ᠬᠥᠬᠡᠬᠤᠲᠠ ᠶᠢᠨ ᠬᠥᠳᠡᠭᠡ ᠲᠣᠰᠬᠤᠨ ᠤ ᠡᠳ᠋ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠪᠴᠢᠯᠡᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2018/8/15
     ᠬᠥᠳᠡᠭᠡ ᠲᠣᠰᠬᠤᠨ ᠤ ︽ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠳᠤ ᠣᠷᠣᠭᠤᠯᠵᠤ᠂ ᠠᠵᠤ ᠦᠶᠯᠡᠳᠪᠦᠷᠢ ᠶᠢᠨ ᠦᠢᠯᠡᠳᠬᠦᠨ ᠢ ᠬᠥᠳᠡᠭᠡ ᠳᠤ ᠬᠦᠷᠭᠡᠬᠦ︾ ᠬᠤᠣᠰ ᠴᠢᠭᠯᠡᠯᠲᠦ ᠳᠥᠭᠦᠮ ᠲᠦᠷᠭᠡᠨ ᠭᠦᠢᠯᠭᠡᠭᠡᠨ ᠤ ᠵᠠᠮ ᠢ ᠨᠡᠪᠲᠡᠷᠡᠭᠦᠯᠵᠦ᠂ ᠡᠳ᠋ ᠪᠠᠷᠠᠭᠠᠨ ᠤ ᠭᠦᠶᠯᠭᠡᠭᠡ ᠶᠢᠨ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ ᠶᠢᠨ ᠲᠦᠯᠦᠭᠡ᠂ ᠤᠶᠢᠷ᠎ᠠ ᠳᠤ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠰᠢᠦᠳᠠᠨ ᠤ ᠬᠠᠮᠢᠶᠠᠷᠤᠯᠲᠠ ᠶᠢᠨ ᠲᠤᠪᠴᠢᠶ᠎ᠠ ᠬᠠᠮᠲᠤᠷᠠᠨ ᠬᠥᠳᠡᠭᠡ ᠲᠣᠰᠬᠤᠨ ᠤ ᠪᠠᠷᠠᠭᠠᠨ ᠤ ᠭᠦᠶᠯᠭᠡᠭᠡᠨ ᠤ ᠡᠷᠡᠭᠦᠯ ᠢᠶᠠᠷ ᠬᠥᠭᠵᠢᠭᠦᠯᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾᠎ ᠢ ᠨᠡᠶᠢᠲᠡᠯᠡᠪᠡ᠃      ᠲᠤᠰ ︽ᠲᠥᠰᠦᠯ︾᠎ ᠨᠢ ᠵᠠᠬ᠎ᠠ ᠳᠡᠯᠭᠡᠭᠦᠷ ᠤᠨ ᠤᠳᠤᠷᠢᠳᠤᠮᠵᠢ ᠪᠤᠯᠭᠠᠵᠤ᠂ ᠵᠠᠰᠠᠭ ᠤᠨ ᠣᠷᠳᠣᠨ ᠤ ᠬᠥᠲᠥᠯᠦᠨ ᠵᠢᠯᠤᠭᠤᠳᠬᠤ ᠶᠢ ᠪᠠᠷᠢᠮᠲᠠᠯᠠᠵᠤ᠂ ᠡᠬᠢ ᠪᠠᠶᠠᠯᠢᠭ ᠢ ᠬᠠᠮᠲᠤᠪᠠᠷ ᠬᠦᠷᠲᠡᠬᠦ᠂ ᠤᠯᠠᠨ ᠴᠡᠭ ᠢ ᠨᠡᠶᠢᠯᠡᠭᠦᠯᠬᠦ᠂ ᠬᠠᠮᠲᠤ ᠪᠠᠷ ᠬᠦᠷᠲᠡᠵᠦ ᠠᠷᠠᠳ ᠲᠤ ᠠᠰᠢᠭ ᠬᠦᠷᠲᠡᠭᠡᠬᠦ ᠵᠠᠷᠴᠢᠮ ᠢ ᠳᠤᠪᠤᠶᠢᠯᠭᠠᠨ᠂ ᠬᠥᠳᠡᠭᠡ ᠲᠣᠰᠬᠤᠨ ᠤ ᠡᠳ᠋ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠬᠦᠴᠦ ᠲᠠᠯᠪᠢᠨ ᠲᠦᠷᠭᠡᠨ ᠪᠦᠷᠢᠨᠰᠢᠭᠦᠯᠬᠦ᠂ ᠬᠥᠳᠡᠭᠡ ᠲᠣᠰᠬᠤᠨ ᠤ ᠪᠠᠷᠠᠭᠠᠨ ᠤ ᠭᠦᠶᠯᠭᠡᠭᠡᠨ ᠤ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ ᠱᠠᠲᠤ ᠬᠤᠪᠢᠶᠠᠨ ᠰᠢᠯᠢᠳᠡᠭᠵᠢᠭᠦᠯᠬᠦ᠂ ᠡᠯ᠎ᠡ ᠵᠦᠢᠯ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠬᠤ᠂ ᠬᠥᠳᠡᠭᠡ ᠲᠣᠰᠬᠤᠨ ᠤ ᠡᠳ᠋ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠶᠢ ᠪᠦᠷᠢᠨᠰᠢᠭᠦᠯᠬᠦ ᠵᠡᠷᠭᠡ ᠲᠠᠪᠤᠨ ᠶᠡᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ 2020 ᠣᠨ ᠪᠣᠯᠬᠤ ᠳᠤ ︽ᠪᠠᠶᠢᠷᠢᠰᠢᠭᠤᠯᠤᠯ ᠨᠢ ᠵᠦᠢ ᠵᠣᠬᠢᠰᠲᠠᠶ᠂ ᠳᠥᠭᠦᠮ ᠲᠦᠷᠭᠡᠨ ᠥᠨᠳᠥᠷ ᠪᠦᠲᠦᠮᠵᠢᠲᠡᠢ᠂ ᠲᠦᠷᠦᠯ ᠵᠦᠢᠯ ᠨᠢ ᠤᠯᠠᠨ᠂ ᠠᠷᠠᠳ ᠲᠤ ᠠᠰᠢᠭ ᠬᠦᠷᠲᠡᠭᠡᠬᠦ︾ ᠬᠥᠳᠡᠭᠡ ᠲᠣᠰᠬᠤᠨ ᠤ ᠡᠳ᠋ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠬᠤ ᠪᠠᠷ ᠴᠢᠷᠮᠠᠶᠢᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号