ᠪᠦᠬᠦ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/8/15
     8 ᠳ᠋ᠤᠭᠠᠷ ᠰᠠᠷ᠎ᠠ ᠶᠢᠨ 14᠎ ᠤ ᠡᠳᠦᠷ᠂ ᠪᠦᠬᠦ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠠᠵᠢᠯ ᠢ ᠠᠬᠢᠭᠤᠯᠬᠤ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠲᠤᠬᠠᠢ ᠴᠢᠬᠤᠯᠠ ᠦᠭᠦᠯᠡᠯᠳᠡ ᠶᠢ ᠬᠦᠨᠵᠡᠭᠡᠢ ᠲᠤᠭᠤᠰᠢᠯᠠᠭᠤᠯᠵᠤ᠂ ᠨᠢᠭᠡᠳᠦᠯᠳᠡᠢ ᠲᠦᠯᠦᠪᠵᠢᠭᠦᠯᠦᠨ ᠰᠢᠨᠵᠢᠯᠡᠭᠦ ᠤᠬᠠᠭᠠᠨᠴᠢ ᠪᠠᠷ ᠠᠬᠢᠭᠤᠯᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠤᠨ ᠰᠠᠶᠢᠨ ᠡᠬᠢᠯᠡᠯᠳᠡ ᠲᠠᠢ ᠪᠤᠯᠬᠤ ᠶᠢ ᠪᠠᠳᠤᠯᠠᠠ᠂ ᠦᠪᠦᠷ ᠮᠤᠩᠭᠤᠯ ᠤᠨ ᠮᠠᠯᠵᠢᠬᠤ ᠲᠠᠷᠢᠶᠠᠯᠠᠬᠤ ᠤᠷᠤᠨ ᠤ ᠪᠦᠬᠦ ᠲᠠᠯ᠎ᠠ ᠪᠠᠷ ᠬᠦᠭᠵᠢᠵᠦ ᠪᠦᠬᠦ ᠲᠠᠯ᠎ᠠ ᠪᠠᠷ ᠲᠠᠪᠰᠢᠬᠤ ᠶᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠪᠠᠶᠢᠩᠭᠤ ᠶᠢᠨ ᠲᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠤᠷᠠᠯ ᠢ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠬᠠᠮᠢᠶ᠎ᠠ ᠪᠦᠬᠦᠢ ᠤᠳᠤᠷᠢᠳᠬᠤ ᠨᠦᠬᠦᠳ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ᠂ ᠡᠯ᠎ᠠ ᠠᠶᠢᠮᠠᠭ ᠬᠤᠳᠠ᠂ ᠬᠤᠷᠢᠨᠬᠡᠷ ᠰᠢᠨ᠎ᠠ ᠲᠤᠭᠤᠷᠢᠭ᠂ ᠶᠡᠭᠡ ᠬᠢᠩᠭᠠᠨ ᠲᠠᠪᠠᠭ᠎ᠠ ᠶᠢᠨ ᠭᠤᠤᠯᠳᠠᠯᠭ᠎ᠠ ᠲᠠᠢ ᠤᠯᠤᠰ ᠤᠨ ᠦᠮᠴᠢᠯᠡᠯ ᠤᠨ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶ᠎ᠠ᠂ ᠬᠦᠯᠦᠨ ᠪᠤᠶᠢᠷ ᠤᠨ ᠲᠠᠷᠢᠶᠠᠯᠠᠩ ᠤᠨ ᠠᠳᠠᠷ ᠬᠠᠭᠠᠯᠪᠤᠷᠢᠯᠠᠯᠳᠠ ᠶᠢᠨ ᠪᠦᠯᠦᠭᠯᠡᠯ ᠵᠢᠴᠢ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ᠂ ᠨᠢᠭᠡᠴᠡ᠂ ᠦᠪᠡᠷᠳᠡᠭᠡᠨ ᠵᠠᠰᠠᠬᠤ ᠤᠷᠤᠨ ᠳᠤ ᠰᠠᠭᠤᠭ᠎ᠠ ᠲᠦᠪ ᠤᠨ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠪᠠ᠃      ᠯᠢ ᠵᠢᠢ ᠾᠧᠩ ᠵᠢᠭᠠᠭᠰᠠᠨ ᠨᠢ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠪᠤᠯ ᠴᠠᠭ ᠦᠶ᠎ᠠ ᠶᠢᠨ ᠱᠠᠭᠠᠷᠳᠠᠯᠭ᠎ᠠ᠂ ᠬᠦᠭᠵᠢᠯᠳᠡ ᠶᠢᠨ ᠵᠠᠶᠢᠯᠠᠰᠢ ᠦᠭᠡᠢ ᠬᠠᠨᠳᠤᠰᠢ᠂ ᠠᠷᠠᠳ ᠲᠦᠮᠡᠨ ᠤ ᠬᠦᠰᠡᠯ ᠡᠷᠡᠮᠡᠯᠵᠡᠯ ᠪᠤᠯᠤᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠲᠤᠬᠠᠢ ᠤᠯᠠᠨ ᠤᠳᠠᠭ᠎ᠠ ᠴᠢᠬᠤᠯᠠ ᠦᠭᠦᠯᠡᠯᠳᠡ ᠨᠡᠶᠢᠲᠡᠯᠡᠵᠦ᠂ ᠶᠠᠭᠤᠨ ᠳᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠬᠦᠳᠡᠭᠡ ᠲᠤᠰᠬᠤᠨ ᠢ ᠬᠡᠷᠬᠢᠨ ᠬᠦᠭᠵᠢᠭᠦᠯᠦᠨ ᠮᠠᠨᠳᠤᠭᠤᠯᠬᠤ ᠵᠡᠷᠭᠡ ᠠᠯᠢ ᠤᠯᠠᠨ ᠴᠢᠬᠤᠯᠠ ᠶᠡᠭᠡ ᠠᠰᠠᠭᠤᠳᠠᠯ ᠳᠤ ᠰᠢᠨᠵᠢᠯᠡᠭᠦ ᠤᠬᠠᠭᠠᠨᠴᠢ ᠬᠠᠷᠢᠭᠤᠯᠳᠠ ᠦᠭᠴᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠳᠤ ᠤᠷᠤᠬᠰᠢᠯᠠᠯᠳᠠ ᠶᠢᠨ ᠴᠢᠭᠯᠡᠯ ᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠲᠤᠬᠠᠢ ᠴᠢᠬᠤᠯᠠ ᠦᠭᠦᠯᠡᠯᠳᠡ ᠶᠢ ᠬᠦᠨᠵᠡᠭᠡᠢ ᠰᠤᠷᠤᠯᠴᠠᠨ ᠤᠶᠢᠯᠠᠭᠠᠵᠤ᠂ ᠵᠤᠷᠢᠭ ᠰᠠᠨᠠᠭᠠᠨ ᠤ ᠮᠦᠨ ᠴᠢᠨᠠᠷ ᠢ ᠨᠢ ᠨᠡᠪᠳᠡᠷᠡᠳᠡᠯ᠎ᠠ ᠤᠶᠢᠯᠠᠭᠠᠨ᠂ ᠭᠤᠤᠯ ᠶᠤᠰᠤ ᠤᠴᠢᠷ ᠢ ᠨᠢ ᠡᠵᠡᠮᠰᠢᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠬᠠᠷᠢᠭᠤᠴᠠᠯᠭᠠᠳᠦ ᠰᠡᠳᠬᠢᠯᠭᠡ ᠪᠤᠯᠤᠨ ᠲᠤᠯᠭᠠᠮ ᠰᠡᠳᠬᠢᠯᠭᠡ ᠪᠠᠨ ᠴᠢᠨᠠᠬᠰᠢᠳᠠ ᠴᠢᠩᠭᠠᠳᠬᠠᠬᠤ ᠬᠡᠷᠡᠭᠳᠡᠢ ᠭᠡᠵᠡᠢ᠃      ᠯᠢ ᠵᠢᠢ ᠾᠧᠩ ᠴᠢᠬᠤᠯᠠᠴᠢᠯᠠᠭᠰᠠᠨ ᠨᠢ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠢᠨᠵᠧᠨᠧᠷᠢᠩ᠂ ᠲᠦᠯᠦᠪᠯᠡᠭᠡ ᠪᠠ ᠠᠵᠢᠯᠯᠠᠭ᠎ᠠ ᠶᠢ ᠯᠠᠪᠳᠠᠭᠤᠨ ᠪᠠᠳᠤᠳᠠᠢ ᠠᠬᠢᠭᠤᠯᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠲᠦᠰᠦᠯ ᠢ ᠰᠢᠨᠵᠢᠯᠡᠭᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠵᠤ᠂ ᠬᠦᠳᠡᠭᠡ ᠲᠤᠰᠬᠤᠨ ᠤ ᠠᠵᠤ ᠦᠢᠯᠡᠰ ᠢ ᠶᠡᠭᠡ ᠪᠠᠷ ᠬᠦᠭᠵᠢᠭᠦᠯᠦᠨ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠪᠡᠯᠡᠳᠬᠡᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠦᠷᠭᠦᠯᠵᠢᠯᠡᠨ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠵᠠᠰᠠᠯᠳᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠤᠳᠤ ᠦᠶ᠎ᠠ ᠶᠢᠨ ᠬᠦᠳᠡᠭᠡ ᠲᠤᠰᠬᠤᠨ ᠤ ᠵᠠᠰᠠᠯᠳᠠ ᠶᠢᠨ ᠰᠢᠰᠲ᠋ᠧᠮᠵᠢ ᠶᠢ ᠲᠠᠰᠤᠷᠠᠯᠳᠠ ᠦᠭᠡᠢ ᠪᠦᠷᠢᠨᠰᠢᠭᠦᠯᠵᠤ᠂ ᠤᠳᠤ ᠦᠶ᠎ᠠ ᠶᠢᠨ ᠬᠦᠳᠡᠭᠡ ᠲᠤᠰᠬᠤᠨ ᠤ ᠪᠤᠯᠪᠠᠰᠤᠨ ᠢ ᠲᠦᠷᠭᠡᠳᠭᠡᠨ ᠪᠠᠶᠢᠭᠤᠯᠵᠤ᠂ ᠴᠢᠳᠠᠪᠤᠷᠢᠳᠠᠨ ᠢ ᠬᠦᠮᠦᠵᠢᠭᠦᠯᠭᠦ ᠪᠠ ᠤᠷᠤᠭᠤᠯᠤᠨ ᠠᠪᠴᠢᠷᠠᠬᠤ ᠶᠢ ᠴᠢᠬᠤᠯᠠᠴᠢᠯᠠᠨ᠂ ᠮᠠᠯ ᠠᠵᠤ ᠠᠬᠤᠢ ᠲᠠᠷᠢᠶᠠᠯᠠᠩ ᠢ ᠦᠨᠡᠨ ᠬᠦ ᠬᠦᠰᠡᠯ ᠡᠷᠡᠮᠡᠯᠵᠡᠯ ᠲᠠᠢ ᠠᠵᠤ ᠦᠢᠯᠡᠰ ᠪᠤᠯᠭᠠᠵᠤ᠂ ᠮᠠᠯᠴᠢᠨ ᠲᠠᠷᠢᠶᠠᠴᠢᠨ ᠢ ᠲᠠᠳᠠᠬᠤ ᠬᠦᠴᠦᠨ ᠲᠠᠢ ᠲᠤᠬᠠᠶᠢᠯᠠᠭᠰᠠᠨ ᠠᠵᠢᠯ ᠲᠠᠢ ᠪᠤᠯᠭᠠᠵᠦ᠂ ᠮᠠᠯᠵᠢᠬᠤ ᠲᠠᠷᠢᠶᠠᠯᠠᠬᠤ ᠤᠷᠤᠨ ᠢ ᠠᠵᠢᠯᠯᠠᠵᠤ ᠠᠮᠢᠳᠤᠷᠠᠬᠤ ᠳᠤ ᠲᠤᠬᠢᠳᠠᠢ ᠦᠵᠡᠰᠭᠦᠯᠡᠩᠳᠦ ᠰᠠᠶᠢᠬᠠᠨ ᠬᠡᠷ ᠤᠷᠤᠨ ᠪᠤᠯᠭᠠᠬᠤ ᠬᠡᠷᠡᠭᠳᠡᠢ᠃ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠪᠴᠢ ᠶᠢᠨ ᠡᠯᠡᠰᠦ ᠶᠢ ᠵᠠᠰᠠᠬᠰᠠᠨ ᠲᠤᠷᠰᠢᠯᠭ᠎ᠠ ᠶᠢ ᠳ᠋ᠦᠩᠨᠡᠨ ᠲᠡᠯᠭᠡᠷᠡᠭᠦᠯᠵᠤ᠂ ᠡᠷᠡᠰ ᠭᠤᠶᠢᠪᠢᠰᠢ ᠦᠭᠡᠢ ᠪᠠᠷ ᠠᠮᠢ ᠠᠬᠤᠢ ᠶᠢ ᠲᠡᠷᠢᠭᠦᠨ ᠳᠤ ᠲᠠᠯᠪᠢᠨ ᠪᠤᠬᠢᠷᠳᠦᠯ ᠦᠭᠡᠢ ᠬᠦᠭᠵᠢᠯᠳᠠ ᠶᠢᠨ ᠰᠢᠨ᠎ᠠ ᠵᠠᠮ ᠢᠶᠠᠷ ᠵᠠᠮᠨᠠᠵᠤ᠂ ᠰᠠᠶᠢᠨ ᠰᠠᠶᠢᠬᠠᠨ ᠠᠮᠢ ᠠᠬᠤᠢ ᠪᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠴᠢᠬᠤᠯᠠ ᠲᠤᠯᠭᠠᠭᠤᠷᠢᠯᠠᠯ ᠪᠤᠯᠭᠠᠬᠤ ᠬᠡᠷᠡᠭᠳᠡᠢ ᠭᠡᠵᠡᠢ᠃      ᠯᠢ ᠵᠢᠢ ᠾᠧᠩ ᠴᠢᠬᠤᠯᠠᠴᠢᠯᠠᠭᠰᠠᠨ ᠨᠢ᠂ ᠵᠤᠬᠢᠶᠠᠨ ᠪᠠᠶᠢᠭᠤᠯᠤᠯᠲᠠ ᠶᠢᠨ ᠪᠠᠳᠤᠯᠠᠭ᠎ᠠ ᠪᠠᠨ ᠴᠢᠩᠭᠠᠳᠬᠠᠵᠤ᠂ ᠲᠠᠪᠤᠨ ᠱᠠᠳᠤᠨ ᠤ ᠱᠦᠵᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠢ ᠠᠳᠬᠤᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠡᠰᠢᠴᠢᠯᠡᠨ ᠪᠡᠯᠡ ᠤᠷᠤᠭᠤᠯᠬᠤ ᠪᠠᠳᠤᠯᠠᠭ᠎ᠠ ᠶᠢᠨ ᠲᠤᠬᠳᠠᠴᠠ ᠶᠢ ᠪᠦᠷᠢᠨᠰᠢᠭᠦᠯᠦᠨ᠂ ᠮᠠᠯᠴᠢᠨ ᠲᠠᠷᠢᠶᠠᠴᠢᠨ ᠤ ᠭᠤᠤᠯ ᠴᠤᠬᠴᠠ ᠶᠢᠨ ᠪᠠᠶᠢᠷᠢ ᠰᠠᠭᠤᠷᠢ ᠶᠢ ᠪᠠᠷᠢᠮᠳᠠᠯᠠᠨ᠂ ᠵᠢᠯ ᠳᠠᠷᠠᠭᠠᠯᠠᠨ ᠵᠠᠯᠭᠠᠨ ᠬᠢᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠢ ᠡᠷᠡᠭᠦᠯ ᠢᠶᠠᠷ ᠡᠮᠬᠢ ᠵᠢᠷᠤᠮ ᠲᠠᠢ ᠠᠬᠢᠭᠤᠯᠵᠤ᠂ ᠠᠤᠭ᠎ᠠ ᠲᠦᠰᠦᠪ ᠢ ᠠᠯᠬᠤᠮ ᠠᠯᠬᠤᠮ ᠢᠶᠠᠷ ᠰᠠᠶᠢᠨ ᠰᠠᠶᠢᠬᠠᠨ ᠪᠤᠳᠠᠳᠤ ᠠᠬᠤᠢ ᠪᠤᠯᠭᠠᠨ ᠬᠤᠪᠢᠷᠠᠭᠤᠯᠬᠤ ᠬᠡᠷᠡᠭᠳᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠭᠤᠷᠢᠨ ᠳᠤ ᠪᠠᠶᠢᠷᠢᠯᠠᠭᠤᠯᠤᠯᠲᠠ ᠬᠢᠵᠤ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠳ ᠠᠵᠤ ᠦᠢᠯᠡᠰ ᠢᠶᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠴᠢᠳᠠᠪᠤᠷᠢᠳᠠᠨ ᠢᠶᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠰᠤᠶᠤᠯ ᠢᠶᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠠᠮᠢ ᠠᠬᠤᠢ ᠪᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠵᠤᠬᠢᠶᠠᠨ ᠪᠠᠶᠢᠭᠤᠯᠤᠯᠲᠠ ᠪᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠳᠤᠳᠠᠢ ᠰᠠᠶᠢᠲᠤᠷ ᠬᠢᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠢ ᠰᠠᠶᠢᠨ ᠡᠬᠢᠯᠡᠯᠳᠡ ᠲᠠᠢ ᠪᠤᠯᠭᠠᠬᠤ ᠶᠢ ᠪᠡᠶᠡᠯᠡᠭᠦᠯᠭᠦ ᠬᠡᠷᠡᠭᠳᠡᠢ ᠭᠡᠵᠦ ᠱᠠᠭᠠᠷᠳᠠᠵᠠᠢ᠃      ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠤᠯᠠᠭᠠᠨᠬᠠᠳᠠ ᠬᠤᠳᠠ᠂ ᠰᠢᠯᠢ ᠶᠢᠨ ᠭᠤᠤᠯ ᠠᠶᠢᠮᠠᠭ᠂ ᠬᠦᠬᠡᠬᠤᠳᠠ ᠶᠢᠨ ᠰᠠᠶᠢᠬᠠᠨ ᠲᠤᠭᠤᠷᠢᠭ᠂ ᠠᠷᠤᠨ ᠬᠤᠰᠢᠭᠤ ᠪᠤᠯᠤᠨ ᠺᠠᠶᠢᠯᠦ ᠰᠢᠶᠠᠨ ᠤ ᠬᠠᠷᠢᠭᠤᠴᠠᠯᠭᠠᠳᠠᠨ ᠦᠭᠡ ᠬᠡᠯᠡᠵᠠᠢ᠃ ᠬᠤᠷᠠᠯ ᠢ ᠬᠠᠷᠠᠭᠠᠨ ᠳᠠᠪᠲᠠᠮᠵᠢᠲᠤ ᠬᠤᠷᠠᠯ ᠤᠨ ᠬᠡᠯᠪᠡᠷᠢ ᠪᠠᠷ ᠰᠤᠮᠤ ᠰᠢᠶᠠᠩ ᠪᠠᠯᠭᠠᠰᠦ ᠶᠢᠨ ᠱᠠᠳᠤ ᠬᠦᠷᠳᠡᠯ᠎ᠠ ᠨᠡᠪᠳᠡᠷᠡᠭᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号