2018 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018/8/14
                                 ᠥᠪᠥᠷ ᠵᠠᠰᠠᠭ ᠲᠠᠷᠬᠠᠭᠠᠭᠰᠠᠨ ﹇2018﹈ 1 ᠳ᠋ᠤᠭᠡᠷ ᠲᠤᠭᠠᠳᠤ                                     2018 ᠣᠨ ᠤ 2 ᠳ᠋ᠤᠭᠠᠷ ᠰᠠᠷ᠎ᠠ ᠶᠢᠨ 22 ᠤᠨ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠢᠶᠠᠷ ᠨᠢᠭᠡᠨᠲᠡ ᠬᠢᠨᠠᠨ ᠪᠠᠲᠤᠯᠠᠭᠠᠳ᠂ ᠡᠳᠦᠭᠡ ᠳᠣᠷᠣᠭᠰᠢ ᠶᠠᠪᠤᠭᠤᠯᠪᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠦᠭᠡᠢ᠃            2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ            ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠥᠯᠥᠪᠯᠡᠭᠡ      2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠡᠬᠢᠯᠡᠯᠲᠠ ᠶᠢᠨ ᠣᠨ᠂ ᠥᠭᠡᠷᠡᠴᠢᠯᠡᠯᠲᠡ ᠨᠡᠬᠡᠭᠡᠯᠲᠡ ᠬᠢᠭᠰᠡᠨ 40 ᠵᠢᠯ ᠤᠨ ᠣᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠪᠠ ︽13 · 5︾ ᠶᠢᠨ ᠲᠥᠯᠥᠪᠵᠢᠭᠦᠯᠭᠡ ᠬᠡᠷᠡᠭᠵᠢᠭᠦᠯᠬᠦ ᠶᠢᠨ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠶᠢ ᠨᠡᠬᠡᠭᠡᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠭᠦᠲᠡ ᠬᠤᠷᠠᠯ ᠬᠢᠭᠡᠳ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠶᠡᠷᠦᠩᠬᠡᠢ ᠪᠠᠶᠢᠷᠢᠯᠠᠭᠤᠯᠤᠯᠲᠠ ᠶᠣᠰᠤᠭᠠᠷ᠂ 2018 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6.5% ᠣᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠦᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠪᠠᠷ ᠡᠵᠡᠮᠳᠡᠵᠦ ᠪᠣᠯᠬᠤ ᠣᠷᠤᠯᠭ᠎ᠠ ᠶᠢ ᠲᠤᠰ ᠲᠤᠰ 7.5% ᠣᠷᠴᠢᠮ ᠨᠡᠮᠡᠭᠳᠡᠭᠦᠯᠦᠨ᠂ ᠬᠤᠲᠠ ᠪᠠᠯᠭᠠᠰᠤ ᠶᠢᠨ ᠠᠵᠢᠯ ᠣᠯᠣᠭᠰᠠᠳ ᠢ 25 ᠲᠦᠮᠡ ᠣᠷᠴᠢᠮ ᠬᠦᠮᠦᠨ ᠢ ᠰᠢᠨ᠎ᠡ ᠪᠠᠷ ᠨᠡᠮᠡᠭᠳᠡᠭᠦᠯᠦᠨ᠂ ᠬᠤᠲᠠ ᠪᠠᠯᠭᠠᠰᠤ ᠶᠢᠨ ᠪᠠᠶᠢᠴᠠᠭᠠᠨ ᠰᠣᠳᠤᠯᠤᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠪᠠ ᠬᠤᠲᠠ ᠪᠠᠯᠭᠠᠰᠤ ᠶᠢᠨ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ ᠤᠨ ᠨᠣᠷᠮ᠎ᠠ ᠶᠢ ᠲᠤᠰ ᠲᠤᠰ 5% ᠣᠷᠴᠢᠮ ᠪᠠ 4% ᠶᠢᠨ ᠳᠣᠲᠤᠷ᠎ᠠ ᠡᠵᠡᠮᠳᠡᠨ᠎ᠡ︔ ᠡᠨᠧᠷᠬᠢ ᠠᠷᠪᠢᠯᠠᠵᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠᠲᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ︔ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠪᠣᠳᠠᠲᠤ ᠴᠢᠨᠠᠷ ᠤᠨ ᠠᠬᠢᠯᠲᠠ ᠲᠠᠢ ᠪᠣᠯᠭᠠᠨ᠎ᠠ︔ ᠮᠦᠩᠭᠦᠨ ᠭᠦᠢᠯᠭᠡᠭᠡ ᠡᠳ᠋ ᠤᠨ ᠵᠠᠰᠠᠭ ᠤᠨ ᠲᠦᠭᠰᠢᠭᠦᠷᠢ ᠶᠢ ᠵᠢᠷᠤᠮᠲᠠᠢ ᠪᠦᠭᠡᠳ ᠪᠦᠲᠦᠮᠵᠢᠲᠠᠢ ᠰᠡᠷᠭᠡᠶᠢᠯᠡᠨ ᠡᠵᠡᠮᠳᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠶᠢ ᠪᠡᠶᠡᠯᠡᠭᠦᠯᠬᠦ ᠶᠠᠪᠤᠳᠠᠯ ᠪᠣᠯᠣᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦᠲᠠ ᠬᠤᠷᠠᠯ ᠤᠨ ᠪᠠᠶᠢᠷᠢᠯᠠᠭᠤᠯᠤᠯᠲᠠ ᠶᠣᠰᠤᠭᠠᠷ᠂ ᠠᠵᠤ ᠠᠬᠤᠢ ᠶᠢᠨ ᠠᠵᠢᠯ ᠤᠨ ᠲᠠᠯ᠎ᠠ ᠪᠠᠷ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠲᠣᠭᠲᠠᠭᠤᠨ ᠢᠶᠠᠷ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠦᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠮᠠᠨ ᠤ ᠤᠯᠤᠰ ᠤᠨ ᠨᠡᠶᠢᠭᠡᠮ ᠤᠨ ᠭᠤᠣᠯ ᠵᠦᠷᠢᠴᠡᠯ ᠤᠨ ᠬᠤᠪᠢᠷᠠᠯᠲᠠ ᠲᠠᠢ ᠨᠢᠭᠲᠠ ᠤᠶᠠᠯᠳᠤᠭᠤᠯᠤᠨ᠂ ᠠᠵᠤ ᠠᠬᠤᠢ ᠶᠢᠨ ᠴᠢᠨᠠᠷᠵᠢᠭᠤᠨ ᠬᠦᠭᠵᠢᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠪᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠥᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠥᠭᠡᠷᠡᠴᠢᠯᠡᠯᠲᠡ ᠨᠡᠬᠡᠭᠡᠯᠲᠡ ᠶᠢ ᠭᠦᠨᠵᠡᠭᠡᠶᠢᠷᠡᠭᠦᠯᠦᠨ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠥᠷᠭᠡᠳᠭᠡᠨ᠂ ᠶᠠᠰᠦ ᠴᠢᠨᠡᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠦᠳᠡᠯᠭᠡᠭᠴᠢ ᠬᠦᠴᠦᠨ ᠤ ᠬᠤᠪᠢᠰᠤᠯᠲᠠ ᠶᠢ ᠬᠦᠴᠦᠯᠡᠨ ᠠᠬᠢᠭᠤᠯᠵᠤ᠂ ᠬᠦᠨᠳᠦ ᠬᠡᠴᠡᠭᠦᠦ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠣᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠰᠢᠭᠤᠷᠬᠠᠢ ᠰᠠᠶᠢᠨ ᠬᠢᠵᠦ᠂ ᠬᠦᠭᠵᠢᠯᠲᠡ᠂ ᠠᠷᠠᠳ ᠤᠨ ᠠᠮᠢᠳᠤᠷᠠᠯ᠂ ᠠᠮᠢ ᠠᠬᠤᠢ ᠭᠤᠷᠪᠠᠨ ᠲᠠᠯ᠎ᠠ ᠶᠢᠨ ᠪᠠᠲᠤᠯᠠᠭ᠎ᠠ ᠪᠠ ᠬᠤᠷᠢᠭ᠎ᠠ ᠱᠣᠭᠤᠮ ᠢ ᠡᠷᠡᠰ ᠰᠠᠶᠢᠲᠤᠷ ᠰᠠᠬᠢᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ᠃      ᠨᠢᠭᠡ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠤ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠬᠢᠵᠠᠭᠠᠷᠯᠠᠵᠤ ᠪᠠᠶᠢᠭ᠎ᠠ ᠨᠡᠶᠢᠭᠡᠮ ᠤᠨ ᠭᠤᠣᠯᠳᠠᠯᠭ᠎ᠠ ᠲᠠᠢ ᠪᠦᠭᠡᠳ ᠬᠦᠴᠢᠷᠳᠡᠢ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠨ᠎ᠡ      ᠬᠦᠨᠳᠦ ᠶᠡᠭᠡ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠠ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠨᠤᠭᠤᠳ ᠢ ᠰᠠᠶᠢᠳᠤᠷ ᠬᠢᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠤᠷᠢᠭ᠎ᠠ ᠱᠣᠭᠤᠮ ᠢ ᠡᠷᠡᠰ ᠰᠠᠬᠢᠬᠤ ᠬᠡᠷᠡᠭᠲᠡᠢ᠃      ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠨᠢᠭᠡ ᠳᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠥᠷᠢ ᠥᠭᠴᠡᠭᠡ ᠶᠢᠨ ᠥᠯᠡᠳᠡᠭᠡᠯ ᠢ ᠢᠳᠡᠪᠬᠢᠲᠡᠢ ᠠᠷᠢᠯᠭᠠᠵᠤ᠂ ᠣᠨ ᠤ ᠥᠷᠢ ᠥᠭᠴᠡᠭᠡ ᠲᠥᠯᠥᠬᠦ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠥᠷᠢ ᠥᠭᠴᠡᠭᠡ ᠶᠢᠨ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠤᠯᠤᠰ ᠤᠨ ᠥᠷᠢ ᠥᠭᠴᠡᠭᠡ ᠶᠢᠨ ᠬᠢᠵᠠᠭᠠᠷ ᠲᠣᠭᠠᠨ ᠤ ᠬᠠᠮᠢᠶᠠᠷᠤᠯᠲᠠ ᠶᠢᠨ ᠳᠥᠷᠢᠮ ᠢ ᠨᠠᠶᠢᠳᠠᠪᠤᠷᠢᠵᠢᠭᠤᠯᠵᠤ᠂ ᠵᠦᠪᠰᠢᠶᠡᠷᠡᠭᠰᠡᠨ ᠥᠷᠢ ᠥᠭᠴᠡᠭᠡ ᠶᠢᠨ ᠬᠢᠵᠠᠭᠠᠷ ᠲᠣᠭᠠᠨ ᠤ ᠳᠣᠲᠣᠷ᠎ᠠ ᠰᠢᠨ᠎ᠡ ᠪᠠᠷ ᠥᠷᠢ ᠵᠢᠭᠡᠯᠡᠯᠭᠡ ᠠᠪᠬᠤ ᠶᠢ ᠴᠢᠩᠭᠠᠳᠬᠠᠬᠤ ᠬᠡᠷᠡᠭᠲᠡᠢ᠃ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠲᠥᠷᠥᠯ ᠵᠦᠢᠯ ᠤᠳ ᠢ ᠬᠦᠳᠡᠯᠦᠩᠭᠦᠢ ᠪᠠᠷ ᠡᠮᠬᠢᠯᠡᠨ ᠲᠣᠬᠢᠷᠠᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠲᠥᠷᠥᠯ ᠵᠦᠢᠯ ᠤᠳ ᠢ ᠴᠢᠳᠠᠯ ᠢᠶᠠᠷ ᠢᠶᠠᠨ ᠴᠢᠷᠮᠠᠶᠢᠨ ᠬᠢᠬᠦ᠂ ᠴᠢᠳᠠᠯ ᠤᠨ ᠬᠢᠷᠢ ᠪᠠᠷ ᠢᠶᠠᠨ ᠬᠢᠬᠦ ᠵᠠᠷᠴᠢᠮ ᠢ ᠪᠠᠷᠢᠮᠲᠠᠯᠠᠵᠤ᠂ ᠪᠡᠯᠡ ᠮᠦᠩᠭᠦ ᠶᠡᠬᠡᠪᠡᠷ ᠳᠤᠲᠠᠭᠳᠠᠬᠤ ᠠᠴᠠ ᠵᠠᠶᠢᠯᠠᠰᠬᠢᠬᠤ ᠬᠡᠷᠡᠭᠲᠡᠢ᠃ ᠬᠤᠶᠠᠷ ᠲᠤ ᠮᠦᠩᠭᠦᠨ ᠭᠦᠢᠯᠭᠡᠭᠡᠨ ᠤ ᠲᠥᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠨ᠎ᠠ᠃ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠮᠦᠩᠭᠦᠨ ᠭᠦᠢᠯᠭᠡᠭᠡᠨ ᠤ ᠠᠯᠢᠪᠠ ᠠᠵᠢᠯᠯᠠᠭ᠎ᠠ ᠳᠤ ᠬᠢᠨᠠᠯᠲᠠ ᠬᠠᠮᠢᠶᠠᠷᠤᠯᠲᠠ ᠬᠢᠬᠦ ᠶᠢ ᠲᠦᠷᠭᠡᠳᠭᠡᠨ ᠪᠡᠶᠡᠯᠡᠭᠦᠯᠬᠦ ᠬᠡᠷᠡᠭᠲᠡᠢ᠃ ᠢᠲᠡᠭᠡᠮᠵᠢ ᠶᠢᠨ ᠲᠥᠭᠰᠢᠭᠦᠷᠢ ᠪᠠ ᠡᠷᠭᠢᠯᠲᠡᠲᠦ ᠴᠢᠨᠠᠷᠲᠠᠢ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ᠃ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠭᠡᠷ᠎ᠡ ᠠᠴᠠ ᠵᠦᠷᠢᠴᠡᠬᠦ ᠲᠥᠭᠰᠢᠭᠦᠷᠢ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠦᠷᠨᠢᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠦᠨᠳᠦᠷ ᠬᠦᠦ ᠲᠠᠢ ᠵᠢᠭᠡᠯᠡᠯᠭᠡ ᠶᠢᠨ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠡᠯ᠎ᠡ ᠲᠥᠷᠥᠯ ᠤᠨ ᠠᠷᠠᠯᠵᠢᠶᠠᠯᠠᠬᠤ ᠲᠠᠯᠠᠪᠠᠢ ᠭᠠᠵᠠᠷ ᠪᠣᠯᠣᠨ ᠢᠨᠲ᠋ᠧᠷ ᠰᠦᠯᠵᠢᠶ᠎ᠡ ᠶᠢᠨ ᠮᠦᠩᠭᠦᠨ ᠭᠦᠢᠯᠭᠡᠭᠡᠨ ᠤ ᠲᠥᠭᠰᠢᠭᠦᠷᠢ ᠶᠢᠨ ᠲᠤᠰᠬᠠᠢ ᠵᠠᠰᠠᠯᠲᠠ ᠶᠢ ᠦᠷᠨᠢᠭᠦᠯᠬᠦ ᠬᠡᠷᠡᠭᠲᠡᠢ᠃ ᠭᠤᠷᠪᠠ ᠳᠤ ᠡᠳ᠋ ᠤᠨ ᠵᠠᠰᠠᠭ ᠮᠦᠩᠭᠦᠨ ᠭᠦᠢᠯᠭᠡᠭᠡᠨ ᠤ ᠲᠥᠭᠰᠢᠭᠦᠷᠢ ᠶᠢᠨ ᠰᠡᠷᠭᠡᠶᠢᠯᠡᠨ ᠠᠷᠢᠯᠭᠠᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠥᠷᠢ ᠥᠭᠴᠡᠭᠡ ᠶᠢᠨ ᠲᠥᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠣᠷᠳᠣᠨ ᠤ ᠠᠪᠤᠭᠰᠨ ᠵᠢᠭᠡᠯᠡᠯᠭᠡ ᠶᠢᠨ ᠨᠠᠰᠤᠨ ᠲᠤᠷᠰᠢᠲᠠ ᠬᠠᠷᠢᠭᠤᠴᠠᠯᠭ᠎ᠠ ᠬᠡᠯᠡᠯᠴᠡᠬᠦ ᠳᠥᠷᠢᠮ ᠪᠠ ᠥᠷᠢ ᠥᠭᠴᠡᠭᠡ ᠶᠢᠨ ᠠᠰᠠᠭᠤᠳᠠᠯ ᠢ ᠭᠡᠳᠡᠷᠭᠦ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠢᠨᠠᠨ ᠪᠣᠳᠣᠵᠤ ᠬᠢᠨᠠᠯᠲᠠ ᠲᠠᠯᠪᠢᠬᠤ ᠪᠠ ᠰᠢᠮᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠳᠬᠠᠬᠤ ᠬᠡᠷᠡᠭᠲᠡᠢ᠃      ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠦᠷ ᠬᠢᠨ᠎ᠡ᠃ ᠣᠨᠴᠠ ᠲᠣᠭᠲᠠᠭᠠᠭᠰᠠᠨ ᠶᠠᠳᠠᠭᠤ ᠬᠦᠴᠢᠷᠳᠡᠯᠲᠡᠢ ᠣᠯᠠᠨ ᠲᠦᠮᠡᠨ ᠢ ᠲᠦᠢᠯ ᠤᠨ ᠣᠨᠣᠪᠴᠢᠲᠠᠢ ᠬᠠᠪᠰᠤᠷᠤᠨ ᠲᠡᠳᠭᠦᠬᠦ ᠪᠠᠷ ᠬᠠᠷᠠᠯᠲᠠ ᠪᠣᠯᠭᠠᠵᠤ᠂ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠴᠢᠭᠯᠡᠭᠦᠯᠵᠦ ᠬᠦᠴᠦ ᠪᠠᠨ ᠲᠥᠪᠯᠡᠷᠡᠭᠦᠯᠬᠦ ᠬᠡᠷᠡᠭᠲᠡᠢ᠃ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ ᠪᠡᠯᠡ ᠮᠦᠩᠭᠦ ᠶᠢ ᠡᠮᠬᠢᠯᠡᠨ ᠨᠡᠶᠢᠯᠡᠭᠦᠯᠬᠦ ᠡᠷᠴᠢᠮ ᠢᠶᠠᠨ ᠨᠡᠮᠡᠭᠳᠡᠭᠦᠯᠵᠦ᠂ ᠴᠦᠬᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠣᠷᠣᠨ᠂ ᠬᠢᠯᠢ ᠬᠢᠵᠠᠭᠠᠷ ᠣᠷᠣᠨ᠂ ᠮᠠᠯᠵᠢᠬᠤ ᠣᠷᠣᠨ ᠤ ᠶᠠᠳᠠᠭᠤ ᠶᠢ ᠳᠡᠳᠭᠦᠵᠦ ᠶᠠᠳᠠᠭᠤ ᠠᠴᠠ ᠠᠩᠭᠢᠵᠢᠷᠠᠭᠤᠯᠬᠤ ᠳᠤ ᠵᠦᠷᠢᠶᠡᠵᠢᠭᠰᠡᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠥᠷᠥᠯ ᠵᠦᠢᠯ ᠪᠣᠯᠣᠨ ᠪᠡᠯᠡ ᠮᠦᠩᠭᠦ ᠶᠢᠨ ᠲᠣᠬᠢᠷᠠᠭᠤᠯᠤᠯᠲᠠ ᠳᠤ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠭᠤᠣᠯᠳᠠᠯᠭ᠎ᠠ ᠲᠠᠢ ᠳᠡᠮᠵᠢᠯᠭᠡ ᠥᠭᠬᠦ ᠪᠠ ᠬᠠᠷᠠᠭᠠᠯᠵᠠᠯ ᠦᠵᠡᠭᠦᠯᠵᠦ᠂ ᠬᠢᠯᠢ ᠪᠠᠨ ᠰᠠᠬᠢᠵᠦ ᠬᠢᠯᠢ ᠪᠠᠨ ᠪᠠᠬᠢᠵᠢᠭᠦᠯᠬᠦ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠬᠦ ᠬᠡᠷᠡᠭᠲᠡᠢ᠃ ᠶᠠᠳᠠᠭᠤ ᠶᠢ ᠳᠡᠳᠬᠦᠬᠦ ᠶᠢ ᠢᠲᠡᠭᠡᠯ ᠵᠣᠷᠢᠭ ᠪᠠ ᠤᠶᠤᠨ ᠤᠬᠠᠭᠠᠨ ᠢ ᠨᠢ ᠲᠡᠳᠭᠦᠬᠦ ᠯᠦᠭᠡ ᠤᠶᠠᠯᠳᠤᠭᠤᠯᠤᠨ᠂ ᠶᠠᠳᠠᠭᠤ ᠬᠦᠴᠢᠷᠳᠡᠯᠲᠡᠢ ᠬᠦᠮᠦᠰ ᠤᠨ ᠳᠣᠲᠣᠭᠠᠳᠤ ᠬᠦᠳᠡᠯᠭᠡᠬᠦ ᠬᠦᠴᠦᠨ ᠢ ᠨᠢ ᠬᠦᠭᠵᠢᠭᠡᠵᠦ᠂ ᠶᠠᠳᠠᠭᠤ ᠶᠢ ᠲᠡᠳᠭᠦᠬᠦ ᠦᠷ᠎ᠡ ᠪᠦᠲᠦᠭᠡᠯ ᠢᠶᠠᠨ ᠪᠠᠬᠢᠵᠢᠭᠦᠯᠬᠦ ᠬᠡᠷᠡᠭᠲᠡᠢ᠃ ᠰᠢᠯᠭᠠᠨ ᠬᠢᠨᠠᠬᠤ ︽ᠲᠣᠬᠢᠭᠤᠷ︾ ᠤᠨ ᠦᠢᠯᠡᠳᠦᠯ ᠢ ᠨᠢ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠬᠠᠷᠢᠭᠤᠴᠠᠯᠭ᠎ᠠ ᠶᠢ ᠨᠢ ᠪᠣᠳᠠᠲᠠᠶᠢᠵᠢᠭᠤᠯᠤᠨ ᠴᠢᠩᠭᠠᠳᠬᠠᠵᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠠᠬᠢ ᠶᠠᠳᠠᠭᠤ ᠠᠴᠠ ᠠᠩᠭᠢᠵᠢᠷᠠᠭᠤᠯᠬᠤ ᠴᠢᠨᠠᠷ ᠴᠢᠨᠰᠠᠭ᠎ᠠ ᠶᠢ ᠪᠠᠲᠤᠯᠠᠵᠤ᠂ ᠵᠢᠩᠬᠢᠨᠢ ᠶᠠᠳᠠᠭᠤ ᠠᠴᠠ ᠠᠩᠭᠢᠵᠢᠷᠠᠭᠤᠯᠬᠤ᠂ ᠶᠠᠳᠠᠭᠤ ᠠᠴᠠ ᠦᠨᠡᠨ ᠠᠩᠭᠢᠵᠢᠷᠠᠭᠤᠯᠵᠤ᠂ ᠪᠦᠬᠦ ᠵᠢᠯ ᠳᠡᠭᠡᠨ 20 ᠲᠦᠮᠠᠨ ᠬᠦᠮᠦᠨ ᠢ ᠶᠠᠳᠠᠭᠤ ᠶᠢᠨ ᠲᠤᠭ᠎ᠠ ᠠᠴᠠ ᠬᠠᠰᠤᠵᠤ ᠭᠠᠷᠭᠠᠬᠤ ᠶᠢ ᠪᠠᠲᠤᠯᠠᠬᠤ ᠬᠡᠷᠡᠭᠲᠡᠢ᠃      ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠲᠦᠪ ᠤᠨ ᠣᠷᠴᠢᠨ ᠲᠣᠭᠤᠷᠢᠨ ᠤ ᠬᠠᠮᠠᠭᠠᠯᠠᠯᠳᠡ ᠶᠢᠨ ᠰᠢᠮᠳᠠᠭᠤᠯᠤᠨ ᠪᠠᠶᠢᠴᠠᠭᠠᠭᠰᠠᠨ ᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠭᠤᠣᠯ ᠪᠣᠯᠬᠤ ᠪᠣᠬᠢᠷ ᠪᠣᠳᠠᠰ ᠢ ᠭᠠᠳᠠᠭᠰᠢᠯᠠᠭᠤᠯᠬᠤ ᠶᠡᠷᠣᠩᠬᠡᠢ ᠬᠡᠮᠵᠢᠶ᠎ᠠ ᠶᠢ ᠶᠡᠭᠡ ᠪᠠᠷ ᠪᠠᠭᠠᠰᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠣ ᠴᠢᠨᠠᠷ ᠶᠡᠷᠣᠩᠬᠡᠢ ᠳᠡᠭᠡᠨ ᠰᠠᠶᠢᠵᠢᠷᠠᠬᠤ ᠶᠢ ᠪᠡᠶᠡᠯᠡᠭᠦᠯᠬᠦ ᠬᠡᠷᠡᠭᠲᠡᠢ᠃ ᠨᠢᠭᠡ ᠳᠤ ᠠᠭᠠᠷ ᠮᠠᠨᠳᠠᠯ ᠤᠨ ᠪᠤᠬᠢᠷᠳᠣᠯ ᠢ ᠰᠡᠷᠬᠡᠶᠢᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠣᠨ᠎ᠡ᠃ ᠴᠡᠪᠡᠷ ᠠᠭᠠᠷ ᠮᠠᠨᠳᠠᠯ ᠤᠨ ᠬᠠᠮᠠᠭᠠᠯᠠᠯᠳᠡ ᠶᠢᠨ ᠳᠠᠶᠢᠯᠠᠯᠳᠤᠭᠠᠨ ᠤ ᠢᠯᠠᠯᠳᠡ ᠶᠢ ᠣᠯᠬᠤ ᠭᠤᠷᠪᠠᠨ ᠵᠢᠯ ᠤᠨ ᠪᠠᠶᠢᠯᠳᠤᠬᠤ ᠲᠦᠯᠣᠪᠯᠡᠭᠡ ᠶᠢ ᠲᠣᠭᠳᠠᠭᠠᠨ᠂ ᠡᠪᠤᠯ ᠤᠨ ᠤᠯᠠᠷᠢᠯ ᠳᠠᠬᠢ ᠴᠠᠪᠡᠷ ᠲᠣᠯᠠᠭᠠᠯᠠᠭ᠎ᠠ ᠶᠢᠨ ᠲᠠᠪᠤᠨ ᠵᠢᠯ ᠤᠨ ᠲᠦᠯᠣᠪᠵᠢᠭᠦᠯᠭᠡ ᠶᠢ ᠬᠡᠷᠡᠭᠵᠢᠭᠦᠯᠵᠤ᠂ ᠬᠡᠮᠬᠡᠷᠬᠡᠢ ᠨᠡᠭᠦᠷᠡᠰᠣᠨ ᠤ ᠵᠠᠰᠠᠯᠳᠡ ᠶᠢ ᠲᠣᠪᠤᠶᠢᠮ᠎ᠡ ᠰᠠᠶᠢᠳᠣᠷ ᠠᠳᠬᠤᠵᠤ᠂ ᠨᠡᠭᠦᠷᠡᠰᠦ ᠬᠡᠷᠡᠭᠯᠡᠬᠦ ᠠᠴᠠ ᠰᠢᠳᠠᠮᠠᠬᠠᠢ ᠬᠡᠢ ᠬᠡᠷᠡᠭᠯᠡᠬᠦ ᠪᠣᠯᠭᠠᠨ ᠥᠭᠡᠷᠡᠴᠢᠯᠡᠬᠦ᠂ ᠨᠡᠭᠦᠷᠡᠰᠣ ᠬᠡᠷᠡᠭᠯᠡᠬᠦ ᠠᠴᠠ ᠴᠠᠬᠢᠯᠭᠠᠨ ᠬᠡᠷᠡᠭᠯᠡᠬᠦ ᠪᠣᠯᠭᠠᠨ ᠥᠭᠡᠷᠡᠴᠢᠯᠡᠬᠦ ᠠᠵᠢᠯ ᠢ ᠡᠮᠬᠢ ᠵᠢᠷᠣᠮ ᠲᠠᠢ ᠪᠠᠷ ᠠᠬᠢᠭᠤᠯᠵᠤ᠂ ᠪᠦᠭᠦ ᠵᠢᠯ ᠤᠨ ᠲᠦᠭᠦᠬᠡᠢ ᠨᠡᠭᠦᠷᠡᠰᠣ ᠶᠢᠨ ᠠᠳᠡ ᠲᠡᠨᠳᠡ ᠦᠭᠡᠢ ᠲᠥᠯᠡᠵᠦ ᠪᠠᠶᠢᠭ᠎ᠠ ᠬᠡᠮᠵᠢᠶ᠎ᠠ ᠶᠢ 18% ᠪᠠᠷ ᠬᠠᠰᠣᠭᠳᠠᠭᠤᠯᠣᠨ᠎ᠡ᠃ ᠦᠬᠠᠢ ᠬᠤᠳᠡ ᠵᠢᠴᠢ ᠡᠷᠬᠢᠨ ᠲᠣᠭᠤᠷᠢᠨ ᠳᠠᠬᠢ ᠭᠠᠵᠠᠷ ᠣᠷᠣᠨ ᠤ ᠣᠷᠴᠢᠨ ᠲᠣᠭᠤᠷᠢᠨ ᠤ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ ᠣᠰᠣᠨ ᠤ ᠪᠤᠬᠢᠷᠳᠣᠯ ᠢ ᠰᠡᠷᠬᠡᠶᠢᠯᠡᠨ ᠵᠠᠰᠠᠬᠤ ᠶᠢ ᠲᠦᠷᠭᠡᠳᠭᠡᠨ ᠠᠬᠢᠭᠤᠯᠣᠨ᠎ᠡ᠃ ︽ᠣᠰᠣᠨ ᠤ ᠠᠷᠪᠠᠨ ᠵᠦᠢᠯ︾ ᠢ ᠭᠦᠨᠵᠡᠬᠡᠢ ᠬᠡᠷᠡᠭᠵᠢᠭᠦᠯᠵᠤ᠂ ᠬᠤᠳᠡ ᠶᠢᠨ ᠪᠠᠶᠢᠭᠤᠯᠣᠭᠰᠠᠨ ᠲᠣᠭᠤᠷᠢᠭ ᠤᠨ ᠪᠤᠬᠢᠷ ᠦᠮᠡᠬᠡᠢ ᠣᠰᠣᠨ ᠴᠣᠭᠴᠠ ᠶᠢᠨ ᠵᠠᠰᠠᠯᠳᠡ ᠶᠢ ᠴᠢᠩᠭᠠᠳᠬᠠᠨ᠂ ᠠᠵᠤ ᠣᠶᠢᠯᠡᠳᠪᠣᠷᠢ ᠶᠢᠨ ᠪᠤᠬᠢᠷᠳᠣᠯ ᠤᠨ ᠰᠣᠷᠪᠤᠯᠵᠢ ᠶᠢ ᠪᠦᠭᠦ ᠲᠠᠯ᠎ᠠ ᠪᠠᠷ ᠪᠠᠷᠢᠮᠵᠢᠶ᠎ᠠ ᠳᠤ ᠭᠦᠷᠭᠡᠵᠤ ᠭᠠᠳᠠᠭᠰᠢᠯᠠᠭᠤᠯᠬᠤ ᠲᠦᠯᠣᠪᠯᠡᠭᠡ ᠶᠢ ᠬᠡᠷᠡᠭᠵᠢᠭᠦᠯᠵᠤ᠂ ᠭᠦᠯᠣᠨ ᠨᠠᠭᠤᠷ᠂ ᠣᠯᠠᠭᠠᠨᠰᠣᠬᠠᠢ᠂ ᠲᠠᠭ᠎ᠠ ᠶᠢᠨ ᠨᠠᠭᠤᠷ ᠵᠡᠷᠭᠡ ᠭᠤᠣᠯᠳᠠᠯᠭ᠎ᠠ ᠲᠠᠢ ᠣᠰᠣᠨ ᠤ ᠲᠣᠭᠤᠷᠢᠨ ᠢ ᠵᠠᠰᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠭᠤᠷᠪᠠ ᠳᠤ ᠭᠦᠷᠣᠰᠣ ᠰᠢᠷᠣᠢ ᠶᠢᠨ ᠣᠷᠴᠢᠨ ᠲᠣᠭᠤᠷᠢᠨ ᠤ ᠬᠠᠮᠠᠭᠠᠯᠠᠯᠳᠡ ᠶᠢ ᠴᠢᠩᠭᠠᠳᠬᠠᠨ᠎ᠡ᠃ ︽ᠭᠠᠵᠠᠷ ᠰᠢᠷᠣᠢ ᠶᠢᠨ ᠠᠷᠪᠠᠨ ᠵᠦᠢᠯ︾ ᠢ ᠪᠦᠭᠦ ᠲᠠᠯ᠎ᠠ ᠪᠠᠷ ᠬᠡᠷᠡᠭᠵᠢᠭᠦᠯᠣᠨ᠂ ᠲᠠᠷᠢᠶᠠᠯᠠᠩ ᠳᠤ ᠬᠡᠷᠡᠭᠯᠡᠭᠦ ᠭᠠᠵᠠᠷ ᠤᠨ ᠭᠦᠷᠣᠰᠣ ᠰᠢᠷᠣᠢ ᠶᠢᠨ ᠪᠣᠬᠢᠷᠳᠣᠯ ᠤᠨ ᠪᠠᠶᠢᠳᠡᠯ ᠢ ᠨᠠᠷᠢᠨ ᠪᠠᠶᠢᠴᠠᠭᠠᠵᠤ᠂ ᠲᠠᠷᠢᠶᠠᠯᠠᠩ ᠤᠨ ᠣᠷᠴᠢᠨ ᠲᠣᠭᠤᠷᠢᠨ ᠤ ᠲᠣᠪᠤᠶᠢᠮ᠎ᠡ ᠠᠰᠠᠭᠤᠳᠡᠯ ᠢ ᠵᠠᠰᠠᠬᠤ ᠲᠣᠷᠰᠢᠯᠳᠡ ᠶᠢᠨ ᠲᠦᠷᠣᠯ ᠵᠦᠢᠯ ᠢ ᠬᠡᠷᠡᠭᠵᠢᠭᠦᠯᠵᠤ᠂ ᠬᠠᠭᠠᠯᠪᠣᠷᠢᠯᠠᠭᠠᠳ ᠠᠳᠠᠷᠰᠢᠭᠤᠯᠣᠭᠰᠠᠨ 24 ᠲᠦᠮᠠᠨ ᠮᠦ ᠨᠣᠳᠤᠭ ᠪᠡᠯᠴᠢᠭᠡᠷ ᠢ ᠴᠢᠷᠮᠠᠶᠢᠨ ᠵᠠᠰᠠᠬᠤ ᠬᠡᠷᠡᠭᠲᠡᠢ᠃      ᠬᠤᠶᠠᠷ᠂ ᠬᠠᠨᠭ᠍ᠭᠠᠯᠭ᠎ᠠ ᠶᠢᠨ ᠲᠠᠯ᠎ᠠ ᠶᠢᠨ ᠪᠦᠳᠣᠴᠡ ᠶᠢᠨ ᠴᠢᠨᠠᠷᠳᠡᠢ ᠦᠭᠡᠷᠡᠴᠢᠯᠠᠯᠳᠡ ᠶᠢ ᠭᠦᠨᠵᠡᠬᠡᠶᠢᠷᠡᠭᠦᠯᠵᠤ᠂ ᠬᠠᠨᠭ᠍ᠭᠠᠯᠭ᠎ᠠ ᠶᠢᠨ ᠰᠢᠰᠲ᠋ᠧᠮᠵᠢ ᠶᠢᠨ ᠴᠢᠨᠠᠷ ᠴᠢᠨᠰᠠᠭ᠎ᠠ ᠶᠢ ᠭᠦᠴᠣᠯᠡᠨ ᠲᠡᠭᠡᠭᠰᠢᠯᠡᠭᠦᠯᠤᠨ᠎ᠡ      ᠪᠣᠳᠡᠳᠣ ᠴᠣᠭᠴᠠᠲᠤ ᠠᠵᠤ ᠠᠬᠤᠢ ᠶᠢ ᠶᠡᠬᠡᠪᠡᠷ ᠭᠦᠭᠵᠢᠭᠦᠯᠣᠨ᠂ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ ᠤᠨ ᠲᠣᠬᠢᠷᠠᠭᠤᠯᠣᠯᠳᠡ ᠶᠢ ᠰᠢᠯᠢᠳᠡᠭᠵᠢᠭᠦᠯᠵᠤ᠂ ᠴᠢᠨᠠᠷ ᠰᠠᠶᠢᠳᠡᠢ ᠨᠡᠮᠡᠭᠳᠡᠯ ᠬᠠᠨᠭ᠍ᠭᠠᠯᠭ᠎ᠠ ᠶᠢ ᠦᠷᠭᠡᠳᠭᠡᠨ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠬᠤ ᠬᠡᠷᠡᠭᠲᠡᠢ᠃      ᠪᠣᠳᠡᠳᠣ ᠴᠣᠭᠴᠠᠲᠤ ᠠᠵᠤ ᠠᠬᠤᠢ ᠶᠢ ᠶᠡᠭᠡ ᠪᠠᠷ ᠭᠦᠭᠵᠢᠭᠦᠯᠣᠨ᠎ᠡ᠃ ᠨᠢᠭᠡ ᠳᠤ ᠰᠢᠨ᠎ᠡ ᠬᠦᠳᠡᠯᠭᠡᠬᠦ ᠴᠢᠳᠠᠪᠤᠷᠢ ᠶᠢᠨ ᠦᠷᠭᠦᠯᠵᠢᠯᠡᠨ ᠲᠦᠷᠭᠡᠨ ᠨᠡᠮᠡᠭᠳᠡᠬᠦ ᠶᠢ ᠠᠬᠢᠭᠤᠯᠣᠨ᠎ᠡ᠃ ᠢᠨᠲ᠋ᠧᠷ ᠰᠦᠯᠵᠢᠶ᠎ᠠ᠂ ᠲᠣᠮᠣ ᠳ᠋ᠠᠶᠢᠲ᠋ᠠ᠂ ᠬᠢᠮᠠᠯ ᠣᠶᠣᠨ ᠬᠢᠭᠡᠳ ᠪᠣᠳᠡᠳᠣ ᠴᠣᠭᠴᠠᠲᠤ ᠠᠵᠤ ᠠᠬᠤᠢ ᠶᠢᠨ ᠭᠦᠨ ᠠᠭᠤᠰᠤᠯᠴᠠᠬᠤ ᠶᠢ ᠠᠬᠢᠭᠤᠯᠵᠤ᠂ ᠣᠶᠢᠯᠡᠳᠪᠣᠷᠢᠯᠡᠯ᠂ ᠭᠦᠢᠯᠭᠡᠭᠡ ᠪᠣᠯᠣᠨ ᠬᠡᠷᠡᠭᠯᠡᠭᠡ ᠶᠢᠨ ᠵᠠᠭᠪᠤᠷ ᠤᠨ ᠭᠦᠨᠵᠡᠬᠡᠢ ᠬᠤᠪᠢᠰᠣᠯᠳᠡ ᠶᠢ ᠠᠬᠢᠭᠤᠯᠬᠤ ᠬᠡᠷᠡᠭᠲᠡᠢ᠃ ᠳ᠋ᠠᠶᠢᠲ᠋ᠠ ᠪᠠᠷ ᠵᠠᠩᠬᠢᠯᠠᠭ᠎ᠠ ᠶᠢᠨ ᠭᠦᠴᠣᠨ ᠵᠦᠢᠯ ᠪᠣᠯᠭᠠᠭᠰᠠᠨ ᠲᠣᠭᠠᠵᠢᠭᠤᠯᠤᠭᠰᠠᠨ ᠠᠵᠤ ᠠᠬᠤᠢ ᠶᠢ ᠴᠣᠭᠴᠠᠯᠠᠨ ᠪᠠᠶᠢᠭᠤᠯᠵᠤ᠂ ᠨᠢᠭᠡ ᠪᠦᠯᠦᠭ ᠲᠣᠮᠣ ᠬᠡᠯᠪᠡᠷᠢ ᠶᠢᠨ ᠳ᠋ᠠᠶᠢᠲ᠋ᠠ ᠶᠢᠨ ᠲᠦᠪ ᠪᠠᠶᠢᠭᠤᠯᠬᠤ ᠶᠢ ᠠᠬᠢᠭᠤᠯᠵᠤ᠂ ᠦᠪᠤᠷ ᠮᠣᠩᠭᠤᠯ ᠤᠨ ᠲᠣᠮᠣ ᠳ᠋ᠠᠶᠢᠲ᠋ᠠ ᠶᠢᠨ ᠠᠷᠠᠯᠵᠢᠶᠠᠨ ᠤ ᠭᠠᠵᠠᠷ ᠢ ᠪᠠᠶᠢᠭᠤᠯᠵᠤ᠂ ᠲᠣᠮᠣ ᠳ᠋ᠠᠶᠢᠲ᠋ᠠ ᠶᠢᠨ ᠬᠡᠷᠡᠭᠯᠡᠭᠡᠨ ᠢ ᠠᠬᠢᠭᠤᠯᠣᠨ᠎ᠡ᠃ ᠣᠨᠴᠠ ᠦᠨᠳᠣᠷ ᠬᠦᠴᠦᠳᠡᠯᠲᠦ ᠲᠦᠭᠦᠷᠵᠢᠭᠰᠡᠨ ᠰᠢᠨ᠎ᠡ ᠡᠨᠧᠷᠬᠢ ᠶᠢᠨ ᠲᠦᠷᠣᠯ ᠵᠦᠢᠯ ᠤᠨ ᠪᠦᠳᠣᠭᠡᠨ ᠪᠠᠶᠢᠭᠤᠯᠣᠯᠳᠡ ᠶᠢ ᠲᠦᠷᠭᠡᠳᠭᠡᠨ᠂ ᠰᠠᠯᠬᠢᠨ ᠢᠶᠠᠷ ᠭᠠᠷᠭᠠᠬᠤ ᠴᠠᠬᠢᠯᠭᠠᠨ ᠢ ᠪᠡᠭᠡᠵᠢᠩ ᠲᠢᠶᠠᠨᠵᠢᠨ ᠡᠾᠧᠪᠸᠢ ᠳᠤ ᠬᠦᠷᠭᠡᠬᠦ ᠰᠠᠭᠤᠷᠢᠨ ᠭᠠᠵᠠᠷ ᠪᠠ ᠬᠡᠷᠡᠯ ᠴᠡᠨᠡᠭ ᠤᠨ ᠲᠠᠭᠠᠭᠤᠯᠣᠭᠴᠢ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ᠃ ᠬᠤᠪᠤᠷ ᠰᠢᠷᠣᠢ ᠶᠢᠨ ᠠᠵᠤ ᠣᠶᠢᠯᠡᠰ ᠤᠨ ᠭᠦᠭᠵᠢᠯᠳᠡ ᠶᠢᠨ ᠲᠦᠷᠣ ᠶᠢᠨ ᠪᠣᠳᠣᠯᠭ᠎ᠠ ᠶᠢ ᠲᠡᠭᠦᠯᠳᠡᠷᠵᠢᠭᠦᠯᠵᠤ᠂ ᠬᠤᠪᠤᠷ ᠰᠢᠷᠣᠢ ᠶᠢᠨ ᠣᠯᠣᠰ ᠤᠨ ᠲᠡᠰ ᠤᠨ ᠣᠶᠢᠯᠡᠳᠭᠦ ᠤᠶᠢᠯᠡᠰ ᠤᠨ ᠰᠢᠨ᠎ᠡ ᠶᠢ ᠡᠭᠦᠳᠭᠦ ᠲᠦᠪ ᠢ ᠡᠭᠦᠳᠣᠨ ᠪᠠᠶᠢᠭᠤᠯᠵᠤ᠂ ᠪᠠᠯ ᠴᠢᠯᠠᠭᠤᠨ ︵ᠠᠯᠺᠢᠨ︶ ᠤ ᠰᠢᠨ᠎ᠡ ᠮᠠᠲ᠋ᠧᠷᠢᠶᠠᠯ ᠤᠨ ᠠᠵᠤ ᠣᠶᠢᠯᠡᠰ ᠤᠨ ᠰᠠᠭᠤᠷᠢ ᠮᠦᠡᠭᠭᠦ ᠶᠢ ᠵᠣᠬᠢᠶᠠᠨ ᠪᠠᠶᠢᠭᠤᠯᠵᠤ᠂ ᠪᠠᠯ ᠴᠢᠯᠠᠭᠤᠨ ᠤ ᠠᠯᠺᠢᠨ᠂ ᠹᠦᠯᠧᠷ ᠠᠯᠺᠧᠨ ᠤ ᠰᠣᠳᠣᠯᠣᠨ ᠨᠡᠬᠡᠬᠡᠬᠦ ᠪᠠ ᠠᠵᠤ ᠦᠢᠯᠡᠰᠴᠢᠯᠡᠬᠦ ᠰᠠᠭᠤᠷᠢᠨ ᠭᠠᠵᠠᠷ ᠢ ᠬᠦᠮᠦᠵᠢᠭᠦᠯᠦᠨ ᠪᠤᠶᠢᠵᠢᠭᠤᠯᠬᠤ ᠬᠡᠷᠡᠭᠲᠡᠢ᠃ ᠮᠣᠩᠭᠤᠯ ᠬᠢᠳᠡᠳ ᠡᠮ ᠡᠮᠨᠡᠯᠭᠡ ᠶᠢᠨ ᠣᠶᠢᠯᠡᠳᠪᠣᠷᠢᠯᠡᠯ ᠤᠨ ᠰᠠᠭᠤᠷᠢᠨ ᠭᠠᠵᠠᠷ ᠢ ᠲᠦᠷᠭᠡᠳᠭᠡᠨ ᠪᠠᠶᠢᠭᠤᠯᠵᠤ᠂ ᠮᠣᠩᠭᠤᠯ ᠬᠢᠳᠡᠳ ᠡᠮ ᠤᠨ ᠮᠠᠲ᠋ᠧᠷᠢᠶᠠᠯ ᠲᠠᠷᠢᠬᠤ ᠪᠠ ᠡᠳ᠋ᠰᠢᠭᠦᠯᠬᠦ ᠶᠢ ᠨᠢᠭᠡ ᠴᠣᠭᠴᠠᠵᠢᠭᠤᠯᠬᠤ ᠶᠢ ᠠᠬᠢᠭᠤᠯᠬᠤ ᠬᠡᠷᠡᠭᠲᠡᠢ᠃ ᠡᠷᠳᠡᠨᠢ ᠰᠢᠰᠢ ᠶᠢᠨ ᠭᠤᠣᠯ ᠭᠠᠷᠣᠯᠳᠡ ᠶᠢᠨ ᠣᠷᠣᠨ ᠳᠤ ᠠᠮᠢᠳᠣ ᠪᠣᠳᠡᠰ ᠤᠨ ᠲᠦᠯᠡᠰᠢ ᠶᠢᠨ ᠡᠲ᠋ᠢᠯ ᠠᠯᠺᠣᠣᠯ ᠤᠨ ᠲᠦᠷᠣᠯ ᠵᠦᠢᠯ ᠢ ᠵᠣᠬᠢᠬᠤ ᠬᠡᠮᠵᠢᠶ᠎ᠡ ᠪᠠᠷ ᠪᠠᠶᠢᠷᠢᠰᠢᠭᠤᠯᠤᠨ ᠪᠠᠶᠢᠭᠤᠯᠬᠤ ᠬᠡᠷᠡᠭᠲᠡᠢ᠃ ᠬᠤᠶᠠᠷ ᠲᠤ ᠣᠶᠢᠯᠡᠳᠭᠦ ᠣᠶᠢᠯᠡᠰ ᠢ ᠰᠢᠯᠢᠳᠡᠭᠵᠢᠭᠦᠯᠣᠨ ᠲᠡᠰ ᠲᠡᠪᠰᠢᠭᠦᠯᠭᠦ ᠶᠢ ᠲᠦᠷᠭᠡᠳᠭᠡᠨ᠎ᠡ᠃ ᠮᠡᠳᠡᠭᠡ ᠵᠠᠩᠬᠢᠵᠢᠯᠳᠡ᠂ ᠠᠵᠤ ᠣᠶᠢᠯᠡᠳᠪᠤᠷᠢᠵᠢᠯᠳᠡ ᠶᠢᠨ ᠠᠭᠤᠰᠣᠯᠴᠠᠯ ᠪᠠ ᠣᠶᠣᠨᠴᠢᠯᠠᠭᠰᠠᠨ ᠦᠭᠡᠷᠡᠴᠢᠯᠠᠯᠳᠡ ᠰᠢᠨᠡᠴᠢᠯᠡᠯᠲᠡ᠂ ᠠᠵᠤ ᠣᠶᠢᠯᠡᠰ ᠤᠨ ᠬᠡᠯᠬᠢᠶ᠎ᠡ ᠶᠢᠨ ᠵᠣᠬᠢᠴᠠᠯᠳᠤᠨ ᠰᠢᠨ᠎ᠡ ᠶᠢ ᠡᠭᠦᠳᠭᠦ ᠵᠡᠷᠭᠡ ᠲᠣᠰᠬᠠᠢ ᠵᠦᠢᠯ ᠤᠨ ᠢᠨᠵᠧᠨᠧᠷᠢᠩ ᠢ ᠠᠬᠢᠭᠤᠯᠤᠨ ᠬᠡᠷᠡᠭᠵᠢᠭᠦᠯᠵᠤ᠂ ᠣᠶᠢᠯᠡᠳᠭᠦ ᠣᠶᠢᠯᠡᠰ ᠢ ᠲᠣᠭᠠᠵᠢᠭᠤᠯᠬᠤ᠂ ᠰᠦᠯᠵᠢᠶᠡᠵᠢᠭᠦᠯᠬᠦ᠂ ᠤᠶᠤᠨᠴᠢᠯᠠᠬᠤ ᠪᠠ ᠪᠣᠬᠢᠷᠳᠣᠯ ᠦᠭᠡᠢ ᠪᠣᠯᠭᠠᠬᠤ ᠲᠡᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠨᠡᠭᠦᠷᠡᠰᠣ ᠶᠢ ᠴᠡᠪᠡᠷ ᠪᠦᠭᠡᠳ ᠦᠨᠳᠣᠷ ᠪᠦᠳᠣᠮᠵᠢᠳᠡᠢ ᠪᠠᠷ ᠠᠰᠢᠭᠯᠠᠬᠤ ᠡᠷᠴᠢᠮ ᠢᠶᠠᠨ ᠴᠢᠩᠭᠠᠷᠠᠭᠤᠯᠵᠤ ᠂ ᠣᠳᠣ ᠦᠶ᠎ᠠ ᠶᠢᠨ ᠨᠡᠭᠦᠷᠡᠰᠣᠨ ᠤ ᠬᠢᠮᠢ ᠶᠢᠨ ᠠᠵᠤ ᠣᠶᠢᠯᠡᠳᠪᠣᠷᠢ ᠶᠢᠨ ᠲᠦᠷᠣᠯ ᠵᠦᠢᠯ ᠤᠨ ᠪᠦᠳᠣᠭᠡᠨ ᠪᠠᠶᠢᠭᠤᠯᠣᠯᠳᠡ ᠶᠢ ᠲᠦᠷᠭᠡᠳᠭᠡᠨ ᠠᠬᠢᠭᠤᠯᠵᠤ᠂ ᠨᠡᠭᠦᠷᠡᠰᠣ ᠬᠢᠭᠡᠳ ᠭᠠᠯ ᠴᠡᠬᠢᠯᠭᠠᠨ᠂ ᠨᠡᠭᠦᠷᠡᠰᠣᠨ ᠤ ᠬᠢᠮᠢ ᠶᠢᠨ ᠠᠵᠤ ᠣᠶᠢᠯᠡᠳᠪᠣᠷᠢ᠂ ᠲᠠᠮᠦᠷᠯᠢᠭ ᠬᠠᠶᠢᠯᠣᠭᠤᠯᠬᠤ ᠵᠡᠷᠭᠡ ᠠᠵᠤ ᠠᠬᠤᠶᠢᠯᠠᠯ ᠢ ᠲᠠᠬᠢᠨ ᠵᠣᠬᠢᠶᠠᠨ ᠪᠠᠶᠢᠭᠤᠯᠵᠤ ᠨᠡᠶᠢᠯᠡᠭᠦᠯᠣᠨ ᠬᠤᠳᠠᠯᠳᠣᠵᠤ ᠠᠪᠬᠤ ᠶᠢ ᠠᠬᠢᠭᠤᠯᠬᠤ ᠬᠡᠷᠡᠭᠲᠡᠢ᠃ ᠡᠬᠢ ᠪᠠᠶᠠᠯᠢᠭ ᠢ ᠨᠠᠷᠢᠯᠢᠬ ᠡᠳ᠋ᠰᠢᠭᠦᠯᠬᠦ ᠠᠵᠤ ᠣᠶᠢᠯᠡᠰ ᠤᠨ ᠬᠡᠯᠬᠢᠶ᠎ᠡ ᠶᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠣᠨ᠂ ᠪᠣᠯᠣᠳ ᠮᠠᠲ᠋ᠧᠷᠢᠶᠠᠯ ᠢ ᠨᠠᠷᠢᠯᠢᠬ ᠡᠳ᠋ᠰᠢᠭᠦᠯᠵᠦ ᠦᠢᠯᠡᠳᠪᠦᠷᠢᠯᠡᠬᠦ ᠴᠢᠳᠠᠮᠵᠢ ᠶᠢ 200 ᠲᠦᠮᠠᠨ ᠲᠣᠨ᠂ ᠭᠦᠡᠭᠭᠡᠨᠴᠠᠭᠠᠨ ᠤ ᠬᠤᠵᠢᠭᠤ ᠡᠳ᠋ᠰᠢᠭᠦᠯᠭᠡ ᠶᠢ 60 ᠲᠦᠮᠠᠨ ᠲᠣᠨ ᠰᠢᠨ᠎ᠡ ᠪᠠᠷ ᠨᠡᠮᠡᠭᠳᠡᠭᠦᠯᠣᠨ᠎ᠡ᠃ ᠲᠡᠮᠦᠷ ᠵᠢᠮᠲᠦ ᠶᠢᠨ ᠵᠠᠮ ᠬᠠᠷᠢᠯᠴᠠᠭ᠎ᠠ᠂ ᠭᠦᠨᠳᠣ ᠬᠡᠯᠪᠡᠷᠢ ᠶᠢᠨ ᠮᠠᠰᠢᠨ ᠲᠡᠷᠭᠡ᠂ ᠪᠠᠷᠢᠯᠭ᠎ᠠ ᠶᠢᠨ ᠮᠠᠰᠢᠨ ᠵᠡᠷᠭᠡ ᠲᠣᠨᠤᠭ ᠲᠦᠬᠦᠭᠡᠷᠦᠮᠵᠢ ᠣᠶᠢᠯᠡᠳᠭᠦ ᠣᠶᠢᠯᠡᠰ ᠢ ᠶᠡᠬᠡᠪᠡᠷ ᠬᠦᠭᠵᠢᠭᠦᠯᠬᠦ ᠬᠡᠷᠡᠭᠲᠡᠢ᠃ ᠢᠳᠡᠰᠢᠨ ᠤ ᠬᠤᠨᠢ᠂ ᠢᠳᠡᠰᠢᠨ ᠤ ᠦᠭᠡᠷ ᠪᠣᠯᠣᠨ ᠴᠠᠭᠠᠨ ᠢᠳᠡᠭᠡᠨ ᠤ ᠭᠤᠣᠯ ᠭᠠᠷᠤᠯᠲᠠ ᠶᠢᠨ ᠣᠷᠣᠨ ᠤ ᠡᠳ᠋ᠰᠢᠭᠦᠯᠬᠦ ᠰᠠᠭᠤᠷᠢᠨ ᠭᠠᠵᠠᠷ ᠤᠨ ᠪᠦᠳᠣᠭᠡᠨ ᠪᠠᠶᠢᠭᠤᠯᠣᠯᠳᠡ ᠶᠢ ᠠᠬᠢᠭᠤᠯᠬᠤ ᠬᠡᠷᠡᠭᠲᠡᠢ᠃ ᠣᠶᠢᠯᠡᠳᠭᠦ ᠣᠶᠢᠯᠡᠰ ᠤᠨ ︽ᠭᠠᠶᠢᠯᠢ ᠶᠢ ᠪᠠᠭᠤᠷᠠᠭᠤᠯᠬᠤ ᠦᠨᠡᠮᠯᠠᠯ ᠢ ᠪᠠᠭᠠᠰᠬᠠᠬᠤ ᠪᠡᠷᠢᠮᠵᠢᠶ᠎ᠠ ᠶᠢ ᠲᠡᠭᠡᠭᠰᠢᠯᠡᠭᠦᠯᠭᠦ︾ ᠭᠤᠷᠪᠠᠨ ᠠᠷᠭ᠎ᠠ ᠬᠡᠮᠵᠢᠶ᠎ᠠ ᠶᠢ ᠨᠠᠶᠢᠳᠠᠪᠣᠷᠢᠵᠢᠭᠤᠯᠵᠤ᠂ ᠣᠶᠢᠯᠡᠳᠭᠦ ᠣᠶᠢᠯᠡᠰ ᠤᠨ ᠭᠠᠶᠢᠯᠢ ᠶᠢᠨ ᠳᠠᠷᠤᠭᠠᠰᠤ ᠶᠢ ᠨᠢ ᠪᠠᠭᠤᠷᠠᠭᠤᠯᠵᠤ᠂ ᠠᠵᠣ ᠣᠶᠢᠯᠡᠳᠪᠣᠷᠢ ᠶᠢᠨ ᠦᠢᠯᠡᠳᠬᠦᠨ ᠤ ᠦᠢᠯᠡᠳᠪᠦᠷᠢᠯᠡᠬᠦ ᠵᠦᠪᠰᠢᠶᠡᠷᠡᠯ ᠤᠨ ᠦᠨᠡᠮᠯᠠᠯ ᠢ ᠶᠡᠭᠡ ᠬᠡᠮᠵᠢᠶ᠎ᠡ ᠪᠠᠷ ᠬᠠᠰᠣᠵᠤ᠂ ᠣᠶᠢᠯᠡᠳᠭᠦ ᠣᠶᠢᠯᠡᠰ ᠤᠨ ᠶᠠᠰᠣ ᠴᠢᠨᠠᠷ ᠢᠶᠠᠨ ᠲᠡᠭᠡᠭᠰᠢᠯᠡᠭᠦᠯᠭᠦ ᠠᠵᠢᠯᠯᠠᠭ᠎ᠠ ᠪᠠ ᠬᠠᠷᠠᠯᠳᠡ ᠪᠡᠷᠢᠮᠵᠢᠶᠠᠨ ᠳᠤ ᠬᠦᠷᠭᠡᠬᠦ ᠲᠣᠰᠬᠠᠢ ᠠᠵᠢᠯᠯᠠᠭᠠᠨ ᠢ ᠦᠷᠨᠢᠭᠦᠯᠬᠦ ᠬᠡᠷᠡᠭᠲᠡᠢ᠃ ᠪᠣᠭᠤᠳᠣ ᠶᠢ ᠲᠣᠮᠳᠠᠳᠣ ᠣᠯᠣᠰ ᠦᠢᠯᠡᠳᠬᠦ 2025 ᠲᠣᠷᠰᠢᠯᠳᠡ ᠶᠢᠨ ᠵᠢᠱᠢᠶ᠎ᠠ ᠦᠵᠡᠭᠦᠯᠭᠦ ᠬᠤᠳᠡ ᠪᠣᠯᠭᠠᠨ ᠡᠭᠦᠳᠦᠨ ᠪᠠᠶᠢᠭᠤᠯᠬᠤ ᠶᠢ ᠲᠦᠷᠭᠡᠳᠭᠡᠵᠣ᠂ ᠬᠦᠬᠡᠬᠤᠳᠡ᠂ ᠣᠷᠳᠣᠰ ᠤᠨ ᠲᠣᠮᠳᠡᠳᠣ ᠣᠯᠣᠰ ᠣᠶᠢᠯᠡᠳᠭᠦ 2025 ᠲᠣᠷᠰᠢᠯᠳᠡ ᠶᠢᠨ ᠪᠦᠳᠣᠭᠡᠨ ᠪᠠᠶᠢᠭᠤᠯᠣᠯᠳᠡ ᠶᠢ ᠠᠬᠢᠭᠤᠯᠬᠤ ᠬᠡᠷᠡᠭᠲᠡᠢ᠃ ᠭᠤᠷᠪᠠ ᠳᠤ ᠣᠳᠣ ᠦᠶ᠎ᠠ ᠶᠢᠨ ᠣᠶᠢᠯᠡᠴᠢᠯᠡᠭᠡᠨ ᠤ ᠣᠶᠢᠯᠡᠰ ᠢ ᠶᠡᠬᠡᠪᠡᠷ ᠭᠦᠭᠵᠢᠭᠦᠯᠣᠨ᠎ᠡ᠃ ᠣᠶᠢᠯᠡᠴᠢᠯᠡᠭᠡᠨ ᠤ ᠣᠶᠢᠯᠡᠰ ᠤᠨ ᠬᠠᠨᠭ᠍ᠭᠠᠯᠭ᠎ᠠ ᠶᠢ ᠰᠠᠶᠢᠵᠢᠷᠠᠭᠤᠯᠣᠨ᠂ ᠬᠡᠷᠡᠭᠯᠡᠭᠡ ᠶᠢᠨ ᠲᠡᠰ ᠲᠡᠪᠰᠢᠭᠦ ᠶᠢ ᠠᠬᠢᠭᠤᠯᠵᠤ᠂ ᠠᠵᠤ ᠠᠬᠤᠢ ᠶᠢᠨ ᠭᠦᠭᠵᠢᠯᠳᠡ ᠳᠠᠬᠢ ᠬᠡᠷᠡᠭᠯᠡᠭᠡ ᠶᠢᠨ ᠰᠠᠭᠤᠷᠢ ᠴᠢᠨᠠᠷᠳᠡᠢ ᠣᠶᠢᠯᠡᠳᠣᠯ ᠢ ᠨᠡᠮᠡᠭᠳᠡᠭᠦᠯᠬᠦ ᠬᠡᠷᠡᠭᠲᠡᠢ᠃ ᠡᠯᠧᠺᠲᠷᠣᠨ ᠬᠤᠳᠠᠯᠳᠣᠭᠠᠨ ᠤ ᠶᠠᠪᠣᠳᠡᠯ ᠢ ᠢᠳᠡᠪᠬᠢᠳᠡᠢ ᠭᠦᠭᠵᠢᠭᠦᠯᠣᠨ᠂ ᠡᠯᠧᠺᠲᠷᠣᠨ ᠬᠤᠳᠠᠯᠳᠣᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠣᠷᠣᠨ ᠳᠤ ᠬᠦᠷᠭᠡᠬᠦ ᠶᠡᠷᠣᠩᠬᠡᠶᠢᠯᠡᠭᠰᠡᠨ ᠵᠢᠱᠢᠶ᠎ᠠ ᠦᠵᠡᠭᠦᠯᠭᠦ ᠠᠵᠢᠯ ᠢ ᠠᠬᠢᠭᠤᠯᠵᠤ᠂ ᠣᠯᠣᠰ ᠤᠨ ᠡᠯᠧᠺᠲᠷᠣᠨ ᠬᠤᠳᠠᠯᠳᠣᠭᠠᠨ ᠤ ᠶᠠᠪᠣᠳᠡᠯ ᠤᠨ ᠵᠢᠱᠢᠶ᠎ᠠ ᠦᠵᠡᠭᠦᠯᠭᠦ ᠰᠠᠭᠤᠷᠢᠨ ᠭᠠᠵᠠᠷ ᠢ ᠡᠭᠦᠳᠣᠨ ᠪᠠᠶᠢᠭᠤᠯᠬᠤ ᠬᠡᠷᠡᠭᠲᠡᠢ᠃ ᠣᠳᠣ ᠦᠶ᠎ᠠ ᠶᠢᠨ ᠪᠠᠷᠠᠭᠠᠨ ᠤ ᠭᠦᠢᠯᠭᠡᠭᠡ ᠶᠢ ᠲᠦᠷᠭᠡᠳᠭᠡᠨ ᠭᠦᠭᠵᠢᠭᠦᠯᠵᠤ᠂ ᠪᠠᠷᠠᠭᠠᠨ ᠤ ᠭᠦᠢᠯᠭᠡᠭᠡ ᠶᠢᠨ ᠲᠦᠪᠯᠡᠷᠡᠭᠦᠯᠵᠦ ᠬᠤᠪᠢᠶᠠᠷᠢᠯᠠᠬᠤ᠂ ᠡᠳ᠋ᠰᠢᠭᠦᠯᠦᠨ ᠦᠢᠯᠡᠳᠪᠦᠷᠢᠯᠡᠵᠦ ᠪᠣᠭᠤᠳᠠᠯᠯᠠᠬᠤ᠂ ᠭᠦᠢᠳᠡᠨ ᠬᠡᠯᠬᠢᠶᠡᠳᠣ ᠲᠣᠬᠢᠷᠠᠭᠤᠯᠣᠨ ᠭᠦᠷᠭᠡᠭᠦ ᠵᠡᠷᠭᠡ ᠲᠡᠪᠴᠡᠩ ᠤᠨ ᠪᠡᠯᠡᠳᠭᠡᠮᠵᠢ ᠶᠢᠨ ᠪᠠᠶᠢᠭᠤᠯᠣᠯᠳᠡ ᠶᠢ ᠴᠢᠩᠭᠠᠳᠬᠠᠵᠤ᠂ ᠵᠠᠰᠠᠮᠠᠯ ᠵᠠᠮ ᠲᠡᠮᠣᠷ ᠵᠠᠮ ᠤᠨ ᠬᠠᠮᠳᠣᠷᠠᠭᠰᠠᠨ ᠲᠡᠭᠡᠭᠡᠪᠣᠷᠢ ᠵᠡᠷᠭᠡ ᠣᠳᠣ ᠦᠶ᠎ᠠ ᠶᠢᠨ ᠪᠠᠷᠠᠭᠠᠨ ᠤ ᠭᠦᠢᠯᠭᠡᠭᠡᠨ ᠤ ᠵᠠᠭᠪᠤᠷ ᠤᠨ ᠭᠦᠭᠵᠢᠯᠳᠡ ᠶᠢ ᠳᠡᠮᠵᠢᠬᠦ ᠬᠡᠷᠡᠭᠲᠡᠢ᠃ ᠪᠦᠭᠦ ᠨᠤᠲᠤᠭ ᠤᠨ ᠬᠠᠮ ᠵᠢᠭᠤᠯᠴᠢᠯᠠᠯ᠂ ᠲᠦᠷᠪᠡᠨ ᠣᠯᠠᠷᠢᠯ ᠤᠨ ᠵᠢᠭᠤᠯᠴᠢᠯᠠᠯ ᠢ ᠶᠡᠬᠡᠪᠡᠷ ᠭᠦᠭᠵᠢᠭᠦᠯᠣᠨ᠂ ᠨᠡᠷᠡᠲᠦ ᠲᠡᠮᠳᠡᠭᠳᠣ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠷᠭᠡᠳᠭᠡᠨ᠂ ᠵᠣᠷᠯᠣᠩ ᠤᠨ ᠬᠤᠪᠢᠰᠤᠯᠲᠠ ᠶᠢᠨ ᠰᠢᠨ᠎ᠡ ᠭᠤᠷᠪᠠᠨ ᠵᠢᠯ ᠤᠨ ᠠᠵᠢᠯᠯᠠᠭᠠᠨ ᠢ ᠦᠷᠨᠢᠭᠦᠯᠬᠦ ᠬᠡᠷᠡᠭᠲᠡᠢ᠃ ᠨᠡᠶᠢᠭᠡᠮ ᠤᠨ ᠭᠦᠴᠣᠨ ᠢ ᠵᠣᠷᠢᠬᠵᠢᠭᠤᠯᠣᠨ ᠰᠣᠷᠭᠠᠨ ᠭᠦᠮᠣᠵᠢᠯ᠂ ᠰᠣᠶᠣᠯ᠂ ᠡᠷᠡᠭᠦᠯ ᠡᠩᠬᠡ᠂ ᠨᠠᠰᠤᠵᠢᠯ ᠵᠡᠷᠭᠡ ᠣᠶᠢᠯᠡᠴᠢᠯᠡᠭᠡ ᠶᠢ ᠬᠦᠭᠵᠢᠭᠦᠯᠬᠦ ᠬᠡᠷᠡᠭᠲᠡᠢ᠃ ᠲᠦᠷᠪᠡ ᠳᠤ ᠭᠦᠷᠢᠶᠠᠯᠡᠩ ᠲᠣᠭᠤᠷᠢᠭ ᠤᠨ ᠪᠦᠭᠡᠮᠨᠡᠷᠡᠭᠦᠯᠦᠨ ᠡᠷᠴᠢᠮᠵᠢᠭᠦᠯᠬᠦ ᠬᠢᠷᠢ ᠲᠦᠪᠰᠢᠨ ᠢ ᠲᠡᠭᠡᠭᠰᠢᠯᠡᠭᠦᠯᠣᠨ᠎ᠡ᠃ ᠭᠦᠷᠢᠶᠡᠯᠡᠩ ᠲᠣᠭᠤᠷᠢᠭ ᠢ ᠮᠠᠨᠳᠣᠭᠤᠯᠣᠨ ᠭᠦᠭᠵᠢᠭᠦᠯᠭᠦ ᠲᠦᠯᠣᠪᠯᠡᠭᠡ ᠲᠣᠭᠳᠠᠭᠠᠨ᠂ ᠬᠠᠮᠢᠶ᠎ᠠ ᠪᠦᠭᠦᠢ ᠲᠦᠷᠣ ᠶᠢᠨ ᠪᠣᠳᠣᠯᠭ᠎ᠠ ᠶᠢ ᠨᠡᠶᠢᠲᠡᠯᠡᠵᠦ᠂ ᠭᠦᠷᠢᠶᠠᠯᠡᠩ ᠲᠣᠭᠤᠷᠢᠭ ᠤᠨ ᠬᠠᠮᠢᠶᠠᠷᠣᠯᠳᠡ ᠶᠢᠨ ᠪᠠᠶᠢᠭᠤᠯᠣᠯ ᠪᠠ ᠠᠵᠢᠯ ᠤᠨ ᠲᠣᠭᠳᠠᠴᠠ ᠶᠢ ᠰᠢᠯᠣᠭᠤᠳᠬᠠᠵᠤ᠂ ᠭᠦᠷᠢᠶᠡᠯᠡᠩ ᠲᠣᠭᠤᠷᠢᠭ ᠤᠨ ᠣᠷᠣᠨ ᠵᠠᠢ ᠶᠢᠨ ᠪᠠᠶᠢᠷᠢᠰᠢᠯ ᠪᠠ ᠠᠵᠤ ᠣᠶᠢᠯᠡᠰ ᠤᠨ ᠪᠠᠶᠢᠷᠢ ᠲᠣᠭᠳᠠᠭᠠᠯᠳᠡ ᠶᠢ ᠰᠢᠯᠢᠳᠡᠭᠵᠢᠭᠦᠯᠵᠤ᠂ ᠭᠦᠷᠢᠶᠠᠯᠡᠩ ᠲᠣᠭᠤᠷᠢᠭ ᠤᠨ ᠣᠷᠣᠨ ᠪᠦᠰᠠ ᠠᠯᠣᠰᠯᠠᠨ ᠲᠠᠬᠢᠨ ᠵᠣᠬᠢᠶᠠᠨ ᠪᠠᠶᠢᠭᠤᠯᠬᠤ ᠶᠢ ᠭᠦᠳᠣᠯᠣᠨ ᠵᠢᠯᠣᠭᠤᠳᠬᠤ ᠬᠡᠷᠡᠭᠲᠡᠢ᠃      ᠳᠠᠪᠤᠨ ᠶᠡᠭᠡ ᠡᠭᠦᠷᠭᠡ ᠶᠢ ᠳᠥᠷᠭᠡᠳᠭᠡᠨ ᠨᠠᠶᠢᠳᠠᠪᠤᠷᠢᠵᠢᠭᠤᠯᠤᠨ᠎ᠠ᠃ ᠨᠢᠭᠡ ᠳᠤ ᠦᠯᠡᠭᠦᠳᠡᠵᠦ ᠪᠠᠶᠢᠭ᠎ᠠ ᠦᠢᠯᠡᠳᠪᠦᠷᠢᠯᠡᠬᠦ ᠴᠢᠳᠠᠮᠵᠢ ᠶᠢ ᠡᠷᠡᠰ ᠰᠢᠭᠤᠷᠬᠠᠢ ᠪᠠᠷ ᠠᠷᠢᠯᠭᠠᠨ᠎ᠠ᠃ ᠶᠠᠰᠤ ᠴᠢᠨᠠᠷ᠂ ᠤᠷᠴᠢᠨ ᠳᠤᠭᠤᠷᠢᠨ ᠤ ᠬᠠᠮᠠᠭᠠᠯᠠᠯᠳᠠ᠂ ᠡᠨᠧᠷᠭᠢ ᠶᠢᠨ ᠬᠤᠷᠤᠭᠳᠠᠯ᠂ ᠠᠮᠤᠷ ᠳᠥᠪᠰᠢᠨ ᠵᠡᠷᠭᠡ ᠬᠠᠤᠯᠢ ᠳᠤᠭᠳᠠᠭᠠᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠱᠦᠢᠨᠢ᠂ ᠪᠤᠯᠤᠳ ᠮᠠᠲ᠋ᠧᠷᠢᠶᠠᠯ ᠵᠡᠷᠭᠡ ᠶᠢᠨ ᠬᠡᠷᠡᠭᠯᠡᠬᠦ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠳ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢᠶᠠᠷ ᠳᠠᠮᠵᠢᠨ ᠦᠢᠯᠡᠳᠪᠦᠷᠢᠯᠡᠬᠦ ᠴᠢᠳᠠᠮᠵᠢ ᠪᠠᠨ ᠰᠤᠯᠢᠬᠤ ᠭᠦᠢᠴᠡᠳᠭᠡᠯ ᠳᠤᠭ᠎ᠠ ᠣᠯᠬᠤ ᠶᠢ ᠳᠡᠮᠵᠢᠬᠦ ᠬᠡᠷᠡᠭᠲᠡᠢ᠃ ︽ᠦᠬᠦᠰᠢᠷᠡᠮᠡᠯ ᠠᠵᠤ ᠠᠬᠤᠶᠢᠯᠠᠯ︾ ᠤᠨ ᠪᠣᠴᠠᠭᠠᠵᠤ ᠭᠠᠷᠭᠠᠬᠤ ᠨᠠᠷᠢᠨ ᠳᠠᠩᠰᠠ ᠶᠢ ᠳᠤᠭᠳᠠᠭᠠᠵᠤ᠂ ︽ᠦᠬᠦᠰᠢᠷᠡᠮᠡᠯ ᠠᠵᠤ ᠠᠬᠤᠶᠢᠯᠠᠯ︾ ᠢ ᠰᠢᠢᠳᠪᠥᠷᠢᠯᠡᠬᠦ ᠡᠷᠴᠢᠮ ᠢᠶᠠᠨ ᠴᠢᠩᠭᠠᠷᠠᠭᠤᠯᠵᠤ᠂ ︽ᠳᠠᠬᠢᠵᠦ ᠦᠢᠯᠡᠳᠪᠦᠷᠢᠯᠡᠭᠰᠡᠨ ᠪᠤᠯᠤᠳ ᠲᠡᠮᠦᠷ︾ ᠤᠨ ᠦᠢᠯᠡᠳᠪᠦᠷᠢᠯᠡᠬᠦ ᠴᠢᠳᠠᠮᠵᠢ ᠳᠠᠬᠢᠨ ᠰᠡᠷᠭᠦᠬᠦ ᠶᠢ ᠴᠢᠩᠭ᠎ᠠ ᠰᠡᠷᠭᠡᠶᠢᠯᠡᠵᠦ᠂ ᠪᠦᠬᠦ ᠵᠢᠯ ᠳᠤ 405 ᠳᠥᠮᠡᠨ ᠳᠤᠨ ᠨᠡᠭᠦᠷᠡᠰᠥᠨ ᠤ ᠦᠢᠯᠡᠳᠪᠦᠷᠢᠯᠡᠬᠦ ᠴᠢᠳᠠᠮᠵᠢ ᠶᠢ ᠪᠣᠴᠠᠭᠠᠨ ᠭᠠᠷᠭᠠᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ ᠨᠦᠬᠡᠴᠡᠯᠡᠵᠦ ᠬᠠᠳᠠᠭᠠᠯᠠᠬᠤ ᠪᠠᠨ ᠪᠠᠭᠠᠰᠬᠠᠬᠤ ᠶᠢ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠯᠦᠭᠡ ᠵᠣᠬᠢᠴᠠᠯᠳᠤᠭᠤᠯᠤᠨ ᠬᠦᠭᠵᠢᠭᠦᠯᠬᠦ ᠶᠢ ᠨᠢᠭᠡᠳᠥᠯᠳᠡᠢ ᠲᠦᠯᠦᠪᠯᠡᠨ ᠠᠬᠢᠭᠤᠯᠬᠤ ᠬᠡᠷᠡᠭᠲᠡᠢ᠃ ᠤᠯᠠᠨ ᠭᠤᠣᠯ ᠴᠣᠭᠴᠠ ᠶᠢᠨ ᠬᠠᠩᠭᠠᠯᠭ᠎ᠠ᠂ ᠤᠯᠠᠨ ᠠᠷᠭ᠎ᠠ ᠵᠠᠮ ᠤᠨ ᠪᠠᠲᠤᠯᠠᠭ᠎ᠠ᠂ ᠳᠥᠷᠢᠶᠡᠰᠥᠯᠡᠬᠦ ᠪᠠ ᠬᠤᠳᠠᠯᠳᠤᠨ ᠠᠪᠬᠤ ᠶᠢ ᠵᠡᠷᠭᠡ ᠳᠤᠨᠢ ᠴᠢᠬᠤᠯᠠᠴᠢᠯᠠᠬᠤ ᠤᠷᠤᠨ ᠰᠠᠭᠤᠴᠠ ᠶᠢᠨ ᠳᠥᠷᠢᠮ ᠢ ᠳᠥᠷᠭᠡᠳᠭᠡᠨ ᠪᠠᠶᠢᠭᠤᠯᠵᠤ᠂ ᠭᠠᠵᠠᠷ ᠰᠢᠷᠤᠢ ᠶᠢᠨ ᠬᠠᠨᠭ᠍ᠭᠠᠯᠭ᠎ᠠ ᠶᠢᠨ ᠳᠥᠷᠥ ᠶᠢᠨ ᠪᠤᠳᠤᠯᠭ᠎ᠠ ᠶᠢ ᠳᠥᠷᠥᠯ ᠬᠤᠪᠢᠶᠠᠨ ᠬᠡᠷᠡᠭᠵᠢᠭᠦᠯᠬᠦ ᠬᠡᠷᠡᠭᠲᠡᠢ᠃ ᠳᠤᠰᠬᠠᠶᠢᠵᠢᠭᠤᠯᠤᠭᠰᠠᠨ᠂ ᠪᠠᠶᠢᠭᠤᠯᠤᠮᠵᠢᠭᠤᠯᠤᠭᠰᠠᠨ ᠤᠷᠤᠨ ᠰᠠᠭᠤᠴᠠ ᠳᠦᠷᠢᠶᠡᠰᠦᠯᠡᠬᠦ ᠠᠵᠤ ᠠᠬᠤᠶᠢᠯᠠᠯ ᠤᠨ ᠬᠥᠭᠵᠢᠯᠳᠡ ᠶᠢ ᠳᠡᠮᠵᠢᠵᠦ᠂ ᠨᠥᠬᠦᠴᠡᠯ ᠲᠠᠢ ᠭᠠᠵᠠᠷ ᠤᠷᠤᠨ ᠳᠤ ︽ᠳᠥᠷᠢᠶᠡᠰᠥᠯᠡᠬᠦ ᠪᠠ ᠬᠤᠳᠠᠯᠳᠤᠨ ᠠᠪᠬᠤ ᠨᠢ ᠠᠳᠠᠯᠢ ᠡᠷᠬᠡ ᠲᠠᠢ ᠪᠠᠶᠢᠬᠤ︾ ᠪᠠ ︽ᠬᠠᠮᠲᠤ ᠳᠠᠭᠠᠨ ᠥᠮᠴᠢᠯᠡᠬᠦ ᠡᠷᠬᠡ ᠲᠠᠢ ᠪᠠᠶᠢᠬᠤ︾ ᠳᠥᠷᠥ ᠶᠢᠨ ᠪᠤᠳᠤᠯᠭ᠎ᠠ ᠶᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠨᠦᠬᠡᠴᠡᠯᠡᠵᠦ ᠬᠠᠳᠠᠭᠠᠯᠠᠭᠰᠠᠨ ᠤᠷᠤᠨ ᠰᠠᠭᠤᠴᠠ ᠶᠢᠨ ᠪᠤᠰᠤ ᠳᠠᠸᠠᠷ ᠤᠨ ᠭᠡᠷ ᠪᠠᠶᠢᠰᠢᠩ ᠢ ᠢᠳᠡᠪᠬᠢᠳᠡᠢ ᠪᠠᠭᠠᠰᠬᠠᠵᠤ᠂ ᠭᠡᠷ ᠪᠠᠶᠢᠰᠢᠩ ᠤᠨ ᠥᠮᠴᠢᠯᠡᠬᠦ ᠡᠷᠬᠡ ᠵᠡᠷᠭᠡ ᠦᠩᠭᠡᠷᠡᠭᠰᠡᠨ ᠤ ᠦᠯᠡᠳᠡᠭᠳᠡᠵᠦ ᠢᠷᠡᠭᠰᠡᠨ ᠠᠰᠠᠭᠤᠳᠠᠯ ᠤᠳ ᠢ ᠳᠥᠷᠭᠡᠳᠭᠡᠨ ᠰᠢᠢᠳᠪᠦᠷᠢᠯᠡᠬᠦ ᠬᠡᠷᠡᠭᠲᠡᠢ᠃ ᠭᠤᠷᠪᠠ ᠳᠤ ᠠᠵᠤ ᠠᠬᠤᠶᠢᠯᠠᠯ ᠤᠨ ᠬᠦᠰᠢᠭᠦᠷᠭᠡᠯᠡᠬᠦ ᠨᠤᠷᠮ᠎ᠠ ᠶᠢ ᠢᠳᠡᠪᠬᠢᠳᠡᠢ ᠪᠦᠭᠡᠳ ᠯᠠᠪᠳᠠᠭᠤᠨ ᠪᠠᠷ ᠪᠠᠭᠠᠰᠬᠠᠨ᠎ᠠ᠃ ᠤᠯᠠᠨ ᠳᠡᠰ ᠳᠠᠪᠬᠤᠷᠭ᠎ᠠ ᠲᠠᠢ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠳᠡ ᠶᠢ ᠠᠬᠢᠭᠤᠯᠵᠤ ᠂ ᠰᠢᠭᠤᠳ ᠪᠡᠯᠡ ᠳᠤᠬᠢᠷᠠᠭᠤᠯᠬᠤ ᠬᠤᠪᠢ ᠶᠢᠨ ᠵᠢᠩ ᠢ ᠳᠡᠭᠡᠭᠰᠢᠯᠡᠭᠦᠯᠵᠦ᠂ ᠬᠥᠳᠡᠭᠡ ᠳᠤᠰᠬᠤᠨ ᠤ ᠠᠵᠤ ᠦᠢᠯᠡᠰ ᠤᠨ ᠠᠭᠤᠰᠤᠯᠴᠠᠯ᠂ ᠲᠦᠢᠯ ᠤᠨ ᠣᠨᠣᠪᠴᠢᠲᠠᠢ ᠪᠠᠷ ᠶᠠᠳᠠᠭᠤ ᠶᠢ ᠳᠡᠳᠬᠦᠬᠦ᠂ ᠨᠠᠰᠤᠵᠢᠯ ᠤᠨ ᠠᠵᠤ ᠦᠢᠯᠡᠰ᠂ ᠪᠤᠬᠢᠷᠳᠤᠯ ᠦᠭᠡᠢ ᠠᠵᠤ ᠦᠢᠯᠡᠰ ᠵᠡᠷᠭᠡ ᠬᠦᠷᠢᠶ᠎ᠡ ᠴᠠᠷᠠᠭ᠎ᠠ ᠳᠤ ᠵᠢᠭᠡᠯᠡᠯᠭᠡ ᠶᠢᠨ ᠳᠡᠮᠳᠡᠭᠳᠥ ᠳᠠᠷᠬᠠᠭᠠᠬᠤ ᠶᠢ ᠳᠡᠮᠵᠢᠵᠦ᠂ ᠨᠡᠩ ᠤᠯᠠᠨ ᠰᠢᠯᠢᠳᠡᠭ ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠣᠷᠤᠭᠤᠯᠵᠤ ᠪᠡᠯᠡ ᠲᠣᠬᠢᠷᠠᠭᠤᠯᠤᠭ᠎ᠠ ᠬᠢᠬᠦ ᠶᠢ ᠬᠦᠮᠦᠵᠢᠭᠦᠯᠦᠨ ᠪᠤᠶᠢᠵᠢᠭᠤᠯᠬᠤ ᠬᠡᠷᠡᠭᠲᠡᠢ᠃ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠬᠥᠰᠢᠭᠦᠷᠭᠡ ᠶᠢ ᠪᠠᠭᠠᠰᠬᠠᠬᠤ ᠡᠷᠴᠢᠮ ᠢ ᠴᠢᠩᠭᠠᠷᠠᠭᠤᠯᠵᠤ᠂ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠳ ᠤᠨ ᠵᠠᠬ᠎ᠠ ᠳᠡᠯᠭᠡᠭᠦᠷᠴᠢᠯᠡᠬᠦ ᠪᠠ ᠬᠠᠤᠯᠢ ᠪᠠᠷ ᠵᠠᠰᠠᠬᠤ ᠶᠢ ᠦᠷᠨᠢᠭᠦᠯᠵᠦ ᠪᠠᠶᠢᠭᠠᠳ ᠥᠷᠢ ᠥᠭᠴᠡᠭᠡ ᠪᠠᠨ ᠰᠲ᠋ᠤᠺ ᠪᠤᠯᠭᠠᠬᠤ ᠶᠢ ᠠᠬᠢᠭᠤᠯᠬᠤ ᠬᠡᠷᠡᠭᠲᠡᠢ᠃ ᠳᠥᠷᠪᠡ ᠳᠤ ᠪᠤᠳᠠᠳᠤ ᠴᠣᠭᠴᠠᠲᠤ ᠠᠵᠤ ᠠᠬᠤᠢ ᠶᠢᠨ ᠥᠪᠡᠷ ᠤᠨ ᠥᠷᠳᠡᠭ ᠢ ᠶᠡᠬᠡᠪᠡᠷ ᠪᠠᠭᠤᠷᠠᠭᠤᠯᠤᠨ᠎ᠠ᠃ ᠡᠨᠧᠷᠭᠢ᠂ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭ᠎ᠠ ᠶᠢᠨ ᠥᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠡᠨᠧᠷᠭᠢ ᠶᠢᠨ ᠬᠡᠷᠡᠭᠯᠡᠯᠲᠡ᠂ ᠪᠠᠷᠠᠭᠠᠨ ᠤ ᠭᠦᠢᠯᠭᠡᠭᠡ᠂ ᠪᠡᠯᠡ ᠲᠣᠬᠢᠷᠠᠭᠤᠯᠭ᠎ᠠ ᠵᠡᠷᠭᠡ ᠥᠪᠡᠷ ᠤᠨ ᠥᠷᠳᠡᠭ ᠢ ᠨᠢ ᠪᠠᠭᠤᠷᠠᠭᠤᠯᠬᠤ ᠬᠡᠷᠡᠭᠲᠡᠢ᠃ ᠥᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠦᠨ᠎ᠡ ᠳᠤᠭᠳᠠᠭᠠᠭᠰᠠᠨ ᠡᠵᠡᠩᠨᠡᠨ ᠦᠢᠯᠡᠴᠢᠯᠡᠬᠦ ᠴᠢᠨᠠᠷᠳᠠᠢ ᠬᠤᠷᠢᠶᠠᠬᠤ ᠰᠦᠢᠳᠭᠡᠯ ᠤᠨ ᠭᠠᠷᠴᠠᠭ ᠤᠨ ᠨᠠᠷᠢᠨ ᠳᠠᠩᠰᠠ ᠶᠢ ᠨᠡᠶᠢᠲᠡᠯᠡᠬᠦ ᠬᠡᠷᠡᠭᠲᠡᠢ᠃ ᠠᠵᠤ ᠠᠬᠤᠶᠢᠯᠠᠯ ᠳᠤ ᠬᠤᠯᠪᠤᠭᠳᠠᠭᠰᠠᠨ ᠬᠤᠷᠢᠶᠠᠬᠤ ᠰᠦᠢᠳᠭᠡᠯ ᠢ ᠤᠯᠠᠮ ᠨᠢᠭᠡ ᠠᠯᠬᠤᠮ ᠴᠡᠪᠡᠷᠯᠡᠨ ᠵᠢᠷᠤᠮᠵᠢᠭᠤᠯᠵᠤ᠂ ᠵᠠᠭᠤᠴᠢ ᠪᠠᠶᠢᠭᠤᠯᠤᠮᠵᠢ ᠶᠢᠨ ᠬᠤᠷᠢᠶᠠᠬᠤ ᠰᠦᠢᠳᠭᠡᠯ ᠢ ᠪᠦᠬᠦ ᠳᠠᠯ᠎ᠠ ᠪᠠᠷ ᠴᠡᠪᠡᠷᠯᠡᠨ ᠴᠡᠭᠴᠡᠯᠡᠵᠦ᠂ ᠠᠵᠤ ᠠᠬᠤᠶᠢᠯᠠᠯ ᠤᠨ ᠨᠡᠶᠢᠭᠡᠮ ᠤᠨ ᠪᠠᠲᠤᠯᠠᠭ᠎ᠠ ᠶᠢᠨ ᠰᠦᠢᠳᠭᠡᠯ ᠳᠤᠰᠢᠶᠠᠬᠤ ᠨᠤᠷᠮ᠎ᠠ ᠶᠢ ᠱᠠᠳᠤ ᠦᠶ᠎ᠡ ᠶᠢᠨ ᠴᠢᠨᠠᠷᠳᠠᠢ ᠪᠠᠷ ᠪᠠᠭᠤᠷᠠᠭᠤᠯᠬᠤ ᠬᠤᠯᠪᠣᠭᠳᠠᠯ ᠪᠦᠬᠦᠢ ᠳᠥᠷᠥ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ ᠳᠠᠪᠤ ᠳᠤ ᠡᠷᠴᠢᠮ ᠢᠶᠠᠨ ᠴᠢᠩᠭᠠᠷᠠᠭᠤᠯᠵᠤ ᠳᠤᠳᠠᠭᠤᠳᠠᠯ ᠢᠶᠠᠨ ᠨᠥᠬᠦᠪᠥᠷᠢᠯᠡᠨ᠎ᠡ᠃ ᠭᠤᠤᠯᠳᠠᠯᠭ᠎ᠠ ᠶᠢ ᠠᠳᠬᠤᠬᠤ᠂ ᠳᠤᠲᠠᠭᠤᠳᠠᠯ ᠢ ᠨᠦᠬᠦᠪᠦᠷᠢᠯᠡᠬᠦ᠂ ᠪᠠᠭᠤᠷᠠᠢ ᠳᠠᠯ᠎ᠠ ᠪᠠᠨ ᠬᠦᠴᠦᠷᠬᠡᠭᠵᠢᠭᠦᠯᠬᠦ ᠶᠢ ᠳᠤᠪᠤᠶᠢᠯᠭᠠᠵᠤ ᠂ ᠬᠠᠨᠭ᠍ᠭᠠᠯᠭ᠎ᠠ ᠶᠢᠨ ᠪᠥᠳᠥᠴᠡ ᠶᠢ ᠰᠢᠯᠢᠳᠡᠭᠵᠢᠭᠦᠯᠬᠦ ᠳᠠᠬᠢ ᠪᠡᠯᠡ ᠤᠷᠤᠭᠤᠯᠤᠯᠳᠠ ᠶᠢᠨ ᠵᠠᠩᠭᠢᠯᠠᠭ᠎ᠠ ᠶᠢᠨ ᠴᠢᠨᠠᠷᠳᠠᠢ ᠦᠢᠯᠡᠳᠥᠯ ᠢ ᠨᠢ ᠪᠠᠳᠠᠷᠠᠭᠤᠯᠵᠤ᠂ ︽ᠮᠠᠯᠵᠢᠬᠤ ᠳᠠᠷᠢᠶᠠᠯᠠᠬᠤ ᠤᠷᠤᠨ᠂ ᠮᠠᠯ ᠲᠠᠷᠢᠶᠠᠯᠠᠩ᠂ ᠮᠠᠯᠴᠢᠨ ᠳᠠᠷᠢᠶᠠᠴᠢᠨ︾᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ᠂ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠬᠦᠷᠢᠶ᠎ᠡ ᠴᠠᠷᠠᠭ᠎ᠠ ᠳᠠᠬᠢ ᠪᠡᠯᠡ ᠤᠷᠤᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠭᠤᠷᠢ ᠪᠡᠯᠡᠳᠭᠡᠮᠵᠢ ᠶᠢᠨ ᠳᠤᠤᠷ ᠤᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠤ᠂ ᠨᠢᠭᠡ ᠪᠥᠯᠥᠭ ᠴᠢᠬᠤᠯᠠ ᠶᠡᠭᠡ ᠳᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠪᠥᠳᠥᠮᠵᠢᠳᠡᠢ ᠪᠡᠯᠡ ᠤᠷᠤᠭᠤᠯᠤᠯᠳᠠ ᠶᠢᠨ ᠬᠡᠪᠴᠢᠶ᠎ᠡ ᠶᠢ ᠥᠷᠭᠡᠳᠭᠡᠵᠦ᠂ ᠰᠢᠨ᠎ᠡ ᠬᠥᠳᠡᠯᠭᠡᠬᠦ ᠴᠢᠳᠠᠪᠤᠷᠢ ᠢ ᠪᠤᠶᠢᠵᠢᠭᠤᠯᠤᠨ᠂ ᠰᠢᠨ᠎ᠡ ᠬᠠᠨᠭ᠍ᠭᠠᠯᠭ᠎ᠠ ᠶᠢ ᠡᠭᠦᠳᠬᠦ ᠬᠡᠷᠡᠭᠲᠡᠢ᠃ ᠳᠥᠷᠥᠯ ᠵᠦᠢᠯ ᠤᠨ ᠡᠮᠥᠨᠡᠬᠢ ᠬᠤᠭᠤᠴᠠᠭᠠᠨ ᠳᠠᠬᠢ ᠤᠷᠤᠭᠤᠯᠤᠯᠳᠠ ᠪᠠᠨ ᠨᠡᠮᠡᠭᠳᠡᠭᠦᠯᠵᠦ᠂ ᠳᠥᠷᠥᠯ ᠵᠦᠢᠯ ᠤᠨ ᠨᠥᠭᠡᠴᠡᠯᠡᠬᠦ ᠬᠡᠪᠴᠢᠶ᠎ᠡ ᠶᠢ ᠥᠷᠭᠡᠳᠭᠡᠵᠦ ᠂ ᠳᠥᠷᠥᠯ ᠵᠦᠢᠯ ᠤᠨ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠵᠠᠰᠠᠭ ᠤᠨ ᠤᠷᠳᠤᠨ ᠤ ᠪᠡᠯᠡ ᠤᠷᠤᠭᠤᠯᠵᠤ ᠬᠥᠳᠥᠯᠥᠨ ᠵᠢᠯᠤᠭᠤᠳᠬᠤ ᠦᠢᠯᠡᠳᠥᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠤᠷᠳᠤᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠶᠢᠨ ᠬᠡᠯᠪᠡᠷᠢ ᠶᠢ ᠳᠡᠭᠦᠯᠳᠡᠷᠵᠢᠭᠦᠯᠵᠦ᠂ ᠠᠷᠠᠳ ᠤᠨ ᠳᠤᠮᠳᠠᠬᠢ ᠪᠡᠯᠡ ᠤᠷᠤᠭᠤᠯᠬᠤ ᠠᠮᠢᠵᠢᠷᠠᠯ ᠤᠨ ᠬᠥᠴᠥᠨ ᠢ ᠬᠦᠭᠵᠢᠭᠡᠬᠦ ᠬᠡᠷᠡᠭᠲᠡᠢ᠃      ᠰᠠᠭᠤᠷᠢ ᠪᠡᠯᠡᠳᠭᠡᠮᠵᠢ ᠶᠢᠨ ᠪᠥᠳᠥᠭᠡᠨ ᠪᠠᠶᠢᠭᠤᠯᠤᠯᠳᠠ ᠪᠠᠨ ᠴᠢᠩᠭᠠᠳᠬᠠᠨ᠎ᠠ᠃ ᠵᠠᠮ ᠬᠠᠷᠢᠯᠴᠠᠭᠠᠨ ᠤ ᠳᠠᠯ᠎ᠠ ᠪᠠᠷ᠂ ᠳᠥᠷᠭᠡᠨ ᠬᠤᠷᠳᠤ ᠶᠢᠨ ᠳᠡᠮᠥᠷ ᠵᠠᠮ ᠤᠨ ᠪᠥᠳᠥᠭᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠤ᠂ ᠨᠢᠭᠡᠨᠲᠡ ᠪᠠᠶᠢᠭ᠎ᠠ ᠳᠡᠮᠥᠷ ᠵᠠᠮ ᠤᠨ ᠴᠢᠳᠠᠮᠵᠢ ᠶᠢ ᠨᠢ ᠦᠷᠭᠡᠳᠭᠡᠬᠦ ᠥᠭᠡᠷᠡᠴᠢᠯᠡᠯᠳᠡ ᠶᠢ ᠳᠥᠷᠭᠡᠳᠭᠡᠵᠦ᠂ ᠳᠡᠭᠡᠳᠥ ᠬᠤᠷᠳᠤ ᠶᠢᠨ ᠵᠠᠰᠠᠮᠠᠯ ᠵᠠᠮ ᠪᠠ ᠤᠯᠤᠰ ᠮᠤᠵᠢ ᠶᠢᠨ ᠭᠤᠤᠯ ᠱᠤᠭᠤᠮ ᠪᠤᠯᠬᠤ ᠵᠠᠰᠠᠮᠠᠯ ᠵᠠᠮ ᠤᠨ ᠨᠢᠭᠡ ᠪᠥᠯᠥᠭ ᠳᠥᠷᠥᠯ ᠵᠦᠢᠯ ᠢ ᠬᠡᠷᠡᠭᠵᠢᠭᠦᠯᠵᠦ᠂ ᠮᠠᠯᠵᠢᠬᠤ ᠳᠠᠷᠢᠶᠠᠯᠠᠬᠤ ᠤᠷᠤᠨ ᠤ ᠵᠠᠰᠠᠮᠠᠯ ᠵᠠᠮ ᠤᠨ ᠳᠤᠤᠷ ᠢ ᠳᠡᠭᠦᠯᠳᠡᠷᠵᠢᠭᠦᠯᠵᠦ᠂ ᠶᠡᠭᠡ ᠬᠢᠨᠭ᠍ᠭᠠᠨ ᠳᠠᠪᠠᠭᠠᠨ ᠤ ᠤᠯᠤᠰ ᠤᠨ ᠦᠮᠴᠢᠯᠡᠯ ᠤᠨ ᠰᠢᠭᠤᠶᠢᠳᠤ ᠤᠷᠤᠨ ᠤ ᠵᠠᠮ ᠤᠨ ᠪᠥᠳᠥᠭᠡᠨ ᠪᠠᠶᠢᠭᠤᠯᠤᠯᠳᠠ ᠶᠢ ᠠᠬᠢᠭᠤᠯᠵᠤ᠂ ᠨᠢᠭᠡᠨᠲᠡ ᠪᠠᠶᠢᠭ᠎ᠠ ᠨᠢᠰᠭᠡᠯ ᠤᠨ ᠪᠠᠭᠤᠳᠠᠯ ᠤᠨ ᠥᠭᠡᠷᠡᠴᠢᠯᠡᠵᠦ ᠦᠷᠭᠡᠳᠭᠡᠨ ᠪᠠᠶᠢᠭᠤᠯᠬᠤ ᠪᠠ ᠨᠡᠶᠢᠳᠡᠮ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠰᠢᠨ᠎ᠡ ᠪᠠᠷ ᠪᠠᠶᠢᠭᠤᠯᠬᠤ ᠨᠢᠭᠡ ᠪᠥᠯᠥᠭ ᠳᠥᠷᠥᠯ ᠵᠦᠢᠯ ᠢ ᠳᠥᠷᠭᠡᠳᠭᠡᠨ ᠬᠡᠷᠡᠭᠵᠢᠭᠦᠯᠬᠦ ᠬᠡᠷᠡᠭᠲᠡᠢ᠃ ᠬᠤᠳᠠ ᠶᠢᠨ ᠶᠠᠪᠤᠳᠠᠯ ᠤᠨ ᠳᠠᠯ᠎ᠠ ᠪᠠᠷ ᠂ ᠬᠤᠳᠠ ᠪᠠᠯᠭᠠᠰᠤᠨ ᠤ ᠪᠤᠬᠢᠷ ᠤᠰᠤ᠂ ᠬᠤᠭ ᠨᠤᠪᠰᠢ ᠶᠢ ᠰᠢᠢᠳᠪᠦᠷᠢᠯᠡᠨ ᠠᠷᠢᠯᠭᠠᠬᠤ ᠪᠡᠯᠡᠳᠭᠡᠮᠵᠢ ᠶᠢᠨ ᠪᠥᠳᠥᠭᠡᠨ ᠪᠠᠶᠢᠭᠤᠯᠤᠯᠳᠠ ᠶᠢ ᠴᠢᠩᠭᠠᠳᠬᠠᠵᠤ᠂ ᠠᠮᠢᠳᠤᠷᠠᠯ ᠤᠨ ᠬᠤᠭ ᠨᠤᠪᠰᠢ ᠶᠢ ᠳᠥᠷᠥᠯ ᠬᠤᠪᠢᠶᠠᠬᠤ ᠳᠥᠬᠦᠷ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠬᠤᠳᠠ ᠪᠠᠯᠭᠠᠰᠤᠨ ᠤ ᠬᠠᠭᠤᠴᠢᠨ ᠪᠠ ᠬᠠᠭᠤᠴᠢᠷᠠᠭᠰᠠᠨ ᠬᠤᠭᠤᠯᠠᠢ ᠭᠤᠤᠷᠰᠤ ᠶᠢᠨ ᠳᠤᠤᠷ ᠤᠨ ᠥᠭᠡᠷᠡᠴᠢᠯᠡᠨ ᠰᠢᠨᠡᠳᠭᠡᠬᠦ᠂ ᠳᠡᠷᠭᠡ ᠵᠤᠭᠰᠤᠭᠠᠬᠤ ᠪᠡᠯᠡᠳᠭᠡᠮᠵᠢ ᠵᠡᠷᠭᠡ ᠬᠤᠳᠠ ᠶᠢᠨ ᠶᠠᠪᠤᠳᠠᠯ ᠤᠨ ᠰᠠᠭᠤᠷᠢ ᠪᠡᠯᠡᠳᠭᠡᠮᠵᠢ ᠶᠢᠨ ᠪᠥᠳᠥᠭᠡᠨ ᠪᠠᠶᠢᠭᠤᠯᠤᠯᠳᠠ ᠶᠢ ᠲᠦᠷᠭᠡᠳᠭᠡᠬᠦ ᠬᠡᠷᠡᠭᠲᠡᠢ᠃ ᠤᠰᠤᠨ ᠠᠰᠢᠭᠯᠠᠯᠳᠠ ᠶᠢᠨ ᠳᠠᠯ᠎ᠠ ᠪᠠᠷ᠂ ᠤᠰᠤ ᠠᠷᠪᠢᠯᠠᠬᠤ ᠤᠰᠤ ᠬᠠᠨᠭ᠍ᠭᠠᠬᠤ ᠤᠰᠤ ᠵᠠᠯᠠᠬᠤ ᠨᠢᠭᠡ ᠪᠥᠯᠥᠭ ᠴᠢᠬᠤᠯᠠ ᠶᠡᠭᠡ ᠤᠰᠤᠨ ᠠᠰᠢᠭᠯᠠᠯᠳᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠵᠢᠯ ᠡᠬᠢᠯᠡᠭᠦᠯᠵᠦ᠂ ᠨᠢᠭᠡ ᠪᠥᠯᠥᠭ ᠭᠤᠤᠯ ᠮᠥᠷᠡᠨ ᠨᠠᠭᠤᠷ ᠴᠥᠭᠦᠷᠥᠮ ᠤᠨ ᠵᠠᠰᠠᠯᠳᠠ᠂ ᠳᠤᠮᠤ ᠬᠡᠯᠪᠡᠷᠢ ᠶᠢᠨ ᠤᠰᠤᠯᠠᠯᠳᠠ ᠶᠢᠨ ᠤᠷᠤᠨ ᠤ ᠦᠷᠭᠦᠯᠵᠢᠯᠡᠨ ᠪᠠᠶᠢᠭᠤᠯᠵᠤ ᠳᠥᠬᠦᠷᠵᠢᠭᠦᠯᠬᠦ ᠪᠠ ᠤᠰᠤ ᠠᠷᠪᠢᠯᠠᠬᠤ ᠥᠭᠡᠷᠡᠴᠢᠯᠡᠯᠳᠡ᠂ ᠳᠤᠮᠤ ᠳᠤᠮᠳᠠ ᠬᠡᠯᠪᠡᠷᠢ ᠶᠢᠨ ᠭᠡᠮ ᠠᠶᠤᠯᠲᠠᠢ ᠤᠰᠤᠨ ᠴᠥᠭᠦᠷᠥᠮ ᠤᠨ ᠠᠶᠤᠯ ᠲᠥᠭᠰᠢᠭᠦᠷᠢ ᠶᠢ ᠪᠠᠭᠠᠰᠬᠠᠵᠤ ᠪᠠᠬᠢᠵᠢᠭᠦᠯᠬᠦ ᠢᠨᠵᠧᠨᠧᠷᠢᠩ ᠢ ᠪᠠᠶᠢᠭᠤᠯᠤᠨ ᠪᠦᠲᠦᠭᠡᠬᠦ ᠬᠡᠷᠡᠭᠲᠡᠢ᠃ ᠡᠨᠧᠷᠭᠢ ᠶᠢᠨ ᠰᠠᠭᠤᠷᠢ ᠪᠡᠯᠡᠳᠭᠡᠮᠵᠢ ᠶᠢᠨ ᠳᠠᠯ᠎ᠠ ᠪᠠᠷ᠂ ᠨᠢᠭᠡᠨᠳᠡ ᠤᠯᠤᠰ ᠤᠨ ᠳᠥᠯᠥᠪᠵᠢᠭᠦᠯᠭᠡ ᠳᠤ ᠵᠢᠭ᠌ᠰᠡᠭᠠᠨ ᠣᠷᠤᠭᠤᠯᠤᠭᠰᠠᠨ ᠴᠠᠬᠢᠯᠭᠠᠨ ᠬᠦᠴᠦᠨ ᠢ ᠭᠠᠳᠠᠭᠰᠢ ᠬᠥᠷᠭᠡᠬᠦ ᠨᠡᠪᠲᠡᠷᠡᠬᠦ ᠵᠠᠮ ᠤᠨ ᠡᠮᠥᠨᠡᠬᠢ ᠬᠤᠭᠤᠴᠠᠭᠠᠨ ᠤ ᠠᠵᠢᠯ ᠢ ᠳᠥᠷᠭᠡᠳᠭᠡᠨ ᠠᠬᠢᠭᠤᠯᠵᠤ᠂ ᠬᠡᠢ ᠳᠠᠮᠵᠢᠭᠤᠯᠬᠤ ᠬᠤᠭᠤᠯᠠᠢ ᠶᠢᠨ ᠨᠢᠭᠡ ᠪᠥᠯᠥᠭ ᠴᠢᠬᠤᠯᠠ ᠶᠡᠭᠡ ᠳᠥᠷᠥᠯ ᠵᠦᠢᠯ ᠤᠨ ᠪᠠᠷᠢᠯᠭ᠎ᠠ ᠶᠢ ᠡᠬᠢᠯᠡᠭᠦᠯᠦᠨ ᠪᠠᠶᠢᠭᠤᠯᠵᠤ᠂ ᠬᠡᠢ ᠨᠥᠭᠡᠴᠡᠯᠡᠬᠦ‍ ᠨᠢᠭᠡ ᠪᠥᠯᠥᠭ ᠪᠡᠯᠡᠳᠭᠡᠮᠵᠢ ᠶᠢ ᠪᠠᠶᠢᠭᠤᠯᠬᠤ ᠪᠠᠷ ᠪᠡᠯᠡᠳᠭᠡᠬᠦ ᠬᠡᠷᠡᠭᠲᠡᠢ᠃ ᠮᠡᠳᠡᠭᠡ ᠵᠠᠩᠭᠢ ᠶᠢᠨ ᠰᠠᠭᠤᠷᠢ ᠪᠡᠯᠡᠳᠭᠡᠮᠵᠢ ᠶᠢᠨ ᠳᠠᠯ᠎ᠠ ᠪᠠᠷ᠂ ᠬᠤᠳᠠ ᠪᠠᠯᠭᠠᠰᠤᠨ ᠤ ᠭᠡᠷᠡᠯᠯᠢᠭ ᠰᠢᠷᠬᠡᠭ ᠥᠷᠭᠡᠨ ᠪᠥᠰᠡᠳᠥ ᠰᠦᠯᠵᠢᠶ᠎ᠡ ᠶᠢᠨ ᠪᠥᠳᠥᠭᠡᠨ ᠪᠠᠶᠢᠭᠤᠯᠤᠯᠳᠠ ᠶᠢ ᠳᠥᠷᠭᠡᠳᠭᠡᠨ ᠠᠬᠢᠭᠤᠯᠵᠤ᠂ ᠮᠠᠯᠵᠢᠬᠤ ᠳᠠᠷᠢᠶᠠᠯᠠᠬᠤ ᠤᠷᠤᠨ ᠤ ᠥᠷᠭᠡᠨ ᠪᠥᠰᠡᠳᠥ ᠶᠢᠨ ᠬᠥᠭᠵᠢᠯᠳᠡ ᠪᠠ 4G ᠶᠢᠨ ᠰᠦᠯᠵᠢᠶᠡᠨ ᠤ ᠪᠦᠷᠬᠦᠴᠡ ᠶᠢ ᠠᠬᠢᠭᠤᠯᠵᠤ᠂ ᠮᠤᠵᠢ ᠶᠢᠨ ᠬᠤᠭᠤᠷᠤᠨᠳᠤᠬᠢ ᠭᠤᠤᠯ ᠱᠤᠭᠤᠮ ᠤᠨ ᠭᠡᠷᠡᠯᠯᠢᠭ ᠳᠠᠳᠠᠯᠭ᠎ᠠ ᠪᠠᠷ ᠰᠦᠯᠵᠢᠶ᠎ᠡ ᠳᠠᠮᠵᠢᠭᠤᠯᠬᠤ ᠵᠠᠮᠨᠠᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃      ᠭᠤᠷᠪᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠠᠵᠤ ᠠᠬᠤᠢ ᠶᠢᠨ ᠬᠥᠭᠵᠢᠯᠳᠡ ᠶᠢᠨ ᠬᠥᠳᠡᠯᠭᠡᠬᠦ ᠬᠥᠴᠥᠨ ᠤ ᠬᠤᠪᠢᠰᠤᠯᠳᠠ ᠶᠢ ᠬᠥᠴᠥᠯᠡᠨ ᠠᠬᠢᠭᠤᠯᠤᠨ᠎ᠠ      ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠩᠭᠢᠯᠠᠭ᠎ᠠ ᠶᠢᠨ ᠨᠡᠶᠢᠳᠡᠴᠢ ᠴᠢᠨᠠᠷᠳᠠᠢ ᠮᠡᠷᠭᠡᠵᠢᠯ ᠤᠨ ᠪᠤᠭᠤᠮᠳᠠ ᠰᠢᠪᠲᠤᠯᠬᠤ᠂ ᠪᠤᠳᠠᠳᠤ ᠬᠡᠷᠡᠭᠯᠡᠭᠡᠨ ᠤ ᠳᠡᠭᠡᠳᠥ ᠰᠢᠨ᠎ᠡ ᠮᠡᠷᠭᠡᠵᠢᠯ ᠤᠨ ᠦᠷ᠎ᠡ ᠪᠥᠳᠥᠭᠡᠯ ᠤᠨ ᠤᠯᠠᠷᠢᠭᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠨ᠎ᠡ ᠶᠢ ᠡᠭᠦᠳᠬᠦ ᠴᠢᠳᠠᠪᠤᠷᠢᠳᠠᠨ ᠤ ᠳᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠳᠠ ᠵᠡᠷᠭᠡ ︽ᠭᠤᠷᠪᠠᠨ ᠳᠤᠮᠤ ᠢᠨᠵᠧᠨᠧᠷᠢᠩ︾ ᠢ ᠳᠥᠷᠭᠡᠳᠭᠡᠨ ᠠᠬᠢᠭᠤᠯᠵᠤ᠂ ᠤᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠪᠠᠶᠢᠭᠤᠯᠬᠤ ᠳᠤ ᠪᠠᠶᠢᠯᠳᠤᠬᠤ ᠪᠤᠳᠤᠯᠭ᠎ᠠ ᠶᠢᠨ ᠳᠤᠯᠭᠠᠭᠤᠷᠢᠯᠠᠯ ᠬᠠᠩᠭᠠᠬᠤ ᠬᠡᠷᠡᠭᠲᠡᠢ᠃      ᠵᠠᠩᠭᠢᠯᠠᠭ᠎ᠠ ᠶᠢᠨ ᠨᠡᠶᠢᠳᠡᠴᠢ ᠴᠢᠨᠠᠷᠳᠠᠢ ᠮᠡᠷᠭᠡᠵᠢᠯ ᠤᠨ ᠪᠤᠭᠤᠮᠳᠠ ᠰᠢᠪᠲᠤᠯᠬᠤ ᠶᠢ ᠴᠢᠩᠭᠠᠳᠬᠠᠨ᠎ᠠ᠃ ᠨᠡᠭᠦᠷᠡᠰᠥ ᠵᠡᠷᠭᠡ ᠠᠭᠤᠷᠬᠠᠢ ᠶᠢᠨ ᠡᠬᠢ ᠪᠠᠶᠠᠯᠢᠭ ᠢ ᠡᠷᠴᠢᠮᠵᠢᠭᠦᠯᠦᠨ ᠨᠡᠭᠡᠭᠡᠨ ᠬᠥᠭᠵᠢᠭᠦᠯᠬᠦ ᠪᠠ ᠨᠠᠷᠢᠯᠢᠬ ᠭᠦᠨ ᠪᠤᠯᠪᠠᠰᠤᠷᠠᠭᠤᠯᠬᠤ᠂ ᠳᠠᠬᠢᠨ ᠡᠭᠦᠰᠴᠤ ᠪᠤᠯᠬᠤ ᠡᠨᠧᠷᠭᠢ ᠶᠢᠨ ᠨᠥᠭᠡᠴᠡᠯᠡᠬᠦ ᠳᠤᠤᠷ ᠢ ᠨᠡᠶᠢᠯᠡᠭᠦᠯᠬᠦ᠂ ᠲᠣᠨᠤᠭ ᠲᠦᠬᠦᠭᠡᠷᠦᠮᠵᠢ ᠶᠢᠨ ᠤᠶᠤᠨᠴᠢᠯᠠᠨ ᠥᠭᠡᠷᠡᠴᠢᠯᠡᠬᠦ᠂ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠵᠡᠷᠭᠡ ᠬᠦᠷᠢᠶ᠎ᠡ ᠴᠠᠷᠠᠭ᠎ᠠ ᠳᠠᠬᠢ ᠵᠠᠩᠭᠢᠯᠠᠭ᠎ᠠ ᠶᠢᠨ ᠮᠡᠷᠭᠡᠵᠢᠯ ᠤᠨ ᠳᠤᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠡ ᠪᠥᠯᠥᠭ ᠴᠢᠬᠤᠯᠠ ᠶᠡᠭᠡ ᠳᠤᠰᠬᠠᠢ ᠵᠦᠢᠯ ᠤᠳ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠮᠡᠯ ᠤᠶᠤᠨ᠂ ᠤᠰᠤᠳᠥ᠋ᠷᠥᠭᠴᠢ ᠲᠡᠩᠴᠡᠯ ᠢᠶᠤᠨᠲᠤ ᠪᠡᠶ᠎ᠡ ᠶᠢᠨ ᠨᠡᠭᠦᠷᠡᠰᠥ ᠪᠠᠷ ᠠᠼᠧᠲ᠋ᠢᠯᠧᠨ ᠬᠢᠬᠦ᠂ ᠨᠡᠭᠦᠷᠡᠰᠥ ᠪᠠᠷ ᠰᠠᠭᠤᠷᠢᠯᠠᠨ ᠤᠰᠤᠳᠥ᠋ᠷᠥᠭᠴᠢ ᠬᠢᠬᠦ ᠵᠡᠷᠭᠡ ᠮᠡᠷᠭᠡᠵᠢᠯ ᠤᠨ ᠬᠡᠷᠡᠭᠯᠡᠭᠡᠨ ᠤ ᠳᠠᠯ᠎ᠠ ᠳᠤ ᠰᠢᠪᠳᠤᠯᠤᠯᠳᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃      ᠪᠤᠳᠠᠳᠤ ᠬᠡᠷᠡᠭᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠥᠳᠥᠭᠡᠯ ᠤᠨ ᠤᠯᠠᠷᠢᠭᠤᠯᠤᠯᠳᠠ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠥᠳᠥᠭᠡᠯ ᠢ ᠤᠯᠠᠷᠢᠭᠤᠯᠬᠤ ᠶᠢᠨ ᠤᠷᠮᠠᠰᠢᠭᠤᠯᠬᠤ ᠳᠤᠭᠳᠠᠴᠠ ᠶᠢ ᠳᠡᠭᠦᠯᠳᠡᠷᠵᠢᠭᠦᠯᠵᠦ᠂ ᠮᠡᠳᠡᠯᠭᠡ ᠶᠢᠨ ᠥᠷᠳᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠤᠯᠭᠠᠭᠰᠠᠨ ᠬᠤᠪᠢᠶᠠᠷᠢᠯᠠᠯᠳᠠ ᠶᠢᠨ ᠳᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠥᠳᠥᠭᠡᠯ ᠤᠨ ᠤᠯᠠᠷᠢᠭᠤᠯᠬᠤ ᠶᠢ ᠠᠬᠢᠭᠤᠯᠬᠤ ᠳᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠳᠤᠮᠤ ᠳ᠋ᠡᠶᠢᠲ᠋ᠠ ᠶᠢᠨ ᠡᠭᠦᠯᠡᠨ ᠪᠤᠳᠤᠯᠳᠠ ᠪᠠᠷ ᠭᠤᠤᠯᠯᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠥᠳᠥᠭᠡᠯ ᠢ ᠤᠯᠠᠷᠢᠭᠤᠯᠬᠤ ᠦᠢᠯᠡᠴᠢᠯᠡᠭᠡᠨ ᠤ ᠰᠢᠰᠲ᠋ᠧᠮᠵᠢ ᠶᠢ ᠰᠢᠯᠢᠳᠡᠭᠵᠢᠭᠦᠯᠵᠦ᠂ ᠮᠡᠷᠭᠡᠵᠢᠯ ᠤᠨ ᠦᠷ᠎ᠡ ᠪᠥᠳᠥᠭᠡᠯ ᠢ ᠤᠯᠠᠷᠢᠭᠤᠯᠬᠤ ᠪᠠ ᠠᠵᠤ ᠦᠢᠯᠡᠰᠵᠢᠭᠦᠯᠬᠦ ᠶᠢ ᠶᠡᠬᠡᠪᠡᠷ ᠠᠬᠢᠭᠤᠯᠵᠤ᠂ ᠮᠡᠷᠭᠡᠵᠢᠯ ᠤᠨ ᠰᠤᠯᠢᠯᠴᠠᠭᠠᠨ ᠤ ᠨᠤᠷᠮ᠎ᠠ ᠶᠢ 30% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ᠃ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃      ᠰᠢᠨ᠎ᠡ ᠶᠢ ᠡᠭᠦᠳᠬᠦ ᠳᠠᠪᠴᠠᠩ ᠤᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠤᠯᠤᠰ ᠤᠨ ᠳᠡᠰ ᠤᠨ ᠰᠢᠨ᠎ᠡ ᠶᠢ ᠡᠭᠦᠳᠬᠦ ᠳᠠᠪᠴᠠᠩ ᠢ 2 ᠠᠴᠠ ᠳᠡᠭᠡᠭᠰᠢ᠂ ᠥᠪᠡᠷᠳᠡᠭᠡᠨ ᠵᠠᠰᠠᠬᠤ ᠤᠷᠤᠨ ᠤ ᠳᠡᠰ ᠤᠨ ᠰᠢᠨ᠎ᠡ ᠶᠢ ᠡᠭᠦᠳᠬᠦ ᠳᠠᠪᠴᠠᠩ ᠢ 30 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ᠃ ᠳᠤᠮᠤ ᠳ᠋ᠡᠶᠢᠲ᠋ᠠ ᠶᠢᠨ ᠰᠤᠳᠤᠯᠭᠠᠨ ᠤ ᠬᠥᠷᠢᠶᠡᠯᠡᠩ᠂ ᠮᠤᠩᠭᠤᠯ ᠬᠢᠳᠠᠳ ᠡᠮ ᠡᠮᠨᠡᠯᠭᠡ ᠶᠢᠨ ᠰᠤᠳᠤᠯᠭᠠᠨ ᠤ ᠬᠥᠷᠢᠶᠡᠯᠡᠩ᠂ ︽ᠨᠢᠭᠡ ᠪᠥᠰᠡ ᠨᠢᠭᠡ ᠵᠠᠮ︾ ᠤᠨ ᠴᠦᠯᠯᠡᠷᠬᠡᠭᠵᠢᠯ ᠢ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠥᠷᠢᠶᠡᠯᠡᠩ ᠵᠡᠷᠭᠡ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠨᠤᠭᠤᠳ ᠢ ᠪᠥᠳᠥᠭᠡᠨ ᠪᠠᠶᠢᠭᠤᠯᠬᠤ ᠶᠢ ᠳᠡᠮᠵᠢᠵᠦ᠂ ᠬᠥᠬᠡᠬᠤᠳᠠ ᠪᠤᠭᠤᠳᠤ ᠤᠷᠳᠤᠰ ᠵᠡᠷᠭᠡ ᠭᠠᠵᠠᠷ ᠤᠷᠤᠨ ᠤ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠤᠯᠤᠰ ᠤᠨ ᠵᠢᠱᠢᠶ᠎ᠡ ᠦᠵᠡᠭᠦᠯᠬᠦ ᠳᠤᠭᠤᠷᠢᠭ ᠢ ᠡᠭᠦᠳᠥᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠳᠡᠭᠡᠳᠥ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠳᠡᠭᠡᠳᠥ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 150 ᠰᠢᠨ᠎ᠡ ᠪᠠᠷ ᠨᠡᠮᠡᠭᠳᠡᠭᠦᠯᠦᠨ᠎ᠡ᠃ ᠪᠤᠭᠤᠳᠤ ᠶᠢᠨ ᠬᠤᠪᠤᠷ ᠰᠢᠷᠤᠢ ᠶᠢᠨ ᠳᠡᠭᠡᠳᠥ ᠰᠢᠨ᠎ᠡ ᠮᠡᠷᠭᠡᠵᠢᠯ ᠤᠨ ᠳᠤᠭᠤᠷᠢᠭ ᠲᠠᠬᠢ ᠤᠯᠤᠰ ᠤᠨ ᠳᠡᠰ ᠤᠨ ︽ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ︾ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠳᠥᠷᠭᠡᠳᠭᠡᠨ ᠪᠠᠶᠢᠭᠤᠯᠵᠤ᠂ ᠥᠪᠡᠷᠳᠡᠭᠡᠨ ᠵᠠᠰᠠᠬᠤ ᠤᠷᠤᠨ ᠤ ᠳᠡᠰ ᠤᠨ ︽ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ︾ ᠶᠢᠨ 10 ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠢᠨ᠎ᠡ ᠪᠠᠷ ᠮᠠᠭᠠᠳᠯᠠᠨ ᠳᠤᠭᠳᠠᠭᠠᠵᠤ᠂ ᠤᠯᠠᠨ ᠢᠶᠠᠷ ᠢᠶᠠᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠨ ᠵᠠᠢ ᠶᠢ 150 ᠪᠠᠶᠢᠭᠤᠯᠬᠤ ᠪᠠᠷ ᠠᠬᠢᠭᠤᠯᠬᠤ ᠬᠡᠷᠡᠭᠲᠡᠢ᠃ ᠪᠠᠷᠢᠮᠵᠢᠶᠠᠵᠢᠬᠰᠠᠨ ᠭᠤᠷᠪᠠᠨ ᠵᠢᠯ ᠤᠨ ᠳᠡᠪᠰᠢᠭᠦᠯᠬᠦ ᠳᠥᠯᠥᠪᠯᠡᠭᠡ ᠶᠢ ᠬᠡᠷᠡᠭᠵᠢᠭᠦᠯᠵᠦ᠂ ᠦᠢᠯᠡᠳᠬᠦᠨ᠂ ᠢᠨᠵᠧᠨᠧᠷᠢᠩ ᠪᠠ ᠦᠢᠯᠡᠴᠢᠯᠡᠭᠡᠨ ᠤ ᠶᠠᠰᠤ ᠴᠢᠨᠠᠷ ᠢ ᠪᠦᠬᠦ ᠳᠠᠯ᠎ᠠ ᠪᠠᠷ ᠳᠡᠪᠰᠢᠭᠦᠯᠬᠦ ᠬᠡᠷᠡᠭᠲᠡᠢ᠃      ᠴᠡᠷᠢᠭ ᠪᠠ ᠠᠷᠠᠳ ᠤᠨ ᠬᠡᠷᠡᠭᠯᠡᠭᠡ ᠶᠢᠨ ᠠᠭᠤᠰᠤᠯᠴᠠᠨ ᠬᠦᠭᠵᠢᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠴᠡᠷᠢᠭ ᠤᠨ ᠠᠵᠤ ᠦᠢᠯᠡᠳᠪᠥᠷᠢ ᠶᠢᠨ ᠮᠡᠷᠭᠡᠵᠢᠯ ᠪᠠ ᠦᠢᠯᠡᠳᠬᠦᠨ ᠢ ᠠᠷᠠᠳ ᠤᠨ ᠬᠡᠷᠡᠭᠯᠡᠭᠡ ᠪᠣᠯᠭᠠᠬᠤ᠂ ᠠᠷᠠᠳ ᠤᠨ ᠬᠡᠷᠡᠭᠯᠡᠭᠡᠨ ᠤ ᠮᠡᠷᠭᠡᠵᠢᠯ ᠪᠠ ᠦᠢᠯᠡᠳᠬᠦᠨ ᠢ ᠴᠡᠷᠢᠭ ᠤᠨ ᠶᠠᠪᠤᠳᠠᠯ ᠤᠨ ᠬᠦᠷᠢᠶᠡᠨ ᠳᠤ ᠣᠷᠤᠭᠤᠯᠬᠤ ᠶᠢ ᠠᠬᠢᠭᠤᠯᠵᠤ᠂ ᠴᠡᠷᠢᠭ ᠪᠠ ᠠᠷᠠᠳ ᠤᠨ ᠬᠤᠶᠠᠷ ᠲᠠᠯ᠎ᠠ ᠪᠠᠷ ᠬᠡᠷᠡᠭᠯᠡᠬᠦ ᠮᠡᠷᠭᠡᠵᠢᠯ ᠢ ᠠᠵᠤ ᠦᠢᠯᠡᠰᠵᠢᠭᠦᠯᠬᠦ ᠶᠢ ᠳᠥᠷᠭᠡᠳᠭᠡᠵᠦ᠂ ᠴᠡᠷᠢᠭ ᠠᠩᠭᠢ ᠶᠢᠨ ᠠᠷᠤ ᠳᠠᠯ᠎ᠠ ᠶᠢᠨ ᠪᠠᠳᠤᠯᠠᠭ᠎ᠠ ᠶᠢᠨ ᠠᠵᠢᠯ ᠤᠨ ᠨᠡᠶᠢᠭᠡᠮᠴᠢᠯᠡᠬᠦ ᠶᠢ ᠠᠬᠢᠭᠤᠯᠵᠤ᠂ ᠪᠤᠭᠤᠳᠤ ᠶᠢᠨ ᠤᠯᠤᠰ ᠤᠨ ᠳᠡᠰ ᠤᠨ ᠴᠡᠷᠢᠭ ᠪᠠ ᠠᠷᠠᠳ ᠤᠨ ᠬᠡᠷᠡᠭᠯᠡᠭᠡ ᠶᠢᠨ ᠠᠭᠤᠰᠤᠯᠴᠠᠨ ᠰᠢᠨ᠎ᠡ ᠶᠢ ᠡᠭᠦᠳᠥᠨ ᠵᠢᠱᠢᠶ᠎ᠡ ᠦᠵᠡᠭᠦᠯᠬᠦ ᠳᠤᠭᠤᠷᠢᠭ ᠢ ᠡᠭᠦᠳᠥᠨ ᠪᠠᠶᠢᠭᠤᠯᠬᠤ ᠬᠡᠷᠡᠭᠡᠲᠡᠢ᠃      ᠳᠥᠷᠪᠡ᠂ ᠬᠥᠳᠡᠭᠡ ᠳᠤᠰᠬᠤᠨ ᠢ ᠭᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠮᠠᠯᠵᠢᠬᠤ ᠳᠠᠷᠢᠶᠠᠯᠠᠬᠤ ᠤᠷᠤᠨ᠂ ᠮᠠᠯ ᠲᠠᠷᠢᠶᠠᠯᠠᠩ᠂ ᠮᠠᠯᠴᠢᠨ ᠳᠠᠷᠢᠶᠠᠴᠢᠨ︾ ᠤ ᠠᠰᠠᠭᠤᠳᠠᠯ ᠢ ᠬᠦᠴᠦᠯᠡᠨ ᠰᠠᠶᠢᠳᠤᠷ ᠰᠢᠢᠳᠪᠦᠷᠢᠯᠡᠨ᠎ᠡ      ᠠᠵᠤ ᠦᠢᠯᠡᠰ ᠨᠢ ᠬᠦᠭᠵᠢᠨ ᠮᠠᠨᠳᠤᠭᠰᠠᠨ᠂ ᠠᠮᠢ ᠠᠬᠤᠢ ᠨᠢ ᠤᠷᠤᠰᠢᠨ ᠰᠠᠭᠤᠷᠢᠰᠢᠬᠤ ᠳᠤ ᠳᠤᠬᠢᠷᠠᠮᠵᠢᠳᠠᠢ᠂ ᠬᠥᠳᠡᠭᠡ ᠶᠢᠨ ᠰᠤᠷᠳᠠᠯ ᠨᠢ ᠪᠤᠯᠪᠠᠰᠤᠨ᠂ ᠵᠠᠰᠠᠯᠳᠠ ᠨᠢ ᠪᠥᠳᠥᠮᠵᠢᠳᠡᠢ᠂ ᠠᠮᠢᠳᠤᠷᠠᠯ ᠨᠢ ᠪᠠᠶᠠᠨ ᠴᠢᠨᠡᠭᠡᠯᠢᠭ ᠪᠠᠶᠢᠬᠤ ᠶᠡᠷᠥᠩᠭᠡᠢ ᠱᠠᠭᠠᠷᠳᠠᠯᠭ᠎ᠠ ᠶᠤᠰᠤᠭᠠᠷ᠂ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠳᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠳᠤᠭᠳᠠᠭᠠᠵᠤ᠂ ᠮᠠᠯ ᠳᠠᠷᠢᠶᠠᠯᠠᠩ ᠮᠠᠯᠵᠢᠬᠤ ᠳᠠᠷᠢᠶᠠᠯᠠᠬᠤ ᠤᠷᠤᠨ ᠤ ᠤᠳᠤᠬᠢᠴᠢᠯᠠᠯᠳᠠ ᠶᠢ ᠳᠥᠷᠭᠡᠳᠭᠡᠨ ᠠᠬᠢᠭᠤᠯᠬᠤ ᠬᠡᠷᠡᠭᠲᠡᠢ᠃      ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠳᠤᠭᠳᠠᠴᠠ ᠶᠢ ᠪᠥᠷᠢᠨᠰᠢᠭᠦᠯᠦᠨ᠎ᠡ᠃ ᠬᠥᠴᠥᠨ ᠵᠦᠢᠯ ᠢ ᠬᠥᠳᠡᠭᠡ ᠪᠠᠭᠤᠯᠭᠠᠬᠤ ᠲᠠᠯ᠎ᠠ ᠪᠠᠷ ᠬᠢ ᠡᠯ᠎ᠡ ᠵᠦᠢᠯ ᠤᠨ ᠬᠠᠷᠰᠢ ᠰᠠᠭᠠᠳ ᠢ ᠠᠷᠢᠯᠭᠠᠵᠤ᠂ ᠬᠥᠷᠥᠩᠭᠡ᠂ ᠮᠡᠷᠭᠡᠵᠢᠯ᠂ ᠴᠢᠳᠠᠪᠤᠷᠢᠳᠠᠨ ᠵᠡᠷᠭᠡ ᠬᠥᠴᠥᠨ ᠵᠦᠢᠯ ᠤᠳ ᠢ ᠲᠠᠲᠠᠵᠤ ᠮᠠᠯᠵᠢᠬᠤ ᠳᠠᠷᠢᠶᠠᠯᠠᠬᠤ ᠤᠷᠤᠨ ᠥᠭᠡᠳᠡ ᠢᠯᠡᠭᠦᠦ ᠰᠢᠯᠵᠢᠭᠦᠯᠬᠦ ᠬᠡᠷᠡᠭᠲᠡᠢ᠃ ᠨᠢᠭᠡ ᠳᠤ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠶᠢᠨ ᠳᠥᠷᠢᠮ ᠤᠨ ᠥᠭᠡᠷᠡᠴᠢᠯᠡᠯᠳᠡ ᠶᠢ ᠭᠦᠨᠵᠡᠭᠡᠶᠢᠷᠡᠭᠦᠯᠦᠨ᠎ᠡ᠃ ᠮᠠᠯᠵᠢᠬᠤ ᠳᠠᠷᠢᠶᠠᠯᠠᠬᠤ ᠤᠷᠤᠨ ᠤ ᠭᠠᠵᠠᠷ ᠰᠢᠷᠤᠢ ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠨ ᠲᠣᠬᠢᠷᠠᠭᠤᠯᠬᠤ︾ ᠳᠥᠷᠥ ᠶᠢᠨ ᠪᠤᠳᠤᠯᠭ᠎ᠠ ᠪᠠ ᠬᠤᠶᠠᠳᠤᠭᠠᠷ ᠡᠭᠡᠯᠵᠢ ᠶᠢᠨ ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠭᠠᠳ ᠭᠤᠴᠢᠨ ᠵᠢᠯ ᠤᠷᠳᠤᠳᠬᠠᠬᠤ ᠳᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠭᠠᠵᠠᠷ ᠰᠢᠷᠤᠢ ᠶᠢᠨ ᠡᠷᠬᠡ ᠶᠢ ᠳᠤᠭᠳᠠᠭᠠᠨ ᠳᠠᠩᠰᠠᠯᠠᠵᠤ ᠦᠨᠡᠮᠯᠡᠯ ᠤᠯᠭᠤᠬᠤ ᠠᠵᠢᠯ ᠢ ᠦᠨᠳᠦᠰᠦᠨ ᠳᠤᠨᠢ ᠪᠡᠶᠡᠯᠡᠭᠦᠯᠬᠦ ᠬᠡᠷᠡᠭᠲᠡᠢ᠃ ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠬᠠᠮᠳᠤ ᠶᠢᠨ ᠥᠮᠴᠢᠯᠡᠯ ᠤᠨ ᠡᠷᠬᠡ ᠶᠢᠨ ᠳᠥᠷᠢᠮ ᠤᠨ ᠥᠭᠡᠷᠡᠴᠢᠯᠡᠯᠳᠡ ᠶᠢ ᠭᠦᠨᠵᠡᠭᠡᠶᠢᠷᠡᠭᠦᠯᠦᠨ᠎ᠡ᠃ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠥᠮᠴᠢᠯᠡᠯ ᠤᠨ ᠡᠷᠬᠡ ᠶᠢᠨ ᠳᠥᠷᠢᠮ ᠤᠨ ᠥᠭᠡᠷᠡᠴᠢᠯᠡᠯᠳᠡ ᠶᠢᠨ ᠬᠡᠷᠡᠭᠵᠢᠭᠦᠯᠬᠦ ᠰᠠᠨᠠᠯ ᠢ ᠳᠤᠭᠳᠠᠭᠠᠵᠤ᠂ ᠬᠥᠳᠡᠭᠡ ᠳᠤᠰᠬᠤᠨ ᠤ ᠭᠠᠵᠠᠷ ᠰᠢᠷᠤᠢ ᠶᠢ ᠳᠠᠳᠠᠪᠤᠷᠢᠯᠠᠬᠤ᠂ ᠬᠠᠮᠳᠤ ᠶᠢᠨ ᠪᠥᠳᠥᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠤᠷᠤᠭᠤᠯᠬᠤ᠂ ᠬᠥᠳᠡᠭᠡ ᠳᠤᠰᠬᠤᠨ ᠤ ᠭᠡᠷ ᠪᠠᠷᠢᠬᠤ ᠰᠠᠭᠤᠷᠢ ᠭᠠᠵᠠᠷ᠂ ᠮᠠᠯᠵᠢᠬᠤ ᠳᠠᠷᠢᠶᠠᠯᠠᠬᠤ ᠤᠷᠤᠨ ᠤ ᠭᠠᠵᠠᠷ ᠰᠢᠷᠤᠢ ︵ᠬᠠᠳᠤᠯᠠᠩ ᠪᠡᠯᠴᠢᠭᠡᠷ︶ ᠶᠢᠨ ᠪᠠᠷᠢᠴᠠᠭᠠᠲᠤ ᠵᠢᠭᠡᠯᠡᠯᠭᠡ ᠵᠡᠷᠭᠡ ᠥᠭᠡᠷᠡᠴᠢᠯᠡᠯᠳᠡ ᠶᠢᠨ ᠳᠤᠷᠰᠢᠯᠳᠠ ᠶᠢᠨ ᠠᠵᠢᠯ ᠢ ᠠᠬᠢᠭᠤᠯᠬᠤ ᠬᠡᠷᠡᠭᠲᠡᠢ᠃ ᠭᠤᠷᠪᠠ ᠳᠤ ᠳᠠᠷᠢᠶᠠᠯᠠᠩ ᠮᠠᠯ ᠠᠵᠤ ᠠᠬᠤᠢ ᠶᠢ ᠳᠡᠮᠵᠢᠵᠤ ᠬᠠᠮᠠᠭᠠᠯᠠᠬᠤ ᠳᠥᠷᠥ ᠶᠢᠨ ᠪᠤᠳᠤᠯᠭ᠎ᠠ ᠶᠢ ᠳᠡᠭᠦᠯᠳᠡᠷᠵᠢᠭᠦᠯᠦᠨ᠎ᠡ᠃ ᠠᠮᠤ ᠪᠤᠳᠠᠭ᠎ᠠ ᠶᠢ ᠬᠤᠷᠢᠶᠠᠨ ᠨᠥᠬᠡᠴᠡᠯᠡᠬᠦ ᠳᠥᠷᠢᠮ ᠤᠨ ᠥᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠳᠠᠷᠢᠶᠠᠯᠠᠩ ᠮᠠᠯ ᠠᠵᠤ ᠠᠬᠤᠢ ᠶᠢᠨ ᠡᠯ᠎ᠡ ᠵᠦᠢᠯ ᠤᠨ ᠨᠥᠭᠦᠪᠥᠷᠢ ᠶᠢᠨ ᠳᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠢᠳᠡᠪᠬᠢᠳᠡᠢ ᠪᠦᠭᠡᠳ ᠪᠦᠲᠦᠮᠵᠢᠲᠠᠢ ᠴᠢᠳᠠᠪᠤᠷᠢᠳᠠᠨ ᠤ ᠳᠥᠷᠥ ᠶᠢᠨ ᠪᠤᠳᠤᠯᠭ᠎ᠠ ᠶᠢ ᠬᠡᠷᠡᠭᠵᠢᠭᠦᠯᠵᠦ᠂ ᠳᠠᠷᠢᠶᠠᠯᠠᠩ ᠮᠠᠯ ᠠᠵᠤ ᠠᠬᠤᠢ ᠶᠢ ᠤᠶᠢᠯᠠᠭᠠᠳᠠᠭ᠂ ᠬᠦᠳᠡᠭᠡ ᠲᠤᠰᠬᠤᠨ ᠳᠤ ᠬᠠᠶᠢᠷᠠᠳᠠᠢ᠂ ᠮᠠᠯᠴᠢᠨ ᠳᠠᠷᠢᠶᠠᠴᠢᠨ ᠳᠤ ᠬᠠᠶᠢᠷᠠᠳᠠᠢ ᠪᠠᠶᠢᠳᠠᠭ ᠨᠢᠭᠡᠨ ᠰᠠᠯᠠᠭ᠎ᠠ ︽ᠮᠠᠯᠵᠢᠬᠤ ᠳᠠᠷᠢᠶᠠᠯᠠᠬᠤ ᠤᠷᠤᠨ ᠮᠠᠯ ᠲᠠᠷᠢᠶᠠᠯᠠᠩ ᠮᠠᠯᠴᠢᠨ ᠳᠠᠷᠢᠶᠠᠴᠢᠨ︾ ᠤ ᠠᠵᠢᠯᠳᠠᠨ ᠤ ᠡᠩᠨᠡᠭᠡ ᠶᠢ ᠬᠥᠮᠥᠵᠢᠭᠦᠯᠵᠤ ᠭᠠᠷᠭᠠᠬᠤ ᠬᠡᠷᠡᠭᠲᠡᠢ᠃      ᠳᠠᠷᠢᠶᠠᠯᠠᠩ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠥᠭᠡᠷᠡᠴᠢᠯᠡᠯᠳᠡ ᠶᠢ ᠠᠬᠢᠭᠤᠯᠤᠨ᠎ᠠ᠃ ᠶᠠᠰᠤ ᠴᠢᠨᠠᠷ ᠢᠶᠠᠷ ᠳᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ ᠪᠠ ᠪᠤᠬᠢᠷᠳᠤᠯ ᠦᠭᠡᠢ ᠪᠠᠷ ᠳᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ ᠶᠢ ᠪᠠᠷᠢᠮᠳᠠᠯᠠᠵᠤ᠂ ᠳᠠᠷᠢᠶᠠᠯᠠᠩ ᠮᠠᠯ ᠠᠵᠤ ᠠᠬᠤᠢ ᠶᠢ ᠤᠨᠠᠯᠲᠠ ᠭᠠᠷᠤᠯᠳᠠ ᠪᠠᠷ ᠤᠳᠤᠷᠢᠳᠤᠮᠵᠢ ᠪᠣᠯᠭᠠᠵᠤ ᠪᠠᠶᠢᠭᠰᠠᠨ ᠠᠴᠠ ᠶᠠᠰᠤ ᠴᠢᠨᠠᠷ ᠦᠷ᠎ᠡ ᠠᠰᠢᠭ ᠢᠶᠠᠷ ᠤᠳᠤᠷᠢᠳᠤᠮᠵᠢ ᠪᠣᠯᠭᠠᠬᠤ ᠳᠡᠰᠢ ᠰᠢᠯᠵᠢᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠬᠤ ᠬᠡᠷᠡᠭᠲᠡᠢ᠃ ᠨᠢᠭᠡ ᠳᠤ ᠠᠮᠤ ᠪᠤᠳᠠᠭᠠᠨ ᠤ ᠦᠢᠯᠡᠳᠪᠥᠷᠢᠯᠡᠯ ᠢ ᠲᠣᠭᠲᠠᠭᠤᠨ ᠪᠠᠶᠢᠯᠭᠠᠵᠤ᠂ ᠵᠠᠭᠤᠨ ᠳ᠋ᠥᠡᠭᠰᠢᠭᠤᠷ ᠵᠢᠩ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠳᠤᠮᠤ ᠳᠤᠮᠳᠠ ᠬᠡᠯᠪᠡᠷᠢ ᠶᠢᠨ ᠤᠰᠤᠯᠠᠯᠳᠠ ᠶᠢᠨ ᠤᠷᠤᠨ ᠤ ᠳᠠᠷᠢᠶᠠᠯᠠᠩ ᠤᠨ ᠤᠰᠤ ᠠᠷᠪᠢᠯᠠᠬᠤ ᠶᠡᠷᠥᠩᠭᠡᠶᠢᠯᠡᠭᠰᠡᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ 500 ᠳᠥᠮᠡᠨ ᠮᠦ ᠶᠢᠨ ᠥᠨᠳᠥᠷ ᠪᠠᠷᠢᠮᠵᠢᠶᠠᠳᠤ ᠳᠠᠷᠢᠶᠠᠨ ᠭᠠᠵᠠᠷ ᠢ ᠪᠥᠳᠥᠭᠡᠨ ᠪᠠᠶᠢᠭᠤᠯᠬᠤ ᠬᠡᠷᠡᠭᠲᠡᠢ᠃ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠴᠢᠩᠭ᠎ᠠ ᠳᠥᠷᠢᠮ ᠢ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠳᠠᠷᠢᠬᠤ ᠳᠠᠯᠠᠪᠠᠢ ᠪᠠ ᠶᠡᠷᠥᠩᠭᠡᠶᠢᠯᠡᠭᠰᠡᠨ ᠦᠢᠯᠡᠳᠪᠥᠷᠢᠯᠡᠯ ᠤᠨ ᠴᠢᠳᠠᠪᠤᠷᠢ ᠶᠢ ᠲᠣᠭᠲᠠᠭᠤᠨ ᠪᠠᠶᠢᠯᠭᠠᠬᠤ ᠬᠡᠷᠡᠭᠲᠡᠢ᠃ ᠬᠤᠶᠠᠷ ᠲᠤ ᠳᠠᠷᠢᠮᠠᠯ ᠤᠨ ᠦᠢᠯᠡᠰ ᠤᠨ ᠪᠥᠳᠥᠴᠡ ᠶᠢ ᠰᠢᠯᠢᠳᠡᠭᠵᠢᠭᠦᠯᠵᠦ᠂ ᠠᠮᠤ ᠪᠤᠳᠠᠭᠠᠨ ᠤ ᠦᠢᠯᠡᠳᠪᠥᠷᠢᠯᠡᠯ ᠤᠨ ᠴᠢᠳᠠᠮᠵᠢᠳᠤ ᠣᠷᠣᠨ ᠪᠠ ᠴᠢᠬᠤᠯᠠ ᠪᠦᠬᠦᠢ ᠳᠠᠷᠢᠶᠠᠯᠠᠩ ᠤᠨ ᠪᠥᠳᠥᠭᠡᠭᠳᠡᠭᠦᠨ ᠤ ᠦᠢᠯᠡᠳᠪᠦᠷᠢᠯᠡᠵᠦ ᠬᠠᠮᠠᠭᠠᠯᠠᠬᠤ ᠣᠷᠣᠨ ᠢ ᠬᠤᠪᠢᠶᠠᠷᠢᠯᠠᠨ ᠳᠤᠭᠳᠠᠭᠠᠬᠤ ᠠᠵᠢᠯ ᠢ ᠡᠬᠢᠯᠡᠭᠦᠯᠵᠦ᠂ ᠲᠠᠷᠢᠶᠠᠯᠠᠬᠤ ᠭᠠᠵᠠᠷ ᠤᠨ ᠡᠭᠡᠯᠵᠢᠯᠡᠨ ᠳᠠᠷᠢᠬᠤ ᠪᠠ ᠥᠨᠵᠢᠭᠦᠯᠵᠦ ᠳᠠᠷᠢᠬᠤ ᠳᠥᠷᠢᠮ ᠤᠨ ᠳᠤᠷᠰᠢᠯᠳᠠ ᠶᠢ ᠥᠷᠭᠡᠳᠭᠡᠵᠦ᠂ ᠠᠮᠤ ᠪᠤᠳᠠᠭᠠᠨ ᠤ ᠨᠦᠬᠡᠴᠡᠯᠡᠵᠦ ᠬᠠᠳᠠᠭᠠᠯᠠᠬᠤ ᠶᠢ ᠪᠠᠭᠠᠰᠬᠠᠬᠤ ᠡᠷᠴᠢᠮ ᠢ ᠴᠢᠩᠭᠠᠷᠠᠭᠤᠯᠵᠤ᠂ ᠪᠤᠷᠤᠳᠤᠬᠤᠢ ᠶᠢᠨ ᠭᠠᠵᠠᠷ ᠤᠷᠤᠨ ᠳᠤ ︽ᠬᠤᠵᠢᠷᠯᠢᠬ ᠭᠠᠵᠠᠷ ᠢ ᠰᠠᠶᠢᠵᠢᠷᠠᠭᠤᠯᠤᠨ ᠡᠪᠡᠰᠦ ᠪᠤᠷᠳᠤᠭ᠎ᠠ ᠶᠢ ᠨᠡᠮᠡᠭᠳᠡᠭᠦᠯᠦᠨ ᠮᠠᠯ ᠠᠵᠤ ᠠᠬᠤᠢ ᠶᠢ ᠬᠥᠭᠵᠢᠭᠦᠯᠬᠦ︾ ᠳᠤᠷᠰᠢᠯᠳᠠ ᠶᠢᠨ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠭᠤᠷᠪᠠ ᠳᠤ ᠤᠳᠤ ᠦᠶ᠎ᠡ ᠶᠢᠨ ᠮᠠᠯ ᠠᠵᠤ ᠠᠬᠤᠢ ᠶᠢ ᠬᠥᠭᠵᠢᠭᠦᠯᠵᠦ᠂ ᠮᠠᠯ ᠠᠵᠤ ᠠᠬᠤᠢ ᠶᠢᠨ ᠪᠠᠷᠢᠮᠵᠢᠶᠠᠵᠢᠬᠰᠠᠨ ᠬᠡᠪᠴᠢᠶᠡᠳᠥ ᠳᠡᠵᠢᠭᠡᠪᠥᠷᠢ ᠶᠢ ᠪᠦᠬᠦ ᠳᠠᠯ᠎ᠠ ᠪᠠᠷ ᠠᠬᠢᠭᠤᠯᠵᠤ᠂ ᠢᠳᠡᠰᠢᠨ ᠤ ᠬᠤᠨᠢ ᠦᠭᠡᠷ ᠤᠨ ᠪᠠᠷᠢᠮᠵᠢᠶᠠᠵᠢᠬᠰᠠᠨ ᠬᠡᠪᠴᠢᠶᠡᠳᠥ ᠳᠡᠵᠢᠭᠡᠪᠥᠷᠢ ᠶᠢᠨ ᠳᠠᠯᠠᠪᠠᠢ ᠶᠢ 200 ᠠᠴᠠ ᠳᠡᠭᠡᠭᠰᠢ ᠳᠡᠳᠭᠦᠨ ᠪᠠᠶᠢᠭᠤᠯᠵᠤ᠂ ᠳᠠᠷᠢᠵᠤ ᠳᠡᠵᠢᠭᠡᠬᠦ ᠶᠢ ᠤᠷᠴᠢᠯᠳᠤᠭᠤᠯᠤᠨ ᠨᠢᠭᠡ ᠴᠤᠭᠴᠠᠵᠢᠭᠤᠯᠬᠤ ᠶᠢ ᠪᠦᠬᠦᠯᠢ ᠰᠢᠶᠠᠨ ᠢᠶᠠᠷ ᠠᠬᠢᠭᠤᠯᠬᠤ ᠳᠤᠷᠰᠢᠯᠳᠠ ᠶᠢᠨ ᠳᠥᠷᠥᠯ ᠵᠦᠢᠯ ᠢ ᠬᠡᠷᠡᠭᠵᠢᠭᠦᠯᠬᠦ ᠬᠡᠷᠡᠭᠲᠡᠢ᠃ ᠳᠥᠷᠪᠡ ᠳᠤ ᠮᠠᠯ ᠳᠠᠷᠢᠶᠠᠯᠠᠩ ᠤᠨ ᠠᠰᠢᠭ ᠰᠢᠮ᠎ᠡ ᠶᠢᠨ ᠪᠥᠳᠥᠭᠡᠭᠳᠡᠭᠦᠨ ᠢ ᠨᠡᠷᠡᠲᠦ ᠲᠦᠷᠦᠯ ᠲᠡᠮᠳᠡᠭᠵᠢᠭᠦᠯᠬᠦ ᠪᠠᠶᠢᠭᠤᠯᠤᠯᠳᠠ ᠶᠢ ᠳᠥᠷᠭᠡᠳᠭᠡᠨ᠎ᠡ᠃ ᠪᠤᠬᠢᠷᠳᠤᠯ ᠦᠭᠡᠢ᠂ ᠤᠷᠭᠠᠨᠢᠭ᠂ ᠣᠯᠠᠨ ᠨᠡᠶᠢᠳᠡ ᠳᠤ ᠬᠤᠣᠷᠳᠠᠭᠳᠠᠯ ᠦᠭᠡᠢ ᠠᠵᠤ ᠦᠢᠯᠡᠰ ᠤᠨ ᠬᠥᠭᠵᠢᠯᠳᠡ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠵᠤ᠂ ᠨᠢᠭᠡ ᠪᠥᠯᠥᠭ ᠭᠠᠵᠠᠷ ᠵᠦᠢ ᠶᠢᠨ ᠲᠡᠮᠳᠡᠭ ᠲᠠᠢ ᠬᠠᠮᠠᠭᠠᠯᠠᠬᠤ ᠪᠦᠲᠦᠭᠡᠭᠳᠡᠬᠦᠨ ᠪᠠ ᠳᠠᠩᠰᠠᠯᠠᠭᠤᠯᠤᠭᠰᠠᠨ ᠳᠠᠸᠠᠷ ᠤᠨ ᠳᠡᠮᠳᠡᠭ ᠢ ᠪᠤᠶᠢᠵᠢᠭᠤᠯᠬᠤ ᠬᠡᠷᠡᠭᠲᠡᠢ᠃      ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠨᠢᠭᠡ ᠳᠤ ᠮᠠᠯᠵᠢᠬᠤ ᠳᠠᠷᠢᠶᠠᠯᠠᠬᠤ ᠤᠷᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠳᠤᠷᠰᠢᠯᠳᠠ ᠶᠢ ᠦᠷᠭᠦᠯᠵᠢᠯᠡᠨ ᠠᠬᠢᠭᠤᠯᠵᠤ᠂ ︽ᠢᠨᠲ᠋ᠧᠷ ᠰᠥᠯᠵᠢᠶ᠎ᠡ + ᠣᠳᠣ ᠦᠶ᠎ᠡ ᠶᠢᠨ ᠳᠠᠷᠢᠶᠠᠯᠠᠩ︾ ︽ᠢᠨᠲ᠋ᠧᠷ ᠰᠥᠯᠵᠢᠶ᠎ᠡ + ᠣᠳᠣ ᠦᠶ᠎ᠡ ᠶᠢᠨ ᠮᠠᠯ ᠠᠵᠤ ᠠᠬᠤᠢ︾ ᠶᠢ ᠶᠡᠭᠡ ᠪᠠᠷ ᠠᠬᠢᠭᠤᠯᠵᠤ᠂ ᠬᠥᠳᠡᠭᠡ ᠳᠤᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠦᠭᠵᠢᠭᠦᠯᠬᠦ ᠤᠯᠤᠰ ᠤᠨ ᠵᠢᠱᠢᠶ᠎ᠡ ᠦᠵᠡᠭᠦᠯᠬᠦ ᠬᠥᠷᠢᠶᠡᠯᠡᠩ ᠢ ᠡᠭᠦᠳᠥᠨ ᠪᠠᠶᠢᠭᠤᠯᠵᠤ᠂ ᠨᠢᠭᠡ ᠪᠥᠯᠥᠭ ᠬᠥᠳᠡᠭᠡ ᠨᠤᠲᠤᠭ ᠤᠨ ᠶᠡᠷᠥᠩᠭᠡᠶᠢᠯᠡᠭᠰᠡᠨ ᠴᠤᠭᠴᠠ ᠶᠢ ᠪᠤᠢ ᠪᠣᠯᠭᠠᠬᠤ ᠬᠡᠷᠡᠭᠲᠡᠢ᠃ ᠬᠤᠶᠠᠷ ᠲᠤ ᠠᠰᠢᠭ ᠳᠤᠰᠠ ᠶᠢᠨ ᠬᠤᠯᠪᠤᠭᠠᠯᠠᠯ ᠤᠨ ᠳᠤᠭᠳᠠᠴᠠ ᠶᠢ ᠳᠡᠭᠦᠯᠳᠡᠷᠵᠢᠭᠦᠯᠵᠦ᠂ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠤᠯᠪᠤᠭᠠᠳᠤ ᠴᠤᠭᠴᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠠᠰᠢᠭ ᠳᠤᠰᠠ ᠶᠢᠨ ᠬᠤᠯᠪᠤᠭᠠᠯᠠᠯ ᠢᠶᠠᠷ ᠴᠢᠩᠭ᠎ᠠ᠂ ᠮᠠᠯᠴᠢᠨ ᠳᠠᠷᠢᠶᠠᠴᠢᠨ ᠢ ᠳᠠᠶᠢᠴᠢᠯᠠᠨ ᠤᠷᠤᠯᠭ᠎ᠠ ᠶᠢᠨ ᠨᠡᠮᠡᠭᠳᠡᠯ ᠢᠶᠠᠷ ᠢᠯᠡᠭᠦᠦ᠂ ᠦᠨᠡᠨᠴᠢ ᠢᠳᠡᠭᠡᠮᠵᠢᠳᠡᠢ ᠪᠠᠷ ᠭᠡᠷ᠎ᠡ ᠪᠠᠨ ᠰᠠᠶᠢᠨ ᠭᠦᠢᠴᠡᠳᠭᠡᠳᠡᠭ ᠭᠤᠤᠯᠳᠠᠯᠭᠠᠳᠤ ᠬᠦᠲᠦᠴᠢ ᠠᠵᠤ ᠠᠬᠤᠶᠢᠯᠠᠯ ᠤᠨ ᠬᠥᠭᠵᠢᠯᠳᠡ ᠶᠢ ᠳᠡᠮᠵᠢᠬᠦ ᠬᠡᠷᠡᠭᠲᠡᠢ᠃ ᠭᠤᠷᠪᠠ ᠳᠤ ᠰᠢᠨ᠎ᠡ ᠬᠡᠯᠪᠡᠷᠢ ᠶᠢᠨ ᠳᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠪᠤᠶᠢᠵᠢᠭᠤᠯᠤᠨ᠎ᠠ᠃ ᠭᠡᠷ ᠪᠥᠯᠢ ᠶᠢᠨ ᠮᠠᠯᠵᠢᠯ ᠳᠠᠷᠢᠶᠠᠯᠠᠩ ᠤᠨ ᠳᠠᠯᠠᠪᠠᠢ᠂ ᠳᠠᠷᠢᠵᠤ ᠳᠡᠵᠢᠭᠡᠬᠦ ᠳᠤᠮᠤ ᠡᠷᠥᠬᠡ᠂ ᠬᠤᠷᠰᠢᠶᠠᠯᠠᠯ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠳᠠ᠂ ᠳᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠵᠡᠷᠭᠡ ᠰᠢᠨ᠎ᠡ ᠭᠤᠤᠯ ᠴᠤᠭᠴᠠ ᠶᠢ ᠢᠳᠡᠪᠬᠢᠲᠡᠢ ᠬᠦᠮᠦᠵᠢᠭᠦᠯᠵᠦ ᠂ ᠭᠠᠵᠠᠷ ᠰᠢᠷᠦᠢ ᠪᠠᠷ ᠬᠤᠪᠢ ᠤᠷᠤᠭᠤᠯᠬᠤ᠂ ᠭᠠᠵᠠᠷ ᠰᠢᠷᠦᠢ ᠶᠢᠨ ᠬᠡᠷᠡᠭᠯᠡᠬᠦ ᠡᠷᠬᠡ ᠶᠢ ᠡᠷᠭᠢᠯᠳᠦᠭᠦᠯᠬᠦ᠂ ᠭᠠᠵᠠᠷ ᠰᠢᠷᠤᠢ ᠶᠢ ᠨᠠᠶᠢᠳᠠᠨ ᠬᠠᠮᠢᠶᠠᠷᠤᠭᠤᠯᠬᠤ ᠵᠡᠷᠭᠡ ᠤᠯᠠᠨ ᠵᠦᠢᠯ ᠤᠨ ᠡᠵᠡᠩᠨᠡᠯᠳᠡ ᠶᠢᠨ ᠠᠷᠭ᠎ᠠ ᠮᠠᠶ᠋ᠢᠭ ᠶᠢ ᠠᠬᠢᠭᠤᠯᠵᠤ᠂ ᠤᠯᠠᠨ ᠵᠦᠢᠯ ᠤᠨ ᠬᠡᠯᠪᠡᠷᠢ ᠪᠦᠬᠦᠢ ᠳᠤᠬᠢᠷᠠᠮᠵᠢᠳᠠᠢ ᠬᠡᠪᠴᠢᠶᠡᠳᠤ ᠡᠵᠡᠩᠨᠡᠯᠳᠡ ᠶᠢ ᠬᠦᠭᠵᠢᠭᠦᠯᠬᠦ ᠬᠡᠷᠡᠭᠲᠡᠢ᠃      ᠣᠷᠣᠰᠢᠨ ᠰᠠᠭᠤᠷᠢᠰᠢᠬᠤ ᠳᠤ ᠲᠣᠬᠢᠷᠠᠮᠵᠢᠳᠡᠢ ᠦᠵᠡᠰᠭᠦᠯᠡᠩᠳᠣ ᠰᠠᠶᠢᠬᠠᠨ ᠭᠦᠳᠡᠭᠡ ᠲᠣᠰᠬᠤᠨ ᠢ ᠪᠦᠳᠣᠭᠡᠨ ᠪᠠᠶᠢᠭᠤᠯᠣᠨ᠎ᠡ᠃ ᠣᠯᠠᠮᠵᠢᠯᠠᠯᠳᠣ ᠠᠶᠢᠯ ᠲᠣᠰᠬᠤᠨ ᠤ ᠬᠠᠮᠠᠭᠠᠯᠠᠯᠳᠡ ᠶᠢ ᠴᠢᠩᠭᠠᠳᠬᠠᠵᠤ᠂ ᠤᠨᠴᠠᠯᠢᠭᠳᠣ ᠲᠣᠰᠬᠤᠨ ᠪᠠᠯᠭᠠᠰᠣ ᠶᠢ ᠡᠭᠦᠳᠣᠨ ᠪᠠᠶᠢᠭᠤᠯᠬᠤ ᠶᠢ ᠬᠡᠷᠡᠭᠵᠢᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠦᠰᠣᠯ ᠢ ᠲᠣᠭᠳᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠨᠡᠶᠢᠳᠡᠮ ᠳᠤᠨᠢ ᠵᠠᠰᠠᠬᠤ ᠶᠢ ᠠᠬᠢᠭᠤᠯᠵᠤ᠂ ᠮᠠᠯ ᠵᠢᠭᠦᠷᠳᠡᠨ ᠤ ᠰᠢᠬᠡᠭ ᠰᠠᠩᠭᠠᠰᠤ ᠶᠢ ᠡᠬᠢ ᠪᠠᠶᠠᠯᠢᠬᠵᠢᠭᠤᠯᠣᠨ ᠠᠰᠢᠭᠯᠠᠬᠤ ᠶᠢ ᠪᠦᠬᠦᠯᠢ ᠰᠢᠶᠠᠨ ᠢᠶᠠᠷ ᠠᠬᠢᠭᠤᠯᠬᠤ ᠲᠣᠷᠰᠢᠯᠳᠡ ᠶᠢᠨ ᠲᠦᠷᠣᠯ ᠵᠦᠢᠯ ᠢ ᠬᠡᠷᠡᠭᠵᠢᠭᠦᠯᠵᠤ᠂ ᠮᠠᠯᠵᠢᠬᠤ ᠲᠠᠷᠢᠶᠠᠯᠠᠬᠤ ᠣᠷᠣᠨ ᠤ ᠡᠷᠣᠬᠡ ᠳᠤ ᠬᠡᠷᠡᠭᠯᠡᠭᠦ ᠠᠷᠢᠭᠤᠨ ᠴᠡᠪᠡᠷ ᠤᠨ ᠵᠤᠷᠯᠣᠩ ᠢ ᠪᠠᠶᠢᠭᠤᠯᠬᠤ ᠪᠠ ᠦᠭᠡᠷᠡᠴᠢᠯᠠᠡ ᠰᠢᠨᠡᠳᠭᠡᠬᠦ ᠶᠢ ᠦᠷᠨᠢᠭᠦᠯᠬᠦ ᠬᠡᠷᠡᠭᠲᠡᠢ᠃ ᠣᠣᠭᠤᠬᠤ ᠣᠰᠣᠨ ᠤ ᠠᠮᠤᠷ ᠲᠦᠪᠰᠢᠨ ᠢ ᠪᠠᠬᠢᠵᠢᠭᠦᠯᠣᠨ ᠲᠡᠭᠡᠭᠰᠢᠯᠡᠭᠦᠯᠭᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠤ᠂ ᠠᠰᠢᠭ ᠲᠤᠰᠠ ᠬᠦᠷᠲᠡᠬᠦ ᠮᠠᠯᠴᠢᠨ ᠲᠠᠷᠢᠶᠠᠴᠢᠨ ᠢ 40 ᠲᠦᠮᠨ ᠰᠢᠨ᠎ᠡ ᠪᠠᠷ ᠨᠡᠮᠡᠭᠳᠡᠭᠦᠯᠬᠦ ᠬᠡᠷᠡᠭᠲᠡᠢ᠃ ᠠᠯᠣᠰ ᠪᠦᠢᠳᠡ ᠪᠦᠭᠯᠡᠭᠦᠦ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠦ ᠴᠠᠬᠢᠯᠭᠠᠨ ᠤ ᠲᠡᠰ ᠲᠡᠪᠰᠢᠭᠦᠯᠭᠦ ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠬᠦ ᠬᠡᠷᠡᠭᠲᠡᠢ᠃      ᠲᠠᠪᠤ᠂ ᠤᠷᠤᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠲᠠ ᠪᠠᠯᠭᠠᠰᠣ ᠶᠢᠨ ᠣᠷᠣᠨ ᠪᠦᠰᠠ ᠶᠢᠨ ᠵᠣᠬᠢᠴᠠᠯᠳᠤᠨ ᠬᠦᠭᠵᠢᠬᠦ ᠶᠢ ᠬᠦᠴᠦᠯᠡᠨ ᠠᠬᠢᠭᠤᠯᠤᠨ᠎ᠠ      ᠣᠷᠣᠨ ᠪᠦᠰᠠ ᠶᠢᠨ ᠬᠦᠭᠵᠢᠯᠲᠡ ᠳᠤ ᠢᠯᠭᠠᠭ᠎ᠠ ᠭᠠᠷᠴᠤ ᠪᠠᠶᠢᠬᠤ ᠰᠢᠨ᠎ᠡ ᠬᠠᠨᠳᠤᠰᠢ ᠳᠤ ᠵᠤᠬᠢᠴᠠᠭᠤᠯᠤᠨ᠂ ᠣᠷᠣᠨ ᠪᠦᠰᠠ ᠶᠢᠨ ᠬᠦᠭᠵᠢᠯᠲᠡ ᠶᠢᠨ ᠵᠤᠬᠢᠴᠠᠩᠭᠤᠢ ᠴᠢᠨᠠᠷ ᠢ ᠴᠢᠩᠭᠠᠷᠠᠭᠤᠯᠵᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠣᠴᠢᠯᠠᠯᠳᠡ ᠶᠢ ᠬᠡᠷᠡᠭᠵᠢᠭᠦᠯᠬᠦ ᠶᠢ ᠠᠬᠢᠭᠤᠯᠤᠨ᠂ ᠣᠷᠣᠨ ᠪᠦᠰᠠ ᠶᠢᠨ ᠰᠠᠶᠢᠨ ᠨᠦᠬᠦᠴᠡᠯᠳᠦᠯ ᠪᠦᠬᠦᠢ᠂ ᠬᠤᠲᠠ ᠪᠠᠯᠭᠠᠰᠦ ᠶᠢᠨ ᠵᠣᠬᠢᠴᠠᠯᠳᠤᠨ ᠬᠦᠭᠵᠢᠬᠦ ᠰᠢᠨ᠎ᠡ ᠪᠠᠶᠢᠳᠠᠯ ᠢ ᠲᠦᠷᠭᠡᠳᠭᠡᠨ ᠪᠣᠢ ᠪᠣᠯᠭᠠᠬᠤ ᠬᠡᠷᠡᠭᠲᠡᠢ᠃      ᠬᠦᠬᠡᠬᠤᠲᠠ ᠪᠤᠭᠤᠲᠦ ᠤᠷᠳᠤᠰ ᠤᠨ ᠵᠣᠬᠢᠴᠠᠯᠳᠤᠨ ᠬᠦᠭᠵᠢᠬᠦ ᠶᠢ ᠠᠬᠢᠭᠤᠯᠤᠨ᠎ᠠ᠃ ᠰᠠᠭᠤᠷᠢ ᠪᠡᠯᠡᠳᠭᠡᠮᠵᠢ ᠶᠢᠨ ᠬᠤᠯᠪᠤᠯᠴᠠᠨ ᠨᠡᠪᠲᠡᠷᠡᠯᠴᠡᠬᠦ ᠶᠢ ᠴᠢᠩᠭᠠᠳᠬᠠᠵᠦ᠂ ᠠᠵᠦ ᠦᠢᠯᠡᠰ ᠤᠨ ᠵᠣᠬᠢᠴᠠᠯᠳᠤᠨ ᠬᠦᠭᠵᠢᠬᠦ ᠶᠢ ᠠᠬᠢᠭᠤᠯᠵᠦ᠂ ᠠᠮᠢ ᠠᠬᠤᠢ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠠᠬᠢᠭᠤᠯᠬᠤ ᠬᠡᠷᠡᠭᠲᠡᠢ᠃ ᠥᠪᠤᠷ ᠮᠤᠩᠭᠤᠯ ᠤᠨ ᠪᠠᠷᠠᠭᠤᠨ ᠬᠡᠰᠡᠭ ︵ᠪᠤᠭᠤᠲᠦ — ᠤᠷᠳᠤᠰ︶ ᠤᠨ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠵᠦ ᠵᠢᠱᠢᠶ᠎ᠡ ᠦᠵᠡᠭᠦᠯᠬᠦ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠦᠬᠡᠬᠤᠲᠠ ᠪᠤᠭᠤᠲᠦ ᠤᠷᠳᠤᠰ ᠤᠨ ᠵᠢᠭᠤᠯᠴᠢᠯᠠᠯ ᠢ ᠵᠣᠬᠢᠴᠠᠯᠳᠤᠭᠤᠯᠤᠨ ᠬᠦᠭᠵᠢᠭᠦᠯᠬᠦ ᠬᠤᠯᠪᠤᠭ᠎ᠠ ᠶᠢ ᠡᠭᠦᠳᠦᠨ ᠪᠠᠶᠢᠭᠤᠯᠵᠦ᠂ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠣᠷᠣᠨ ᠪᠦᠰᠠ ᠶᠢᠨ ᠬᠤᠯᠪᠤᠭᠠᠯᠠᠨ ᠬᠦᠳᠡᠯᠦᠯᠴᠡᠬᠦ ᠲᠤᠭᠲᠠᠴᠠ ᠶᠢ ᠪᠠᠶᠢᠭᠤᠯᠵᠦ᠂  ︽ᠬᠦᠬᠡᠬᠤᠲᠠ ᠪᠤᠭᠤᠲᠦ ᠤᠷᠳᠤᠰ ᠢᠦ᠋ᠢᠯᠢᠨ ᠤ ᠬᠤᠳᠡ ᠶᠢᠨ ᠪᠦᠭᠡᠮᠨᠡᠷᠡᠯ ᠤᠨ ᠬᠦᠭᠵᠢᠯᠲᠡ ᠶᠢᠨ ᠲᠦᠯᠦᠪᠵᠢᠭᠦᠯᠭᠡ︾ ᠶᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠵᠡᠭᠦᠨ ᠬᠡᠰᠡᠭ ᠤᠨ ᠠᠶᠢᠮᠠᠭ ᠬᠤᠲᠠ ᠶᠢ ᠲᠥᠷᠭᠡᠳᠭᠡᠨ ᠬᠦᠭᠵᠢᠭᠦᠯᠬᠦ ᠶᠢ ᠠᠬᠢᠭᠤᠯᠤᠨ᠎ᠠ᠃ ᠤᠯᠤᠰ ᠤᠨ ᠵᠡᠭᠦᠨ ᠬᠤᠶᠢᠲᠦ ᠤᠷᠤᠨ ᠢ ᠬᠦᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠦᠷᠭᠦᠯᠵᠢᠯᠡᠨ ᠬᠡᠷᠡᠭᠵᠢᠭᠦᠯᠬᠦ ᠲᠦᠰᠦᠯ ᠳᠤ ᠵᠢᠭᠰᠠᠭᠠᠨ ᠣᠷᠤᠭᠤᠯᠤᠭᠰᠠᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠤᠲᠠ ᠶᠢᠨ ᠲᠤᠭᠤᠷᠢᠭ ᠲᠠᠬᠢ ᠠᠵᠦ ᠦᠢᠯᠡᠳᠪᠤᠷᠢ ᠶᠢᠨ ᠬᠠᠭᠤᠴᠢᠨ ᠲᠤᠭᠤᠷᠢᠭ ᠪᠤᠯᠤᠨ ᠦᠢᠯᠡᠳᠪᠤᠷᠢ ᠠᠭᠤᠷᠬᠠᠢ ᠶᠢᠨ ᠲᠤᠰᠠᠭᠠᠷ ᠲᠤᠭᠤᠷᠢᠭ ᠢ ᠨᠡᠭᠦᠯᠭᠡᠵᠦ ᠥᠭᠡᠷᠡᠴᠢᠯᠡᠨ ᠰᠢᠨᠡᠳᠭᠡᠬᠦ᠂ ᠨᠡᠭᠦᠷᠡᠰᠦ ᠮᠠᠯᠲᠠᠭᠰᠠᠨ ᠠᠴᠠ ᠳᠣᠷᠣᠭᠰᠢ ᠰᠠᠭᠤᠭᠰᠠᠨ ᠲᠤᠭᠤᠷᠢᠭ ᠢ ᠶᠡᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ ᠥᠪᠤᠷ ᠮᠤᠩᠭᠤᠯ ᠤᠨ ᠵᠡᠭᠦᠨ ᠬᠡᠰᠡᠭ ︵ᠲᠦᠩᠯᠢᠶᠤᠤ — ᠤᠯᠠᠭᠠᠠᠬᠠᠳᠠ︶ ᠤᠨ ᠳᠠᠭᠠᠭᠠᠨ ᠵᠠᠯᠭᠠᠭᠤᠯᠬᠤ ᠠᠵᠦ ᠦᠢᠯᠡᠰ ᠤᠨ ᠰᠢᠯᠵᠢᠭᠦᠯᠦᠨ ᠬᠠᠮᠲᠤᠷᠠᠯᠴᠠᠬᠤ ᠵᠢᠱᠢᠶ᠎ᠡ ᠦᠵᠡᠭᠦᠯᠬᠦ ᠲᠤᠭᠤᠷᠢᠭ ᠲᠤ ᠤᠯᠤᠰ ᠤᠨ ᠴᠤᠬᠤᠯᠠᠪᠤᠷᠢ ᠣᠯᠬᠤ ᠪᠠᠷ ᠴᠢᠷᠮᠠᠶᠢᠵᠦ᠂ ᠵᠡᠭᠦᠨ ᠬᠡᠰᠡᠭ ᠤᠨ ᠠᠶᠢᠮᠠᠭ ᠬᠤᠲᠠ ᠶᠢ ᠵᠡᠭᠦᠨ ᠬᠤᠶᠢᠲᠦ ᠶᠢᠨ ᠲᠦᠷᠪᠡᠨ ᠮᠤᠵᠢ ᠤᠷᠤᠨ ᠤ ᠠᠭᠤᠯᠵᠠᠷ ᠪᠦᠰᠡ ᠶᠢᠨ ᠤᠯᠤᠰ ᠤᠨ ᠲᠡᠰ ᠤᠨ ᠠᠮᠢ ᠠᠬᠤᠢ ᠶᠢᠨ ᠠᠵᠦ ᠠᠬᠤᠢ ᠶᠢᠨ ᠲᠤᠭᠤᠷᠢᠭ ᠲᠤ ᠪᠦᠬᠦᠯᠢ ᠴᠤᠭᠴᠠ ᠪᠠᠷ ᠨᠢ ᠤᠷᠤᠭᠤᠯᠬᠤ ᠪᠠᠷ ᠴᠢᠷᠮᠠᠶᠢᠵᠦ᠂ ᠲᠦᠩᠯᠢᠶᠤᠤ ᠶᠢᠨ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠬᠦᠭᠵᠢᠯᠲᠡ ᠦᠭᠡᠷᠡᠴᠢᠯᠡᠯᠲᠡ ᠶᠢᠨ ᠲᠤᠷᠰᠢᠯᠲᠠ ᠶᠢ ᠠᠬᠢᠭᠤᠯᠬᠤ ᠬᠡᠷᠡᠭᠲᠡᠢ᠃      ᠬᠤᠲᠠ ᠪᠠᠯᠭᠠᠰᠣᠴᠢᠯᠠᠯᠳᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠤᠳᠡ ᠶᠢᠨ ᠪᠦᠭᠡᠮᠨᠡᠷᠡᠯ ᠢᠶᠠᠷ ᠭᠤᠤᠯ ᠴᠤᠭᠴᠠ ᠪᠤᠯᠭᠠᠨ ᠲᠤᠮᠤ ᠳᠤᠮᠳᠠ ᠪᠠᠭ᠎ᠠ ᠬᠤᠲᠠ ᠪᠤᠯᠤᠨ ᠪᠠᠭ᠎ᠠ ᠬᠤᠲᠠ ᠪᠠᠯᠭᠠᠰᠤ ᠶᠢᠨ ᠵᠣᠬᠢᠴᠠᠯᠳᠤᠨ ᠬᠦᠭᠵᠢᠬᠦ ᠬᠤᠲᠠ ᠪᠠᠯᠭᠠᠰᠤᠨ ᠤ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠤᠯᠤᠰ ᠤᠨ ᠲᠡᠰ ᠤᠨ ᠥᠪᠡᠷᠮᠢᠴᠡ ᠤᠨᠴᠠᠯᠢᠭ ᠲᠠᠢ 12 ᠪᠠᠭ᠎ᠠ ᠪᠠᠯᠭᠠᠰᠦ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠥᠪᠡᠷᠳᠡᠭᠡᠨ ᠵᠠᠰᠠᠬᠤ ᠤᠷᠤᠨ ᠤ ᠲᠡᠰ ᠤᠨ ᠦᠪᠡᠷᠮᠢᠴᠡ ᠤᠨᠴᠠᠯᠢᠭ ᠲᠠᠢ ᠪᠣᠯᠭᠠᠬᠤ ᠨᠢᠭᠡ ᠪᠦᠯᠦᠭ ᠪᠠᠭ᠎ᠠ ᠪᠠᠯᠭᠠᠰᠦ ᠶᠢᠨ ᠠᠵᠢᠯ ᠢ ᠡᠬᠢᠯᠡᠭᠦᠯᠵᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠣᠴᠢᠯᠠᠯᠳᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠪᠡᠶᠡᠯᠡᠭᠦᠯᠬᠦ ᠬᠡᠷᠡᠭᠲᠡᠢ᠃ ᠲᠠᠷᠢᠶᠠᠯᠠᠩ ᠤᠨ ᠨᠡᠭᠦᠯᠭᠡᠨ ᠰᠢᠯᠵᠢᠭᠦᠯᠦᠭᠰᠡᠨ ᠬᠦᠮᠦᠨ ᠠᠮᠠ ᠶᠢ ᠬᠤᠲᠠ ᠶᠢᠨ ᠠᠷᠠᠳ ᠪᠤᠯᠭᠠᠬᠤ ᠠᠵᠢᠯ ᠢ ᠲᠦᠷᠭᠡᠳᠭᠡᠵᠦ᠂ ᠨᠤᠲᠤᠭᠯᠠᠨ ᠰᠠᠭᠤᠬᠤ ᠦᠨᠡᠮᠯᠡᠯ ᠲᠠᠢ ᠬᠦᠮᠦᠰ ᠲᠤ ᠤᠯᠠᠨ ᠨᠡᠶᠢᠲᠡ ᠶᠢᠨ ᠦᠢᠯᠡᠴᠢᠯᠡᠭᠡ ᠶᠢᠨ ᠬᠡᠪᠴᠢᠶ᠎ᠡ ᠪᠠᠨ ᠦᠷᠭᠡᠳᠭᠡᠵᠦ᠂ ᠤᠯᠠᠨ ᠨᠡᠶᠢᠲᠡ ᠶᠢᠨ ᠦᠢᠯᠡᠴᠢᠯᠡᠭᠡ ᠶᠢᠨ ᠪᠠᠷᠢᠮᠵᠢᠶ᠎ᠠ ᠶᠢ ᠲᠡᠭᠡᠭᠰᠢᠯᠡᠭᠦᠯᠵᠤ᠂ ᠰᠢᠭᠤᠶᠢᠲᠦ ᠤᠷᠤᠨ᠂ ᠬᠠᠭᠠᠯᠪᠤᠷᠢᠯᠠᠯᠲᠠ ᠶᠢᠨ ᠤᠷᠤᠨ᠂ ᠠᠭᠤᠷᠬᠠᠢ ᠶᠢᠨ ᠣᠷᠣᠨ ᠤ ᠬᠤᠲᠠ ᠪᠠᠯᠭᠠᠰᠣᠴᠢᠯᠠᠯᠳᠡ ᠶᠢ ᠯᠠᠪᠳᠠᠭᠤᠨ ᠪᠦᠭᠡᠳ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ︽ᠬᠤᠲᠠ ᠶᠢᠨ ᠬᠤᠣᠰ ᠵᠠᠰᠠᠯᠲᠠ︾ ︵ᠬᠤᠲᠠ ᠶᠢᠨ ᠴᠢᠮᠡᠭᠯᠡᠨ ᠵᠠᠰᠠᠬᠤ᠂ ᠠᠮᠢ ᠠᠬᠤᠢ ᠶᠢᠨ ᠥᠩᠭᠡᠵᠢᠭᠦᠯᠦᠨ ᠰᠡᠷᠭᠦᠭᠡᠬᠦ︶ ᠶᠢᠨ ᠠᠵᠢᠯ ᠢ ᠦᠷᠨᠢᠭᠦᠯᠵᠦ᠂ ᠤᠯᠤᠰ ᠤᠨ ᠲᠤᠷᠰᠢᠯᠲᠠ ᠶᠢᠨ ᠴᠢᠬ ᠤᠨ 4 ᠬᠤᠲᠠ᠂ ᠥᠪᠡᠷᠳᠡᠭᠡᠨ ᠵᠠᠰᠠᠬᠤ ᠤᠷᠤᠨ ᠤ ᠲᠤᠷᠰᠢᠯᠲᠠ ᠶᠢᠨ ᠴᠢᠬ ᠤᠨ 14 ᠭᠠᠵᠠᠷ ᠣᠷᠣᠨ ᠤ ᠲᠤᠷᠰᠢᠯᠲᠠ ᠶᠢᠨ ᠴᠢᠬ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃      ᠬᠤᠷᠢᠨᠬᠡᠷ ᠰᠢᠨ᠎ᠡ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠢᠨ᠎ᠡ ᠲᠤᠭᠤᠷᠢᠭ ᠤᠨ ᠶᠡᠷᠦᠩᠬᠡᠢ ᠲᠦᠯᠦᠪᠵᠢᠭᠦᠯᠭᠡ ᠪᠠ ᠠᠵᠦ ᠦᠢᠯᠡᠰ ᠤᠨ ᠲᠦᠯᠦᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ ᠨᠢᠭᠡ ᠪᠦᠯᠦᠭ ᠲᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠭᠡᠮᠵᠢ ᠪᠤᠯᠤᠨ ᠠᠮᠢ ᠠᠬᠤᠢ ᠶᠢᠨ ᠲᠦᠷᠦᠯ ᠵᠦᠢᠯ ᠢ ᠡᠬᠢᠯᠡᠭᠦᠯᠦᠨ ᠪᠠᠶᠢᠭᠤᠯᠬᠤ ᠬᠡᠷᠡᠭᠲᠡᠢ᠃ ᠲᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠬᠡᠯᠬᠢᠶᠡᠰᠦ ᠪᠠᠶᠢᠭᠤᠯᠬᠤ ᠲᠣᠭᠤᠷᠢᠨ ᠳᠤ᠂ ᠬᠤᠳᠠᠯᠳᠤᠭᠠᠴᠢᠨ ᠤᠷᠢᠵᠦ ᠪᠡᠯᠡ ᠣᠷᠣᠭᠤᠯᠬᠤ ᠠᠵᠢᠯ ᠢ ᠴᠢᠩᠭᠠᠳᠬᠠᠵᠦ᠂ ᠨᠢᠭᠡ ᠪᠦᠯᠦᠭ ᠴᠢᠨᠠᠷ ᠰᠠᠶᠢᠲᠠᠢ ᠴᠢᠬᠤᠯᠠ ᠶᠡᠭᠡ ᠠᠵᠦ ᠦᠢᠯᠡᠰ ᠤᠨ ᠲᠦᠷᠦᠯ ᠵᠦᠢᠯ ᠢ ᠲᠠᠲᠠᠨ ᠣᠷᠤᠭᠤᠯᠬᠤ ᠬᠡᠷᠡᠭᠲᠡᠢ᠃      ᠵᠢᠷᠭᠤᠭ᠎ᠠ᠂ ᠵᠠᠬ᠎ᠠ ᠲᠡᠯᠭᠡᠭᠦᠷ ᠤᠨ ᠠᠵᠦ ᠠᠬᠤᠢ ᠶᠢᠨ ᠪᠠᠶᠢᠭᠤᠯᠣᠯ ᠢ ᠲᠡᠭᠦᠯᠲᠡᠷᠵᠢᠭᠦᠯᠵᠦ᠂ ᠠᠵᠦ ᠠᠬᠤᠢ ᠶᠢᠨ ᠬᠦᠭᠵᠢᠯᠲᠡ ᠶᠢᠨ ᠦᠷ᠎ᠡ ᠪᠦᠲᠦᠮᠵᠢ ᠶᠢᠨ ᠬᠤᠪᠢᠰᠤᠯᠲᠠ ᠶᠢ ᠬᠦᠴᠦᠯᠡᠨ ᠠᠬᠢᠭᠤᠯᠤᠨ᠎ᠠ      ᠠᠵᠦ ᠠᠬᠤᠢ ᠶᠢᠨ ᠪᠠᠶᠢᠭᠤᠯᠣᠯ ᠤᠨ ᠦᠭᠡᠷᠡᠴᠢᠯᠡᠯᠲᠡ ᠶᠢᠨ ᠠᠯᠬᠤᠴᠠ ᠶᠢ ᠲᠦᠷᠭᠡᠳᠭᠡᠨ᠂ ᠦᠮᠴᠢᠯᠡᠬᠦ ᠡᠷᠬᠡ ᠶᠢᠨ ᠲᠦᠷᠢᠮ ᠢ ᠲᠡᠭᠦᠯᠳᠡᠷᠵᠢᠭᠦᠯᠬᠦ ᠪᠠ ᠴᠢᠬᠤᠯᠠ ᠬᠦᠴᠦᠨ ᠵᠦᠢᠯ ᠤᠨ ᠵᠠᠬ᠎ᠠ ᠳᠡᠯᠭᠡᠭᠦᠷᠴᠢᠯᠡᠭᠰᠡᠨ ᠲᠣᠬᠢᠷᠠᠭᠤᠯᠤᠯᠲᠠ ᠪᠠᠷ ᠭᠤᠤᠯᠳᠠᠯᠭ᠎ᠠ ᠪᠤᠯᠭᠠᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠦᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃      ︽ᠪᠠᠭᠤᠯᠭᠠᠬᠤ ᠬᠠᠮᠢᠶᠠᠷᠬᠤ ᠣᠶᠢᠯᠡᠴᠢᠯᠡᠭᠦ︾ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠵᠠᠬ᠎ᠠ ᠲᠡᠯᠭᠡᠭᠦᠷ ᠲᠤ ᠵᠦᠪᠰᠢᠶᠡᠷᠡᠨ ᠤᠷᠤᠬᠤ ᠳᠤ ᠬᠢᠵᠠᠭᠠᠷᠯᠠᠬᠤ ᠠᠯᠳᠠᠭᠳᠠᠯᠲᠠᠢ ᠵᠦᠢᠯᠡᠰ ᠤᠨ ᠨᠠᠷᠢᠨ ᠳᠠᠩᠰᠠ ᠶᠢᠨ ᠲᠦᠷᠢᠮ ᠢ ᠪᠦᠬᠦ ᠲᠠᠯ᠎ᠠ ᠪᠠᠷ ᠠᠬᠢᠭᠤᠯᠣᠨ᠂ ᠡᠷᠬᠡ ᠲᠡᠭᠰᠢ ᠪᠠᠷ ᠦᠷᠢᠰᠦᠯᠳᠦᠬᠦ ᠵᠠᠬ᠎ᠠ ᠲᠡᠯᠭᠡᠭᠦᠷ ᠤᠨ ᠤᠷᠴᠢᠨ ᠨᠦᠬᠦᠴᠡᠯ ᠢ ᠲᠡᠭᠦᠯᠳᠡᠷᠵᠢᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ︽ᠭᠡᠷᠡᠴᠢ ᠪᠠ ᠦᠨᠡᠮᠯᠡᠯ ᠢ ᠰᠠᠯᠭᠠᠬᠤ︾ ᠶᠢ ᠪᠦᠬᠦ ᠲᠠᠯ᠎ᠠ ᠪᠠᠷ ᠠᠬᠢᠭᠤᠯᠵᠦ᠂ ᠡᠯ᠎ᠡ ᠲᠦᠷᠦᠯ ᠤᠨ ᠵᠦᠪᠰᠢᠶᠡᠷᠡᠯ ᠤᠨ ᠦᠨᠡᠮᠯᠡᠯ ᠢ ᠶᠡᠭᠡ ᠬᠡᠪᠴᠢᠶ᠎ᠡ ᠪᠠᠷ ᠬᠦᠴᠦᠨ ᠦᠭᠡᠢ ᠪᠣᠯᠭᠠᠵᠤ᠂ ︽ᠤᠷᠤᠬᠤ ᠶᠢ ᠵᠦᠪᠰᠢᠶᠡᠷᠡᠭᠡᠳ ᠡᠵᠡᠩᠨᠡᠬᠦ ᠶᠢ ᠦᠯᠦ ᠵᠦᠪᠰᠢᠶᠡᠷᠡᠬᠦ︾ ᠠᠰᠠᠭᠤᠳᠠᠯ ᠤᠳ ᠢ ᠰᠢᠢᠳᠪᠦᠷᠢᠯᠡᠬᠦ ᠬᠡᠷᠡᠭᠲᠡᠢ᠃ ᠰᠦᠯᠵᠢᠶ᠎ᠡ ᠪᠠᠷ ᠬᠢᠨᠠᠨ ᠵᠦᠪᠰᠢᠶᠡᠷᠡᠬᠦ ᠵᠠᠭᠪᠤᠷ ᠢ ᠬᠡᠷᠡᠭᠵᠢᠭᠦᠯᠵᠦ᠂ ᠭᠤᠶᠤᠴᠢᠯᠠᠬᠤ᠂ ᠬᠦᠯᠢᠶᠡᠨ ᠠᠪᠬᠤ ᠂ ᠬᠢᠨᠠᠨ ᠬᠠᠷᠭᠤᠭᠤᠯᠬᠤ᠂ ᠦᠨᠡᠮᠯᠡᠯ ᠤᠯᠭᠤᠬᠤ᠂ ᠨᠡᠶᠢᠲᠡ ᠳᠤ ᠵᠠᠷᠯᠠᠬᠤ ᠵᠡᠷᠭᠡ ᠶᠢ ᠪᠦᠭᠦᠲᠡ ᠶᠢ ᠰᠦᠯᠵᠢᠶ᠎ᠡ ᠪᠠᠷ ᠭᠦᠢᠴᠡᠳᠭᠡᠬᠦ ᠬᠡᠷᠡᠭᠲᠡᠢ᠃ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ ᠦᠭᠡᠷᠡᠴᠢᠯᠡᠯᠲᠡ ᠶᠢ ᠠᠬᠢᠭᠤᠯᠵᠦ᠂ ᠠᠵᠤ ᠠᠬᠤᠶᠢᠯᠠᠯ ᠤᠨ ᠨᠡᠷᠡᠶᠢᠳᠦᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠯᠦᠭᠡᠲᠠᠢ ᠪᠣᠯᠭᠠᠬᠤ ᠬᠡᠷᠡᠭᠲᠡᠢ᠃ ᠪᠡᠯᠡ ᠤᠷᠤᠭᠤᠯᠤᠯᠲᠠ ᠲᠤᠬᠢᠷᠠᠭᠤᠯᠤᠯᠲᠠ ᠶᠢᠨ ᠪᠠᠶᠢᠭᠤᠯᠣᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠩᠬ᠎ᠠ ᠬᠦᠯᠢᠶᠡᠨ ᠠᠪᠤᠭᠴᠢ ᠠᠴᠠ ᠬᠠᠷᠢᠭᠤᠴᠠᠯᠭ᠎ᠠ ᠬᠡᠯᠡᠯᠴᠡᠬᠦ ᠲᠦᠷᠢᠮ᠂ ᠪᠡᠯᠡ ᠤᠷᠤᠭᠤᠯᠤᠯᠲᠠ ᠶᠢᠨ ᠲᠦᠷᠦᠯ ᠵᠦᠢᠯ ᠢ ᠠᠮᠠᠯᠳᠤᠭ᠎ᠠ ᠶᠢᠨ ᠲᠦᠷᠢᠮ ᠤᠨ ᠦᠭᠡᠷᠡᠴᠢᠯᠡᠯᠲᠡ ᠶᠢᠨ ᠲᠤᠷᠰᠢᠯᠲᠠ ᠶᠢ ᠰᠦᠪᠡᠭᠴᠢᠯᠡᠨ ᠠᠬᠢᠭᠤᠯᠬᠤ ᠬᠡᠷᠡᠭᠲᠡᠢ᠃ ︽ᠬᠤᠶᠠᠷ ᠢ ᠰᠤᠭᠤᠴᠢᠬᠤ᠂ ᠨᠢᠭᠡ ᠶᠢ ᠢᠯᠡ ᠪᠣᠯᠭᠠᠬᠤ︾ ᠬᠢᠨᠡᠯᠲᠡ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠶᠡᠷᠦᠩᠬᠡᠶᠢᠯᠡᠨ ᠬᠠᠤᠯᠢ ᠬᠡᠷᠡᠭᠵᠢᠬᠦᠯᠬᠦ ᠦᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠶᠡᠬᠡᠪᠡᠷ ᠬᠡᠷᠡᠭᠵᠢᠭᠦᠯᠵᠦ᠂ ᠥᠪᠡᠷᠳᠡᠭᠡᠨ ᠵᠠᠰᠠᠬᠤ ᠤᠷᠤᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠦᠯᠵᠢᠶ᠎ᠡ ᠪᠠᠷ ᠪᠠ ᠰᠦᠯᠵᠢᠶᠡᠨ ᠭᠠᠳᠠᠭᠤᠷᠬᠢ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠬᠦ ᠬᠡᠷᠡᠭᠲᠡᠢ᠃      ᠴᠢᠬᠤᠯᠠ ᠬᠦᠴᠦᠨ ᠵᠦᠢᠯ ᠤᠨ ᠵᠠᠬ᠎ᠠ ᠳᠡᠯᠭᠡᠭᠦᠷᠴᠢᠯᠡᠨ ᠲᠣᠬᠢᠷᠠᠭᠤᠯᠤᠯᠲᠠ ᠬᠢᠬᠦ ᠦᠭᠡᠷᠡᠴᠢᠯᠡᠯᠲᠡ ᠶᠢ ᠲᠦᠷᠭᠡᠳᠭᠡᠨ᠎ᠡ᠃ ᠨᠡᠭᠦᠷᠡᠰᠦᠨ ᠤ ᠡᠬᠢ ᠪᠠᠶᠠᠯᠢᠭ ᠤᠨ ᠲᠤᠬᠢᠷᠠᠭᠤᠯᠤᠯᠲᠠ ᠶᠢᠨ ᠵᠠᠬ᠎ᠠ ᠲᠡᠯᠭᠡᠭᠦᠷᠴᠢᠯᠡᠬᠦ ᠦᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠥᠪᠤᠷ ᠮᠤᠩᠭᠤᠯ ᠤᠨ ᠪᠠᠷᠠᠭᠤᠨ ᠬᠡᠰᠡᠭ ᠤᠨ ᠭᠠᠵᠠᠷ ᠤᠷᠤᠨ ᠤ ᠴᠠᠬᠢᠯᠭᠠᠨ ᠲᠤᠤᠷ ᠤᠨ ᠴᠠᠬᠢᠯᠭᠠᠨ ᠳᠠᠮᠵᠢᠭᠤᠯᠵᠤ ᠲᠤᠬᠢᠷᠠᠭᠤᠯᠬᠤ ᠦᠨ᠎ᠡ ᠶᠢᠨ ᠦᠭᠡᠷᠡᠴᠢᠯᠡᠯᠲᠡ ᠶᠢᠨ ᠲᠣᠩᠭᠤᠷᠠᠭᠤ ᠱᠠᠲᠤᠯᠢᠭ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠴᠠᠬᠢᠯᠭᠠᠨ ᠨᠡᠮᠡᠵᠦ ᠲᠤᠬᠢᠷᠠᠭᠤᠯᠬᠤ ᠲᠤᠬᠠᠶᠢᠯᠠᠭᠰᠠᠨ ᠠᠵᠢᠯ ᠤᠨ ᠦᠭᠡᠷᠡᠴᠢᠯᠡᠯᠲᠡ ᠶᠢᠨ ᠲᠤᠷᠰᠢᠯᠳᠠ ᠶᠢ ᠠᠬᠢᠭᠤᠯᠬᠤ ᠬᠡᠷᠡᠭᠲᠡᠢ᠃ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠭᠤᠤᠷᠰᠤ ᠪᠠᠷ ᠳᠠᠮᠵᠢᠭᠤᠯᠬᠤ ᠦᠨ᠎ᠡ ᠬᠠᠩᠰᠢ ᠪᠠ ᠬᠤᠲᠠ ᠶᠢᠨ ᠰᠢᠲᠠᠮᠠᠬᠠᠢ ᠬᠡᠢ ᠲᠤᠬᠢᠷᠠᠭᠤᠯᠬᠤ ᠦᠨ᠎ᠡ ᠬᠠᠩᠰᠢ ᠶᠢ ᠬᠠᠷᠭᠤᠭᠤᠯᠣᠨ ᠲᠤᠭᠲᠠᠭᠠᠵᠦ᠂ ᠮᠠᠰᠢᠨ ᠲᠡᠷᠭᠡᠨ ᠳᠤ ᠬᠡᠷᠡᠭᠯᠡᠬᠦ ᠪᠠᠶᠢᠭᠠᠯᠢ ᠶᠢᠨ ᠰᠢᠲᠠᠮᠠᠬᠠᠢ ᠬᠡᠢ ᠶᠢᠨ ᠦᠨ᠎ᠡ ᠬᠠᠩᠰᠢ ᠶᠢᠨ ᠵᠠᠬ᠎ᠠ ᠳᠡᠯᠭᠡᠭᠦᠷᠴᠢᠯᠡᠬᠦ ᠶᠢ ᠠᠬᠢᠭᠤᠯᠬᠤ ᠬᠡᠷᠡᠭᠲᠡᠢ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠱᠦᠢᠨᠢ᠂ ᠪᠤᠯᠤᠳ ᠲᠡᠮᠦᠷ᠂ ᠴᠠᠬᠢᠯᠭᠠᠨ ᠵᠠᠳᠠᠯᠤᠯᠲᠤ ᠬᠦᠩᠭᠡᠨ ᠴᠠᠭᠠᠨ ᠳᠤ ᠬᠡᠷᠡᠭᠵᠢᠭᠦᠯᠬᠦ ᠱᠠᠲᠤᠯᠢᠭ ᠴᠠᠬᠢᠯᠭᠠᠨ ᠤ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠴᠠᠬᠢᠯᠭᠠᠨ ᠢ ᠡᠨᠧᠷᠬᠢ ᠪᠠᠷ ᠣᠷᠤᠯᠠᠭᠤᠯᠬᠤ ᠴᠠᠬᠢᠯᠭᠠᠨ ᠬᠡᠷᠡᠭᠯᠡᠬᠦ ᠳᠤ ᠬᠠᠷᠠᠭᠠᠯᠵᠠᠬᠤ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠬᠡᠷᠡᠭᠲᠡᠢ᠃ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠲᠤᠭᠲᠠᠭᠰᠠᠨ ᠬᠡᠮᠵᠢᠶ᠎ᠡ ᠠᠴᠠ ᠬᠡᠲᠦᠷᠡᠭᠰᠡᠨ ᠳᠤᠨᠢ ᠠᠬᠢᠭᠤᠯᠤᠨ ᠪᠣᠳᠣᠵᠤ ᠦᠨ᠎ᠡ ᠨᠡᠮᠡᠬᠦ ᠲᠦᠷᠦ ᠶᠢᠨ ᠪᠤᠳᠤᠯᠭ᠎ᠠ ᠶᠢ ᠲᠣᠭᠲᠠᠭᠠᠬᠤ ᠬᠡᠷᠡᠭᠲᠡᠢ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠲᠦᠬᠦᠷ ᠦᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃      ᠤᠯᠤᠰ ᠤᠨ ᠦᠮᠴᠢᠯᠠᠯᠳᠣ ᠡᠳ᠋ ᠬᠦᠷᠦᠩᠭᠡ ᠪᠠ ᠤᠯᠤᠰ ᠤᠨ ᠦᠮᠴᠢᠯᠠᠯᠳᠣ ᠠᠵᠦ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠨᠢᠭᠡ ᠳᠤ ᠡᠵᠡᠩᠨᠡᠯᠲᠡ ᠶᠢᠨ ᠴᠢᠨᠠᠷᠲᠠᠢ ᠤᠯᠤᠰ ᠤᠨ ᠦᠮᠴᠢᠯᠠᠯᠳᠣ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠣᠯ ᠢ ᠲᠡᠭᠦᠯᠳᠡᠷᠵᠢᠭᠦᠯᠦᠨ᠎ᠡ᠃ ᠡᠵᠡᠩᠨᠡᠯᠲᠡ ᠶᠢᠨ ᠴᠢᠨᠠᠷᠲᠠᠢ ᠤᠯᠤᠰ ᠤᠨ ᠦᠮᠴᠢᠯᠠᠯᠳᠣ ᠡᠳ᠋ ᠬᠦᠷᠦᠩᠭᠡ ᠶᠢ ᠲᠦᠪᠯᠡᠷᠡᠭᠦᠯᠦᠨ ᠨᠢᠭᠡᠳᠦᠯᠲᠠᠢ ᠬᠢᠨᠠᠨ ᠬᠠᠮᠢᠶᠠᠷᠬᠤ ᠠᠵᠢᠯ ᠢ ᠠᠬᠢᠭᠤᠯᠵᠦ᠂ ᠥᠪᠡᠷᠳᠡᠭᠡᠨ ᠵᠠᠰᠠᠬᠤ ᠤᠷᠤᠨ ᠤ ᠲᠤᠰ ᠱᠠᠲᠤᠨ ᠤ ᠰᠠᠯᠠᠭ᠎ᠠ ᠮᠦᠴᠢᠷ ᠨᠢᠭᠡᠴᠡ ᠶᠢᠨ ᠡᠷᠬᠢᠯᠡᠭᠰᠡᠨ ᠠᠵᠦ ᠠᠬᠤᠶᠢᠯᠠᠯ ᠢ ᠰᠠᠯᠭᠠᠵᠤ ᠥᠭᠡᠷᠡᠴᠢᠯᠡᠬᠦ ᠪᠠ ᠰᠢᠯᠵᠢᠭᠦᠯᠦᠨ ᠲᠤᠰᠢᠶᠠᠵᠤ ᠬᠤᠪᠢᠶᠠᠷᠢᠯᠠᠬᠤ ᠠᠵᠢᠯ ᠢ ᠪᠡᠶᠡᠯᠡᠭᠦᠯᠬᠦ ᠬᠡᠷᠡᠭᠲᠡᠢ᠃ ᠤᠯᠤᠰ ᠤᠨ ᠦᠮᠴᠢᠯᠠᠯᠳᠣ ᠡᠳ᠋ ᠬᠦᠷᠦᠩᠬᠡ ᠶᠢᠨ ᠡᠷᠬᠡ ᠤᠯᠭᠤᠨ ᠡᠵᠡᠩᠨᠡᠬᠦ ᠪᠠᠶᠢᠭᠤᠯᠣᠯ ᠢ ᠦᠭᠡᠷᠡᠴᠢᠯᠡᠵᠦ᠂ ᠨᠦᠬᠦᠴᠡᠯ ᠪᠦᠷᠢᠳᠣᠭ᠍ᠰᠡᠨ ᠤᠯᠤᠰ ᠤᠨ ᠦᠮᠴᠢᠯᠠᠯᠳᠣ ᠠᠵᠦ ᠠᠬᠤᠶᠢᠯᠠᠯ ᠢ ᠤᠯᠤᠰ ᠤᠨ ᠦᠮᠴᠢᠯᠠᠯᠳᠣ ᠬᠦᠷᠦᠩᠬᠡ ᠶᠢᠨ ᠪᠡᠯᠡ ᠣᠷᠣᠭᠤᠯᠣᠯᠳᠡ ᠪᠠ ᠠᠵᠢᠯᠯᠠᠨ ᠡᠵᠡᠩᠨᠡᠬᠦ ᠺᠤᠮᠫᠠᠨᠢ ᠶᠢᠨ ᠲᠤᠷᠰᠢᠯᠲᠠ ᠳᠤ ᠵᠢᠭᠰᠠᠭᠠᠨ ᠣᠷᠤᠭᠤᠯᠬᠤ ᠬᠡᠷᠡᠭᠲᠡᠢ᠃ ᠬᠤᠶᠠᠷ ᠲᠤ ᠤᠯᠤᠰ ᠤᠨ ᠦᠮᠴᠢᠯᠠᠯᠳᠣ ᠠᠵᠦ ᠠᠬᠤᠶᠢᠯᠠᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠳᠤ ᠦᠶ᠎ᠡ ᠶᠢᠨ ᠠᠵᠦ ᠠᠬᠤᠶᠢᠯᠠᠯ ᠤᠨ ᠲᠦᠷᠢᠮ ᠢ ᠲᠦᠷᠭᠡᠳᠭᠡᠨ ᠪᠦᠷᠢᠨᠰᠢᠭᠦᠯᠵᠦ᠂ ᠠᠵᠦ ᠠᠬᠤᠶᠢᠯᠠᠯ ᠤᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠬᠦ ᠬᠡᠷᠡᠭᠲᠡᠢ᠃ ᠤᠯᠤᠰ ᠤᠨ ᠦᠮᠴᠢᠯᠠᠯᠳᠣ ᠠᠵᠦ ᠠᠬᠤᠶᠢᠯᠠᠯ ᠤᠨ ᠬᠤᠯᠢᠮᠠᠭ ᠦᠮᠴᠢᠯᠡᠯ ᠤᠨ ᠲᠦᠷᠢᠮ ᠤᠨ ᠦᠭᠡᠷᠡᠴᠢᠯᠡᠯᠲᠡ ᠶᠢ ᠠᠬᠢᠭᠤᠯᠵᠦ᠂ ᠤᠯᠤᠰ ᠤᠨ ᠭᠤᠷᠪᠠᠳᠤᠭᠠᠷ ᠪᠦᠯᠦᠭ ᠤᠨ ᠬᠤᠯᠢᠮᠠᠭ ᠥᠮᠴᠢᠯᠡᠯ ᠤᠨ ᠲᠦᠷᠢᠮ ᠤᠨ ᠲᠤᠷᠰᠢᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ ᠤᠯᠤᠰ ᠤᠨ ᠦᠮᠴᠢᠯᠠᠯᠳᠣ ᠬᠦᠷᠦᠩᠭᠡ ᠶᠢ ᠬᠦᠴᠦᠷᠭᠡᠭᠵᠢᠭᠦᠯᠬᠦ ᠰᠢᠯᠢᠳᠡᠭᠵᠢᠭᠦᠯᠬᠦ ᠪᠤᠵᠠᠭᠠᠶᠢᠷᠠᠭᠤᠯᠬᠤ ᠠᠵᠢᠯ ᠢ ᠠᠬᠢᠭᠤᠯᠤᠨ᠎ᠠ᠃ ᠤᠯᠤᠰ ᠤᠨ ᠥᠮᠴᠢᠯᠡᠯ ᠤᠨ ᠠᠵᠦ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠪᠦᠲᠦᠴᠡ ᠶᠢᠨ ᠲᠤᠬᠢᠷᠠᠭᠤᠯᠤᠯᠲᠠ ᠬᠢᠬᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠠᠬᠢᠨ ᠵᠤᠬᠢᠶᠠᠨ ᠪᠠᠶᠢᠭᠤᠯᠬᠤ ᠶᠢ ᠲᠦᠷᠭᠡᠳᠭᠡᠵᠦ᠂ ᠵᠢᠭᠤᠯᠴᠢᠯᠠᠯ ᠤᠨ ᠪᠦᠯᠦᠭᠯᠡᠯ ᠵᠡᠷᠭᠡ ᠤᠯᠤᠰ ᠤᠨ ᠦᠮᠴᠢᠯᠡᠯᠲᠦ ᠠᠵᠦ ᠠᠬᠤᠶᠢᠯᠠᠯ ᠤᠨ ᠪᠦᠯᠦᠭᠯᠡᠯ ᠢ ᠪᠤᠶᠢᠵᠢᠭᠤᠯᠤᠨ ᠪᠠᠶᠢᠭᠤᠯᠵᠦ᠂ ᠪᠤᠭᠤᠲᠦ ᠶᠢᠨ ᠪᠤᠯᠤᠳ ᠲᠡᠮᠦᠷ ᠤᠨ ᠺᠤᠮᠫᠠᠨᠢ ᠶᠢᠨ ᠶᠠᠰᠦ ᠴᠢᠨᠠᠷ ᠢᠶᠠᠨ ᠲᠡᠭᠡᠭᠰᠢᠯᠡᠭᠦᠯᠦᠨ ᠦᠷ᠎ᠡ ᠪᠦᠲᠦᠮᠵᠢ ᠪᠠᠨ ᠨᠡᠮᠡᠭᠳᠡᠭᠦᠯᠵᠦ ᠬᠡᠯᠪᠡᠷᠢ ᠪᠠᠨ ᠬᠤᠪᠢᠷᠠᠭᠤᠯᠤᠨ ᠬᠦᠭᠵᠢᠬᠦ 60 ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠠᠬᠢᠭᠤᠯᠵᠤ᠂ ᠤᠷᠤᠨ ᠤ ᠬᠠᠷᠢᠶ᠎ᠠ ᠪᠦᠬᠦᠢ ᠤᠯᠤᠰ ᠤᠨ ᠦᠮᠴᠢᠯᠠᠯᠳᠣ ᠬᠦᠴᠢᠷᠳᠡᠯᠲᠡᠢ ᠠᠵᠦ ᠠᠬᠤᠶᠢᠯᠠᠯ ᠤᠨ ᠠᠯᠳᠠᠭᠳᠠᠯ ᠢᠶᠠᠨ ᠬᠤᠪᠢᠷᠠᠭᠤᠯᠤᠨ ᠤᠯᠵᠠᠪᠤᠷᠢ ᠪᠠᠨ ᠨᠡᠮᠡᠭᠳᠡᠭᠦᠯᠬᠦ ᠶᠢ ᠠᠬᠢᠭᠤᠯᠵᠦ᠂ ᠤᠯᠤᠰ ᠤᠨ ᠦᠮᠴᠢᠯᠠᠯᠳᠣ ᠠᠵᠦ ᠠᠬᠤᠶᠢᠯᠠᠯ ᠤᠨ ᠨᠡᠶᠢᠭᠡᠮ ᠤᠨ ᠠᠵᠢᠯ ᠡᠷᠬᠢᠯᠡᠬᠦ ᠡᠭᠦᠷᠭᠡ ᠴᠢᠳᠠᠪᠤᠷᠢ ᠶᠢ ᠨᠢ ᠰᠠᠯᠭᠠᠬᠤ ᠵᠡᠷᠭᠡ ᠥᠩᠭᠡᠷᠡᠭᠰᠡᠨ ᠤ ᠥᠯᠡᠳᠡᠭᠳᠡᠵᠦ ᠢᠷᠡᠭᠰᠡᠨ ᠠᠰᠠᠭᠤᠳᠠᠯ ᠤᠳ ᠢ ᠲᠦᠷᠭᠡᠳᠭᠡᠨ ᠰᠢᠢᠳᠪᠦᠷᠢᠯᠡᠬᠦ ᠬᠡᠷᠡᠭᠲᠡᠢ᠃ ᠤᠯᠤᠰ ᠤᠨ ᠦᠮᠴᠢᠯᠠᠯᠳᠣ ᠠᠵᠦ ᠠᠬᠤᠶᠢᠯᠠᠯ ᠤᠨ ᠦᠷᠢ ᠥᠭᠴᠡᠭᠡ ᠶᠢᠨ ᠨᠤᠷᠮ᠎ᠠ ᠶᠢᠨ ᠰᠢᠯᠭᠠᠨ ᠬᠢᠨᠠᠬᠤ ᠠᠵᠢᠯ ᠢ ᠴᠢᠩᠭᠠᠳᠬᠠᠬᠤ ᠬᠡᠷᠡᠭᠲᠡᠢ᠃      ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠬᠦᠭᠵᠢᠯᠲᠡ ᠶᠢ ᠲᠡᠮᠵᠢᠬᠦ ᠰᠠᠶᠢᠨ ᠰᠠᠶᠢᠬᠠᠨ ᠤᠷᠴᠢᠨ ᠠᠬᠤᠢ ᠶᠢ ᠪᠤᠢ ᠪᠤᠯᠭᠠᠨ᠎ᠠ᠃ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾ ᠶᠢ ᠪᠠᠷᠢᠮᠲᠠᠯᠠᠨ᠂ ᠨᠡᠶᠢᠲᠡ ᠶᠢᠨ ᠥᠮᠴᠢᠯᠡᠯ ᠤᠨ ᠪᠤᠰᠤ ᠠᠵᠦ ᠠᠬᠤᠢ ᠶᠢᠨ ᠬᠦᠭᠵᠢᠯᠲᠡ ᠶᠢ ᠲᠡᠮᠵᠢᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠪᠡᠯᠡ ᠲᠣᠬᠢᠷᠠᠭᠤᠯᠬᠤ ᠳᠤ ᠬᠦᠴᠢᠷ ᠪᠦᠭᠡᠳ ᠦᠨᠡᠲᠠᠢ ᠪᠠᠶᠢᠬᠤ ᠠᠰᠠᠭᠤᠳᠠᠯ ᠤᠳ ᠢ ᠤᠯᠠᠨ ᠠᠷᠭ᠎ᠠ ᠵᠠᠮ ᠢᠶᠠᠷ ᠰᠢᠢᠳᠪᠦᠷᠢᠯᠡᠬᠦ ᠬᠡᠷᠡᠭᠲᠡᠢ᠃ ᠡᠯ᠎ᠡ ᠵᠦᠢᠯ ᠤᠨ ᠥᠮᠴᠢᠯᠡᠬᠦ ᠡᠷᠬᠡ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠥᠮᠴᠢᠯᠡᠬᠦ ᠡᠷᠬᠡ ᠶᠢ ᠬᠠᠮᠠᠭᠠᠯᠠᠬᠤ ᠳᠤ ᠠᠰᠢᠭ ᠦᠭᠡᠢ ᠪᠣᠯᠬᠤ ᠨᠢᠭᠡ ᠪᠦᠯᠦᠭ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠳ ᠢ ᠴᠡᠪᠡᠷᠯᠡᠵᠦ᠂ ᠵᠠᠰᠠᠪᠤᠷᠢ ᠣᠷᠤᠭᠤᠯᠬᠤ ᠪᠠ ᠬᠦᠴᠦᠨ ᠦᠭᠡᠢ ᠪᠣᠯᠭᠠᠬᠤ ᠬᠡᠷᠡᠭᠲᠡᠢ᠃ ᠠᠵᠦ ᠠᠬᠤᠶᠢᠯᠠᠯᠲᠠᠨ ᠤ ᠵᠤᠷᠢᠭ ᠰᠠᠨᠠᠭ᠎ᠠ ᠶᠢ ᠤᠷᠮᠠᠰᠢᠭᠤᠯᠤᠨ ᠬᠠᠮᠠᠭᠠᠯᠠᠬᠤ ᠰᠠᠨᠠᠯ ᠪᠣᠯᠣᠨ ᠠᠷᠭ᠎ᠠ ᠪᠠᠷᠢᠯ ᠢ ᠨᠡᠶᠢᠲᠡᠯᠡᠵᠦ᠂ ᠠᠵᠦ ᠠᠬᠤᠶᠢᠯᠠᠯᠲᠠᠨ ᠤ ᠠᠵᠢᠯ ᠬᠢᠵᠦ ᠦᠢᠯᠡᠰ ᠴᠣᠭᠴᠠᠯᠠᠬᠤ ᠶᠢ ᠬᠦᠨᠳᠦᠣᠭᠡᠬᠦ᠂ ᠤᠷᠮᠠᠰᠢᠭᠤᠯᠬᠤ ᠪᠠ ᠬᠠᠮᠠᠭᠠᠯᠠᠬᠤ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃      ᠡᠳ᠋ ᠤᠨ ᠵᠠᠰᠠᠭ ᠮᠦᠩᠭᠦᠨ ᠭᠦᠢᠯᠭᠡᠭᠡᠨ ᠤ ᠪᠠᠶᠢᠭᠤᠯᠣᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠨᠢᠭᠡ ᠳᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠤᠷᠤᠯᠭ᠎ᠠ ᠶᠢᠨ ᠵᠣᠬᠢᠬᠤ ᠬᠡᠮᠵᠢᠶ᠎ᠡ ᠪᠠᠷ ᠨᠡᠮᠡᠭᠳᠡᠬᠦ ᠶᠢ ᠪᠠᠲᠤᠯᠠᠵᠤ᠂ ᠲᠦᠪ ᠤᠨ ᠰᠢᠯᠵᠢᠭᠦᠯᠦᠨ ᠦᠭᠬᠦ ᠪᠠ ᠰᠢᠨ᠎ᠡ ᠪᠠᠷ ᠨᠡᠮᠡᠭᠳᠡᠭᠦᠯᠬᠦ ᠵᠢᠭᠡᠯᠡᠯᠭᠡ ᠶᠢᠨ ᠲᠡᠮᠳᠡᠭᠲᠦ ᠶᠢᠨ ᠲᠤᠭ᠎ᠠ ᠬᠡᠮᠵᠢᠶ᠎ᠡ ᠶᠢ ᠢᠲᠡᠪᠬᠢᠲᠠᠢ ᠴᠢᠷᠮᠠᠶᠢᠨ ᠣᠯᠬᠤ ᠬᠡᠷᠡᠭᠲᠡᠢ᠃ ᠭᠤᠤᠯᠳᠠᠯᠭ᠎ᠠ ᠲᠠᠢ ᠵᠠᠷᠤᠯᠭ᠎ᠠ ᠶᠢᠨ ᠲᠦᠰᠦᠪ ᠢ ᠨᠢᠭᠡᠳᠦᠯᠲᠠᠢ ᠲᠦᠯᠦᠪᠯᠡᠨ ᠲᠤᠬᠢᠷᠠᠭᠤᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠭᠤᠤᠯᠳᠠᠯᠭ᠎ᠠ ᠲᠠᠢ ᠲᠦᠷᠦᠯ ᠵᠦᠢᠯ ᠢ ᠲᠡᠮᠵᠢᠬᠦ ᠡᠷᠴᠢᠮ ᠢᠶᠠᠨ ᠴᠢᠩᠭᠠᠷᠠᠭᠤᠯᠵᠦ᠂ ᠡᠩ ᠤᠨ ᠴᠢᠨᠠᠷᠲᠠᠢ ᠵᠠᠷᠤᠯᠭ᠎ᠠ ᠶᠢ 10% ᠶᠢᠨ ᠬᠠᠷᠢᠴᠠᠯ ᠢᠶᠠᠷ ᠦᠷᠭᠦᠯᠵᠢᠯᠡᠨ ᠪᠠᠭᠠᠰᠬᠠᠬᠤ ᠬᠡᠷᠡᠭᠲᠡᠢ᠃ ᠰᠢᠯᠵᠢᠭᠦᠯᠦᠨ ᠦᠭᠬᠦ ᠡᠷᠴᠢᠮ ᠢᠶᠠᠨ ᠴᠢᠩᠭᠠᠷᠠᠭᠤᠯᠵᠦ᠂ ᠬᠦᠴᠢᠷᠳᠡᠯᠲᠠᠢ ᠭᠠᠵᠠᠷ ᠤᠷᠤᠨ ᠪᠤᠯᠤᠨ ᠦᠨᠳᠦᠰᠦᠨ ᠱᠠᠲᠤᠨ ᠤ ᠵᠠᠰᠠᠭ ᠤᠨ ᠤᠷᠳᠤᠨ ᠤ ᠴᠠᠯᠢᠩ ᠢᠶᠠᠨ ᠪᠠᠲᠤᠯᠠᠬᠤ᠂ ᠠᠵᠢᠯᠯᠠᠭᠠᠨ ᠢᠶᠠᠨ ᠪᠠᠳᠣᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠬᠤᠶᠠᠷ ᠲᠤ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠪᠠᠶᠢᠭᠤᠯᠣᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠣᠯ ᠢ ᠲᠡᠭᠦᠯᠳᠡᠷᠵᠢᠭᠦᠯᠦᠨ᠂ ᠥᠪᠡᠷᠳᠡᠭᠡᠨ ᠵᠠᠰᠠᠬᠤ ᠤᠷᠤᠨ ᠠᠴᠠ ᠲᠤᠷᠤᠭᠰᠢᠬᠢ ᠡᠳ᠋ ᠤᠨ ᠵᠠᠰᠠᠭ ᠤᠨ ᠠᠵᠢᠯ ᠬᠡᠷᠡᠭ ᠬᠠᠮᠢᠶᠠᠷᠬᠤ ᠡᠷᠬᠡ ᠪᠤᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠦᠭᠡᠷᠡᠴᠢᠯᠡᠯᠲᠡ ᠶᠢ ᠠᠬᠢᠭᠤᠯᠵᠦ᠂ ᠥᠪᠡᠷᠳᠡᠭᠡᠨ ᠵᠠᠰᠠᠬᠤ ᠤᠷᠤᠨ ᠬᠢᠭᠡᠳ ᠠᠶᠢᠮᠠᠭ ᠬᠤᠲᠠ ᠶᠢᠨ ᠤᠷᠤᠯᠭ᠎ᠠ ᠶᠢᠨ ᠬᠤᠪᠢᠶᠠᠷᠢᠯᠠᠬᠤ ᠶᠡᠷᠦᠩᠬᠡᠢ ᠲᠦᠰᠦᠯ ᠢ ᠰᠣᠳᠣᠯᠬᠤ ᠬᠡᠷᠡᠭᠲᠡᠢ᠃ ᠭᠠᠶᠢᠯᠢ ᠲᠠᠲᠠᠪᠤᠷᠢ ᠶᠢᠨ ᠲᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠬᠦᠯᠦᠨ᠂ ᠤᠷᠤᠨ ᠨᠤᠲᠤᠭ ᠤᠨ ᠭᠠᠶᠢᠯᠢ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠲᠦᠪ ᠬᠤᠷᠢᠶ᠎ᠠ ᠶᠢᠨ ᠪᠠᠶᠢᠷᠢᠯᠠᠭᠤᠯᠤᠯᠲᠠ ᠶᠤᠰᠤᠭᠠᠷ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠠᠶᠢᠯᠢ ᠪᠤᠯᠤᠨ ᠤᠰᠤᠨ ᠤ ᠰᠤᠷᠪᠤᠯᠵᠢ ᠶᠢᠨ ᠭᠠᠶᠢᠯᠢ ᠲᠠᠲᠠᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ ᠮᠦᠩᠭᠦᠨ ᠭᠦᠢᠯᠭᠡᠭᠡᠨ ᠤ ᠪᠠᠶᠢᠭᠤᠯᠣᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠶᠢ ᠰᠢᠯᠢᠳᠡᠭᠵᠢᠭᠦᠯᠵᠦ᠂ ᠪᠤᠳᠠᠲᠦ ᠴᠣᠭᠴᠠᠲᠤ ᠠᠵᠦ ᠠᠬᠤᠢ ᠳᠤ ᠦᠵᠡᠭᠦᠯᠬᠦ ᠮᠦᠩᠭᠦᠨ ᠭᠦᠢᠯᠭᠡᠭᠡᠨ ᠤ ᠲᠡᠮᠵᠢᠯᠭᠡ ᠶᠢᠨ ᠡᠷᠴᠢᠮ ᠢ ᠴᠢᠩᠭᠠᠳᠬᠠᠬᠤ ᠬᠡᠷᠡᠭᠲᠡᠢ᠃ ᠤᠷᠤᠨ ᠤ ᠭᠠᠳᠠᠨᠠᠬᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠲᠡᠪᠬᠢᠲᠠᠢ ᠲᠠᠲᠠᠨ ᠣᠷᠤᠭᠤᠯᠵᠤ᠂ ᠪᠠᠩᠬᠢ ᠶᠢᠨ ᠪᠤᠰᠤ ᠮᠦᠩᠭᠦᠨ ᠬᠦᠢᠯᠭᠡᠭᠡᠨ ᠤ ᠪᠠᠶᠢᠭᠤᠯᠤᠮᠵᠢ ᠪᠠᠶᠢᠭᠤᠯᠬᠤ ᠶᠢ ᠠᠬᠢᠭᠤᠯᠤᠨ᠂ ᠣᠷᠣᠨ ᠪᠦᠰᠠ ᠶᠢᠨ ᠰᠲ᠋ᠤᠺ ᠤᠨ ᠡᠷᠬᠡ ᠶᠢᠨ ᠠᠷᠠᠯᠵᠢᠶᠠᠨ ᠤ ᠵᠠᠬ᠎ᠠ ᠲᠡᠯᠭᠡᠭᠦᠷ ᠢ ᠵᠢᠷᠤᠮᠵᠢᠭᠤᠯᠤᠨ ᠬᠦᠭᠵᠢᠭᠦᠯᠵᠦ᠂ ᠬᠦᠳᠡᠭᠡ ᠲᠤᠰᠬᠤᠨ ᠤ ᠬᠤᠷᠰᠢᠬᠰᠠᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠮᠴᠢᠯᠡᠬᠦ ᠡᠷᠬᠡ ᠶᠢᠨ ᠦᠭᠡᠷᠡᠴᠢᠯᠡᠯᠲᠠ ᠶᠢᠨ ᠡᠷᠴᠢᠮ ᠢ ᠴᠢᠩᠭᠠᠷᠠᠭᠤᠯᠤᠨ᠂ ᠵᠠᠰᠠᠭ ᠤᠨ ᠤᠷᠳᠤᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠲᠠᠭᠠᠭᠠᠯᠲᠠ ᠬᠢᠬᠦ ᠪᠤᠯᠤᠨ ᠲᠠᠬᠢᠨ ᠲᠠᠭᠠᠭᠠᠯᠲᠠ ᠬᠢᠬᠦ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃      ᠲᠤᠯᠤᠭ᠎ᠠ᠂ ᠤᠯᠤᠰ ᠤᠨ ᠲᠤᠲᠤᠭᠠᠲᠦ ᠪᠠ ᠣᠯᠠᠨ ᠤᠯᠤᠰ ᠤᠨ ᠬᠤᠶᠠᠷ ᠵᠠᠬ᠎ᠠ ᠲᠡᠯᠭᠡᠭᠦᠷ ᠢ ᠨᠢᠭᠡᠳᠦᠯᠲᠠᠢ ᠲᠦᠯᠦᠪᠯᠡᠵᠦ᠂ ᠲᠤᠲᠤᠭᠠᠲᠦ ᠭᠠᠳᠠᠭᠠᠳᠦ ᠳᠤ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠤᠨ᠎ᠠ      ᠭᠠᠳᠠᠭᠠᠳᠦ ᠠᠷᠠᠯᠵᠢᠶᠠᠨ ᠤ ᠦᠭᠡᠳᠡᠯᠡᠨ ᠰᠠᠶᠢᠵᠢᠷᠠᠬᠤ ᠪᠠᠶᠢᠳᠠᠯ ᠬᠠᠨᠳᠤᠰᠢ ᠶᠢ ᠪᠠᠬᠢᠵᠢᠭᠦᠯᠦᠨ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠨ᠂ ᠣᠷᠣᠨ ᠪᠦᠰᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠦ᠂ ᠨᠡᠭᠡᠭᠡᠯᠲᠡ ᠬᠢᠬᠦ ᠪᠠᠷ ᠲᠠᠮᠵᠢᠨ ᠪᠠᠷᠠᠭᠤᠨ ᠤᠷᠤᠨ ᠤ ᠬᠦᠭᠵᠢᠯᠲᠡ ᠶᠢ ᠠᠬᠢᠭᠤᠯᠬᠤ ᠤᠯᠤᠰ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠨᠡᠭᠡᠭᠡᠯᠲᠡ ᠬᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃      ᠭᠠᠳᠠᠭᠠᠲᠦ ᠠᠷᠠᠯᠵᠢᠶ᠎ᠠ ᠶᠢ ᠰᠢᠯᠢᠳᠡᠭᠵᠢᠭᠦᠯᠦᠨ ᠬᠦᠭᠵᠢᠭᠦᠯᠦᠨ᠎ᠡ᠃ ᠨᠢᠭᠡ ᠳᠤ ᠠᠷᠠᠯᠵᠢᠶᠠᠨ ᠤ ᠣᠯᠠᠨ ᠡᠰᠢᠵᠢᠭᠰᠡᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ ᠃ ᠭᠠᠳᠠᠭᠠᠲᠦ ᠠᠷᠠᠯᠵᠢᠶᠠᠨ ᠤ ᠰᠢᠯᠢᠳᠡᠭ ᠢ ᠨᠢ ᠤᠷᠤᠭᠤᠯᠵᠦ ᠰᠢᠯᠢᠳᠡᠭ ᠢ ᠨᠢ ᠭᠠᠷᠭᠠᠬᠤ ᠶᠢ ᠠᠬᠢᠭᠤᠯᠵᠦ᠂ ᠠᠵᠦ ᠠᠬᠤᠶᠢᠯᠠᠯ ᠤᠳ ᠢ ᠵᠣᠷᠢᠬᠵᠢᠭᠤᠯᠤᠨ ᠲᠡᠷᠢᠭᠦᠨ ᠤ ᠮᠡᠷᠭᠡᠵᠢᠯ ᠪᠤᠯᠤᠨ ᠲᠦᠬᠦᠭᠡᠷᠦᠮᠵᠢ ᠣᠷᠤᠭᠤᠯᠤᠨ᠂ ᠡᠬᠢ ᠪᠠᠶᠠᠯᠢᠭ ᠡᠨᠧᠷᠬᠢ ᠶᠢᠨ ᠲᠦᠷᠦᠯ ᠤᠨ ᠦᠢᠯᠡᠳᠬᠦᠨ ᠤ ᠭᠠᠳᠠᠭᠠᠳᠤ ᠠᠴᠠ ᠤᠷᠤᠭᠤᠯᠬᠤ ᠬᠡᠪᠴᠢᠶ᠎ᠡ ᠶᠢ ᠦᠷᠭᠡᠳᠬᠡᠵᠦ᠂ ᠦᠢᠯᠡᠴᠢᠯᠡᠭᠡᠨ ᠤ ᠠᠷᠠᠯᠵᠢᠶ᠎ᠠ ᠪᠤᠯᠤᠨ ᠡᠳ᠋ᠰᠢᠭᠦᠯᠬᠦ ᠠᠷᠠᠯᠵᠢᠶ᠎ᠠ ᠶᠢ ᠢᠲᠡᠪᠬᠢᠲᠠᠢ ᠬᠦᠭᠵᠢᠭᠦᠯᠦᠨ᠂ ︽ᠨᠢᠭᠡ ᠪᠦᠰᠡ ᠨᠢᠭᠡ ᠵᠠᠮ︾ ᠤᠨ ᠭᠤᠤᠯᠳᠠᠯᠭ᠎ᠠ ᠲᠠᠢ ᠵᠠᠬ᠎ᠠ ᠲᠡᠯᠭᠡᠭᠦᠷ ᠢ ᠴᠢᠷᠮᠠᠶᠢᠨ ᠨᠡᠬᠡᠭᠡᠨ ᠦᠷᠭᠡᠳᠭᠡᠬᠦ ᠬᠡᠷᠡᠭᠲᠡᠢ᠃ ᠬᠤᠶᠠᠷ ᠲᠤ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠴᠢᠯᠦᠭᠡᠲᠦ ᠠᠷᠠᠯᠵᠢᠶ᠎ᠠ ᠶᠢᠨ ᠲᠤᠷᠰᠢᠯᠲᠠ ᠶᠢᠨ ᠣᠷᠣᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠢ ᠲᠦᠷᠭᠡᠳᠭᠡᠨ ᠪᠠᠶᠢᠭᠤᠯᠬᠤ ᠬᠡᠷᠡᠭᠲᠡᠢ᠃ ︽ᠭᠤᠷᠪᠠᠨ ᠬᠠᠷᠢᠯᠴᠠᠨ ᠮᠠᠶᠢᠮᠠᠶᠢᠯᠠᠬᠤ︾ ᠪᠣᠭᠤᠮᠲᠠ ᠶᠢᠨ ᠪᠦᠲᠦᠮᠵᠢᠲᠡᠢ ᠠᠵᠢᠯᠯᠠᠭᠠᠨ ᠤ ᠥᠭᠡᠷᠡᠴᠢᠯᠡᠯᠲᠡ ᠶᠢ ᠠᠬᠢᠭᠤᠯᠵᠤ᠂ ᠣᠯᠠᠨ ᠤᠯᠤᠰ ᠤᠨ ᠠᠷᠠᠯᠵᠢᠶᠠᠨ ᠤ ︽ᠨᠢᠭᠡ ᠴᠣᠩᠬᠤ ᠪᠠᠷ ᠦᠢᠯᠡᠴᠢᠯᠡᠬᠦ︾ ᠪᠠᠶᠢᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ ᠭᠤᠷᠪᠠ ᠳᠤ ᠭᠠᠳᠠᠭᠠᠳᠤ ᠠᠷᠠᠯᠵᠢᠶ᠎ᠠ ᠶᠢᠨ ᠰᠢᠨ᠎ᠡ ᠡᠵᠡᠩᠨᠡᠯᠳᠡ ᠶᠢᠨ ᠪᠠᠶᠢᠳᠠᠯ᠂ ᠰᠢᠨ᠎ᠡ ᠵᠠᠭᠪᠤᠷ ᠢ ᠪᠤᠶᠢᠵᠢᠭᠤᠯᠤᠨ᠎ᠠ᠃ ᠤᠯᠤᠰ ᠤᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠤᠷᠤᠨ ᠤ ᠲᠤᠷᠰᠢᠯᠭ᠎ᠠ ᠬᠢᠳᠡᠯ ᠢ ᠲᠡᠯᠭᠡᠷᠡᠭᠦᠯᠬᠦ ᠪᠠ ᠵᠢᠷᠤᠮᠯᠠᠨ ᠳᠠᠭᠠᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ ᠶᠢᠨ ᠠᠵᠦ ᠠᠬᠤᠶᠢᠯᠠᠯ ᠢ ᠪᠤᠶᠢᠵᠢᠭᠤᠯᠵᠦ᠂ ᠮᠠᠨᠵᠤᠤᠷ᠂ ᠡᠷᠢᠶᠡᠨ ᠬᠤᠲᠠ ᠶᠢᠨ ᠵᠠᠬ᠎ᠠ ᠲᠡᠯᠭᠡᠭᠦᠷ ᠢᠶᠠᠷ ᠬᠤᠳᠠᠯᠳᠤᠨ ᠠᠪᠬᠤ ᠠᠷᠠᠯᠵᠢᠶ᠎ᠠ ᠦᠷᠨᠢᠭᠦᠯᠬᠦ ᠶᠢ ᠳᠡᠮᠵᠢᠬᠦ ᠬᠡᠷᠡᠭᠲᠡᠢ᠃      ︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠲᠠ ᠶᠢ ᠠᠬᠢᠭᠤᠯᠤᠨ᠎ᠠ᠃ ᠨᠢᠭᠡ ᠳᠤ ᠬᠠᠮᠲᠤᠷᠠᠯᠴᠠᠭᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠭᠤᠤᠯᠳᠠᠯᠭ᠎ᠠ ᠪᠤᠯᠭᠠᠨ ᠨᠡᠭᠡᠭᠡᠨ ᠬᠦᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠲᠤᠭᠤᠷᠢᠭ᠂ ᠡᠷᠢᠶᠡᠨ ᠬᠤᠲᠠ — ᠵᠠᠮ ᠤᠨ ᠡᠭᠦᠳᠡ ᠶᠢᠨ ᠬᠢᠯᠢ ᠠᠯᠤᠰᠯᠠᠭᠰᠠᠨ ᠠᠵᠦ ᠠᠬᠤᠢ ᠶᠢᠨ ᠬᠠᠮᠲᠤᠷᠠᠯᠴᠠᠭᠠᠨ ᠤ ᠲᠣᠭᠤᠷᠢᠭ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠦ᠂ ᠥᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠲᠤᠭᠤᠷᠢᠭ ᠢ ᠡᠬᠢᠯᠡᠭᠦᠯᠦᠨ ᠪᠠᠶᠢᠭᠤᠯᠵᠤ᠂ ᠮᠠᠨᠵᠤᠤᠷ᠂ ᠡᠷᠢᠶᠡᠨ ᠬᠤᠲᠠ ᠶᠢᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠲᠤᠭᠤᠷᠢᠭ ᠢ ᠡᠭᠦᠳᠦᠨ ᠪᠠᠶᠢᠭᠤᠯᠬᠤ ᠬᠡᠷᠡᠭᠲᠡᠢ᠃ ᠬᠤᠶᠠᠷ ᠲᠤ ᠰᠠᠭᠤᠷᠢ ᠪᠡᠯᠡᠳᠭᠡᠮᠵᠢ ᠶᠢᠨ ᠬᠤᠯᠪᠣᠭᠠᠯᠠᠨ ᠨᠡᠪᠲᠡᠷᠡᠭᠦᠯᠬᠦ ᠶᠢ ᠠᠬᠢᠭᠤᠯᠤᠨ᠎ᠠ᠃ ᠥᠪᠤᠷ ᠮᠤᠩᠭᠤᠯ ᠬᠢᠭᠡᠳ ᠤᠷᠤᠰ ᠮᠤᠩᠭᠤᠯ ᠤᠨ ᠰᠠᠭᠤᠷᠢ ᠪᠡᠯᠡᠳᠭᠡᠮᠵᠢ ᠶᠢᠨ ᠬᠤᠯᠪᠣᠭᠠᠯᠠᠨ ᠨᠡᠪᠲᠡᠷᠡᠭᠦᠯᠬᠦ ᠶᠡᠷᠦᠩᠬᠡᠢ ᠲᠦᠯᠦᠪᠵᠢᠭᠦᠯᠭᠡ ᠶᠢ ᠲᠦᠷᠭᠡᠳᠭᠡᠨ ᠬᠡᠷᠡᠭᠵᠢᠭᠦᠯᠵᠦ᠂ ᠳᠤᠮᠳᠠᠳᠦ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ ᠤᠨ ᠤᠷᠲᠤᠪᠲᠤᠷ ᠲᠡᠮᠦᠷ ᠵᠠᠮ ᠪᠤᠯᠤᠨ ᠬᠢᠯᠢ ᠠᠯᠤᠰᠯᠠᠭᠰᠠᠨ ᠵᠠᠰᠠᠮᠠᠯ ᠵᠠᠮ ᠤᠨ ᠪᠦᠳᠣᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠬᠤ ᠬᠡᠷᠡᠭᠲᠡᠢ᠃ ᠭᠤᠷᠪᠠ ᠳᠤ ᠲᠤᠮᠳᠠᠳᠦ ᠡᠸᠦ᠋ᠷᠤᠫᠠ ᠶᠢᠨ ᠡᠭᠡᠯᠵᠢ ᠶᠢᠨ ᠭᠠᠯᠲᠦ ᠲᠡᠷᠭᠡ ᠶᠢᠨ ᠪᠠᠶᠢᠩᠭᠤᠵᠢᠭᠤᠯᠬᠤ ᠠᠵᠢᠯᠯᠠᠭᠠᠨ ᠢ ᠠᠬᠢᠭᠤᠯᠤᠨ᠎ᠠ᠃ ᠲᠤᠮᠳᠠᠳᠦ ᠡᠸᠦ᠋ᠷᠤᠫᠠ ᠶᠢᠨ ᠡᠭᠡᠯᠵᠢ ᠶᠢᠨ ᠭᠠᠯᠲᠦ ᠲᠡᠷᠭᠡ ᠶᠢ ᠲᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠤᠯᠠᠭᠠᠨᠴᠠᠪ ᠤᠨ ᠵᠠᠩᠬᠢᠯᠠᠭ᠎ᠠ ᠶᠢᠨ ᠬᠤᠯᠪᠣᠭᠠᠰᠤ ᠪᠤᠯᠤᠨ ᠭᠤᠣᠯᠳᠠᠯᠭ᠎ᠠ ᠲᠠᠢ ᠪᠠᠷᠠᠭᠠᠨ ᠤ ᠭᠦᠢᠯᠭᠡᠭᠡ ᠶᠢᠨ ᠲᠦᠪᠯᠡᠷᠡᠭᠦᠯᠵᠦ ᠬᠤᠪᠢᠶᠠᠷᠢᠯᠠᠬᠤ ᠬᠤᠯᠪᠣᠭᠠᠰᠤ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠬᠡᠷᠡᠭᠲᠡᠢ᠃      ᠣᠷᠣᠨ ᠪᠦᠰᠠ ᠶᠢᠨ ᠬᠠᠮᠳᠣᠷᠠᠯᠴᠠᠭ᠎ᠠ ᠶᠢ ᠦᠷᠭᠦᠯᠵᠢᠯᠡᠨ ᠭᠦᠨᠵᠡᠬᠡᠶᠢᠷᠡᠭᠦᠯᠣᠨ᠎ᠡ᠃ ᠪᠡᠭᠡᠵᠢᠩ ᠦᠪᠤᠷ ᠮᠣᠩᠭᠤᠯ ᠤᠨ ᠠᠵᠢᠯ ᠲᠦᠷᠣᠯ ᠨᠢᠭᠡᠲᠡᠨ ᠤ ᠬᠠᠮᠳᠣᠷᠠᠯᠴᠠᠭᠠᠨ ᠤ ᠬᠠᠪᠰᠣᠷᠣᠨ ᠲᠡᠳᠭᠦᠭᠦ ᠶᠢ ᠭᠦᠨᠵᠡᠬᠡᠶᠢᠷᠡᠭᠦᠯᠵᠤ᠂ ᠨᠠᠶᠢᠰᠯᠠᠯ ᠤᠨ ᠪᠣᠰᠣ ᠴᠢᠳᠠᠮᠵᠢ ᠶᠢ ᠬᠤᠪᠢᠶᠠᠷᠢᠯᠠᠨ ᠰᠢᠢᠳᠪᠦᠷᠢᠯᠡᠬᠦ ᠳᠤ ᠢᠳᠡᠪᠬᠢᠳᠡᠢ ᠣᠷᠣᠯᠴᠠᠨ᠂ ᠨᠦᠭᠦᠴᠡᠯ ᠲᠠᠢ ᠭᠦᠷᠢᠶᠡᠯᠡᠩ ᠲᠣᠭᠤᠷᠢᠭ ᠢ ᠪᠡᠭᠡᠵᠢᠩ ᠲᠢᠶᠠᠨᠵᠢᠨ ᠡᠾᠧᠪᠸᠢ ᠶᠢᠨ ᠡᠯ᠎ᠡ ᠲᠦᠷᠣᠯ ᠤᠨ ᠭᠦᠷᠢᠶᠡᠯᠡᠩ ᠲᠣᠭᠤᠷᠢᠭ ᠲᠠᠢ ᠬᠠᠮᠳᠣᠪᠡᠷ ᠪᠠᠶᠢᠭᠤᠯᠵᠤ ᠬᠠᠮᠲᠤᠷᠠᠯᠴᠠᠬᠤ ᠶᠢ ᠦᠷᠨᠢᠭᠦᠯᠬᠦ ᠶᠢ ᠠᠬᠢᠭᠤᠯᠬᠤ ᠬᠡᠷᠡᠭᠲᠡᠢ᠃ ᠦᠪᠤᠷ ᠮᠤᠩᠭᠤᠯ ᠱᠠᠨ ᠰᠢ ᠡᠾᠧᠪᠸᠢ ︵ᠣᠯᠠᠭᠠᠨᠴᠠᠪ ᠳ᠋ᠠᠲ᠋ᠦ᠋ᠡᠭ ᠴᠢᠭᠤᠯᠣᠯᠳᠣ ᠬᠠᠭᠠᠯᠭ᠎ᠠ︶ ᠶᠢᠨ ᠣᠷᠳᠣ ᠴᠠᠭᠠᠨ ᠬᠡᠷᠡᠮ ᠤᠨ ᠠᠯᠳᠡᠨ ᠭᠤᠷᠪᠠᠯᠵᠢᠨ ᠬᠤᠶᠢᠭ ᠤᠨ ᠬᠠᠮᠲᠤᠷᠠᠯᠴᠠᠭ᠎ᠠ ᠶᠢᠨ ᠲᠣᠭᠤᠷᠢᠭ ᠤᠨ ᠪᠦᠳᠣᠭᠡᠨ ᠪᠠᠶᠢᠭᠤᠯᠣᠯᠳᠡ ᠶᠢ ᠲᠦᠷᠭᠡᠳᠭᠡᠵᠤ᠂ ᠵᠡᠭᠦᠨ᠂ ᠲᠣᠮᠳᠡ᠂ ᠪᠠᠷᠠᠭᠤᠨ ᠬᠡᠰᠡᠭ ᠤᠨ ᠣᠷᠣᠨ ᠪᠦᠰᠠ ᠶᠢ ᠬᠤᠯᠪᠣᠭᠰᠠᠨ ᠶᠡᠷᠣᠩᠬᠡᠶᠢᠯᠡᠭᠰᠡᠨ ᠵᠠᠩᠬᠢᠯᠠᠭ᠎ᠠ ᠪᠠ ᠬᠠᠮᠲᠤᠷᠠᠯᠴᠠᠭ᠎ᠠ ᠶᠢᠨ ᠵᠢᠱᠢᠶ᠎ᠠ ᠦᠵᠡᠭᠦᠯᠭᠦ ᠲᠣᠭᠤᠷᠢᠭ ᠢ ᠪᠠᠶᠢᠭᠤᠯᠬᠤ ᠬᠡᠷᠡᠭᠲᠡᠢ᠃ ᠬᠥᠬᠡ ᠮᠦᠷᠡᠨ ᠤ ᠠᠵᠤ ᠠᠬᠤᠢ ᠶᠢᠨ ᠪᠦᠰᠠ᠂ ᠲᠠᠯᠠᠢ ᠲᠠᠭᠠᠣ ᠶᠢᠨ ᠭᠦᠭᠵᠢᠭᠰᠡᠨ ᠭᠠᠵᠠᠷ ᠣᠷᠣᠨ᠂ ᠭᠤᠸᠠᠩᠳᠦ᠋ᠡᠭ ᠰᠢᠶᠠᠩᠭᠠᠡᠭ ᠣᠣᠮᠧᠨ ᠵᠡᠷᠭᠡ ᠭᠠᠵᠠᠷ ᠯᠤᠭ᠎ᠠ ᠶᠢᠨ ᠠᠵᠤ ᠠᠬᠤᠢ ᠠᠷᠠᠯᠵᠢᠶᠠᠨ ᠤ ᠬᠠᠮᠳᠣᠷᠠᠯᠴᠠᠭ᠎ᠠ ᠶᠢ ᠴᠢᠩᠭᠠᠳᠬᠠᠵᠤ᠂ ᠵᠡᠭᠦᠨ ᠡᠮᠣᠨᠡᠳᠣ ᠲᠠᠯᠠᠢ ᠲᠠᠭᠠᠤ ᠶᠢᠨ ᠭᠦᠭᠵᠢᠭᠰᠡᠨ ᠭᠠᠵᠠᠷ ᠣᠷᠣᠨ ᠲᠠᠢ ᠠᠵᠢᠯ ᠲᠦᠷᠣᠯ ᠢᠶᠠᠷ ᠢᠶᠠᠨ ᠬᠠᠮᠲᠤᠷᠠᠯᠴᠠᠬᠤ ᠲᠣᠭᠳᠠᠴᠠ ᠪᠠᠶᠢᠭᠤᠯᠬᠤ ᠶᠢ ᠠᠬᠢᠭᠤᠯᠬᠤ ᠬᠡᠷᠡᠭᠲᠡᠢ᠃      ᠤᠷᠤᠭᠤᠯᠵᠦ ᠠᠪᠴᠢᠷᠠᠬᠤ ᠪᠠ ᠭᠠᠷᠭᠠᠵᠤ ᠶᠠᠪᠤᠭᠤᠯᠬᠤ ᠶᠢ ᠲᠦᠷᠭᠡᠳᠭᠡᠨ᠎ᠡ᠃ ᠨᠢᠭᠡ ᠳᠤ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠶᠢ ᠶᠡᠬᠡᠪᠡᠷ ᠴᠢᠩᠭᠠᠳᠬᠠᠨ᠎ᠠ᠃ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠭᠠᠳᠠᠭᠠᠳᠤ ᠪᠡᠯᠡ ᠶᠢᠨ ᠵᠦᠪᠰᠢᠶᠡᠷᠡᠨ ᠣᠷᠤᠭᠤᠯᠬᠤ ᠬᠢᠵᠠᠭᠠᠷᠯᠠᠯ ᠢ ᠤᠯᠠᠮ ᠨᠢᠭᠡ ᠠᠯᠬᠤᠮ ᠪᠠᠭᠠᠰᠬᠠᠵᠦ᠂ ᠣᠷᠤᠭᠤᠯᠵᠤ ᠠᠪᠴᠢᠷᠠᠬᠤ ᠲᠦᠷᠦᠯ ᠵᠦᠢᠯ ᠤᠨ ᠮᠦᠷᠳᠡᠨ ᠦᠢᠯᠡᠴᠢᠯᠡᠬᠦ ᠲᠤᠭᠲᠠᠴᠠ ᠶᠢ ᠪᠦᠷᠢᠨᠰᠢᠭᠦᠯᠵᠦ᠂ ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ ᠢ ᠰᠢᠯᠢᠳᠡᠭᠵᠢᠭᠦᠯᠬᠦ ᠬᠡᠷᠡᠭᠲᠡᠢ᠃ ᠬᠤᠶᠠᠷ ᠲᠤ ᠤᠯᠠᠨ ᠤᠯᠤᠰ ᠤᠨ ᠮᠥᠩᠭᠦᠨ ᠭᠦᠢᠯᠭᠡᠭᠡᠨ ᠤ ᠵᠤᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠬᠡᠷᠡᠭᠯᠡᠭᠦ ᠬᠡᠪᠴᠢᠶ᠎ᠡ ᠶᠢ ᠥᠷᠭᠡᠳᠭᠡᠨ᠎ᠡ᠃ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ᠂ ᠰᠤᠶᠤᠯ ᠤᠨ ᠦᠪ ᠤᠨ ᠬᠠᠮᠠᠭᠠᠯᠠᠯᠲᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠴᠢᠯᠠᠯᠲᠠ᠂ ᠴᠡᠪᠡᠷ ᠡᠨᠧᠷᠬᠢ ᠵᠡᠷᠭᠡ ᠬᠦᠷᠢᠶ᠎ᠡ ᠴᠠᠷᠠᠭ᠎ᠠ ᠳᠤ ᠨᠢᠭᠡ ᠪᠦᠯᠦᠭ ᠲᠦᠷᠦᠯ ᠵᠦᠢᠯ ᠢ ᠵᠤᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠵᠦ᠂ ᠡᠬᠢᠨ ᠤ ᠬᠤᠭᠤᠴᠠᠭᠠᠨ ᠤ ᠠᠵᠢᠯ ᠪᠠ ᠬᠢᠨᠠᠨ ᠵᠦᠪᠰᠢᠶᠡᠷᠡᠭᠦᠯᠭᠦ ᠠᠬᠢᠴᠠ ᠶᠢ ᠲᠦᠷᠭᠡᠳᠭᠡᠵᠦ᠂ ᠲᠦᠷᠦᠯ ᠵᠦᠢᠯ ᠤᠨ ᠪᠣᠳᠠᠲᠠᠶᠢᠵᠢᠨ ᠨᠠᠶᠢᠳᠠᠪᠤᠷᠢᠵᠢᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ ᠭᠠᠳᠠᠭᠠᠳᠤ ᠳᠤ ᠪᠡᠯᠡ ᠤᠷᠤᠭᠤᠯᠬᠤ ᠶᠢ ᠡᠮᠬᠢ ᠵᠢᠷᠤᠮ ᠲᠠᠢ ᠪᠠᠷ ᠬᠦᠲᠦᠯᠦᠨ ᠵᠢᠯᠤᠭᠤᠳᠴᠦ ᠲᠡᠮᠵᠢᠨ᠎ᠡ᠃ ᠬᠢᠯᠢ ᠶᠢᠨ ᠭᠠᠳᠠᠨ᠎ᠠ ᠪᠡᠯᠡ ᠤᠷᠤᠭᠤᠯᠬᠤ ᠶᠢ ᠬᠦᠲᠦᠯᠦᠨ ᠵᠢᠯᠣᠭᠤᠳᠬᠤ ᠪᠠ ᠵᠢᠷᠤᠮᠵᠢᠭᠤᠯᠤᠨ᠂ ᠨᠦᠭᠦᠴᠡᠯ ᠲᠠᠢ ᠠᠵᠦ ᠠᠬᠤᠶᠢᠢᠯᠠᠯ ᠤᠳ ᠮᠤᠩᠭᠤᠯ ᠤᠯᠤᠰ᠂ ᠤᠷᠤᠰ ᠲᠤ ᠬᠠᠮᠲᠤᠷᠠᠯᠴᠠᠭ᠎ᠠ ᠶᠢᠨ ᠠᠵᠦ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠪᠠᠶᠢᠭᠤᠯᠬᠤ ᠶᠢ ᠳᠡᠮᠵᠢᠵᠤ᠂ ᠤᠯᠠᠭᠠᠨ ᠡᠭᠦᠳᠡ ᠶᠢᠨ ᠮᠤᠳᠤᠨ ᠮᠠᠲ᠋ᠧᠷᠢᠶᠠᠯ ᠡᠳ᠋ᠰᠢᠭᠦᠯᠬᠦ ᠬᠦᠷᠢᠶᠡᠯᠡᠩ ᠲᠤᠭᠤᠷᠢᠭ ︵ᠤᠷᠤᠰ︶ ᠪᠠ ᠦᠪᠦᠷ ᠮᠤᠩᠭᠤᠯ ᠤᠨ ᠬᠢᠯᠢ ᠶᠢᠨ ᠭᠠᠳᠠᠨᠠᠬᠢ ᠠᠵᠦ ᠠᠬᠤᠢ ᠠᠷᠠᠯᠵᠢᠶᠠᠨ ᠤ ᠬᠥᠷᠢᠶᠡᠯᠡᠩ ᠳᠤᠭᠤᠷᠢᠭ ︵ᠮᠤᠩᠭᠤᠯ ᠤᠯᠤᠰ︶ ᠤᠨ ᠪᠥᠳᠥᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠬᠢᠭᠤᠯᠬᠤ ᠬᠡᠷᠡᠭᠲᠡᠢ᠃      ᠨᠠᠢᠮᠠ᠂ ᠠᠷᠠᠳ ᠳᠥᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠪᠠᠷ ᠬᠥᠴᠥᠯᠡᠨ᠎ᠡ᠃      ︽ᠬᠤᠷᠢᠭ᠎ᠠ ᠱᠤᠭᠤᠮ ᠢ ᠪᠠᠳᠤ ᠰᠠᠬᠢᠬᠤ᠂ ᠭᠤᠤᠯᠳᠠᠯᠭ᠎ᠠ ᠪᠠᠨ ᠳᠤᠪᠤᠶᠢᠯᠭᠠᠬᠤ᠂ ᠳᠥᠷᠢᠮ ᠢᠶᠠᠨ ᠳᠡᠭᠦᠯᠳᠡᠷᠵᠢᠭᠦᠯᠬᠦ᠂ ᠵᠢᠱᠢᠯᠲᠡ ᠶᠢ ᠬᠦᠲᠦᠯᠦᠨ ᠵᠢᠯᠣᠭᠤᠳᠬᠤ︾ ᠱᠠᠭᠠᠷᠳᠠᠯᠭ᠎ᠠ ᠶᠤᠰᠤᠭᠠᠷ᠂ ᠠᠷᠠᠳ ᠤᠯᠠᠨ ᠤ ᠬᠠᠯᠠᠮᠵᠢᠯᠠᠵᠤ ᠪᠠᠶᠢᠭ᠎ᠠ ᠰᠢᠨ᠎ᠡ ᠬᠠᠭᠤᠴᠢᠨ ᠠᠰᠠᠭᠤᠳᠠᠯ ᠳᠤ ᠴᠢᠭᠯᠡᠭᠦᠯᠦᠨ ᠲᠦᠢᠯ ᠤᠨ ᠣᠨᠣᠪᠴᠢᠲᠠᠢ ᠪᠠᠷ ᠠᠷᠭ᠎ᠠ ᠪᠤᠳᠤᠯᠭ᠎ᠠ ᠬᠡᠷᠡᠭᠯᠡᠨ᠂ ᠠᠷᠠᠳ ᠣᠯᠠᠨ ᠳᠤ ᠨᠡᠩ ᠤᠯᠠᠨ ᠬᠦᠷᠲᠡᠭᠡᠮᠵᠢᠲᠡᠢ ᠪᠠᠶᠢᠬᠤ ᠳᠥᠷᠥᠭᠳᠡᠯ᠂ ᠵᠤᠯ ᠵᠢᠷᠭᠠᠯ ᠲᠠᠢ ᠪᠠᠶᠢᠬᠤ ᠳᠥᠷᠥᠭᠳᠡᠯ ᠪᠣᠯᠣᠨ ᠠᠮᠤᠷ ᠳᠥᠪᠰᠢᠨ ᠤ ᠳᠥᠷᠥᠭᠳᠡᠯ ᠲᠠᠢ ᠪᠣᠯᠭᠠᠬᠤ ᠬᠡᠷᠡᠭᠲᠡᠢ᠃      ᠡᠷᠬᠡ ᠲᠡᠭᠰᠢ ᠪᠥᠭᠡᠳ ᠴᠢᠨᠠᠷ ᠰᠠᠶᠢᠲᠠᠢ ᠰᠤᠷᠭᠠᠨ ᠬᠥᠮᠥᠵᠢᠯ ᠢ ᠬᠥᠭᠵᠢᠭᠦᠯᠦᠨ᠎ᠡ᠃ ᠭᠤᠷᠪᠠᠲᠤᠭᠠᠷ ᠬᠤᠭᠤᠴᠠᠭᠠᠨ ᠤ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ︾ ᠶᠢ ᠬᠡᠷᠡᠭᠵᠢᠬᠦᠯᠵᠦ᠂ ᠨᠢᠭᠡ ᠪᠦᠯᠦᠭ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠡ ᠥᠭᠡᠷᠡᠴᠢᠯᠡᠵᠦ ᠦᠷᠭᠡᠳᠭᠡᠨ ᠪᠠᠶᠢᠭᠤᠯᠬᠤ ᠬᠡᠷᠡᠭᠲᠡᠢ᠃ ᠦᠨᠳᠦᠰᠦᠨ ᠤᠯᠠᠨ ᠨᠡᠶᠢᠲᠡ ᠶᠢᠨ ᠰᠤᠷᠭᠠᠨ ᠬᠦᠮᠦᠵᠢᠯ ᠤᠨ ᠦᠢᠯᠡᠴᠢᠯᠡᠭᠡᠨ ᠤ ᠢᠨᠵᠧᠨᠧᠷᠢᠩ ᠢ ᠬᠡᠷᠡᠭᠵᠢᠬᠦᠯᠵᠦ᠂ 90% ᠠᠴᠠ ᠳᠡᠭᠡᠭᠰᠢᠬᠢ ︽ᠠᠨᠠᠢ ᠶᠢ ᠨᠢ ᠪᠦᠬᠦ ᠲᠠᠯ᠎ᠠ ᠪᠠᠷ ᠦᠭᠡᠷᠡᠴᠢᠯᠡᠬᠦ︾ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠰᠢᠶᠠᠨ ᠤ ᠬᠡᠪᠴᠢᠶᠠᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠦᠭᠵᠢᠬᠦ ᠶᠢ ᠲᠦᠷᠭᠡᠳᠬᠡᠵᠦ᠂ ᠵᠢᠯ ᠤᠨ ᠲᠤᠲᠤᠷ᠎ᠠ ᠬᠤᠰᠢᠭᠤ ᠰᠢᠶᠠᠨ ︵ᠬᠤᠲᠠ᠂ ᠲᠤᠭᠤᠷᠢᠭ︶ ᠪᠦᠬᠦᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠦᠭᠵᠢᠬᠦ ᠶᠢ ᠤᠯᠤᠰ ᠤᠨ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠳᠤ ᠪᠠᠲᠤᠯᠠᠭᠤᠯᠬᠤ ᠪᠠᠷ ᠴᠢᠷᠮᠠᠶᠢᠬᠤ ᠬᠡᠷᠡᠭᠲᠡᠢ᠃ ᠦᠨᠳᠦᠷ ᠵᠡᠷᠭᠡ ᠶᠢᠨ ᠲᠤᠮᠲᠠᠲᠤ ᠰᠤᠷᠭᠠᠭᠤᠯᠢ ᠶᠢᠨ ᠱᠠᠲᠤ ᠥᠶ᠎ᠡ ᠶᠢᠨ ᠰᠤᠷᠭᠠᠨ ᠬᠦᠮᠦᠵᠢᠯ ᠢ ᠲᠦᠭᠡᠮᠡᠯᠵᠢᠬᠦᠯᠬᠦ ᠶᠢ ᠠᠬᠢᠭᠤᠯᠵᠤ᠂ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ︽ᠬᠤᠤᠰ ᠲᠡᠷᠢᠬᠦᠨ︾ ᠤ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ ᠤᠲᠤ ᠦᠶ᠎ᠠ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮᠵᠢ ᠶᠢ ᠲᠡᠭᠦᠯᠲᠡᠷᠵᠢᠬᠦᠯᠵᠦ᠂ ᠦᠢᠯᠡᠳᠪᠦᠷᠢᠯᠡᠬᠦ ᠰᠤᠷᠭᠠᠬᠤ ᠶᠢ ᠠᠭᠤᠰᠤᠯᠴᠠᠭᠤᠯᠬᠤ ᠪᠠ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠬᠤ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠰᠤᠷᠭᠠᠨ ᠬᠦᠮᠦᠵᠢᠯ ᠢ ᠡᠩ ᠲᠡᠷᠢᠬᠦᠨ ᠳᠤ ᠭᠤᠤᠯᠲᠠᠯᠭ᠎ᠠ ᠲᠠᠢ ᠬᠦᠭᠵᠢᠬᠦᠯᠵᠦ᠂ ᠣᠨᠴᠣᠭᠤᠢ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ᠂ ᠦᠷᠭᠦᠯᠵᠢᠯᠡᠭᠰᠡᠨ ᠰᠤᠷᠭᠠᠨ ᠬᠦᠮᠦᠵᠢᠯ ᠢ ᠨᠢᠭᠡᠲᠦᠯᠲᠡᠢ ᠲᠦᠯᠦᠪᠯᠡᠨ ᠠᠬᠢᠭᠤᠯᠬᠤ ᠬᠡᠷᠡᠭᠲᠡᠢ᠃      ᠠᠵᠢᠯ ᠤᠯᠭᠤᠯᠲᠠ ᠶᠢᠨ ᠴᠢᠨᠠᠷ ᠴᠢᠨᠰᠠᠭ᠎ᠠ ᠪᠠ ᠠᠷᠠᠳ ᠤᠨ ᠤᠷᠤᠯᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠠᠵᠢᠯ ᠤᠯᠭᠤᠯᠲᠠ ᠶᠢ ᠲᠡᠷᠢᠬᠦᠨ ᠳᠤ ᠪᠠᠶᠢᠯᠭᠠᠬᠤ ᠪᠠᠶᠢᠯᠲᠤᠬᠤ ᠪᠤᠲᠤᠯᠭ᠎ᠠ ᠪᠠ ᠢᠲᠡᠪᠬᠢᠲᠡᠢ ᠪᠠᠷ ᠠᠵᠢᠯ ᠣᠯᠭᠤᠬᠤ ᠲᠦᠷᠦ ᠶᠢᠨ ᠪᠤᠲᠤᠯᠭ᠎ᠠ ᠶᠢ ᠪᠠᠷᠢᠮᠲᠠᠯᠠᠵᠤ᠂ ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠲᠦᠯᠦᠪᠯᠡᠭᠡ ᠪᠠ ︽ᠠᠳᠠᠯ ᠦᠢᠯᠡᠰ ᠴᠣᠭᠴᠠᠯᠠᠬᠤ ᠦᠪᠦᠷ ᠮᠤᠩᠭᠤᠯ︾ ᠤᠨ ᠠᠵᠢᠯᠯᠠᠭᠠᠨ ᠤ ᠲᠦᠯᠦᠪᠯᠡᠭᠡ ᠶᠢ ᠭᠦᠨᠵᠡᠭᠡᠶᠢᠷᠡᠬᠦᠯᠦᠨ ᠬᠡᠷᠡᠭᠵᠢᠬᠦᠯᠵᠦ᠂ ᠲᠠᠷᠢᠶᠠᠴᠢᠨ ᠬᠦᠴᠦ ᠶᠠᠪᠤᠭᠴᠢ᠂ ᠦᠢᠯᠡᠳᠪᠦᠷᠢᠯᠡᠬᠦ ᠴᠢᠳᠠᠮᠵᠢ ᠶᠢ ᠪᠠᠭᠠᠰᠬᠠᠵᠤ ᠬᠤᠪᠢᠶᠠᠷᠢᠯᠠᠨ ᠰᠠᠯᠭᠠᠵᠤ ᠲᠦᠪᠬᠢᠨᠡᠬᠦᠯᠬᠦ᠂ ᠬᠤᠲᠠ ᠪᠠᠯᠭᠠᠰᠤ ᠶᠢᠨ ᠠᠵᠢᠯ ᠤᠯᠬᠤ ᠳᠤ ᠬᠦᠴᠢᠷᠲᠡᠢ ᠪᠠᠶᠢᠬᠤ ᠵᠡᠷᠭᠡ ᠬᠦᠮᠦᠰ ᠤᠨ ᠠᠵᠢᠯ ᠣᠯᠬᠤ ᠪᠠ ᠴᠡᠷᠢᠭ ᠤᠨ ᠠᠯᠪᠠ ᠠᠴᠠ ᠪᠠᠭᠤᠭᠰᠠᠳ ᠢ ᠲᠦᠪᠬᠢᠨᠡᠬᠦᠯᠬᠦ ᠠᠵᠢᠯ ᠢ ᠯᠠᠪᠲᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠤᠷᠤᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠬᠦᠯᠦᠨ᠂ ᠤᠯᠤᠰ ᠤᠨ ᠨᠢᠭᠡᠲᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠴᠠᠯᠢᠩ ᠤᠨ ᠪᠠᠷᠢᠮᠵᠢᠶ᠎ᠠ ᠳᠤ ᠲᠤᠬᠢᠷᠠᠭᠤᠯᠤᠯᠲᠠ ᠬᠢᠵᠦ᠂ ᠭᠠᠵᠠᠷ ᠤᠷᠤᠨ ᠤ ᠨᠡᠮᠡᠯᠲᠡ ᠨᠡᠮᠡᠯᠭᠡ ᠶᠢᠨ ᠲᠦᠷᠢᠮ ᠢ ᠬᠡᠷᠡᠭᠵᠢᠬᠦᠯᠵᠦ᠂ ᠠᠯᠪᠠᠲᠠᠨ ᠤ ᠱᠠᠩᠨᠠᠯ ᠤᠨ ᠮᠦᠩᠭᠦ ᠶᠢᠨ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃      ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ ᠠᠷᠠᠳ ᠢᠶᠠᠷ ᠢᠶᠠᠨ ᠲᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ᠬᠠᠦᠯᠢ ᠪᠠᠷ ᠲᠤᠭᠲᠠᠭᠠᠭᠰᠠᠨ ᠬᠦᠮᠦᠰ ᠢ ᠨᠡᠶᠢᠳᠡᠮ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠪᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠮᠥᠡᠭᠭᠦ ᠶᠢ ᠳᠤᠬᠢᠷᠠᠭᠤᠯᠤᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠮᠥᠡᠭᠭᠦ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠢ᠃ ᠨᠠᠰᠤᠵᠢᠯ ᠤᠨ ᠳᠠᠭᠠᠳᠬᠠᠯ ᠤᠨ ᠮᠥᠡᠭᠭᠦᠨ ᠤ ᠦᠯᠦ ᠮᠡᠳᠡᠭᠳᠡᠮ᠎ᠡ ᠳᠤᠲᠠᠭᠳᠠᠵᠤ ᠪᠠᠶᠢᠭ᠎ᠠ ᠶᠢ ᠠᠷᠭᠠᠴᠠᠬᠤ ᠪᠡᠯᠡᠳᠭᠡᠯ ᠳᠥᠰᠥᠯ ᠢ ᠳᠤᠭᠳᠠᠭᠠᠵᠤ᠂ ᠤᠯᠤᠰ ᠤᠨ ᠥᠮᠴᠢᠯᠡᠯ ᠤᠨ ᠬᠡᠰᠡᠭ ᠬᠥᠷᠥᠩᠭᠡ ᠶᠢ ᠰᠢᠯᠵᠢᠭᠦᠯᠵᠦ ᠨᠡᠶᠢᠭᠡᠮ ᠤᠨ ᠪᠠᠳᠤᠯᠠᠭ᠎ᠠ ᠶᠢᠨ ᠰᠠᠭᠤᠷᠢ ᠮᠥᠡᠭᠭᠦ ᠳᠤ ᠨᠡᠮᠡᠵᠦ ᠪᠦᠷᠢᠳᠦᠭᠦᠯᠬᠦ ᠬᠡᠷᠡᠭᠲᠡᠢ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠬᠦ ᠳᠤ ᠰᠢᠭᠤᠳ ᠳᠠᠰᠤᠯᠤᠨ ᠪᠤᠳᠤᠬᠤ ᠶᠢ ᠪᠥᠬᠦ ᠳᠠᠯ᠎ᠠ ᠪᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠦᠨᠳᠦᠰᠦᠨ ᠱᠠᠳᠤᠨ ᠤ ᠡᠮᠴᠢᠯᠡᠭᠡᠨ ᠤ ᠪᠠᠶᠢᠭᠤᠯᠤᠮᠵᠢ ᠪᠠ ᠭᠠᠳᠠᠭᠰᠢ ᠭᠠᠷᠤᠭᠰᠠᠨ ᠲᠠᠷᠢᠶᠠᠴᠢᠨ ᠬᠦᠴᠦ ᠶᠠᠪᠤᠭᠴᠢᠳ᠂ ᠭᠠᠳᠠᠨ᠎ᠠ ᠠᠴᠠ ᠢᠷᠡᠭᠰᠡᠨ ᠠᠵᠢᠯ ᠣᠯᠵᠤ ᠠᠳᠠᠯ ᠦᠢᠯᠡᠰ ᠴᠣᠭᠴᠠᠯᠠᠭᠴᠢᠳ ᠢ ᠴᠥᠮ ᠬᠠᠮᠤᠷᠤᠨ ᠤᠷᠤᠭᠤᠯᠵᠤ᠂ ᠵᠢᠯ ᠤᠨ ᠰᠡᠭᠦᠯᠴᠢ ᠠᠴᠠ ᠡᠮᠥᠨ᠎ᠡ ᠦᠨᠳᠦᠰᠦᠨ ᠳᠡᠭᠡᠨ ᠨᠡᠶᠢᠳᠡᠮ ᠬᠠᠮᠤᠷᠬᠤ ᠪᠠᠷ ᠴᠢᠷᠮᠠᠶᠢᠬᠤ ᠬᠡᠷᠡᠭᠲᠡᠢ᠃ ᠬᠥᠨᠳᠥ ᠡᠪᠡᠳᠴᠢᠨ ᠤ ᠳᠠᠭᠠᠳᠬᠠᠯ ᠤᠨ ᠳᠥᠷᠢᠮ ᠢ ᠳᠡᠭᠦᠯᠳᠡᠷᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠢᠯᠠᠯ ᠤᠨ ᠠᠵᠢᠯ ᠠᠴᠠ ᠪᠤᠯᠤᠭᠰᠠᠨ ᠭᠡᠮᠳᠦᠯ ᠤᠨ ᠲᠠᠭᠠᠳᠬᠠᠯ ᠳᠤ ᠤᠷᠤᠯᠴᠠᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠪᠠᠷᠢᠮᠵᠢᠶ᠎ᠠ ᠪᠠ ᠠᠰᠠᠷᠠᠨ ᠬᠠᠷᠠᠭᠠᠯᠵᠠᠬᠤ ᠨᠦᠬᠦᠪᠦᠷᠢ ᠶᠢᠨ ᠪᠠᠷᠢᠮᠵᠢᠶ᠎ᠠ ᠶᠢ ᠵᠤᠬᠢᠰᠳᠠᠢ ᠳᠡᠭᠡᠭᠰᠢᠯᠡᠭᠦᠯᠬᠦ ᠬᠡᠷᠡᠭᠲᠡᠢ᠃      ᠡᠷᠡᠭᠦᠯ ᠡᠩᠬᠡ ᠦᠪᠦᠷ ᠮᠤᠩᠭᠤᠯ ᠤᠨ ᠪᠠᠶᠢᠭᠤᠯᠤᠯᠳᠠ ᠶᠢ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠱᠠᠳᠤ ᠬᠤᠪᠢᠶᠠᠨ ᠤᠨᠤᠰᠢᠯᠠᠨ ᠡᠮᠨᠡᠬᠦ ᠪᠠ ᠡᠮᠴᠢᠯᠡᠭᠡ ᠶᠢᠨ ᠬᠤᠯᠪᠤᠭᠠᠳᠤ ᠴᠤᠭᠴᠠ ᠶᠢᠨ ᠪᠠᠶᠢᠭᠤᠯᠤᠯᠳᠠ ᠶᠢ ᠲᠦᠷᠭᠡᠳᠭᠡᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠠᠵᠤ ᠦᠢᠯᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠭᠤᠤᠯᠳᠠᠯᠭ᠎ᠠ ᠲᠠᠢ ᠡᠷᠡᠭᠦᠯ ᠬᠠᠮᠠᠭᠠᠯᠠᠯ ᠤᠨ ᠲᠦᠷᠦᠯ ᠵᠦᠢᠯ ᠤᠨ ᠠᠬᠢᠴᠠ ᠶᠢ ᠲᠦᠷᠭᠡᠳᠭᠡᠨ᠂ ᠠᠶᠢᠮᠠᠭ ᠬᠤᠳᠠ᠂ ᠬᠤᠰᠢᠭᠤ ᠰᠢᠶᠠᠨ ᠤ ᠱᠠᠳᠤᠨ ᠤ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ ᠤᠨ ᠴᠢᠳᠠᠪᠦᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠷᠢᠮᠵᠢᠶᠠᠵᠢᠭᠤᠯᠬᠤ ᠪᠠᠶᠢᠭᠤᠯᠤᠯᠳᠠ ᠶᠢ ᠬᠡᠷᠡᠭᠵᠢᠭᠦᠯᠵᠦ᠂ ᠤᠯᠤᠰ ᠤᠨ ᠬᠦᠴᠢᠷ ᠲᠦᠪᠡᠭᠳᠠᠢ ᠡᠪᠡᠳᠴᠢᠨ ᠢ ᠡᠮᠨᠡᠨ ᠵᠠᠰᠠᠬᠤ ᠴᠢᠳᠠᠪᠦᠷᠢ ᠶᠢ ᠲᠡᠭᠡᠭᠰᠢᠯᠡᠭᠦᠯᠬᠦ ᠢᠨᠵᠧᠨᠧᠷᠢᠩ ᠤᠨ ᠲᠦᠯᠦᠪᠵᠢᠭᠦᠯᠭᠡ ᠶᠢ ᠨᠠᠶᠢᠳᠠᠪᠦᠷᠢᠵᠢᠭᠤᠯᠵᠤ᠂ ᠮᠤᠩᠭᠤᠯ ᠬᠢᠳᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠢᠨᠵᠧᠨᠧᠷᠢᠩ ᠤᠨ ᠲᠦᠷᠦᠯ ᠵᠦᠢᠯ ᠤᠨ ᠪᠠᠶᠢᠭᠤᠯᠤᠯᠳᠠ ᠶᠢ ᠠᠬᠢᠭᠤᠯᠵᠤ᠂ ᠡᠬᠡ ᠨᠢᠯᠬᠠᠰ ᠤᠨ ᠡᠷᠡᠭᠦᠯ ᠡᠩᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠬᠢᠷᠢ ᠲᠦᠪᠰᠢᠨ ᠢ ᠲᠡᠭᠡᠭᠰᠢᠯᠡᠭᠦᠯᠵᠦ᠂ ᠡᠷᠡᠭᠦᠯ ᠡᠩᠬᠡ ᠡᠮᠴᠢᠯᠡᠭᠡ ᠶᠢᠨ ᠲᠤᠮᠤ ᠳ᠋ᠠᠶᠢᠲ᠋ᠠ ᠶᠢᠨ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ︽ᠢᠳᠡᠭᠡᠨ ᠪᠠ ᠡᠮ ᠤᠨ ᠵᠦᠢᠯ ᠢᠶᠠᠷ ᠠᠮᠤᠷ ᠲᠦᠪᠰᠢᠨ ᠦᠪᠦᠷ ᠮᠤᠩᠭᠤᠯ︾ ᠤᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠤᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠪᠡᠯᠡᠳᠭᠡᠮᠵᠢ ᠪᠠ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠤᠯᠤᠰ ᠤᠨ ᠤᠮᠠᠷᠠᠳᠤ ᠶᠢᠨ ᠬᠦᠯ ᠪᠦᠮᠪᠦᠭᠡᠨ ᠤ ᠰᠤᠷᠢᠯᠭ᠎ᠠ ᠶᠢᠨ ᠰᠠᠭᠤᠷᠢᠨ ᠭᠠᠵᠠᠷ ᠪᠠ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠳᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠤᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠤᠷᠳᠤᠨ ᠤ ᠪᠡᠯᠡᠳᠭᠡᠮᠵᠢ ᠶᠢ ᠨᠡᠶᠢᠭᠡᠮ ᠳᠤ ᠴᠢᠯᠦᠭᠡᠳᠠᠢ ᠪᠤᠯᠭᠠᠬᠤ ᠶᠢ ᠠᠬᠢᠭᠤᠯᠵᠤ᠂ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠷᠤᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠳᠤᠷ ᠡᠷᠬᠢᠯᠡᠬᠦ ᠬᠡᠷᠡᠭᠲᠡᠢ᠃      ᠤᠯᠠᠨ ᠲᠦᠮᠡᠨ ᠤ ᠰᠠᠭᠤᠬᠤ ᠠᠴᠠ ᠤᠷᠤᠨ ᠰᠠᠭᠤᠴᠠ ᠲᠠᠢ ᠪᠤᠯᠭᠠᠬᠤ ᠠᠰᠠᠭᠤᠳᠠᠯ ᠢ ᠲᠦᠷᠭᠡᠳᠭᠡᠨ ᠰᠢᠢᠳᠪᠦᠷᠢᠯᠡᠨ᠎ᠡ᠃ ᠰᠢᠨ᠎ᠡ ᠭᠤᠷᠪᠠᠨ ᠵᠢᠯ ᠳᠠᠬᠢ ᠲᠦᠭᠦᠮ ᠪᠦᠳᠦᠭᠦᠯᠢᠭ ᠤᠷᠤᠨ ᠰᠠᠭᠤᠴᠠᠲᠤ ᠲᠤᠭᠤᠷᠢᠬ ᠤᠨ ᠥᠭᠡᠷᠡᠴᠢᠯᠡᠯᠲᠡ ᠶᠢᠨ ᠰᠢᠪᠲᠤᠯᠤᠯᠲᠠ ᠶᠢᠨ ᠲᠦᠯᠦᠪᠯᠡᠭᠡ ᠶᠢ ᠡᠬᠢᠯᠡᠭᠦᠯᠵᠦ᠂ 14.1 ᠲᠦᠮᠡᠨ ᠢᠵᠢ ᠲᠦᠭᠦᠮ ᠪᠦᠳᠦᠭᠦᠯᠢᠭ ᠤᠷᠤᠨ ᠰᠠᠭᠤᠴᠠᠲᠤ ᠲᠤᠭᠤᠷᠢᠬ ᠢ ᠦᠭᠡᠷᠡᠴᠢᠯᠡᠨ ᠰᠢᠨᠡᠳᠭᠡᠬᠦ ᠲᠦᠷᠦᠯ ᠵᠦᠢᠯ ᠢ ᠰᠢᠨ᠎ᠡ ᠪᠠᠷ ᠪᠠᠶᠢᠭᠤᠯᠵᠤ ᠡᠬᠢᠯᠡᠭᠦᠯᠦᠨ᠎ᠡ᠃ ᠬᠤᠳᠠ ᠪᠠᠯᠭᠠᠰᠤᠨ ᠤ ᠬᠠᠭᠤᠴᠢᠨ ᠪᠠ ᠬᠠᠭᠤᠴᠢᠷᠠᠭᠰᠠᠨ ᠲᠤᠭᠤᠷᠢᠭ ᠤᠳ ᠢ ᠥᠭᠡᠷᠡᠴᠢᠯᠡᠨ ᠰᠢᠨᠡᠳᠭᠡᠬᠦ ᠶᠢ ᠢᠳᠡᠪᠬᠢᠳᠠᠢ ᠠᠬᠢᠭᠤᠯᠵᠤ᠂ ᠪᠦᠬᠦ ᠤᠷᠤᠨ ᠤ ᠬᠡᠪᠴᠢᠶᠡᠨ ᠳᠤ ᠲᠤᠷᠰᠢᠯᠳᠠ ᠶᠢᠨ ᠠᠵᠢᠯ ᠢ ᠳᠡᠯᠭᠡᠷᠡᠭᠦᠯᠬᠦ ᠬᠡᠷᠡᠭᠲᠡᠢ᠃ ᠠᠯᠪᠠᠨ ᠠᠴᠠ ᠳᠦᠷᠢᠶᠡᠰᠦᠯᠡᠬᠦ ᠪᠠᠶᠢᠰᠢᠩ ᠤᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠷᠴᠢᠨ ᠲᠤᠭᠤᠷᠢᠨ ᠤ ᠠᠷᠢᠭᠤᠨ ᠴᠡᠪᠡᠷ᠂ ᠤᠯᠠᠨ ᠨᠡᠶᠢᠳᠡ ᠶᠢᠨ ᠵᠠᠮ ᠬᠠᠷᠢᠯᠴᠠᠭ᠎ᠠ ᠵᠡᠷᠭᠡ ᠠᠵᠢᠯ ᠲᠦᠷᠦᠯ ᠤᠨ ᠬᠦᠴᠢᠷᠳᠡᠯᠳᠠᠢ ᠬᠦᠮᠦᠰ ᠢ ᠤᠷᠢᠳᠠᠪᠠᠷ ᠪᠠᠲᠤᠯᠠᠵᠤ᠂ ᠨᠦᠭᠦᠴᠡᠯ ᠳᠤ ᠨᠡᠶᠢᠴᠡᠭᠰᠡᠨ ᠰᠢᠨ᠎ᠡ ᠪᠠᠷ ᠠᠵᠢᠯ ᠤᠯᠤᠭᠰᠠᠨ ᠤᠷᠤᠨ ᠰᠠᠭᠤᠴᠠ ᠦᠭᠡᠢ ᠠᠵᠢᠯᠳᠠᠨ ᠠᠵᠢᠯᠴᠢᠨ᠂ ᠭᠠᠳᠠᠨ᠎ᠠ ᠠᠴᠠ ᠢᠷᠡᠭᠰᠡᠨ ᠬᠦᠴᠦ ᠶᠠᠪᠤᠭᠴᠢᠳ ᠪᠠ ᠵᠠᠯᠠᠭᠤ ᠡᠮᠴᠢ᠂ ᠵᠠᠯᠠᠭᠤ ᠪᠠᠭᠰᠢ ᠨᠠᠷ ᠢ ᠠᠯᠬᠤᠮ ᠠᠯᠬᠤᠮ ᠢᠶᠠᠷ ᠪᠠᠳᠤᠯᠠᠭ᠎ᠠ ᠶᠢᠨ ᠬᠡᠪᠴᠢᠶᠡᠨ ᠳᠤ ᠤᠷᠤᠭᠤᠯᠤᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ᠂ ᠳᠣᠣᠷ᠎ᠠ ᠤᠷᠤᠯᠭ᠎ᠠ ᠲᠠᠢ ᠪᠦᠭᠡᠳ ᠤᠷᠤᠨ ᠰᠠᠭᠤᠴᠠ ᠶᠢᠨ ᠲᠠᠯ᠎ᠠ ᠪᠠᠷ ᠬᠦᠴᠢᠷᠳᠡᠯᠳᠠᠢ ᠪᠠᠶᠢᠭ᠎ᠠ ᠭᠡᠷ ᠪᠦᠯᠢ ᠳᠤ ᠪᠠᠳᠤᠯᠠᠬᠤ ᠶᠤᠰᠤᠳᠠᠢ ᠶᠢ ᠨᠢ ᠴᠦᠮ ᠪᠠᠳᠤᠯᠠᠬᠤ ᠶᠢ ᠪᠡᠶᠡᠯᠡᠭᠦᠯᠬᠦ ᠬᠡᠷᠡᠭᠲᠡᠢ᠃ ᠠᠯᠪᠠᠨ ᠠᠴᠠ ᠳᠦᠷᠢᠶᠡᠰᠦᠯᠡᠬᠦ ᠪᠠᠶᠢᠰᠢᠩ ᠤᠨ ᠭᠡᠷ ᠲᠣᠬᠢᠷᠠᠭᠤᠯᠤᠨ ᠬᠠᠩᠭᠠᠬᠤ ᠶᠢ ᠨᠡᠮᠡᠭᠳᠡᠭᠦᠯᠵᠦ᠂ ᠠᠯᠪᠠᠨ ᠠᠴᠠ ᠳᠦᠷᠢᠶᠡᠰᠦᠯᠡᠬᠦ ᠪᠠᠶᠢᠰᠢᠩ ᠤᠨ ᠵᠣᠭᠤᠰᠵᠢᠭᠤᠯᠤᠨ ᠨᠦᠬᠦᠪᠦᠷᠢᠯᠡᠬᠦ ᠶᠢ ᠠᠬᠢᠭᠤᠯᠬᠤ ᠬᠡᠷᠡᠭᠲᠡᠢ᠃      ᠰᠤᠶᠤᠯ ᠤᠨ ᠴᠡᠴᠡᠭᠯᠡᠨ ᠬᠦᠭᠵᠢᠬᠦ ᠶᠢ ᠠᠬᠢᠭᠤᠯᠤᠨ᠎ᠠ᠃ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠤᠯᠤᠰ ᠤᠨ ᠲᠡᠰ ᠤᠨ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠵᠤ᠂ ᠰᠤᠶᠤᠯ ᠤᠨ ᠮᠡᠳᠡᠭᠡ ᠵᠠᠩᠭᠢ ᠶᠢᠨ ᠡᠬᠢ ᠪᠠᠶᠠᠯᠢᠬ ᠢ ᠬᠠᠮᠳᠤ ᠪᠠᠷ ᠬᠦᠷᠲᠡᠬᠦ᠂ ᠲᠣᠭᠠᠵᠢᠭᠤᠯᠤᠭᠰᠠᠨ ᠨᠤᠮ ᠤᠨ ᠰᠠᠩ ᠢ ᠲᠡᠯᠭᠡᠷᠡᠭᠦᠯᠬᠦ᠂ ︽ᠲᠣᠭᠠᠵᠢᠭᠤᠯᠤᠭᠰᠠᠨ ᠰᠤᠶᠤᠯ ᠢ ᠮᠤᠩᠭᠤᠯ ᠭᠡᠷ ᠲᠤ ᠬᠦᠷᠭᠡᠬᠦ︾ ᠵᠡᠷᠭᠡ ᠭᠤᠤᠯᠳᠠᠯᠭ᠎ᠠ ᠲᠠᠢ ᠲᠣᠭᠠᠵᠢᠭᠤᠯᠤᠭᠰᠠᠨ ᠰᠤᠶᠤᠯ ᠤᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠬᠢᠯᠢ ᠬᠢᠵᠠᠭᠠᠷ ᠤᠷᠤᠨ ᠪᠠ ᠶᠠᠳᠠᠭᠤ ᠬᠦᠴᠢᠷᠳᠡᠯᠳᠠᠢ ᠬᠤᠰᠢᠭᠤ ᠰᠢᠶᠠᠨ ᠤ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠳᠠ ᠶᠢ ᠲᠡᠳᠭᠦᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠤᠯᠠᠭᠠᠨᠮᠦ᠋ᠴᠢᠷ ᠤᠨ ᠠᠵᠢᠯ ᠦᠢᠯᠡᠰ ᠤᠨ ᠴᠡᠴᠡᠭᠯᠡᠨ ᠬᠦᠭᠵᠢᠬᠦ ᠶᠢ ᠠᠬᠢᠭᠤᠯᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ ᠪᠣᠳᠠᠰ ᠤᠨ ᠪᠣᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃      ᠶᠢᠰᠦ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢ ᠴᠢᠩᠭᠠᠳᠬᠠᠨ᠂ ᠦᠢᠯᠡᠳᠪᠦᠷᠢᠯᠡᠯ ᠠᠮᠢᠳᠤᠷᠠᠯ ᠤᠨ ᠰᠠᠶᠢᠨ ᠰᠠᠶᠢᠬᠠᠨ ᠤᠷᠴᠢᠨ ᠲᠣᠭᠤᠷᠢᠨ ᠢ ᠬᠦᠴᠦᠯᠡᠨ ᠪᠤᠢ ᠪᠤᠯᠭᠠᠨ᠎ᠠ      ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠪᠠ ᠠᠶᠠᠨᠳᠠᠭᠠᠨ ᠰᠡᠷᠭᠦᠭᠡᠬᠦ ᠪᠠᠷ ᠭᠤᠤᠯ ᠪᠤᠯᠭᠠᠬᠤ ᠴᠢᠭᠯᠡᠯᠳᠡ ᠶᠢ ᠪᠠᠷᠢᠮᠳᠠᠯᠠᠵᠤ᠂ ᠡᠬᠢ ᠪᠠᠶᠠᠯᠢᠬ ᠢ ᠠᠷᠪᠢᠯᠠᠬᠤ ᠪᠠ ᠤᠷᠴᠢᠨ ᠲᠣᠭᠤᠷᠢᠨ ᠢ ᠬᠠᠮᠠᠭᠠᠯᠠᠬᠤ ᠤᠷᠤᠨ ᠵᠠᠢ ᠶᠢᠨ ᠪᠠᠶᠢᠷᠢᠯᠠᠯ᠂ ᠠᠵᠤ ᠦᠢᠯᠡᠰ ᠤᠨ ᠪᠦᠳᠦᠴᠡ᠂ ᠦᠢᠯᠡᠳᠪᠦᠷᠢᠯᠡᠯ ᠤᠨ ᠠᠷᠭ᠎ᠠ ᠮᠠᠶ᠋ᠢᠭ ᠪᠣᠯᠣᠨ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠨ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠬᠡᠷᠡᠭᠲᠡᠢ᠃      ᠪᠤᠬᠢᠷᠳᠤᠯ ᠦᠭᠡᠢ ᠬᠦᠭᠵᠢᠯᠳᠡ ᠶᠢ ᠶᠡᠬᠡᠪᠡᠷ ᠠᠬᠢᠭᠤᠯᠤᠨ᠎ᠠ᠃ ᠨᠢᠭᠡ ᠳᠤ ᠡᠨᠧᠷᠭᠢ ᠠᠷᠪᠢᠯᠠᠵᠤ ᠨᠡᠭᠦᠷᠡᠰᠦᠳᠦᠷᠦᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠯᠠᠪᠳᠠᠭᠤᠨ ᠪᠠᠳᠤᠳᠠᠢ ᠪᠠᠷ ᠠᠬᠢᠭᠤᠯᠵᠤ᠂ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ︽ᠵᠠᠭᠤ ᠮᠢᠩᠭ᠎ᠠ ᠲᠦᠮᠨ︾ ᠶᠢᠨ ᠠᠵᠢᠯᠯᠠᠭᠠᠨ ᠢ ᠬᠡᠷᠡᠭᠵᠢᠭᠦᠯᠵᠦ᠂ ᠡᠨᠧᠷᠭᠢ ᠶᠢᠨ ᠬᠤᠷᠤᠭᠳᠠᠯ ᠶᠡᠬᠡᠳᠠᠢ ᠠᠵᠤ ᠠᠬᠤᠶᠢᠢᠯᠠᠯ ᠤᠨ ᠡᠨᠧᠷᠭᠢ ᠠᠷᠪᠢᠯᠠᠬᠤ ᠶᠢᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠡᠨᠧᠷᠭᠢ ᠶᠢᠨ ᠠᠰᠢᠭᠯᠠᠮᠵᠢ ᠰᠠᠶᠢᠲᠠᠢ ᠲᠠᠭᠠᠭᠤᠯᠤᠭᠴᠢ ᠪᠠ ᠡᠨᠧᠷᠭᠢ ᠶᠢᠨ ᠠᠰᠢᠭᠯᠠᠮᠵᠢ ᠰᠠᠶᠢᠲᠠᠢ ᠭᠦᠢᠴᠡᠳᠭᠡᠯ ᠲᠣᠭᠠᠨ ᠳᠤ ᠬᠠᠷᠢᠴᠠᠭᠤᠯᠵᠤ ᠵᠠᠳᠠᠯᠬᠤ ᠠᠵᠢᠯᠯᠠᠭᠠᠨ ᠢ ᠠᠬᠢᠭᠤᠯᠤᠨ ᠬᠡᠷᠡᠭᠵᠢᠭᠦᠯᠬᠦ ᠬᠡᠷᠡᠭᠲᠡᠢ᠃ ᠬᠤᠶᠠᠷ ᠲᠤ ᠡᠨᠧᠷᠭᠢ ᠶᠢᠨ ᠬᠡᠷᠡᠭᠯᠡᠭᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠤᠨ᠂ ᠰᠠᠭᠤᠭᠠᠯᠢ ᠠᠷᠠᠳ ᠤᠨ ᠲᠤᠯᠠᠭᠠᠯᠠᠭ᠎ᠠ᠂ ᠦᠢᠯᠡᠳᠪᠦᠷᠢᠯᠡᠵᠦ ᠦᠢᠯᠡᠳᠬᠦ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠦᠷᠢᠶ᠎ᠡ ᠴᠠᠷᠠᠭ᠎ᠠ ᠳᠤ ᠴᠠᠬᠢᠯᠭᠠᠨ ᠢᠶᠠᠷ ᠡᠨᠧᠷᠭᠢ ᠶᠢ ᠤᠷᠤᠯᠠᠭᠤᠯᠬᠤ ᠶᠢ ᠲᠦᠷᠭᠡᠳᠭᠡᠨ ᠬᠡᠷᠡᠭᠵᠢᠭᠦᠯᠵᠦ᠂ ᠴᠠᠬᠢᠯᠭᠠᠨ ᠬᠦᠳᠡᠯᠭᠡᠬᠦᠷᠳᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠠᠭᠤᠴᠢᠨ ᠪᠠ ᠬᠠᠭᠤᠴᠢᠷᠠᠭᠰᠠᠨ ᠲᠤᠭᠤᠷᠢᠬ ᠤᠨ ᠡᠨᠧᠷᠭᠢ ᠠᠷᠪᠢᠯᠠᠬᠤ ᠦᠭᠡᠷᠡᠴᠢᠯᠡᠯᠳᠡ ᠪᠠ ᠪᠤᠬᠢᠷᠳᠤᠯ ᠦᠭᠡᠢ ᠪᠠᠷᠢᠯᠭ᠎ᠠ ᠶᠢᠨ ᠬᠦᠭᠵᠢᠯᠳᠡ ᠶᠢ ᠠᠬᠢᠭᠤᠯᠬᠤ ᠬᠡᠷᠡᠭᠲᠡᠢ᠃ ᠭᠤᠷᠪᠠ ᠳᠤ ᠡᠷᠭᠢᠯᠳᠡᠲᠦ ᠠᠵᠤ ᠠᠬᠤᠢ ᠶᠢ ᠬᠦᠭᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ︵ᠨᠡᠭᠡᠭᠡᠯᠳᠡ ᠬᠢᠬᠦ ᠲᠤᠭᠤᠷᠢᠭ︶ ᠤᠨ ᠣᠷᠴᠢᠯᠳᠤᠭᠤᠯᠤᠨ ᠥᠭᠡᠷᠡᠴᠢᠯᠡᠵᠦ ᠰᠢᠨᠡᠳᠭᠡᠬᠦ ᠶᠢ ᠠᠬᠢᠭᠤᠯᠵᠤ᠂ ᠬᠤᠳᠠ ᠶᠢᠨ ᠬᠠᠶᠠᠭᠳᠠᠮᠠᠯ ᠪᠤᠳᠠᠰ ᠢ ᠵᠢᠷᠤᠮᠵᠢᠭᠤᠯᠤᠨ ᠰᠢᠢᠳᠪᠦᠷᠢᠯᠡᠬᠦ ᠪᠠ ᠦᠷᠭᠡᠨ ᠬᠡᠷᠡᠭᠴᠡᠭᠡᠨ ᠤ ᠬᠠᠳᠠᠭᠤ ᠪᠡᠶᠡᠳᠦ ᠬᠠᠶᠠᠭᠳᠠᠮᠠᠯ ᠪᠤᠳᠠᠰ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠬᠤ ᠬᠡᠷᠡᠭᠲᠡᠢ᠃ ᠲᠦᠷᠪᠡ ᠳᠤ ᠪᠤᠬᠢᠷᠳᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠠᠭᠤᠷᠬᠠᠢ ᠶᠢᠨ ᠭᠠᠷᠤᠯᠳᠠ ᠶᠢᠨ ᠡᠬᠢ ᠪᠠᠶᠠᠯᠢᠬ ᠢ ᠨᠡᠭᠡᠭᠡᠨ ᠠᠰᠢᠭᠯᠠᠬᠤ ᠶᠢ ᠵᠢᠷᠤᠮᠵᠢᠭᠤᠯᠤᠨ ᠬᠠᠮᠢᠶᠠᠷᠴᠤ᠂ ᠦᠪᠡᠷᠳᠡᠭᠡᠨ ᠵᠠᠰᠠᠬᠤ ᠤᠷᠤᠨ ᠤ ᠪᠤᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠦᠭᠵᠢᠯᠳᠡ ᠶᠢᠨ ᠨᠢᠭᠡ ᠪᠦᠯᠦᠭ ᠵᠢᠱᠢᠶ᠎ᠡ ᠦᠵᠡᠭᠦᠯᠬᠦ ᠲᠤᠭᠤᠷᠢᠬ ᠢ ᠪᠠᠶᠢᠭᠤᠯᠬᠤ ᠬᠡᠷᠡᠭᠲᠡᠢ᠃      ᠠᠮᠢ ᠠᠬᠤᠢ ᠶᠢ ᠬᠠᠮᠠᠭᠠᠯᠠᠵᠤ ᠦᠩᠵᠢᠭᠦᠯᠦᠨ ᠰᠡᠷᠭᠦᠭᠡᠬᠦ ᠠᠵᠢᠯ ᠢ ᠠᠬᠢᠭᠤᠯᠤᠨ᠎ᠠ᠃ ᠤᠯᠤᠰ ᠤᠨ ᠶᠡᠭᠡ ᠬᠡᠪᠴᠢᠶᠡᠨ ᠤ ᠨᠤᠳᠤᠭ ᠲᠡᠪᠢᠰᠭᠡᠷ ᠢ ᠨᠤᠭᠤᠭᠠᠷᠠᠭᠤᠯᠬᠤ ᠠᠵᠢᠯᠯᠠᠭᠠᠨ ᠢ ᠦᠷᠨᠢᠭᠦᠯᠵᠦ᠂ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢ ᠦᠭᠦᠯᠵᠢᠯᠡᠨ ᠠᠬᠢᠭᠤᠯᠤᠨ᠂ ᠲᠠᠷᠢᠶᠠᠯᠠᠬᠤ ᠶᠢ ᠵᠤᠭᠰᠤᠭᠠᠵᠤ ᠤᠢ ᠰᠢᠭᠤᠢ ᠶᠢ ᠰᠡᠷᠭᠦᠭᠡᠬᠦ ᠡᠪᠡᠰᠤ ᠪᠡᠯᠴᠢᠭᠡᠷ ᠢ ᠰᠡᠷᠭᠦᠭᠡᠬᠦ ᠬᠡᠪᠴᠢᠶ᠎ᠡ ᠶᠢ ᠦᠷᠭᠡᠳᠭᠡᠵᠤ᠂ ᠭᠤᠤᠯᠳᠠᠯᠭ᠎ᠠ ᠲᠠᠢ ᠡᠯᠡᠰᠦᠷᠭᠡᠭ ᠭᠠᠵᠠᠷ ᠤᠨ ᠬᠤᠬᠢᠷᠠᠯ ᠲᠠᠢ ᠤᠷᠤᠨ ᠢ ᠲᠤᠰᠬᠠᠢ ᠵᠠᠰᠠᠬᠤ ᠢᠨᠵᠧᠨᠧᠷᠢᠩ ᠢ ᠬᠡᠷᠡᠭᠵᠢᠭᠦᠯᠦᠨ᠂ ᠬᠤᠯᠠᠨ ᠰᠢᠷᠭ᠎ᠠ ᠲᠠᠭ᠎ᠠ ᠶᠢᠨ ᠬᠡᠪᠴᠢᠶᠡᠵᠢᠭᠦᠯᠦᠭᠰᠡᠨ ᠤᠢ ᠰᠢᠭᠤᠢ ᠶᠢᠨ ᠲᠠᠯᠠᠪᠠᠢ ᠪᠠ ᠬᠠᠳᠤᠨ ᠭᠤᠤᠯ ᠲᠠᠭᠠᠤ ᠶᠢᠨ ᠠᠮᠢ ᠠᠬᠤᠢ ᠶᠢᠨ ᠬᠤᠨᠭ᠍ᠬᠢᠯ ᠢ ᠪᠦᠳᠦᠭᠡᠨ ᠪᠠᠶᠢᠭᠤᠯᠬᠤ ᠬᠡᠷᠡᠭᠲᠡᠢ᠃ ᠤᠰᠤᠨ ᠤ ᠰᠤᠷᠪᠤᠯᠵᠢ ᠶᠢᠨ ᠡᠬᠢ ᠪᠠᠶᠠᠯᠢᠬ ᠤᠨ ᠬᠠᠮᠤᠭ ᠤᠨ ᠴᠢᠩᠭ᠎ᠠ ᠬᠠᠮᠢᠶᠠᠷᠤᠯᠳᠠ ᠶᠢᠨ ᠲᠦᠷᠢᠮ ᠢ ᠨᠠᠶᠢᠳᠠᠪᠦᠷᠢᠵᠢᠭᠤᠯᠵᠤ᠂ ᠭᠠᠵᠠᠷ ᠲᠤᠤᠷᠠᠬᠢ ᠤᠰᠤ ᠶᠢ ᠬᠡᠳᠦᠷᠡᠳᠡᠯ᠎ᠡ ᠲᠠᠳᠠᠭᠰᠠᠨ ᠤᠷᠤᠨ ᠤ ᠶᠡᠷᠦᠩᠬᠡᠶᠢᠯᠡᠭᠰᠡᠨ ᠵᠠᠰᠠᠯᠳᠠ ᠶᠢ ᠠᠬᠢᠭᠤᠯᠬᠤ ᠬᠡᠷᠡᠭᠲᠡᠢ᠃ ᠤᠯᠤᠰ ᠤᠨ ᠴᠡᠴᠡᠷᠯᠢᠭ ᠢᠶᠠᠷ ᠭᠤᠤᠯ ᠴᠤᠭᠴᠠ ᠪᠤᠯᠭᠠᠭᠰᠠᠨ ᠪᠠᠶᠢᠭᠠᠯᠢ ᠶᠢᠨ ᠬᠠᠮᠠᠭᠠᠯᠠᠯᠳᠠ ᠶᠢᠨ ᠭᠠᠵᠠᠷ ᠤᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃      ᠠᠮᠢ ᠠᠬᠤᠢ ᠶᠢᠨ ᠪᠤᠯᠪᠠᠰᠤᠨ ᠤ ᠲᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠭᠤᠣᠯ ᠴᠤᠭᠴᠠ ᠶᠢᠨ ᠴᠢᠳᠠᠮᠵᠢᠳᠤ ᠤᠷᠤᠨ ᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠭᠤᠣᠯ ᠴᠤᠭᠴᠠ ᠶᠢᠨ ᠴᠢᠳᠠᠮᠵᠢᠳᠤ ᠤᠷᠤᠨ ᠤ ᠲᠦᠯᠦᠪᠵᠢᠭᠦᠯᠭᠡ ᠶᠢ ᠲᠤᠬᠢᠷᠠᠭᠤᠯᠤᠨ ᠵᠠᠰᠠᠪᠦᠷᠢ ᠤᠷᠤᠭᠤᠯᠵᠤ᠂ ᠠᠳᠠᠯᠢ ᠪᠤᠰᠤ ᠲᠦᠷᠦᠯ ᠢᠯᠭᠠᠯ ᠲᠠᠢ ᠴᠢᠳᠠᠮᠵᠢᠳᠤ ᠤᠷᠤᠨ ᠤ ᠠᠵᠤ ᠦᠢᠯᠡᠰ ᠤᠨ ᠵᠦᠪᠰᠢᠶᠡᠷᠡᠨ ᠤᠷᠤᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠵᠤ᠂ ᠭᠤᠣᠯ ᠴᠤᠭᠴᠠ ᠶᠢᠨ ᠴᠢᠳᠠᠮᠵᠢᠳᠤ ᠤᠷᠤᠨ ᠤ ᠪᠠᠶᠢᠯᠳᠤᠬᠤ ᠪᠤᠳᠤᠯᠭ᠎ᠠ ᠶᠢ ᠬᠤᠳᠠ᠂ ᠰᠢᠶᠠᠨ ᠤ ᠳᠠᠪᠬᠤᠷᠭ᠎ᠠ ᠳᠤ ᠲᠦᠢᠯ ᠤᠨ ᠣᠨᠣᠪᠴᠢᠲᠠᠢ ᠪᠠᠷ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠬ ᠤᠨ ᠡᠳ᠋ ᠬᠦᠷᠦᠩᠭᠡ ᠶᠢᠨ ᠦᠮᠴᠢᠯᠡᠬᠦ ᠡᠷᠬᠡ ᠶᠢᠨ ᠲᠦᠷᠢᠮ ᠢ ᠪᠦᠷᠢᠨᠰᠢᠭᠦᠯᠵᠦ᠂ ᠵᠠᠬ᠎ᠠ ᠲᠡᠯᠭᠡᠭᠦᠷᠴᠢᠯᠡᠭᠰᠡᠨ᠂ ᠤᠯᠠᠨ ᠡᠰᠢᠵᠢᠭᠦᠯᠦᠭᠰᠡᠨ ᠠᠮᠢ ᠠᠬᠤᠢ ᠶᠢᠨ ᠲᠥᠯᠥᠪᠦᠷᠢᠯᠡᠬᠦ ᠲᠤᠭᠳᠠᠴᠠ ᠶᠢ ᠰᠤᠳᠤᠯᠤᠨ ᠪᠠᠶᠢᠭᠤᠯᠬᠤ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠵᠠᠭᠠᠭᠯᠠᠨ ᠲᠤᠭᠳᠠᠭᠠᠬᠤ ᠠᠵᠢᠯ ᠢ ᠲᠦᠷᠭᠡᠳᠭᠡᠨ ᠠᠬᠢᠭᠤᠯᠵᠤ᠂ ᠭᠤᠤᠯ ᠮᠦᠷᠡᠨ ᠨᠠᠭᠤᠷ ᠤᠨ ᠨᠡᠷᠡᠰ ᠤᠨ ᠵᠢᠭᠰᠠᠭᠠᠯᠳᠠ ᠶᠢ ᠪᠠᠶᠢᠭᠤᠯᠵᠤ᠂ ᠭᠤᠤᠯ ᠮᠦᠷᠡᠨ ᠤ ᠠᠵᠢᠯ ᠳᠤ ᠬᠠᠷᠢᠭᠤᠴᠠᠬᠤ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠠᠬᠢᠭᠤᠯᠵᠤ᠂ ᠨᠠᠭᠤᠷ ᠴᠦᠬᠦᠷᠦᠮ ᠤᠨ ᠠᠵᠢᠯ ᠳᠤ ᠬᠠᠷᠢᠭᠤᠴᠠᠬᠤ ᠲᠠᠷᠤᠭ᠎ᠠ ᠶᠢᠨ ᠲᠦᠷᠢᠮ ᠢ ᠬᠡᠷᠡᠭᠵᠢᠭᠦᠯᠬᠦ ᠬᠡᠷᠡᠭᠲᠡᠢ᠃ᠬᠦᠰᠦᠨᠦᠭᠲᠦ                                           ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ