠮᠳᠠ᠂ ᠵᠠᠩᠬᠢᠯᠠᠭ᠎ᠠ ᠶᠢᠨ ᠭᠤᠬᠴᠤᠭ᠎ᠠ ᠶᠢ ᠠᠳᠬᠤᠨ᠂ ᠲᠦᠷᠪᠡᠳᠦᠬᠡᠷ ᠤᠳᠠᠭ᠎ᠠ ᠶᠢᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠡᠯ᠎ᠠ ᠲᠦᠷᠦᠯ ᠤᠨ ᠡᠬᠦᠷᠬᠡ ᠶᠢ ᠦᠨᠡᠨ ᠬᠦ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠳᠡᠢ᠃ ︽ᠲᠦᠷᠪᠡᠳᠦᠬᠡᠷ ᠤᠳᠠᠭ᠎ᠠ ᠶᠢᠨ ᠪᠦᠬᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠲᠦᠰᠦᠯ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ︽ᠲᠦᠰᠦᠯ︾ ᠤᠨ ᠵᠤᠷᠢᠬ ᠰᠠᠨᠠᠭ᠎ᠠ ᠶᠢ ᠨᠡᠪᠲᠡᠷᠳᠡᠯ᠎ᠠ ᠤᠶᠢᠯᠠᠭᠠᠬᠰᠠᠨ ᠰᠠᠭᠤᠷᠢᠨ ᠲᠡᠭᠡᠷ᠎ᠠ᠂ ᠨᠢᠬᠡᠨᠳᠡ ᠲᠤᠬᠳᠠᠬᠰᠠᠨ ᠲᠤᠬᠠᠶᠢᠯᠠᠬᠰᠠᠨ ᠠᠵᠢᠯ ᠤᠨ ᠲᠡᠰ ᠲᠠᠷᠠᠭᠠᠯᠠᠯ ᠪᠠ ᠴᠢᠨᠠᠷ ᠴᠢᠨᠰᠠᠭ᠎ᠠ ᠶᠢ ᠡᠵᠡᠮᠳᠡᠬᠦ ᠰᠢᠰᠲ᠋ᠧᠮ ᠶᠤᠰᠤᠭᠠᠷ᠂ ᠨᠡᠶᠢᠳᠡᠮ ᠤᠨ ᠪᠠᠶᠢᠴᠠᠭᠠᠯᠳᠠ ᠶᠢᠨ ᠠᠵᠢᠯ ᠤᠨ ᠲᠦᠷᠢᠮ ᠢ ᠲᠤᠭᠳᠠᠭᠠᠨ ᠪᠦᠷᠢᠨᠰᠢᠬᠦᠯᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠤᠨ ᠲᠦᠷᠢᠮᠵᠢᠯ ᠲᠠᠢ ᠡᠮᠬᠢ ᠵᠢᠷᠤᠮ ᠲᠠᠢ ᠶᠠᠪᠤᠬᠳᠠᠬᠤ ᠶᠢ ᠪᠠᠳᠤᠯᠠᠬᠤ ᠬᠡᠷᠡᠭᠳᠡᠢ︔ ᠡᠯ᠎ᠠ ᠲᠦᠷᠦᠯ ᠤᠨ ᠨᠢᠬᠡᠴᠢ ᠶᠢᠨ ᠰᠠᠭᠤᠷᠢ ᠲᠤᠭ᠎ᠠ ᠶᠢ ᠪᠤᠳᠠᠳᠠᠢ ᠪᠠᠶᠢᠴᠠᠭᠠᠵᠦ᠂ ᠪᠦᠬᠦ ᠬᠠᠤᠯᠢ ᠶᠢᠨ ᠡᠷᠬᠡᠳᠡᠨ ᠤ ᠨᠢᠭᠡᠴᠡ᠂ ᠠᠵᠦ ᠦᠢᠯᠡᠰ ᠤᠨ ᠠᠵᠢᠯᠯᠠᠭᠠᠨ ᠤ ᠨᠢᠬᠡᠴᠢ ᠪᠠ ᠬᠤᠶᠠᠳᠤᠭᠠᠷ᠂ ᠭᠤᠷᠪᠠᠳᠤᠭᠠᠷ ᠠᠵᠦ ᠦᠢᠯᠡᠰ ᠤᠨ ᠡᠵᠡᠩᠨᠡᠯᠳᠡ ᠶᠢᠨ ᠡᠷᠦᠬᠡ ᠳᠤ ᠪᠦᠬᠦ ᠲᠠᠯ᠎ᠠ ᠶᠢᠨ ᠪᠠᠶᠢᠴᠠᠭᠠᠯᠳᠠ ᠬᠢᠵᠦ᠂ ᠦᠢᠯᠡᠳᠪᠦᠷᠢᠯᠡᠯ ᠡᠵᠡᠩᠨᠡᠯᠳᠡ᠂ ᠦᠢᠯᠡᠴᠢᠯᠡᠭᠡ ᠶᠢᠨ ᠠᠵᠢᠯᠯᠠᠭ᠎ᠠ ᠪᠠ ᠡᠳ᠋ ᠬᠦᠷᠦᠩᠬᠡ ᠶᠢᠨ ᠥᠷᠢᠲᠦᠯ ᠵᠡᠷᠬᠡ ᠬᠦᠢᠴᠡᠳᠬᠡᠬᠦ ᠲᠤᠭ᠎ᠠ ᠶᠢᠨ ᠲᠤᠭ᠎ᠠ ᠪᠠᠷᠢᠮᠳᠠ ᠶᠢ ᠤᠯᠬᠤ ᠬᠡᠷᠡᠭᠳᠡᠢ︔ ᠬᠠᠤᠯᠢ ᠶᠤᠰᠤᠭᠠᠷ ᠨᠡᠶᠢᠳᠡᠮ ᠤᠨ ᠪᠠᠶᠢᠴᠠᠭᠠᠯᠳᠠ ᠶᠢ ᠲᠦᠷᠢᠮᠵᠢᠬᠦᠯᠬᠦ ᠶᠢ ᠪᠠᠷᠢᠮᠳᠠᠯᠠᠵᠦ᠂ ᠬᠠᠤᠯᠢ ᠶᠤᠰᠤᠭᠠᠷ ᠨᠡᠶᠢᠳᠡᠮ ᠪᠠᠶᠢᠴᠠᠭᠠᠯᠳᠠ ᠬᠦᠯᠢᠶᠡᠬᠦ ᠡᠳᠡᠬᠡᠳ ᠢ ᠬᠦᠲᠦᠯᠦᠨ ᠵᠢᠯᠤᠭᠤᠳᠴᠤ ᠢᠳᠡᠪᠬᠢᠳᠡᠢ ᠬᠠᠮᠵᠢᠯᠴᠠᠭᠤᠯᠵᠦ᠂ ᠪᠤᠰᠤᠳᠴᠢ ᠦᠨᠡᠨ ᠪᠤᠳᠠᠳᠠᠢ ᠮᠠᠲ᠋ᠧᠷᠢᠶᠠᠯ ᠬᠠᠩᠭᠠᠬᠤ ᠬᠡᠷᠡᠭᠳᠡᠢ︔ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢᠨ ᠴᠢᠨᠠᠷ ᠴᠢᠨᠰᠠᠭ᠎ᠠ ᠶᠢ ᠪᠠᠳᠤᠯᠠᠨ᠂ ᠵᠠᠩᠬᠢᠯᠠᠭ᠎ᠠ ᠶᠢᠨ ᠭᠤᠬᠴᠤᠭ᠎ᠠ ᠪᠠ ᠪᠠᠭᠤᠷᠠᠢ ᠭᠤᠬᠴᠤᠭ᠎ᠠ ᠶᠢ ᠴᠢᠩᠭ᠎ᠠ ᠠᠳᠬᠤᠵᠦ᠂ ᠲᠤᠭ᠎ᠠ ᠪᠠᠷᠢᠮᠳᠠ ᠶᠢᠨ ᠴᠢᠨᠠᠷ ᠴᠢᠨᠰᠠᠭ᠎ᠠ ᠶᠢ ᠡᠵᠡᠮᠳᠡᠬᠦ ᠠᠷᠭ᠎ᠠ ᠠᠪᠴᠠᠯ ᠢ ᠨᠡᠶᠢᠳᠡᠮ ᠪᠠᠶᠢᠴᠠᠭᠠᠯᠳᠠ ᠶᠢᠨ ᠪᠦᠬᠦ ᠶᠠᠪᠤᠴᠠ ᠳᠤ ᠨᠠᠶᠢᠳᠠᠪᠤᠷᠢᠵᠢᠭᠤᠯᠬᠤ ᠬᠡᠷᠡᠭᠳᠡᠢ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠲᠦᠷᠪᠡᠳᠦᠬᠡᠷ ᠤᠳᠠᠭ᠎ᠠ ᠶᠢᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠤᠷᠤᠬᠰᠢᠳᠠᠢ ᠠᠬᠢᠭᠤᠯᠬᠤ ᠶᠢ ᠪᠠᠳᠤᠯᠠᠬᠤ ᠬᠡᠷᠡᠭᠳᠡᠢ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠤᠷᠤᠨ ᠪᠠᠶᠢᠷᠢ ᠳᠤᠨᠢ ᠬᠦᠷᠬᠡᠵᠦ᠂ ᠡᠯ᠎ᠠ ᠱᠠᠳᠤᠨ ᠤ ᠵᠠᠰᠠᠬ ᠤᠨ ᠤᠷᠳᠤᠨ ᠨᠡᠶᠢᠳᠡᠮ ᠪᠠᠶᠢᠴᠠᠭᠠᠯᠳᠠ ᠶᠢᠨ ᠠᠵᠢᠯ ᠢ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠤᠷᠤᠭᠤᠯᠬᠤ ᠬᠡᠷᠡᠭᠳᠡᠢ︔ ᠠᠵᠢᠯ ᠤᠨ ᠬᠤᠪᠢᠶᠠᠷᠢᠯᠠᠯ ᠬᠠᠮᠵᠢᠯᠴᠠᠭ᠎ᠠ ᠶᠢ ᠤᠷᠤᠨ ᠪᠠᠶᠢᠷᠢ ᠳᠤᠨᠢ ᠬᠦᠷᠬᠡᠵᠦ᠂ ᠡᠯ᠎ᠠ ᠠᠶᠢᠮᠠᠬ ᠬᠤᠳᠠ᠂ ᠬᠤᠰᠢᠭᠤ ᠰᠢᠶᠠᠨ ᠨᠡᠶᠢᠳᠡᠮ ᠪᠠᠶᠢᠴᠠᠭᠠᠯᠳᠠ ᠶᠢᠨ ᠪᠠᠶᠢᠭᠤᠯᠤᠮᠵᠢ ᠶᠢ ᠪᠠᠶᠢᠭᠤᠯᠵᠦ᠂ ᠬᠠᠮᠵᠢᠯᠴᠠᠭᠠᠨ ᠤ ᠲᠤᠬᠳᠠᠴᠠ ᠶᠢ ᠪᠠᠶᠢᠭᠤᠯᠬᠤ ᠬᠡᠷᠡᠭᠳᠡᠢ︔ ᠠᠵᠢᠯ ᠢ ᠪᠠᠳᠤᠯᠠᠬᠤ ᠶᠢ ᠤᠷᠤᠨ ᠪᠠᠶᠢᠷᠢ ᠳᠤᠨᠢ ᠬᠦᠷᠬᠡᠬᠦ ᠬᠡᠷᠡᠭᠳᠡᠢ︔ ᠤᠬᠠᠭᠤᠯᠵᠦ ᠲᠠᠶᠢᠴᠢᠯᠠᠬᠤ ᠶᠢ ᠤᠷᠤᠨ ᠪᠠᠶᠢᠷᠢ ᠳᠤᠨᠢ ᠬᠦᠷᠬᠡᠬᠦ ᠬᠡᠷᠡᠭᠳᠡᠢ ᠬᠡᠵᠠᠢ᠃

ᠢᠷᠡᠯᠲᠡ᠄ ᠲᠣᠲᠣᠷᠬᠠᠢ ᠦᠭᠡᠢ