ᠰᠢᠯᠢ ᠶᠢᠨ ᠭᠤᠣᠯ ᠠᠶᠢᠮᠠᠭ ᠤᠨ ᠳᠡᠭᠡᠷ᠎ᠡ ᠬᠠᠭᠠᠰ ᠵᠢᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠎ ᠤᠨ ᠰᠢᠯᠵᠢᠭᠦᠯᠵᠦ ᠪᠣᠯᠬᠤ ᠴᠡᠪᠡᠷ ᠣᠷᠣᠯᠭ᠎ᠠ ᠬᠤᠣᠰ ᠨᠡᠮᠡᠭᠳᠡᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2018/8/14
     ᠳᠡᠭᠡᠳᠦ ᠬᠠᠭᠠᠰ ᠵᠢᠯ ᠳᠤ᠂ ᠰᠢᠯᠢ ᠶᠢᠨ ᠭᠤᠣᠯ ᠠᠶᠢᠮᠠᠭ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠰᠢᠯᠵᠢᠭᠦᠯᠵᠦ ᠪᠣᠯᠬᠤ ᠴᠡᠪᠡᠷ ᠣᠷᠣᠯᠭ᠎ᠠ 2939 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.7% ᠨᠡᠮᠡᠭᠳᠡᠵᠦ᠂ ᠡᠵᠡᠮᠳᠡᠵᠦ ᠪᠣᠯᠬᠤ ᠣᠷᠣᠯᠭ᠎ᠠ ᠶᠢᠨ ᠬᠤᠪᠢ ᠶᠢᠨ ᠵᠢᠩ ᠤᠨ 15.4%᠎ ᠶᠢ ᠡᠵᠡᠯᠡᠵᠡᠢ᠃ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠰᠢᠯᠵᠢᠭᠦᠯᠵᠦ ᠪᠣᠯᠬᠤ ᠴᠡᠪᠡᠷ ᠣᠷᠣᠯᠭ᠎ᠠ 2656 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.1% ᠨᠡᠮᠡᠭᠳᠡᠵᠦ᠂ ᠡᠵᠡᠮᠳᠡᠵᠦ ᠪᠣᠯᠬᠤ ᠣᠷᠣᠯᠭ᠎ᠠ ᠶᠢᠨ ᠬᠤᠪᠢ ᠶᠢᠨ ᠵᠢᠩ ᠤᠨ 38.7%᠎ ᠶᠢ ᠡᠵᠡᠯᠡᠵᠡᠢ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠰᠢᠯᠵᠢᠭᠦᠯᠵᠦ ᠪᠣᠯᠬᠤ ᠴᠡᠪᠡᠷ ᠣᠷᠣᠯᠭ᠎ᠠ ᠶᠢᠨ ᠬᠤᠣᠰ ᠨᠡᠮᠡᠭᠳᠡᠯ ᠢ ᠪᠡᠶᠡᠯᠡᠭᠦᠯᠪᠡ᠃      ᠰᠢᠯᠵᠢᠭᠦᠯᠵᠦ ᠪᠣᠯᠬᠤ ᠴᠡᠪᠡᠷ ᠣᠷᠣᠯᠭ᠎ᠠ ᠨᠡᠮᠡᠭᠳᠡᠭᠰᠡᠨ ᠰᠢᠯᠲᠠᠭᠠᠨ ᠨᠢ ᠭᠡᠪᠡᠯ᠄ ᠨᠢᠭᠡ ᠳᠤ ᠰᠢᠯᠢ ᠶᠢᠨ ᠭᠤᠣᠯ ᠠᠶᠢᠮᠠᠭ ᠠᠷᠠᠳ ᠤᠨ ᠠᠮᠢᠳᠤᠷᠠᠯ ᠤᠨ ᠪᠡᠯᠡ ᠣᠷᠣᠭᠤᠯᠤᠯᠲᠠ ᠶᠢᠨ ᠡᠷᠴᠢᠮ ᠢᠶᠠᠨ ᠳᠠᠰᠤᠷᠠᠯᠳᠠ ᠦᠬᠡᠢ ᠴᠢᠩᠭᠠᠷᠠᠭᠤᠯᠬᠤ ᠶᠢ ᠳᠠᠭᠠᠯᠳᠤᠨ᠂ ᠡᠯ᠎ᠡ ᠵᠦᠢᠯ ᠤᠨ ᠪᠠᠲᠤᠯᠠᠭ᠎ᠠ ᠶᠢᠨ ᠪᠠᠷᠢᠮᠵᠢᠶ᠎ᠠ ᠳᠠᠰᠤᠷᠠᠯᠳᠠ ᠦᠭᠡᠢ ᠳᠡᠭᠡᠭᠰᠢᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠪᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠳᠡᠭᠡᠭᠰᠢᠯᠡᠯᠲᠡ᠂ ᠬᠤᠳᠠ ᠪᠠᠯᠭᠠᠰᠤᠨ ᠤ ︽ᠭᠤᠷᠪᠠᠨ ᠥᠭᠡᠢ︾ ᠬᠥᠮᠦᠰ ᠤᠨ ᠰᠢᠨ᠎ᠡ ᠪᠠᠷᠢᠮᠵᠢᠶ᠎ᠠ ᠶᠢᠨ ᠪᠡᠯᠡ ᠮᠥᠩᠭᠦ ᠶᠢ ᠨᠥᠬᠦᠵᠦ ᠣᠯᠭᠤᠭᠰᠠᠨ ᠪᠠ ᠨᠡᠶᠢᠭᠡᠮ ᠤᠨ ᠲᠡᠳᠬᠦᠮᠵᠢ ᠶᠢᠨ ᠣᠷᠣᠯᠭ᠎ᠠ ᠠᠴᠠ ᠪᠣᠯᠵᠠᠢ︔ ᠬᠤᠶᠠᠷ ᠲᠤ ᠣᠷᠣᠯᠭ᠎ᠠ ᠶᠢᠨ ᠬᠢᠷᠢ ᠲᠥᠪᠰᠢᠨ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ ᠡᠴᠢᠭᠡ ᠡᠬᠡ ᠪᠤᠶᠤ ᠦᠷ᠎ᠡ ᠬᠡᠦᠬᠡᠳ ᠲᠡᠭᠡᠨ ᠨᠡᠩ ᠠᠷᠪᠢᠨ ᠵᠣᠭᠤᠰ ᠥᠭᠴᠦ᠂ ᠠᠴᠢᠯᠠᠨ ᠲᠡᠵᠢᠭᠡᠬᠦ ᠣᠷᠣᠯᠭ᠎ᠠ ᠨᠡᠮᠡᠭᠳᠡᠭᠰᠡᠨ ᠠᠴᠠ ᠰᠢᠯᠵᠢᠭᠦᠯᠵᠦ ᠪᠣᠯᠬᠤ ᠴᠡᠪᠡᠷ ᠣᠷᠣᠯᠭ᠎ᠠ ᠶᠢᠨ ᠨᠡᠮᠡᠭᠳᠡᠯ ᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号