ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠡᠳ ᠤᠨ ᠭᠡᠷᠡᠭᠯᠡᠬᠡᠨ ᠤ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠠᠷᠭ᠎ᠠ
ᠨᠡᠶᠢᠲᠡᠯᠡᠭᠰᠡᠨ ᠴᠠᠭ᠄
2018-08-15
     ︵2014 ᠣᠨ ᠤ 1 ᠳ᠋ᠣᠭᠡᠷ ᠰᠡᠷ᠎ᠠ ᠶᠢᠨ 24᠎ ᠤ ᠡᠳᠣᠷ ᠤᠨ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠵᠠᠷᠯᠢᠭ 200 ᠳ᠋ᠣᠭᠠᠷ ᠲᠣᠭᠠᠳᠣ ᠪᠠᠷ ᠨᠠᠶᠢᠳᠡᠯᠡᠵᠦ 2018 ᠣᠨ ᠤ 1 ᠳ᠋ᠣᠭᠡᠷ ᠰᠡᠷ᠎ᠠ ᠶᠢᠨ 16᠎ ᠤ ᠡᠳᠣᠷ ᠤᠨ ︽ᠵᠠᠰᠠᠭ ᠤᠨ ᠣᠷᠳᠣᠨ ᠤ ᠭᠡᠰᠡᠭ ᠳᠥᠷᠢᠮ ᠲᠣᠠᠠᠳᠠᠭᠠᠯ ᠳᠤ ᠵᠠᠰᠠᠪᠦᠷᠢ ᠣᠷᠣᠭᠤᠯᠬᠤ ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠲᠣᠠᠠᠳᠠᠭᠠᠯ︾᠎ ᠢ ᠦᠨᠳᠣᠰᠣᠯᠡᠵᠦ ᠵᠠᠰᠠᠪᠤᠷᠢ ᠣᠷᠣᠭᠤᠯᠪᠡ︶      ᠨᠢᠭᠡᠳᠣᠭᠡᠷ ᠪᠦᠯᠥᠭ    ᠶᠡᠷᠦᠩᠭᠡᠢ ᠳᠥᠷᠢᠮ      ᠨᠢᠭᠡᠳᠣᠭᠡᠷ ᠵᠦᠢᠯ  ᠠᠷᠡᠳ ᠤᠨ ᠭᠡᠷᠡᠭᠯᠡᠬᠡᠨ ᠤ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢ ᠴᠢᠩᠭᠠᠳᠬᠠᠵᠦ᠂ ᠠᠷᠡᠳ ᠤᠨ ᠭᠡᠷᠡᠭᠯᠡᠬᠡᠨ ᠤ ᠨᠢᠰᠭᠡᠯ ᠤᠨ ᠪᠠᠭᠤᠳᠡᠯ ᠤᠨ ᠪᠦᠳᠦᠭᠡᠨ ᠪᠠᠶᠢᠭᠤᠯᠥᠯᠳᠡ ᠪᠠ ᠬᠦᠭᠵᠢᠯᠳᠡ ᠶᠢ ᠠᠬᠢᠭᠤᠯᠥᠨ᠂ ᠠᠷᠡᠳ ᠤᠨ ᠭᠡᠷᠡᠭᠯᠡᠬᠡᠨ ᠤ ᠨᠢᠰᠭᠡᠯ ᠤᠨ ᠪᠠᠭᠤᠳᠡᠯ ᠤᠨ ᠠᠮᠥᠷ ᠳᠥᠪᠰᠢᠨ ᠬᠢᠭᠡᠳ ᠡᠮᠬᠢ ᠵᠢᠷᠣᠮ ᠲᠠᠢ ᠡᠵᠡᠩᠨᠡᠬᠦ ᠶᠢ ᠦᠨᠡᠨᠬᠦ ᠪᠠᠳᠣᠯᠠᠬᠤ ᠶᠢᠨ ᠲᠣᠰᠡᠳᠡ᠂ ︽ᠪᠦᠬᠦᠲᠡ ᠨᠡᠶᠢᠷᠡᠮᠳᠡᠬᠤ ᠲᠤᠮᠳᠠᠳᠣ ᠠᠷᠡᠳ ᠣᠯᠥᠰ ᠤᠨ ᠠᠷᠡᠳ ᠤᠨ ᠭᠡᠷᠡᠭᠯᠡᠭᠡᠨ ᠤ ᠠᠭᠠᠷ ᠤᠨ ᠠᠶᠠᠯᠠᠯ ᠤᠨ ᠬᠠᠦᠯᠢ︾᠂ ︽ᠠᠷᠡᠳ ᠤᠨ ᠭᠡᠷᠡᠭᠯᠡᠬᠡᠨ ᠤ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠳᠥᠷᠢᠮ︾ ᠪᠤᠯᠥᠨ ᠣᠯᠥᠰ ᠤᠨ ᠬᠤᠯᠪᠤᠠᠠᠳᠡᠯ ᠪᠦᠬᠦᠢ ᠬᠠᠦᠯᠢ ᠴᠠᠭᠠᠵᠠ᠂ ᠬᠠᠦᠯᠢ ᠲᠣᠠᠠᠳᠠᠭᠠᠯ ᠢ ᠦᠨᠳᠣᠰᠣᠯᠡᠨ᠂ ᠦᠪᠡᠷᠳᠡᠭᠡᠨ ᠵᠠᠰᠠᠬᠤ ᠣᠷᠣᠨ ᠤ ᠪᠤᠳᠡᠳᠡᠢ ᠲᠠᠢ ᠣᠶᠠᠯᠳᠣᠭᠤᠯᠵᠦ᠂ ᠲᠣᠰ ᠠᠷᠭ᠎ᠠ ᠶᠢ ᠲᠣᠠᠠᠳᠠᠭᠠᠪᠠ᠃     ᠬᠤᠶᠡᠳᠣᠭᠠᠷ ᠵᠦᠢᠯ  ᠲᠣᠰ ᠠᠷᠭ᠎ᠠ ᠳᠤ ᠬᠡᠯᠡᠵᠦ ᠪᠠᠶᠢᠭ᠎ᠠ ᠠᠷᠠᠳ ᠤᠨ ᠬᠡᠷᠡᠭᠯᠡᠬᠡᠨ ᠤ ᠨᠢᠰᠬᠡᠯ ᠤᠨ ᠪᠠᠭᠤᠳᠠᠯ ︵ᠲᠤᠷᠤᠬᠰᠢ ᠨᠢᠰᠬᠡᠯ ᠤᠨ ᠪᠠᠭᠤᠳᠠᠯ ᠬᠡᠵᠦ ᠲᠤᠪᠴᠢᠯᠠᠨ᠎ᠠ︶ ᠬᠡᠳᠡᠭ ᠨᠢ ᠬᠠᠷᠢᠶᠡᠳᠦ ᠪᠡᠷᠢᠯᠭ᠎ᠠ᠂ ᠲᠤᠨᠤᠭ ᠳᠥᠬᠦᠭᠡᠷᠦᠮᠵᠢ ᠪᠠ ᠪᠡᠯᠡᠳᠭᠡᠮᠵᠢ ᠶᠢ ᠪᠠᠭᠳᠠᠭᠠᠠᠠᠰᠠᠨ ︵ᠲᠣᠷᠣᠠᠠᠰᠢ ᠨᠢᠰᠭᠡᠯ ᠤᠨ ᠪᠠᠭᠤᠳᠡᠯ ᠭᠡᠵᠦ ᠲᠣᠪᠴᠢᠯᠠᠨ᠎ᠠ︶᠂ ᠠᠷᠠᠳ ᠤᠨ ᠭᠡᠷᠡᠭᠯᠡᠭᠡᠨ ᠤ ᠠᠭᠠᠷ ᠤᠨ ᠨᠢᠰᠥᠬᠦᠷ ᠤᠨ ᠡᠬᠢᠯᠡᠨ ᠨᠢᠰᠬᠦ᠂ ᠪᠠᠭᠤᠬᠤ᠂ ᠭᠤᠯᠭᠤᠨ ᠶᠠᠪᠤᠬᠤ᠂ ᠵᠣᠠᠠᠰᠣᠬᠤ ᠳᠤ ᠲᠣᠰᠬᠠᠢ ᠬᠠᠩᠭᠠᠠᠠᠰᠠᠨ ᠵᠢᠴᠢ ᠪᠣᠰᠣᠳ ᠠᠵᠢᠯᠯᠠᠭ᠎ᠠ ᠬᠢᠬᠦ ᠳᠤ ᠭᠡᠷᠡᠭᠯᠡᠬᠦ ᠪᠠᠷ ᠢᠯᠭᠠᠨ ᠲᠣᠠᠠᠳᠠᠭᠠᠠᠠᠰᠠᠨ ᠣᠷᠣᠨ ᠪᠦᠰᠡ ᠶᠢ ᠵᠢᠭᠠᠵᠦ ᠪᠣᠢ᠃      ᠭᠤᠷᠪᠠᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠳᠣᠷᠡᠬᠢ ᠨᠢᠰᠭᠡᠯ ᠤᠨ ᠪᠠᠭᠤᠳᠡᠯ ᠤᠨ ᠳᠥᠯᠥᠪᠵᠢᠬᠦᠯᠭᠡ ᠪᠠ ᠪᠦᠳᠦᠭᠡᠨ ᠪᠠᠶᠢᠭᠤᠯᠥᠯᠳᠡ᠂ ᠠᠮᠥᠷ ᠳᠥᠪᠰᠢᠨ ᠪᠠ ᠡᠵᠡᠩᠨᠡᠯᠳᠡ᠂ ᠠᠮᠤᠷ ᠳᠥᠪᠰᠢᠨ ᠤ ᠣᠷᠴᠢᠨ ᠲᠤᠭᠤᠷᠢᠨ ᠤ ᠬᠠᠮᠠᠭᠠᠯᠠᠯᠳᠡ᠂ ᠣᠯᠡᠨ ᠨᠡᠶᠢᠲᠡ ᠶᠢᠨ ᠡᠮᠬᠢ ᠳᠢᠭᠯᠢᠮ ᠤᠨ ᠬᠠᠮᠢᠶᠡᠷᠦᠯᠳᠡ ᠳᠤ ᠲᠣᠰ ᠠᠷᠭ᠎ᠠ ᠭᠡᠷᠡᠭᠯᠡᠭᠳᠡᠨ᠎ᠡ᠃      ᠳᠥᠷᠪᠡᠳᠣᠭᠡᠷ ᠵᠦᠢᠯ ᠨᠢᠰᠭᠡᠯ ᠤᠨ ᠪᠠᠭᠤᠳᠡᠯ ᠪᠣᠯ ᠣᠯᠡᠨ ᠨᠡᠶᠢᠲᠡ ᠶᠢᠨ ᠰᠠᠭᠤᠷᠢ ᠪᠡᠯᠡᠳᠭᠡᠮᠵᠢ ᠳᠤ ᠬᠠᠷᠢᠶᠡᠯᠬᠠᠳᠠᠨ᠎ᠠ᠃ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠨᠢ ᠨᠢᠰᠭᠡᠯ ᠤᠨ ᠪᠠᠭᠤᠳᠡᠯ ᠤᠨ ᠬᠠᠮᠠᠭᠠᠯᠠᠯᠳᠡ ᠶᠢᠨ ᠠᠵᠢᠯ ᠤᠨ ᠣᠳᠣᠷᠢᠳᠣᠯᠭ᠎ᠠ ᠪᠠ ᠬᠢᠨᠡᠯᠳᠡ ᠳᠡᠯᠪᠢᠯᠳᠡ ᠶᠢ ᠴᠢᠩᠭᠠᠳᠬᠠᠵᠦ᠂ ᠨᠢᠰᠭᠡᠯ ᠤᠨ ᠪᠠᠭᠤᠳᠡᠯ ᠤᠨ ᠪᠦᠳᠦᠭᠡᠨ ᠪᠠᠶᠢᠭᠤᠯᠥᠯᠳᠡ ᠪᠠ ᠬᠦᠭᠵᠢᠯᠳᠡ ᠶᠢ ᠣᠯᠥᠰ ᠠᠷᠡᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠳᠥᠯᠥᠪᠵᠢᠬᠦᠯᠬᠡ ᠳᠤ ᠣᠷᠣᠭᠤᠯᠬᠤ ᠶᠢᠨ ᠬᠠᠮᠳᠣ᠂ ᠨᠢᠭᠡᠨᠳᠡ ᠪᠠᠶᠢᠭᠤᠯᠥᠠᠠᠰᠠᠨ ᠠᠷᠡᠳ ᠤᠨ ᠭᠡᠷᠡᠭᠯᠡᠬᠡᠨ ᠤ ᠠᠭᠠᠷ ᠤᠨ ᠠᠶᠠᠯᠠᠯ ᠢ ᠬᠥᠭᠵᠢᠭᠦᠯᠬᠦ ᠲᠣᠰᠬᠠᠢ ᠪᠡᠯᠡ ᠮᠦᠡᠭᠬᠦ ᠶᠢ ᠪᠠᠳᠣᠯᠠᠬᠤ ᠭᠡᠷᠡᠭᠳᠡᠢ᠃      ᠨᠢᠰᠭᠡᠯ ᠤᠨ ᠪᠠᠭᠤᠳᠡᠯ ᠤᠨ ᠪᠠᠶᠢᠭ᠎ᠠ ᠭᠠᠵᠡᠷ ᠤᠨ ᠬᠤᠰᠢᠭᠤ ᠰᠢᠶᠡᠨ ᠤ ᠱᠠᠳᠣᠨ ᠠᠴᠠ ᠲᠡᠭᠡᠭᠰᠢᠬᠢ ᠠᠷᠡᠳ ᠤᠨ ᠵᠠᠰᠠᠭ ᠤᠨ ᠣᠷᠳᠣᠨ ᠨᠢ ᠬᠠᠦᠯᠢ ᠶᠣᠰᠣᠭᠠᠷ ᠨᠢᠰᠭᠡᠯ ᠤᠨ ᠪᠠᠭᠤᠳᠡᠯ ᠳᠤ ᠬᠢᠨᠡᠯᠳᠡ ᠬᠠᠮᠢᠶᠡᠷᠦᠯᠳᠡ ᠬᠢᠵᠦ᠂ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠳᠡᠯ᠎ᠠ ᠶᠢᠨ ᠴᠢᠬᠤᠯᠡ ᠶᠡᠭᠡ ᠠᠰᠠᠭᠤᠳᠡᠯ ᠢ ᠵᠤᠬᠢᠶᠡᠨ ᠪᠠᠶᠢᠭᠤᠯᠥᠨ ᠵᠤᠬᠢᠴᠠᠭᠤᠯᠬᠤ ᠪᠠ ᠰᠢᠢᠳᠪᠦᠷᠢᠯᠡᠨ᠎ᠠ᠃      ᠲᠠᠪᠤᠳᠣᠭᠠᠷ ᠵᠦᠢᠯ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠨᠢᠰᠭᠡᠯ ᠤᠨ ᠪᠠᠭᠤᠳᠡᠯ ᠤᠨ ᠠᠮᠥᠷ ᠳᠥᠪᠰᠢᠨ ᠪᠤᠯᠥᠨ ᠡᠵᠡᠩᠨᠡᠯᠳᠡ ᠬᠠᠮᠢᠶᠡᠷᠦᠯᠳᠡ᠂ ᠨᠢᠰᠭᠡᠯ ᠤᠨ ᠪᠠᠭᠤᠳᠡᠯ ᠤᠨ ᠭᠠᠵᠡᠷ ᠣᠷᠣᠨ ᠤ ᠣᠯᠡᠨ ᠨᠡᠶᠢᠲᠡ ᠶᠢᠨ ᠡᠮᠬᠢ ᠳᠢᠭᠯᠢᠮ ᠤᠨ ᠬᠠᠮᠢᠶᠡᠷᠦᠯᠳᠡ ᠶᠢ ᠬᠠᠷᠢᠭᠤᠴᠠᠨ᠎ᠠ᠃      ᠬᠦᠭᠵᠢᠬᠦᠯᠥᠯᠳᠡ ᠦᠭᠡᠷᠡᠴᠢᠯᠡᠯᠳᠡ᠂ ᠡᠳ᠋ ᠤᠨ ᠵᠠᠰᠠᠭ᠂ ᠬᠤᠳᠡ ᠬᠦᠳᠡᠭᠡ ᠶᠢᠨ ᠳᠥᠯᠥᠪᠵᠢᠬᠦᠯᠬᠡ᠂ ᠵᠠᠮ ᠬᠠᠷᠢᠯᠴᠠᠭ᠎ᠠ ᠳᠡᠭᠡᠭᠡᠪᠦᠷᠢ᠂ ᠠᠶᠣᠯ ᠦᠭᠡᠢ ᠦᠢᠯᠡᠳᠪᠦᠷᠢᠯᠡᠯ᠂ ᠲᠣᠳᠣᠭᠠᠳᠣ ᠶᠢ ᠬᠠᠮᠠᠭᠠᠯᠠᠬᠤ᠂ ᠷᠡᠳᠢᠤ᠋ ᠶᠢᠨ ᠬᠠᠮᠢᠶᠡᠷᠦᠯᠳᠡ᠂ ᠪᠤᠭᠤᠮᠳᠡ ᠶᠢᠨ ᠬᠠᠮᠢᠶᠡᠷᠦᠯᠳᠡ ᠵᠡᠷᠭᠡ ᠬᠤᠯᠪᠤᠠᠠᠳᠡᠯ ᠪᠦᠬᠦᠢ ᠰᠠᠯᠠᠭ᠎ᠠ ᠮᠦᠴᠢᠷ ᠨᠢ ᠲᠣᠰ ᠲᠣᠰ ᠤᠨ ᠡᠬᠦᠷᠭᠡ ᠬᠠᠷᠢᠭᠤᠴᠠᠯᠭ᠎ᠠ ᠶᠣᠰᠣᠭᠠᠷ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠠᠵᠢᠯ ᠢ ᠰᠠᠶᠢᠳᠣᠷ ᠬᠢᠨ᠎ᠠ᠃      ᠵᠢᠷᠭᠤᠳᠣᠭᠠᠷ ᠵᠦᠢᠯ  ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠨᠢ ᠠᠮᠥᠷ ᠳᠥᠪᠰᠢᠨ ᠪᠠᠶᠢᠬᠤ ᠶᠢ ᠳᠡᠷᠢᠬᠦᠨ ᠳᠤ ᠳᠡᠯᠪᠢᠬᠤ᠂ ᠴᠢᠨᠡᠷ ᠰᠠᠶᠢᠳᠡᠢ ᠦᠢᠯᠡᠴᠢᠯᠡᠬᠦ᠂ ᠨᠢᠭᠡᠳᠦᠯᠳᠡᠢ ᠪᠦᠭᠡᠳ ᠦᠨᠳᠣᠷ ᠦᠷ᠎ᠠ ᠠᠰᠢᠭ ᠲᠠᠢ ᠪᠠᠶᠢᠬᠤ ᠵᠠᠷᠴᠢᠮ ᠢ ᠵᠢᠷᠣᠮᠯᠠᠬᠤ ᠭᠡᠷᠡᠭᠳᠡᠢ᠃      ᠬᠤᠶᠡᠳᠣᠭᠠᠷ ᠪᠦᠯᠥᠭ    ᠳᠥᠯᠥᠪᠵᠢᠬᠦᠯᠬᠡ ᠪᠠ ᠪᠦᠳᠦᠭᠡᠨ ᠪᠠᠶᠢᠭᠤᠯᠥᠯᠳᠡ      ᠲᠣᠯᠥᠳᠣᠭᠠᠷ ᠵᠦᠢᠯ ᠨᠢᠰᠭᠡᠯ ᠤᠨ ᠪᠠᠭᠤᠳᠡᠯ ᠤᠨ ᠪᠠᠶᠢᠭ᠎ᠠ ᠭᠠᠵᠡᠷ ᠤᠨ ᠬᠤᠰᠢᠭᠤ ᠰᠢᠶᠡᠨ ᠤ ᠱᠠᠳᠣᠨ ᠠᠴᠠ ᠲᠡᠭᠡᠭᠰᠢᠬᠢ ᠠᠷᠡᠳ ᠤᠨ ᠵᠠᠰᠠᠭ ᠤᠨ ᠣᠷᠳᠣᠨ ᠨᠢ ᠨᠢᠰᠭᠡᠯ ᠤᠨ ᠪᠠᠭᠤᠳᠡᠯ ᠤᠨ ᠨᠢᠰᠬᠡᠯ ᠪᠠᠭᠤᠬᠤ ᠲᠠᠯᠠᠪᠠᠢ ᠶᠢ ᠭᠠᠵᠡᠷ ᠰᠢᠷᠦᠢ ᠭᠡᠷᠡᠭᠯᠡᠬᠦ ᠶᠡᠷᠦᠩᠭᠡᠢ ᠳᠥᠯᠥᠪᠵᠢᠬᠦᠯᠬᠡ ᠪᠠ ᠬᠤᠳᠡ ᠬᠦᠳᠡᠭᠡ ᠶᠢᠨ ᠳᠥᠯᠥᠪᠵᠢᠬᠦᠯᠬᠡ ᠳᠡᠭᠡᠨ ᠣᠷᠣᠭᠤᠯᠥᠨ ᠨᠢᠭᠡᠳᠦᠯᠳᠡᠢ ᠳᠥᠯᠥᠪᠯᠡᠨ ᠲᠣᠬᠢᠷᠡᠭᠤᠯᠬᠤ ᠶᠢᠨ ᠬᠠᠮᠳᠣ᠂ ᠨᠢᠰᠭᠡᠯ ᠤᠨ ᠪᠠᠭᠤᠳᠡᠯ ᠤᠨ ᠨᠢᠰᠬᠡᠯ ᠪᠠᠭᠤᠬᠤ ᠲᠠᠯᠠᠪᠠᠢ ᠶᠢ ᠬᠠᠮᠠᠭᠠᠯᠠᠨ᠎ᠠ᠃      ᠨᠠᠢᠮᠠᠳᠣᠭᠠᠷ ᠵᠦᠢᠯ  ᠨᠢᠰᠭᠡᠯ ᠤᠨ ᠪᠠᠭᠤᠳᠡᠯ ᠤᠨ ᠶᠡᠷᠦᠩᠬᠡᠢ ᠳᠥᠯᠥᠪᠵᠢᠬᠦᠯᠬᠡ ᠶᠢ ᠨᠢᠰᠭᠡᠯ ᠤᠨ ᠪᠠᠭᠤᠳᠡᠯ ᠤᠨ ᠪᠦᠳᠦᠭᠡᠨ ᠪᠠᠶᠢᠭᠤᠯᠥᠯᠳᠡ ᠶᠢᠨ ᠳᠥᠷᠦᠯ ᠵᠦᠢᠯ ᠤᠨ ᠬᠠᠦᠯᠢ ᠶᠢᠨ ᠡᠷᠭᠡᠳᠡᠨ ᠪᠤᠶᠤ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠠᠴᠠ ᠣᠯᠥᠰ ᠤᠨ ᠬᠤᠯᠪᠤᠠᠠᠳᠡᠯ ᠪᠦᠬᠦᠢ ᠮᠡᠷᠭᠡᠵᠢᠯ ᠤᠨ ᠵᠢᠷᠤᠮᠵᠢᠯ ᠢ ᠦᠨᠳᠣᠰᠣᠯᠡᠨ ᠵᠤᠬᠢᠶᠡᠨ ᠪᠠᠶᠢᠭᠤᠯᠥᠨ ᠨᠡᠶᠢᠷᠡᠭᠤᠯᠥᠨ ᠵᠤᠬᠢᠶᠡᠨ᠎ᠠ᠃      ᠨᠢᠰᠭᠡᠯ ᠤᠨ ᠪᠠᠭᠤᠳᠡᠯ ᠤᠨ ᠶᠡᠷᠦᠩᠬᠡᠢ ᠳᠥᠯᠥᠪᠵᠢᠬᠦᠯᠬᠡ ᠶᠢ ᠨᠡᠶᠢᠷᠡᠭᠤᠯᠥᠨ ᠵᠣᠬᠢᠶᠡᠬᠤ ᠳᠠᠭᠠᠨ ᠨᠢᠰᠭᠡᠯ ᠤᠨ ᠪᠠᠭᠤᠳᠡᠯ ᠤᠨ ᠪᠠᠶᠢᠭ᠎ᠠ ᠭᠠᠵᠡᠷ ᠤᠨ ᠬᠤᠰᠢᠭᠤ ᠰᠢᠶᠡᠨ ᠤ ᠱᠠᠳᠣᠨ ᠠᠴᠠ ᠲᠡᠭᠡᠭᠰᠢᠬᠢ ᠠᠷᠡᠳ ᠤᠨ ᠵᠠᠰᠠᠭ ᠤᠨ ᠣᠷᠳᠣᠨ᠂ ᠨᠢᠰᠭᠡᠯ ᠤᠨ ᠪᠠᠭᠤᠳᠡᠯ ᠳᠤ ᠰᠠᠭᠤᠭ᠎ᠠ ᠨᠢᠭᠡᠴᠡ ᠪᠠ ᠬᠤᠯᠪᠤᠠᠠᠳᠡᠯ ᠪᠦᠬᠦᠢ ᠴᠡᠷᠢᠭ ᠤᠨ ᠶᠠᠪᠤᠳᠡᠯ ᠤᠨ ᠪᠠᠶᠢᠭᠤᠯᠥᠮᠵᠢ ᠠᠴᠠ ᠰᠠᠨᠠᠯ ᠬᠤᠷᠢᠶᠡᠬᠤ ᠭᠡᠷᠡᠭᠳᠡᠢ᠃      ᠨᠢᠰᠭᠡᠯ ᠤᠨ ᠪᠠᠭᠤᠳᠡᠯ ᠤᠨ ᠶᠡᠷᠦᠩᠬᠡᠢ ᠳᠥᠯᠥᠪᠵᠢᠬᠦᠯᠬᠡ ᠶᠢ ᠣᠯᠥᠰ ᠤᠨ ᠲᠣᠠᠠᠳᠠᠭᠠᠠᠠᠰᠠᠨ ᠳᠡᠰ ᠲᠠᠷᠡᠭᠠᠯᠠᠯ ᠢᠶᠠᠷ ᠵᠦᠪᠰᠢᠶᠡᠷᠡᠬᠦᠯᠥᠭᠰᠡᠨ ᠤ ᠳᠡᠷᠠᠭ᠎ᠠ ᠭᠡᠷᠡᠭᠵᠢᠬᠦᠯᠥᠨ᠎ᠡ᠃     ᠶᠢᠰᠦᠳᠣᠭᠡᠷ ᠵᠦᠢᠯ  ᠨᠢᠰᠭᠡᠯ ᠤᠨ ᠪᠠᠭᠤᠳᠡᠯ ᠤᠨ ᠪᠠᠶᠢᠭ᠎ᠠ ᠭᠠᠵᠡᠷ ᠤᠨ ᠬᠤᠰᠢᠭᠤ ᠰᠢᠶᠡᠨ ᠤ ᠱᠠᠳᠣᠨ ᠠᠴᠠ ᠲᠡᠭᠡᠭᠰᠢᠬᠢ ᠠᠷᠡᠳ ᠤᠨ ᠵᠠᠰᠠᠭ ᠤᠨ ᠣᠷᠳᠣᠨ ᠨᠢ ᠨᠢᠰᠭᠡᠯ ᠤᠨ ᠪᠠᠭᠤᠳᠡᠯ ᠤᠨ ᠶᠡᠷᠦᠩᠬᠡᠢ ᠳᠥᠯᠥᠪᠵᠢᠬᠦᠯᠬᠡ ᠶᠢ ᠬᠤᠳᠡ ᠬᠦᠳᠡᠭᠡ ᠶᠢᠨ ᠳᠥᠯᠥᠪᠵᠢᠬᠦᠯᠬᠡ ᠳᠡᠭᠡᠨ ᠣᠷᠣᠭᠤᠯᠬᠤ ᠶᠢᠨ ᠬᠠᠮᠳᠣ᠂ ᠨᠢᠰᠭᠡᠯ ᠤᠨ ᠪᠠᠭᠤᠳᠡᠯ ᠤᠨ ᠠᠮᠥᠷ ᠳᠥᠪᠰᠢᠨ ᠡᠵᠡᠩᠨᠡᠯᠳᠡ ᠪᠠ ᠬᠦᠭᠵᠢᠯᠳᠡ ᠶᠢᠨ ᠭᠡᠷᠡᠭᠴᠡᠭᠡ ᠶᠢ ᠦᠨᠳᠣᠰᠣᠯᠡᠨ᠂ ᠨᠢᠰᠭᠡᠯ ᠤᠨ ᠪᠠᠭᠤᠳᠡᠯ ᠤᠨ ᠡᠷᠭᠢᠨ ᠲᠣᠭᠤᠷᠢᠨ ᠳᠠᠬᠢ ᠭᠠᠵᠡᠷ ᠣᠷᠣᠨ ᠤ ᠭᠠᠵᠡᠷ ᠰᠢᠷᠦᠢ ᠶᠢᠨ ᠠᠰᠢᠠᠠᠯᠠᠯᠳᠠ ᠪᠠ ᠪᠦᠳᠦᠭᠡᠨ ᠪᠠᠶᠢᠭᠤᠯᠥᠯᠳᠡ ᠳᠤ ᠳᠥᠯᠥᠪᠵᠢᠬᠦᠯᠥᠨ ᠡᠵᠡᠮᠳᠡᠬᠦ ᠶᠢ ᠭᠡᠷᠡᠭᠵᠢᠬᠦᠯᠥᠨ᠎ᠡ᠃      ᠠᠷᠪᠡᠳᠣᠭᠠᠷ ᠵᠦᠢᠯ  ᠨᠢᠰᠭᠡᠯ ᠤᠨ ᠪᠠᠭᠤᠳᠡᠯ ᠤᠨ ᠲᠣᠳᠣᠷᠡᠬᠢ ᠪᠦᠳᠦᠭᠡᠨ ᠪᠠᠶᠢᠭᠤᠯᠥᠯᠳᠡ ᠶᠢᠨ ᠳᠥᠷᠦᠯ ᠵᠦᠢᠯ ᠨᠢ ᠨᠢᠰᠭᠡᠯ ᠤᠨ ᠪᠠᠭᠤᠳᠡᠯ ᠤᠨ ᠶᠡᠷᠦᠩᠬᠡᠢ ᠳᠥᠯᠥᠪᠵᠢᠬᠦᠯᠬᠡ ᠳᠤ ᠨᠡᠶᠢᠴᠡᠭᠰᠡᠨ ᠪᠠᠶᠢᠬᠤ ᠭᠡᠷᠡᠭᠳᠡᠢ᠃ ᠶᠡᠮᠡᠷᠪᠡ ᠨᠢᠭᠡᠴᠠ ᠪᠠ ᠬᠤᠪᠢ ᠬᠦᠮᠦᠨ ᠨᠢᠰᠭᠡᠯ ᠤᠨ ᠪᠠᠭᠤᠳᠡᠯ ᠤᠨ ᠲᠣᠳᠣᠷ᠎ᠠ ᠲᠣᠷ᠎ᠠ ᠪᠠᠷ ᠢᠶᠠᠨ ᠰᠢᠨ᠎ᠡ ᠪᠠᠷ ᠪᠠᠷᠢᠯᠭ᠎ᠠ ᠪᠦᠳᠦᠭᠡᠨ ᠪᠠᠶᠢᠭᠤᠯᠵᠦ᠂ ᠦᠭᠡᠷᠡᠴᠢᠯᠡᠨ ᠪᠠᠶᠢᠭᠤᠯᠵᠦ᠂ ᠦᠷᠭᠡᠳᠭᠡᠨ ᠪᠠᠶᠢᠭᠤᠯᠵᠦ ᠪᠤᠯᠬᠤ ᠦᠭᠡᠢ᠃      ᠨᠢᠰᠭᠡᠯ ᠤᠨ ᠪᠠᠭᠤᠳᠡᠯ ᠤᠨ ᠭᠠᠵᠡᠷ ᠣᠷᠣᠨ ᠠᠴᠠ ᠭᠠᠳᠠᠭᠤᠷ ᠨᠢᠰᠭᠡᠯ ᠤᠨ ᠪᠠᠭᠤᠳᠡᠯ ᠤᠨ ᠶᠡᠷᠦᠩᠬᠡᠢ ᠳᠥᠯᠥᠪᠵᠢᠬᠦᠯᠬᠡ ᠶᠢᠨ ᠭᠡᠪᠴᠢᠶᠡᠨ ᠲᠣᠳᠣᠷ᠎ᠠ ᠪᠡᠷᠢᠯᠭ᠎ᠠ ᠶᠢᠨ ᠳᠥᠷᠦᠯ ᠵᠦᠢᠯ ᠤᠨ ᠪᠦᠳᠦᠭᠡᠨ ᠪᠠᠶᠢᠭᠤᠯᠥᠯᠳᠡ ᠬᠢᠭᠰᠡᠨ ᠪᠠᠶᠢᠪᠡᠯ᠂ ᠨᠢᠰᠭᠡᠯ ᠤᠨ ᠪᠠᠭᠤᠳᠡᠯ ᠤᠨ ᠪᠠᠶᠢᠭ᠎ᠠ ᠭᠠᠵᠡᠷ ᠤᠨ ᠬᠤᠰᠢᠭᠤ ᠰᠢᠶᠡᠨ ᠤ ᠱᠠᠳᠣᠨ ᠠᠴᠠ ᠲᠡᠭᠡᠭᠰᠢᠬᠢ ᠠᠷᠡᠳ ᠤᠨ ᠵᠠᠰᠠᠭ ᠤᠨ ᠣᠷᠳᠣᠨ ᠤ ᠬᠤᠳᠡ ᠬᠦᠳᠡᠭᠡ ᠶᠢᠨ ᠳᠥᠯᠥᠪᠵᠢᠬᠦᠯᠬᠡ ᠶᠢᠨ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ ᠨᠢ ᠳᠥᠯᠥᠪᠵᠢᠬᠦᠯᠬᠡ ᠶᠢ ᠵᠦᠪᠰᠢᠶᠡᠷᠡᠬᠦ ᠠᠴᠠ ᠡᠮᠣᠨ᠎ᠠ᠂ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠶᠢᠨ ᠰᠠᠨᠠᠯ ᠢ ᠪᠢᠴᠢᠭ ᠢᠶᠠᠷ ᠬᠤᠷᠢᠶᠡᠬᠤ ᠭᠡᠷᠡᠭᠳᠡᠢ᠃      ᠠᠷᠪᠡᠨ ᠨᠢᠭᠡᠳᠣᠭᠡᠷ ᠵᠦᠢᠯ ᠨᠢᠰᠭᠡᠯ ᠤᠨ ᠪᠠᠭᠤᠳᠡᠯ ᠤᠨ ᠭᠠᠵᠡᠷ ᠣᠷᠣᠨ ᠤ ᠰᠠᠭᠤᠷᠢ ᠪᠡᠯᠡᠳᠭᠡᠮᠵᠢ ᠶᠢ ᠨᠢᠰᠭᠡᠯ ᠤᠨ ᠪᠠᠭᠤᠳᠡᠯ ᠤᠨ ᠪᠦᠳᠦᠭᠡᠨ ᠪᠠᠶᠢᠭᠤᠯᠥᠯᠳᠡ ᠶᠢᠨ ᠳᠥᠷᠦᠯ ᠵᠦᠢᠯ ᠤᠨ ᠬᠠᠦᠯᠢ ᠶᠢᠨ ᠡᠷᠭᠡᠳᠡᠨ ᠪᠤᠶᠤ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠠᠴᠠ ᠬᠠᠮᠢᠶᠡᠷᠦᠨ ᠪᠦᠳᠦᠭᠡᠨ ᠪᠠᠶᠢᠭᠤᠯᠥᠨ᠎ᠠ︔ ᠨᠢᠰᠭᠡᠯ ᠤᠨ ᠪᠠᠭᠤᠳᠡᠯ ᠤᠨ ᠡᠷᠭᠢᠨ ᠲᠣᠭᠤᠷᠢᠨ ᠤ ᠭᠠᠵᠡᠷ ᠣᠷᠣᠨ ᠤ ᠰᠠᠭᠤᠷᠢ ᠪᠡᠯᠡᠳᠭᠡᠮᠵᠢ ᠶᠢ ᠨᠢᠰᠭᠡᠯ ᠤᠨ ᠪᠠᠭᠤᠳᠡᠯ ᠤᠨ ᠪᠠᠶᠢᠭ᠎ᠠ ᠬᠤᠰᠢᠭᠤ ᠰᠢᠶᠡᠨ ᠤ ᠱᠠᠳᠣᠨ ᠠᠴᠠ ᠲᠡᠭᠡᠭᠰᠢᠬᠢ ᠠᠷᠡᠳ ᠤᠨ ᠵᠠᠰᠠᠭ ᠤᠨ ᠣᠷᠳᠣᠨ ᠠᠴᠠ ᠨᠢᠭᠡᠳᠦᠯᠳᠡᠢ ᠳᠥᠯᠥᠪᠵᠢᠬᠦᠯᠵᠦ᠂ ᠨᠢᠭᠡᠳᠦᠯᠳᠡᠢ ᠳᠥᠯᠥᠪᠯᠡᠨ ᠪᠦᠳᠦᠭᠡᠨ ᠪᠠᠶᠢᠭᠤᠯᠥᠨ᠎ᠠ᠃      ᠠᠷᠪᠡᠨ ᠬᠤᠶᠠᠳᠣᠭᠠᠷ ᠵᠦᠢᠯ  ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠨᠢᠰᠭᠡᠯ ᠤᠨ ᠪᠠᠭᠤᠳᠡᠯ ᠤᠨ ᠶᠡᠷᠦᠩᠬᠡᠢ ᠳᠥᠯᠥᠪᠵᠢᠬᠦᠯᠬᠡ ᠶᠢ ᠦᠨᠳᠣᠰᠣᠯᠡᠨ᠂ ᠴᠢᠮᠡᠭᠡ ᠬᠤᠯᠪᠤᠭ᠎ᠠ ᠶᠢᠨ ᠲᠣᠣᠷ ᠰᠦᠯᠵᠢᠶ᠎ᠠ ᠶᠢᠨ ᠨᠡᠷᠢᠨ ᠳᠥᠯᠥᠪᠵᠢᠬᠦᠯᠬᠡ ᠶᠢ ᠲᠣᠠᠠᠳᠠᠭᠠᠵᠦ᠂ ᠨᠢᠰᠭᠡᠯ ᠤᠨ ᠪᠠᠭᠤᠳᠡᠯ ᠤᠨ ᠴᠢᠮᠡᠭᠡ ᠬᠤᠯᠪᠤᠭ᠎ᠠ ᠶᠢᠨ ᠪᠡᠯᠡᠳᠭᠡᠮᠵᠢ ᠶᠢᠨ ᠨᠢᠰᠭᠡᠯ ᠤᠨ ᠪᠠᠭᠤᠳᠡᠯ ᠳᠠᠬᠢ ᠣᠷᠣᠨ ᠪᠠᠶᠢᠷᠢ ᠶᠢ ᠲᠣᠳᠣᠷᠬᠠᠶᠢᠯᠠᠬᠤ ᠶᠢᠨ ᠬᠠᠮᠳᠣ᠂ ᠬᠤᠯᠪᠤᠠᠠᠳᠡᠯ ᠪᠦᠬᠦᠢ ᠲᠣᠠᠠᠳᠠᠭᠠᠯ ᠶᠣᠰᠣᠭᠠᠷ ᠨᠡᠶᠢᠲᠡ ᠶᠢᠨ ᠭᠡᠷᠡᠭᠯᠡᠬᠡᠨ ᠤ ᠴᠢᠮᠡᠭᠡ ᠬᠤᠯᠪᠤᠭ᠎ᠠ ᠶᠢᠨ ᠲᠣᠣᠷ ᠰᠦᠯᠵᠢᠶ᠎ᠠ ᠶᠢᠨ ᠮᠡᠰᠢᠨ ᠤ ᠭᠡᠷ᠂ ᠬᠤᠭᠤᠯᠠᠢ ᠭᠤᠤᠷᠰᠤ᠂ ᠣᠳᠠᠰᠣ ᠳᠡᠳᠡᠬᠤ ᠡᠯᠬᠦᠬᠦᠷ ᠵᠡᠷᠭᠡ ᠴᠢᠮᠡᠭᠡ ᠬᠤᠯᠪᠤᠭ᠎ᠠ ᠶᠢᠨ ᠢᠵᠢ ᠪᠦᠷᠢᠳᠦᠬᠦᠯᠬᠦ ᠪᠡᠯᠡᠳᠭᠡᠮᠵᠢ ᠬᠠᠩᠭᠠᠵᠦ᠂ ᠴᠢᠮᠡᠭᠡ ᠬᠤᠯᠪᠤᠭ᠎ᠠ ᠶᠢᠨ ᠡᠵᠡᠩᠨᠡᠯᠳᠡ ᠶᠢᠨ ᠬᠤᠳᠠᠯᠳᠣᠭᠠᠴᠢᠨ ᠳᠤ ᠦᠨ᠎ᠠ ᠳᠥᠯᠥᠪᠦᠷᠢ ᠲᠠᠢ ᠪᠠᠷ ᠭᠡᠷᠡᠭᠯᠡᠬᠦᠯᠦᠨ᠎ᠠ᠃      ᠴᠢᠮᠡᠭᠡ ᠬᠤᠯᠪᠤᠭ᠎ᠠ ᠶᠢᠨ ᠡᠵᠡᠩᠨᠡᠯᠳᠡ ᠶᠢᠨ ᠬᠤᠳᠠᠯᠳᠣᠭᠠᠴᠢᠨ ᠨᠢᠰᠭᠡᠯ ᠤᠨ ᠪᠠᠭᠤᠳᠡᠯ ᠤᠨ ᠲᠣᠳᠣᠷ᠎ᠠ ᠬᠤᠭᠤᠯᠡᠢ ᠣᠳᠠᠰᠣ ᠳᠡᠪᠢᠰᠬᠦ᠂ ᠳᠥᠬᠦᠭᠡᠷᠦᠮᠵᠢ ᠣᠠᠠᠰᠠᠷᠡᠬᠤ ᠳᠤ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠪᠠᠷ ᠵᠥᠪᠰᠢᠶᠡᠷᠡᠭᠦᠯᠬᠦ ᠶᠢᠨ ᠬᠠᠮᠳᠣ᠂ ᠨᠢᠰᠭᠡᠯ ᠤᠨ ᠪᠠᠭᠤᠳᠡᠯ ᠤᠨ ᠴᠢᠮᠡᠭᠡ ᠬᠤᠯᠪᠤᠭ᠎ᠠ ᠶᠢᠨ ᠲᠣᠣᠷ ᠰᠦᠯᠵᠢᠶ᠎ᠠ ᠶᠢᠨ ᠨᠡᠷᠢᠨ ᠳᠥᠯᠥᠪᠵᠢᠬᠦᠯᠬᠡ ᠳᠤ ᠨᠡᠶᠢᠴᠡᠭᠰᠡᠨ ᠪᠠᠶᠢᠬᠤ ᠭᠡᠷᠡᠭᠳᠡᠢ᠃      ᠭᠤᠷᠪᠠᠳᠣᠭᠠᠷ ᠪᠦᠯᠥᠭ    ᠠᠮᠥᠷ ᠳᠥᠪᠰᠢᠨ ᠪᠠ ᠡᠵᠡᠩᠨᠡᠯᠳᠡ      ᠠᠷᠪᠡᠨ ᠭᠤᠷᠪᠠᠳᠣᠭᠠᠷ ᠵᠦᠢᠯ  ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠨᠢᠰᠭᠡᠯ ᠤᠨ ᠪᠠᠭᠤᠳᠡᠯ ᠤᠨ ᠠᠮᠥᠷ ᠳᠥᠪᠰᠢᠨ ᠪᠠ ᠡᠵᠡᠩᠨᠡᠯᠳᠡ ᠳᠤ ᠨᠢᠬᠡᠳᠦᠯᠳᠡᠢ ᠵᠣᠬᠢᠴᠠᠩᠭᠤᠢ ᠬᠠᠮᠢᠶᠡᠷᠦᠯᠳᠡ ᠶᠢ ᠭᠡᠷᠡᠭᠵᠢᠬᠦᠯᠵᠦ᠂ ᠨᠢᠰᠭᠡᠯ ᠤᠨ ᠪᠠᠭᠤᠳᠡᠯ ᠤᠨ ᠠᠮᠥᠷ ᠳᠥᠪᠰᠢᠨ ᠪᠠ ᠡᠵᠡᠩᠨᠡᠯᠳᠡ ᠶᠢᠨ ᠬᠠᠷᠢᠭᠤᠴᠠᠯᠭ᠎ᠠ ᠶᠢᠨ ᠳᠥᠷᠢᠮ ᠢ ᠪᠠᠶᠢᠭᠤᠯᠥᠨ ᠪᠦᠷᠢᠨᠰᠢᠬᠦᠯᠬᠦ ᠶᠢ ᠬᠠᠷᠢᠭᠤᠴᠠᠨ᠂ ᠨᠢᠰᠭᠡᠯ ᠤᠨ ᠪᠠᠭᠤᠳᠡᠯ ᠤᠨ ᠠᠮᠥᠷ ᠳᠥᠪᠰᠢᠨ ᠪᠠ ᠡᠵᠡᠩᠨᠡᠯᠳᠡ ᠶᠢᠨ ᠳᠥᠷᠢᠮ ᠲᠤᠠᠠᠳᠠᠭᠠᠯ ᠢ ᠵᠤᠬᠢᠶᠡᠨ ᠪᠠᠶᠢᠭᠤᠯᠥᠨ ᠲᠣᠠᠠᠳᠠᠭᠠᠵᠦ᠂ ᠨᠢᠰᠭᠡᠯ ᠤᠨ ᠪᠠᠭᠤᠳᠡᠯ ᠤᠨ ᠠᠮᠥᠷ ᠳᠥᠪᠰᠢᠨ ᠤ ᠣᠷᠣᠭᠤᠯᠥᠯᠳᠡ ᠶᠢᠨ ᠪᠦᠳᠦᠮᠵᠢᠳᠡᠢ ᠭᠡᠷᠡᠭᠵᠢᠬᠦᠯᠬᠦ ᠶᠢ ᠪᠠᠳᠣᠯᠠᠨ᠂ ᠠᠮᠥᠷ ᠳᠥᠪᠰᠢᠨ ᠡᠵᠡᠩᠨᠡᠬᠦ ᠠᠵᠢᠯ ᠢ ᠰᠢᠮᠳᠡᠭᠤᠯᠥᠨ ᠪᠠᠶᠢᠴᠭᠠᠠᠵᠦ᠂ ᠠᠮᠥᠷ ᠳᠥᠪᠰᠢᠨ ᠤ ᠠᠳᠡᠯ ᠤᠨ ᠭᠡᠮ ᠰᠣᠭᠤᠭ ᠢ ᠴᠠᠭ ᠲᠣᠬᠠᠢ ᠳᠤᠨᠢ ᠠᠷᠢᠯᠭᠠᠵᠦ᠂ ᠦᠢᠯᠡᠳᠪᠦᠷᠢᠯᠡᠯ ᠤᠨ ᠠᠮᠥᠷ ᠳᠥᠪᠰᠢᠨ ᠤ ᠠᠳᠡᠯ ᠢ ᠬᠠᠦᠯᠢ ᠶᠣᠰᠣᠭᠠᠷ ᠮᠡᠳᠡᠬᠦᠯᠥᠨ᠎ᠠ᠃      ᠠᠭᠠᠷ ᠤᠨ ᠳᠡᠭᠡᠭᠡᠪᠦᠷᠢ ᠶᠢᠨ ᠠᠵᠦ ᠠᠬᠤᠶᠢᠯᠠᠯ ᠵᠢᠴᠢ ᠳᠡᠬᠦᠨ ᠤ ᠨᠢᠰᠭᠡᠯ ᠤᠨ ᠪᠠᠭᠤᠳᠡᠯ ᠳᠤ ᠰᠠᠭᠤᠭ᠎ᠠ ᠨᠢᠭᠡᠴᠡ ᠨᠢ ᠲᠣᠰ ᠲᠣᠰ ᠤᠨ ᠡᠬᠦᠷᠭᠡ ᠬᠠᠷᠢᠭᠤᠴᠠᠯᠭ᠎ᠠ ᠶᠣᠰᠣᠭᠠᠷ᠂ ᠨᠢᠰᠭᠡᠯ ᠤᠨ ᠪᠠᠭᠤᠳᠡᠯ ᠤᠨ ᠠᠮᠥᠷ ᠳᠥᠪᠰᠢᠨ ᠪᠠ ᠡᠵᠡᠩᠨᠡᠯᠳᠡ ᠶᠢ ᠬᠠᠮᠳᠣᠪᠡᠷ ᠪᠠᠳᠣᠯᠠᠬᠤ ᠶᠢᠨ ᠬᠠᠮᠳᠣ ᠵᠤᠬᠢᠬᠤ ᠬᠠᠷᠢᠭᠤᠴᠠᠯᠭ᠎ᠠ ᠶᠢ ᠡᠬᠦᠷᠭᠡᠯᠡᠬᠦ ᠭᠡᠷᠡᠭᠳᠡᠢ᠃ ᠨᠢᠰᠭᠡᠯ ᠤᠨ ᠪᠠᠭᠤᠳᠡᠯ ᠤᠨ ᠠᠮᠥᠷ ᠳᠥᠪᠰᠢᠨ ᠪᠠ ᠡᠵᠡᠩᠨᠡᠯᠳᠡ ᠶᠢ ᠨᠦᠯᠥᠭᠡᠯᠡᠭᠰᠡᠨ ᠪᠠᠶᠢᠳᠡᠯ ᠭᠠᠷᠪᠠᠯ᠂ ᠠᠭᠠᠷ ᠤᠨ ᠳᠡᠭᠡᠭᠡᠪᠦᠷᠢ ᠶᠢᠨ ᠠᠵᠦ ᠠᠬᠤᠶᠢᠯᠠᠯ ᠵᠢᠴᠢ ᠳᠡᠬᠦᠨ ᠤ ᠨᠢᠰᠭᠡᠯ ᠤᠨ ᠪᠠᠭᠤᠳᠡᠯ ᠳᠤ ᠰᠠᠭᠤᠭ᠎ᠠ ᠨᠢᠭᠡᠴᠡ ᠨᠢ ᠲᠡᠷᠡ ᠲᠣᠣᠷ᠎ᠠ ᠪᠠᠨ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠳᠤ ᠮᠡᠳᠡᠬᠦᠯᠬᠦ ᠭᠡᠷᠡᠭᠳᠡᠢ᠃      ᠠᠷᠪᠡᠨ ᠳᠥᠷᠪᠡᠳᠣᠭᠡᠷ ᠵᠦᠢᠯ ᠭᠠᠵᠡᠷ ᠣᠷᠣᠨ ᠤ ᠠᠷᠡᠳ ᠤᠨ ᠭᠡᠷᠡᠭᠯᠡᠬᠡᠨ ᠤ ᠠᠭᠠᠷ ᠤᠨ ᠠᠶᠠᠯᠠᠯ ᠤᠨ ᠬᠠᠮᠢᠶᠡᠷᠦᠯᠳᠡ ᠶᠢᠨ ᠪᠠᠶᠢᠭᠤᠯᠥᠮᠵᠢ᠂ ᠨᠢᠰᠭᠡᠯ ᠤᠨ ᠪᠠᠭᠤᠳᠡᠯ ᠤᠨ ᠪᠠᠶᠢᠭ᠎ᠠ ᠭᠠᠵᠡᠷ ᠤᠨ ᠬᠤᠯᠪᠤᠠᠠᠳᠡᠯ ᠪᠦᠬᠦᠢ ᠠᠷᠡᠳ ᠤᠨ ᠵᠠᠰᠠᠭ ᠤᠨ ᠣᠷᠳᠣᠨ ᠨᠢ ᠣᠯᠥᠰ ᠤᠨ ᠲᠣᠠᠠᠳᠠᠭᠠᠯ ᠶᠣᠰᠣᠭᠠᠷ ᠨᠢᠰᠭᠡᠯ ᠤᠨ ᠪᠠᠭᠤᠳᠡᠯ ᠤᠨ ᠬᠡᠨᠡᠳᠳᠡ ᠶᠢᠨ ᠭᠡᠷᠩ ᠤᠨ ᠪᠠᠴᠢᠮ ᠪᠠᠶᠢᠳᠡᠯ ᠢ ᠠᠷᠭᠠᠴᠠᠬᠤ ᠲᠦᠰᠦᠪᠯᠡᠯ ᠢ ᠲᠣᠠᠠᠳᠠᠭᠠᠬᠤ ᠶᠢᠨ ᠬᠠᠮᠳᠣ᠂ ᠣᠷᠣᠨ ᠨᠣᠳᠤᠭ ᠤᠨ ᠠᠷᠡᠳ ᠤᠨ ᠵᠠᠰᠠᠭ ᠤᠨ ᠣᠷᠳᠣᠨ ᠤ ᠬᠡᠨᠡᠳᠳᠡ ᠶᠢᠨ ᠭᠡᠷᠩ ᠤᠨ ᠪᠠᠴᠢᠮ ᠪᠠᠶᠢᠳᠡᠯ ᠢ ᠠᠷᠭᠠᠴᠠᠬᠤ ᠠᠪᠤᠷᠡᠨ ᠲᠣᠰᠠᠯᠠᠬᠤ ᠲᠦᠰᠦᠪᠯᠡᠯ ᠤᠨ ᠰᠢᠰᠲ᠋ᠧᠮᠵᠢ ᠳᠤ ᠣᠷᠣᠭᠤᠯᠵᠦ᠂ ᠬᠠᠮᠳᠣᠷᠡᠨ ᠬᠦᠳᠡᠯᠥᠯᠴᠡᠬᠦ ᠲᠣᠠᠠᠳᠡᠴᠠ ᠶᠢ ᠪᠦᠷᠢᠯᠳᠦᠬᠦᠯᠬᠦ ᠭᠡᠷᠡᠭᠳᠡᠢ᠃      ᠠᠷᠪᠡᠨ ᠲᠠᠪᠤᠳᠣᠭᠠᠷ ᠵᠦᠢᠯ  ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠲᠣᠳᠣᠭᠠᠳᠣ ᠶᠢ ᠬᠠᠮᠠᠭᠠᠯᠠᠬᠤ᠂ ᠠᠵᠦ ᠠᠬᠤᠢ ᠪᠠ ᠮᠡᠳᠡᠭᠡ ᠵᠠᠩᠬᠢᠵᠢᠯᠳᠡ᠂ ᠭᠠᠯ ᠣᠨᠳᠡᠷᠠᠭᠠᠬᠤ᠂ ᠠᠷᠡᠳ ᠤᠨ ᠶᠠᠪᠤᠳᠡᠯ᠂ ᠡᠷᠡᠬᠦᠯ ᠬᠠᠮᠠᠭᠠᠯᠠᠯ᠂ ᠵᠠᠮ ᠬᠠᠷᠢᠯᠴᠠᠭ᠎ᠠ᠂ ᠬᠤᠳᠡ ᠶᠢᠨ ᠶᠠᠪᠤᠳᠡᠯ ᠤᠨ ᠨᠡᠶᠢᠲᠡ ᠶᠢᠨ ᠭᠡᠷᠡᠭᠯᠡᠭᠡᠨ᠂ ᠴᠢᠮᠡᠭᠡ ᠬᠤᠯᠪᠤᠭ᠎ᠠ᠂ ᠴᠠᠬᠢᠯᠭᠠᠨ ᠬᠦᠴᠣᠨ᠂ ᠲᠤᠬᠠᠢ ᠶᠢᠨ ᠭᠠᠵᠡᠷ ᠲᠤ ᠰᠠᠭᠤᠭ᠎ᠠ ᠴᠡᠷᠢᠭ ᠠᠩᠬᠢ᠂ ᠨᠢᠰᠭᠡᠯ ᠤᠨ ᠪᠠᠭᠤᠳᠡᠯ ᠳᠤ ᠰᠠᠭᠤᠭ᠎ᠠ ᠨᠢᠭᠡᠴᠡ ᠵᠡᠷᠭᠡ ᠯᠦᠭᠡ ᠪᠠᠴᠢᠮ ᠪᠠᠶᠢᠳᠡᠯ ᠢ ᠠᠷᠭᠠᠴᠠᠬᠤ ᠠᠪᠤᠷᠡᠨ ᠲᠣᠰᠠᠯᠠᠬᠤ ᠬᠠᠷᠢᠯᠴᠠᠨ ᠬᠠᠪᠰᠣᠷᠣᠯᠴᠠᠬᠤ ᠭᠡᠯᠡᠯᠴᠡᠭᠡᠷ ᠲᠣᠠᠠᠳᠠᠵᠦ᠂ ᠪᠠᠴᠢᠮ ᠪᠠᠶᠢᠳᠡᠯ ᠢ ᠠᠷᠭᠠᠴᠠᠬᠤ ᠶᠢᠨ ᠬᠠᠮᠳᠣᠷᠡᠨ ᠬᠦᠳᠡᠯᠥᠯᠴᠡᠬᠦ ᠲᠣᠠᠠᠳᠡᠴᠠ ᠶᠢ ᠪᠠᠶᠢᠭᠤᠯᠥᠨ᠂ ᠪᠠᠴᠢᠮ ᠪᠠᠶᠢᠳᠡᠯ ᠢ ᠠᠷᠭᠠᠴᠠᠬᠤ ᠠᠪᠤᠷᠡᠨ ᠲᠣᠰᠠᠯᠠᠬᠤ ᠳᠥᠬᠦᠭᠡᠷᠦᠮᠵᠢ ᠪᠠ ᠪᠠᠭᠠᠵᠢ ᠭᠡᠷᠡᠭᠰᠡᠯ ᠤᠨ ᠡᠳᠣᠷ ᠲᠤᠳᠣᠮ ᠤᠨ ᠠᠷᠡᠴᠢᠯᠠᠨ ᠬᠠᠮᠠᠭᠠᠯᠠᠬᠤ ᠠᠵᠢᠯ ᠢ ᠬᠠᠮᠳᠣᠪᠡᠷ ᠰᠠᠶᠢᠳᠣᠷ ᠬᠢᠬᠦ ᠭᠡᠷᠡᠭᠳᠡᠢ᠃      ᠠᠷᠪᠡᠨ ᠵᠢᠷᠭᠤᠳᠣᠭᠠᠷ ᠵᠦᠢᠯ  ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠨᠢᠰᠭᠡᠯ ᠤᠨ ᠪᠠᠭᠤᠳᠡᠯ ᠤᠨ ᠭᠡᠨᠡᠳᠳᠡ ᠶᠢᠨ ᠭᠡᠷᠩ ᠤᠨ ᠪᠠᠴᠢᠮ ᠪᠠᠶᠢᠳᠡᠯ ᠢ ᠠᠷᠭᠠᠴᠠᠬᠤ ᠪᠡᠯᠡᠳᠭᠡᠯ ᠳᠥᠰᠥᠯ ᠢ ᠦᠨᠳᠣᠰᠣᠯᠡᠨ ᠨᠢᠰᠭᠡᠯ ᠤᠨ ᠪᠠᠭᠤᠳᠡᠯ ᠤᠨ ᠪᠠᠴᠢᠮ ᠪᠠᠶᠢᠳᠡᠯ ᠢ ᠠᠷᠭᠠᠴᠠᠬᠤ ᠠᠪᠤᠷᠡᠨ ᠲᠣᠰᠠᠯᠠᠬᠤ ᠰᠣᠷᠢᠯᠲᠠ ᠪᠠ ᠠᠵᠢᠯᠳᠡᠨ ᠤ ᠪᠤᠯᠪᠠᠰᠣᠷᠡᠭᠤᠯᠥᠯ ᠢ ᠵᠤᠬᠢᠶᠡᠨ ᠪᠠᠶᠢᠭᠤᠯᠬᠤ ᠭᠡᠷᠡᠭᠳᠡᠢ᠃      ᠠᠷᠪᠡᠨ ᠲᠣᠯᠥᠳᠣᠭᠠᠷ ᠵᠦᠢᠯ  ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ᠂ ᠠᠭᠠᠷ ᠤᠨ ᠳᠡᠭᠡᠭᠡᠪᠦᠷᠢ ᠶᠢᠨ ᠠᠵᠦ ᠠᠬᠤᠶᠢᠯᠠᠯ ᠵᠢᠴᠢ ᠨᠢᠰᠭᠡᠯ ᠤᠨ ᠪᠠᠭᠤᠳᠡᠯ ᠳᠤ ᠰᠠᠭᠤᠭ᠎ᠠ ᠪᠤᠰᠣᠳ ᠨᠢᠭᠡᠴᠡ ᠨᠢ ᠣᠯᠥᠰ ᠤᠨ ᠬᠠᠦᠯᠢ ᠴᠠᠭᠠᠵᠠ ᠪᠠ ᠬᠠᠮᠢᠶ᠎ᠠ ᠪᠦᠬᠦᠢ ᠲᠣᠠᠠᠳᠠᠭᠠᠯ᠂ ᠪᠡᠷᠢᠮᠵᠢᠶ᠎ᠠ ᠶᠣᠰᠣᠭᠠᠷ ᠭᠠᠯ ᠣᠨᠳᠡᠷᠡᠭᠠᠬᠤ ᠳᠡᠷᠬᠡ᠂ ᠭᠠᠯ ᠣᠨᠳᠡᠷᠡᠭᠠᠬᠤ ᠠᠵᠢᠯᠳᠡᠨ ᠪᠤᠯᠥᠨ ᠭᠠᠯ ᠣᠨᠳᠡᠷᠡᠭᠠᠬᠤ ᠭᠡᠷᠡᠭᠰᠡᠯ ᠵᠢᠴᠢ ᠪᠣᠰᠣᠳ ᠴᠢᠬᠤᠯᠡ ᠪᠦᠬᠦᠢ ᠪᠠᠴᠢᠮ ᠪᠠᠶᠢᠳᠡᠯ ᠢ ᠠᠷᠭᠠᠴᠠᠬᠤ ᠠᠪᠤᠷᠡᠨ ᠲᠣᠰᠠᠯᠠᠬᠤ ᠳᠦᠬᠦᠭᠡᠷᠦᠮᠵᠢ ᠪᠠ ᠭᠡᠷᠡᠭᠰᠡᠯ ᠢ ᠲᠣᠬᠢᠷᠡᠭᠤᠯᠬᠤ ᠶᠢᠨ ᠬᠠᠮᠳᠣ᠂ ᠡᠳᠣᠷ ᠲᠤᠳᠣᠮ ᠤᠨ ᠬᠠᠮᠢᠶᠡᠷᠦᠯᠳᠡ ᠶᠢ ᠴᠢᠩᠭᠠᠳᠬᠠᠬᠤ ᠬᠡᠷᠡᠭᠲᠡᠢ᠃      ᠠᠷᠪᠡᠨ ᠨᠠᠢᠮᠠᠳᠣᠭᠠᠷ ᠵᠦᠢᠯ  ᠨᠢᠰᠭᠡᠯ ᠤᠨ ᠪᠠᠭᠤᠳᠡᠯ ᠤᠨ ᠡᠵᠡᠮᠳᠡᠬᠦ ᠲᠤᠭᠤᠷᠢᠭ ᠲᠤ ᠣᠷᠣᠠᠠᠰᠠᠨ ᠠᠵᠢᠯᠳᠡᠡ᠂ ᠳᠡᠷᠬᠡ ᠬᠦᠰᠬᠡ ᠨᠢ᠂ ᠬᠦᠴᠣᠨ ᠪᠦᠬᠦᠢ ᠨᠢᠰᠭᠡᠯ ᠤᠨ ᠪᠠᠭᠤᠳᠡᠯ ᠤᠨ ᠡᠵᠡᠮᠳᠡᠬᠦ ᠲᠤᠭᠤᠷᠢᠭ ᠤᠨ ᠨᠡᠪᠳᠡᠷᠡᠬᠦ ᠦᠨᠡᠮᠯᠠᠯ ᠢᠶᠠᠨ ᠭᠠᠷᠭᠠᠵᠦ᠂ ᠠᠮᠥᠷ ᠳᠥᠪᠰᠢᠨ ᠤ ᠪᠠᠶᠢᠴᠠᠭᠠᠯᠳᠡ ᠬᠢᠬᠦ ᠶᠢ ᠬᠦᠯᠢᠶᠡᠨ᠂ ᠬᠢᠵᠠᠭᠠᠷᠯᠬᠠᠰᠠᠨ ᠣᠷᠣᠨ ᠪᠦᠰᠡ ᠶᠢᠨ ᠲᠣᠳᠣᠷ᠎ᠠ ᠠᠵᠢᠯᠯᠠᠭ᠎ᠠ ᠬᠢᠵᠦ᠂ ᠬᠠᠮᠢᠶᠡᠷᠦᠯᠳᠡ ᠶᠢ ᠳᠡᠭᠠᠬᠤ ᠭᠡᠷᠡᠭᠳᠡᠢ᠃      ᠠᠷᠪᠡ ᠶᠢᠰᠦᠳᠣᠭᠡᠷ ᠵᠦᠢᠯ  ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠠᠭᠠᠷ ᠤᠨ ᠠᠶᠠᠯᠠᠯ ᠤᠨ ᠡᠳ᠋ ᠪᠡᠷᠠᠭ᠎ᠠ᠂ ᠠᠭᠠᠷ ᠤᠨ ᠰᠢᠥᠳᠡᠨ ᠤ ᠵᠦᠢᠯ ᠳᠤ ᠬᠠᠦᠯᠢ ᠶᠣᠰᠣᠭᠠᠷ ᠠᠮᠥᠷ ᠳᠥᠪᠰᠢᠨ ᠤ ᠪᠠᠶᠢᠴᠠᠭᠠᠯᠳ᠋ᠨ ᠬᠢᠬᠦ ᠪᠣᠶᠣ ᠣᠯᠥᠰ ᠤᠨ ᠲᠣᠬᠠᠳᠠᠭᠠᠠᠠᠰᠠᠨ ᠠᠮᠥᠷ ᠳᠥᠪᠰᠢᠨ ᠤ ᠪᠣᠰᠣᠳ ᠠᠷᠭ᠎ᠠ ᠭᠡᠮᠵᠢᠶ᠎ᠠ ᠶᠢ ᠠᠪᠬᠤ ᠭᠡᠷᠡᠭᠳᠡᠢ᠃ ᠵᠤᠭᠠᠴᠬᠠᠰᠠᠳ ᠵᠢᠴᠢ ᠠᠪᠴᠥ ᠶᠠᠪᠤᠭ᠎ᠠ ᠪᠤᠭᠤᠳᠡᠯ ᠶᠠᠭᠤᠮ᠎ᠠ ᠪᠤᠯ ᠨᠢᠰᠭᠡᠯ ᠳᠤ ᠭᠠᠷᠬᠤ ᠠᠴᠠ ᠡᠮᠤᠨ᠎ᠠ ᠬᠠᠦᠯᠢ ᠶᠣᠰᠣᠭᠠᠷ ᠠᠮᠥᠷ ᠳᠥᠪᠰᠢᠨ ᠤ ᠪᠠᠶᠢᠴᠠᠭᠠᠯᠳᠡ ᠬᠢᠬᠦ ᠶᠢ ᠬᠦᠯᠢᠶᠡᠬᠦ ᠭᠡᠷᠡᠭᠳᠡᠢ᠃     ᠬᠤᠷᠢᠳᠣᠭᠠᠷ ᠵᠦᠢᠯ  ᠨᠢᠰᠭᠡᠯ ᠤᠨ ᠪᠠᠭᠤᠳᠡᠯ ᠤᠨ ᠲᠣᠳᠣᠷ᠎ᠠ ᠲᠣᠣᠷᠡᠬᠢ ᠮᠡᠳᠣ ᠠᠷᠡᠳ ᠤᠨ ᠭᠡᠷᠡᠭᠯᠡᠬᠡᠨ ᠤ ᠠᠭᠠᠷ ᠤᠨ ᠠᠶᠠᠯᠠᠯ ᠤᠨ ᠠᠮᠥᠷ ᠳᠥᠪᠰᠢᠨ ᠳᠤ ᠠᠶᠤᠯ ᠬᠦᠨᠦᠭᠡᠯ ᠲᠠᠢ ᠪᠣᠶᠣ ᠠᠶᠤᠯ ᠬᠦᠨᠦᠭᠡᠯ ᠳᠤ ᠣᠴᠠᠷᠡᠭᠤᠯᠵᠦ ᠮᠡᠳᠡᠬᠦ ᠠᠵᠢᠯᠯᠠᠭ᠎ᠠ ᠬᠢᠬᠦ ᠶᠢ ᠴᠠᠭᠠᠵᠠᠯᠠᠨ᠎ᠠ᠄      ︵ᠨᠢᠭᠡ︶ ᠨᠢᠰᠭᠡᠯ ᠤᠨ ᠪᠠᠭᠤᠳᠡᠯ ᠤᠨ ᠡᠵᠡᠮᠳᠡᠬᠦ ᠲᠤᠭᠤᠷᠢᠭ ᠲᠤ ᠨᠡᠪᠳᠡᠷᠡᠬᠦ ᠦᠨᠡᠮᠯᠠᠯ ᠦᠭᠡᠢ ᠪᠠᠷ ᠣᠷᠣᠬᠤ︔      ︵ᠬᠤᠶᠡᠷ︶ ᠠᠭᠠᠷ ᠤᠨ ᠨᠢᠰᠥᠬᠦᠷ ᠤᠨ ᠭᠦᠶᠦᠯᠲᠡ ᠶᠢᠨ ᠵᠠᠮ ᠪᠠ ᠭᠤᠯᠭᠤᠨ ᠶᠠᠪᠤᠬᠤ ᠵᠠᠮ ᠢᠶᠠᠷ ᠲᠣᠷ᠎ᠠ ᠪᠠᠷ ᠢᠶᠠᠨ ᠦᠩᠭᠡᠷᠡᠬᠦ︔      ︵ᠭᠤᠷᠪᠡ︶ ᠠᠶᠣᠯᠳᠡᠢ ᠵᠦᠢᠯ ᠢ ᠠᠪᠴᠥ ᠠᠭᠠᠷ ᠤᠨ ᠠᠶᠠᠯᠠᠯ ᠤᠨ ᠦᠷᠲᠡᠭᠡ ᠳᠤ ᠣᠷᠣᠬᠤ᠂ ᠠᠭᠠᠷ ᠤᠨ ᠨᠢᠰᠦᠬᠦᠷ ᠲᠤ ᠰᠠᠭᠤᠬᠤ ᠣᠷᠣᠬᠤ ᠪᠤᠶᠤ ᠨᠡᠶᠢᠳᠡᠨ ᠳᠡᠭᠡᠭᠡᠪᠦᠷᠢᠯᠡᠬᠦᠯᠬᠦ ᠪᠤᠭᠤᠳᠡᠯ᠂ ᠡᠳ᠋ ᠪᠠᠷᠠᠭ᠎ᠠ᠂ ᠰᠢᠥᠳᠡᠨ ᠤ ᠵᠦᠢᠯ ᠳᠤ ᠠᠶᠤᠯᠳᠡᠢ ᠵᠦᠢᠯ ᠢ ᠨᠢᠭᠤᠨ ᠬᠠᠪᠴᠢᠭᠤᠯᠬᠤ︔      ︵ᠳᠥᠷᠪᠡ︶ ᠠᠭᠠᠷ ᠤᠨ ᠨᠢᠰᠦᠬᠦᠷ ᠢ ᠬᠠᠦᠯᠢ ᠪᠣᠰᠥ ᠪᠠᠷ ᠬᠤᠷᠢᠠᠠᠯᠠᠬᠤ ᠪᠤᠶᠤ ᠳᠡᠬᠦᠨ ᠳᠤ ᠠᠯᠪᠠ ᠪᠠᠷ ᠭᠠᠷᠬᠤ ᠪᠠ ᠡᠵᠡᠯᠡᠬᠦ︔      ︵ᠲᠠᠪᠤ︶ ᠢᠳᠬᠠᠵᠤ ᠬᠤᠷᠢᠭᠯᠠᠬᠤ ᠶᠢ ᠰᠣᠨᠣᠰᠬᠤ ᠦᠭᠡᠢ ᠪᠠᠷ ᠠᠭᠠᠷ ᠤᠨ ᠨᠢᠰᠥᠬᠦᠷ᠂ ᠨᠢᠰᠭᠡᠯ ᠤᠨ ᠵᠣᠭᠰᠣᠭᠠᠯ ᠪᠤᠶᠤ ᠬᠤᠨᠭ᠍ᠬᠢᠯ ᠬᠦᠬᠦᠷᠭᠡ ᠶᠢᠨ ᠲᠣᠳᠣᠷ᠎ᠠ ᠡᠷᠭᠢᠴᠡᠵᠦ᠂ ᠠᠭᠠᠷ ᠤᠨ ᠨᠢᠰᠦᠬᠦᠷ ᠤᠨ ᠭᠡᠪ ᠤᠨ ᠠᠵᠢᠯᠯᠠᠭᠠᠨ ᠢ ᠨᠦᠯᠥᠭᠡᠯᠡᠬᠦ︔      ︵ᠵᠢᠷᠭᠤᠭ᠎ᠠ︶ ᠠᠶᠣᠯ ᠦᠭᠡᠢ ᠶᠢ ᠪᠠᠶᠢᠴᠠᠭᠠᠬᠤ ᠨᠡᠪᠳᠡᠷᠡᠯ ᠵᠠᠮ᠂ ᠨᠢᠰᠭᠡᠯ ᠳᠤ ᠭᠠᠷᠬᠤ ᠨᠡᠪᠳᠡᠷᠡᠯ ᠵᠠᠮ ᠪᠤᠶᠤ ᠪᠠᠴᠢᠮ ᠪᠠᠶᠢᠳᠡᠯ ᠢ ᠠᠷᠭᠠᠴᠠᠬᠤ ᠨᠡᠪᠳᠡᠷᠡᠯ ᠵᠠᠮ ᠢ ᠰᠢᠬᠠᠨ ᠰᠢᠪᠲᠤᠯᠬᠤ ᠪᠠ ᠪᠦᠭᠯᠡᠵᠦ᠂ ᠨᠢᠰᠭᠡᠯ ᠤᠨ ᠵᠣᠭᠰᠣᠭᠠᠯ ᠤᠨ ᠭᠠᠵᠡᠷ ᠢ ᠲᠠᠭᠠᠷᠢᠬᠤ︔      ︵ᠲᠤᠯᠤᠭ᠎ᠠ︶ ᠨᠢᠰᠭᠡᠯ ᠤᠨ ᠪᠠᠭᠤᠳᠡᠯ ᠤᠨ ᠡᠷᠬᠢᠨ ᠲᠤᠭᠤᠷᠢᠨ ᠤ ᠪᠡᠯᠡᠳᠭᠡᠮᠵᠢ ᠵᠢᠴᠢ ᠪᠣᠰᠣᠳ ᠠᠮᠥᠷ ᠳᠥᠪᠰᠢᠨ ᠢ ᠬᠠᠮᠠᠭᠠᠯᠠᠬᠤ ᠪᠡᠯᠡᠳᠭᠡᠮᠵᠢ ᠪᠠᠷ ᠳᠠᠪᠠᠭ᠋ᠤ ︵ᠰᠢᠷᠭᠤᠬᠤ︶᠂ ᠬᠤᠬᠢᠷᠡᠭᠤᠯᠬᠤ︔      ︵ᠨᠠᠢᠮᠡ︶ ᠠᠡᠭ ᠠᠩᠨᠠᠬᠤ᠂ ᠮᠠᠯ ᠮᠠᠯᠵᠢᠬᠤ᠂ ᠳᠡᠷᠢᠮᠡᠯ ᠤᠨ ᠵᠦᠢᠯ ᠳᠡᠯᠬᠡᠨ ᠬᠠᠳᠠᠭᠠᠬᠤ᠂ ᠳᠡᠷᠬᠡ ᠬᠦᠰᠬᠡ ᠪᠤᠯᠪᠠᠰᠣᠷᠡᠬᠤ ᠪᠤᠶᠤ ᠵᠢᠯᠥᠭᠤᠳᠬᠤ︔      ︵ᠶᠢᠰᠦ︶ ᠬᠤᠸᠡᠷ ᠫᠤᠤᠵᠢᠩ ᠳᠡᠯᠪᠢᠬᠤ︔      ︵ᠠᠷᠪᠡ︶ ᠰᠡᠷᠡᠮᠵᠢ ᠶᠢᠨ ᠳᠣᠬᠢᠶ᠎ᠠ ᠶᠢᠨ ᠪᠠᠭᠠᠵᠢ ᠭᠡᠷᠡᠭᠰᠡᠯ ᠢ ᠲᠣᠠᠠᠳᠠᠭᠠᠯ ᠶᠣᠰᠣᠭᠠᠷ ᠭᠡᠷᠡᠭᠯᠡᠬᠦ ᠦᠭᠡᠢ︔      ︵ᠠᠷᠪᠡᠨ ᠨᠢᠭᠡ︶ ᠳᠥᠭᠰᠢᠬᠦᠷᠢ ᠶᠢᠨ ᠪᠠᠶᠢᠳᠡᠯ ᠢ ᠬᠤᠳᠡᠯ ᠢᠶᠠᠷ ᠮᠡᠳᠡᠭᠡᠯᠡᠵᠦ᠂ ᠰᠠᠮᠠᠭᠤᠷᠡᠯ ᠡᠬᠦᠰᠬᠡᠬᠦ︔      ︵ᠠᠷᠪᠡᠨ ᠬᠤᠶᠡᠷ︶ ᠬᠠᠦᠯᠢ ᠴᠠᠭᠠᠵᠠ᠂ ᠬᠠᠦᠯᠢ ᠲᠣᠠᠠᠳᠠᠭᠠᠯ᠂ ᠳᠥᠷᠢᠮ ᠲᠣᠠᠠᠳᠠᠭᠠᠯ ᠳᠤ ᠲᠣᠠᠠᠳᠠᠭᠠᠠᠠᠰᠠᠨ ᠠᠷᠡᠳ ᠤᠨ ᠭᠡᠷᠡᠭᠯᠡᠬᠡᠨ ᠤ ᠠᠭᠠᠷ ᠤᠨ ᠠᠶᠠᠯᠠᠯ ᠤᠨ ᠠᠮᠥᠷ ᠳᠥᠪᠰᠢᠨ ᠢ ᠬᠤᠬᠢᠷᠡᠭᠤᠯᠬᠤ ᠪᠤᠶᠤ ᠬᠤᠬᠢᠷᠡᠭᠤᠯᠵᠦ ᠮᠡᠳᠡᠬᠦ ᠪᠤᠰᠤᠳ ᠦᠢᠯᠡ ᠠᠵᠢᠯᠯᠠᠭ᠎ᠠ᠃      ᠬᠤᠷᠢᠨ ᠨᠢᠭᠡᠳᠣᠭᠡᠷ ᠵᠦᠢᠯ  ᠨᠢᠰᠭᠡᠯ ᠤᠨ ᠪᠠᠭᠤᠳᠡᠯ ᠢ ᠨᠡᠭᠡᠭᠡᠨ ᠭᠡᠷᠡᠭᠯᠡᠵᠦ ᠪᠠᠶᠢᠬᠤ ᠪᠠᠶᠢᠳᠡᠯ ᠲᠣᠣᠷ᠎ᠠ᠂ ᠨᠢᠰᠦᠯᠳᠡ ᠶᠢᠨ ᠲᠤᠭᠤᠷᠢᠭ ᠵᠢᠴᠢ ᠨᠢᠰᠦᠯᠳᠡ ᠶᠢᠨ ᠲᠣᠭᠤᠷᠢᠭ ᠤᠨ ᠦᠢᠷ᠎ᠠ ᠬᠠᠪᠢ ᠶᠢᠨ ᠨᠢᠰᠬᠡᠯ ᠤᠨ ᠦᠷᠲᠡᠭᠡ ᠶᠢᠨ ᠬᠡᠪᠴᠢᠶᠡᠨ ᠳᠤ ᠪᠡᠷᠢᠯᠭ᠎ᠠ ᠶᠢᠨ ᠠᠵᠢᠯ ᠬᠢᠵᠦ ᠪᠤᠯᠬᠤ ᠦᠭᠡᠢ᠃ ᠦᠨᠡᠨᠬᠦ ᠪᠡᠷᠢᠯᠭ᠎ᠠ ᠶᠢᠨ ᠠᠵᠢᠯ ᠬᠢᠬᠦ ᠴᠢᠬᠤᠯᠡᠳᠡᠢ ᠪᠣᠯ᠂ ᠲᠣᠬᠠᠢ ᠶᠢᠨ ᠭᠠᠵᠡᠷ ᠤᠨ ᠠᠷᠡᠳ ᠤᠨ ᠭᠡᠷᠡᠭᠯᠡᠬᠡᠨ ᠤ ᠠᠭᠠᠷ ᠤᠨ ᠠᠶᠠᠯᠠᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠪᠠᠷ ᠵᠦᠪᠰᠢᠶᠡᠷᠡᠬᠦᠯᠬᠦ ᠭᠡᠷᠡᠭᠳᠡᠢ᠃      ᠬᠤᠷᠢᠨ ᠬᠤᠶᠠᠳᠣᠭᠠᠷ ᠵᠦᠢᠯ  ᠠᠭᠠᠷ ᠤᠨ ᠠᠶᠠᠯᠠᠯ ᠤᠨ ᠲᠣᠰᠣ ᠬᠠᠩᠭᠠᠬᠤ ᠠᠵᠦ ᠠᠬᠤᠶᠢᠯᠠᠯ ᠨᠢ ᠠᠭᠠᠷ ᠤᠨ ᠠᠶᠠᠯᠠᠯ ᠤᠨ ᠲᠣᠰᠥᠨ ᠤ ᠰᠠᠭᠤᠷᠢ ᠪᠡᠯᠡᠳᠭᠡᠮᠵᠢ ᠶᠢᠨ ᠪᠦᠳᠦᠬᠡᠨ ᠪᠠᠶᠢᠭᠤᠯᠥᠯᠳᠡ᠂ ᠠᠷᠡᠴᠢᠯᠠᠨ ᠬᠠᠮᠠᠭᠠᠯᠠᠬᠤ ᠪᠠ ᠬᠠᠮᠢᠶᠡᠷᠦᠯᠳᠡ ᠶᠢ ᠴᠢᠩᠭᠠᠳᠬᠠᠵᠦ᠂ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠲᠠᠢ ᠬᠠᠮᠲᠤᠷᠠᠨ ᠲᠣᠰᠣ ᠨᠦᠬᠡᠴᠡᠯᠡᠬᠦ ᠪᠠ ᠭᠡᠷᠡᠭᠯᠡᠬᠦ ᠲᠣᠠᠠᠳᠡᠴᠠ ᠶᠢ ᠪᠠᠶᠢᠭᠤᠯᠥᠨ᠂ ᠭᠡᠷᠡᠭᠴᠡᠭᠡ ᠪᠠᠨ ᠦᠨᠳᠣᠰᠣᠯᠡᠨ ᠲᠣᠰᠣ ᠨᠦᠬᠡᠴᠡᠯᠡᠬᠦ ᠭᠡᠪᠴᠢᠶ᠎ᠠ ᠪᠠᠨ ᠲᠣᠠᠠᠳᠠᠭᠠᠵᠦ᠂ ᠨᠢᠰᠭᠡᠯ ᠤᠨ ᠪᠠᠭᠤᠳᠡᠯ ᠤᠨ ᠡᠵᠡᠩᠨᠡᠯᠳᠡ ᠳᠤ ᠠᠮᠥᠷ ᠳᠥᠪᠰᠢᠨ ᠪᠦᠭᠡᠳ ᠦᠨᠳᠣᠷ ᠦᠷ᠎ᠠ ᠪᠦᠳᠦᠮᠵᠢᠳᠡᠢ ᠠᠭᠠᠷ ᠤᠨ ᠠᠶᠠᠯᠠᠯ ᠤᠨ ᠲᠣᠰᠥᠨ ᠤ ᠬᠠᠩᠭᠠᠯᠭ᠎ᠠ ᠶᠢ ᠪᠠᠳᠣᠯᠠᠬᠤ ᠭᠡᠷᠡᠭᠳᠡᠢ᠃      ᠬᠤᠷᠢᠨ ᠭᠤᠷᠪᠠᠳᠣᠭᠠᠷ ᠵᠦᠢᠯ ᠨᠢᠰᠭᠡᠯ ᠤᠨ ᠪᠠᠭᠤᠳᠡᠯ ᠤᠨ ᠠᠭᠠᠷ ᠤᠨ ᠠᠶᠠᠯᠠᠯ ᠤᠨ ᠲᠣᠰᠥᠨ ᠤ ᠬᠤᠭᠤᠯᠠᠢ ᠭᠤᠤᠷᠰᠦ ᠶᠢᠨ ᠪᠡᠯᠡᠳᠭᠡᠮᠵᠢ ᠶᠢ ᠬᠠᠮᠠᠭᠠᠯᠠᠬᠤ ᠳᠤ ︽ᠪᠦᠬᠦᠲᠡ ᠨᠡᠶᠢᠷᠡᠮᠳᠠᠬᠤ ᠲᠣᠮᠳᠠᠳᠣ ᠠᠷᠡᠳ ᠣᠯᠥᠰ ᠤᠨ ᠴᠢᠯᠠᠭᠤᠨ ᠲᠣᠰᠣ ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠭᠤᠯᠡᠢ ᠭᠤᠤᠷᠰᠦ ᠶᠢᠨ ᠬᠠᠮᠠᠭᠠᠯᠠᠯᠳᠡ ᠶᠢᠨ ᠬᠠᠦᠯᠢ︾ ᠵᠡᠷᠭᠡ ᠣᠯᠥᠰ ᠤᠨ ᠬᠤᠯᠪᠤᠠᠠᠳᠡᠯ ᠪᠦᠬᠦᠢ ᠬᠠᠦᠯᠢ ᠴᠠᠭᠠᠵᠠ᠂ ᠬᠠᠦᠯᠢ ᠲᠣᠠᠠᠳᠠᠭᠠᠯ ᠤᠨ ᠲᠣᠠᠠᠳᠠᠭᠠᠯ ᠢ ᠦᠨᠳᠣᠰᠣᠯᠡᠨ ᠭᠡᠷᠡᠭᠵᠢᠬᠦᠯᠥᠨ᠎ᠡ᠃ ᠨᠢᠰᠭᠡᠯ ᠤᠨ ᠪᠠᠭᠤᠳᠡᠯ ᠤᠨ ᠠᠭᠠᠷ ᠤᠨ ᠠᠶᠠᠯᠠᠯ ᠤᠨ ᠲᠣᠰᠥᠨ ᠤ ᠬᠤᠭᠤᠯᠠᠢ ᠭᠤᠤᠷᠰᠦ ᠶᠢᠨ ᠪᠡᠯᠡᠳᠭᠡᠮᠵᠢ ᠶᠢᠨ ᠪᠠᠶᠢᠭ᠎ᠠ ᠭᠠᠵᠡᠷ ᠤᠨ ᠬᠤᠯᠪᠤᠠᠠᠳᠡᠯ ᠪᠦᠬᠦᠢ ᠠᠷᠡᠳ ᠤᠨ ᠵᠠᠰᠠᠭ ᠤᠨ ᠣᠷᠳᠣᠨ᠂ ᠬᠤᠯᠪᠤᠠᠠᠳᠡᠯ ᠪᠦᠬᠦᠢ ᠨᠢᠭᠡᠴᠡ ᠨᠢ ᠠᠭᠠᠷ ᠤᠨ ᠠᠶᠠᠯᠠᠯ ᠤᠨ ᠲᠣᠰᠥᠨ ᠤ ᠬᠤᠭᠤᠯᠠᠢ ᠭᠤᠤᠷᠰᠦ ᠶᠢᠨ ᠪᠡᠯᠡᠳᠭᠡᠮᠵᠢ ᠶᠢ ᠬᠠᠮᠠᠭᠠᠯᠠᠬᠤ ᠠᠵᠢᠯ ᠢ ᠰᠠᠶᠢᠳᠣᠷ ᠬᠢᠬᠦ ᠭᠡᠷᠡᠭᠳᠡᠢ᠃      ᠬᠤᠷᠢᠨ ᠳᠥᠷᠪᠡᠳᠣᠭᠡᠷ ᠵᠦᠢᠯ  ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠬᠢᠭᠡᠳ ᠠᠭᠠᠷ ᠤᠨ ᠳᠡᠭᠡᠭᠡᠪᠦᠷᠢ ᠶᠢᠨ ᠠᠵᠦ ᠠᠬᠤᠶᠢᠯᠠᠯ ᠵᠢᠴᠢ ᠨᠢᠰᠭᠡᠯ ᠤᠨ ᠪᠠᠭᠤᠳᠡᠯ ᠳᠤ ᠰᠠᠭᠤᠭ᠎ᠠ ᠪᠣᠰᠣᠳ ᠨᠢᠭᠡᠴᠡ ᠨᠢ ᠪᠢᠴᠢᠭ ᠤᠨ ᠭᠡᠯᠡᠯᠴᠡᠭᠡᠷ ᠲᠣᠠᠠᠳᠠᠵᠦ᠂ ᠡᠯ᠎ᠠ ᠳᠡᠯ᠎ᠠ ᠶᠢᠨ ᠦᠢᠯᠡᠳᠪᠦᠷᠢᠯᠡᠯ ᠡᠵᠡᠩᠨᠡᠯᠳᠡ᠂ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠶᠠᠪᠤᠴᠠ ᠲᠣᠮᠳᠡ ᠵᠢᠴᠢ ᠡᠭᠡᠯᠵᠢ ᠶᠢᠨ ᠨᠢᠰᠭᠡᠯ ᠰᠠᠭᠠᠳᠡᠯ ᠭᠠᠷᠬᠤ ᠵᠡᠷᠭᠡ ᠪᠠᠶᠢᠳᠡᠯ ᠲᠠᠢ ᠦᠶᠡᠰ ᠤᠨ ᠡᠷᠬᠡ ᠪᠠ ᠡᠬᠦᠷᠭᠡ ᠶᠢ ᠲᠣᠳᠣᠷᠬᠠᠶᠢᠯᠠᠨ᠎ᠠ᠃      ᠬᠤᠷᠢᠨ ᠲᠠᠪᠤᠳᠣᠭᠠᠷ ᠵᠦᠢᠯ  ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠨᠢᠰᠭᠡᠯ ᠤᠨ ᠪᠠᠭᠤᠳᠡᠯ ᠤᠨ ᠲᠣᠳᠣᠷᠡᠬᠢ ᠦᠢᠯᠡᠴᠢᠯᠡᠭᠡᠨ ᠤ ᠵᠢᠭᠠᠯᠳᠡ ᠢᠯᠭᠠᠬᠤ ᠳᠡᠮᠳᠡᠭ᠂ ᠫᠠᠶᠢᠰᠡ ᠢᠯᠡᠷᠬᠡᠶᠢᠯᠡᠯ᠂ ᠡᠯᠧᠺᠲᠷᠣᠨ ᠳᠡᠯᠭᠡᠴᠡ ᠶᠢᠨ ᠪᠠᠶᠢᠷᠢᠯᠠᠭᠤᠯᠬᠤ ᠶᠢ ᠬᠠᠷᠢᠭᠤᠴᠠᠵᠦ᠂ ᠠᠭᠤᠯᠭ᠎ᠠ ᠶᠢᠨ ᠢᠯᠡ ᠳᠣᠳᠣ ᠵᠢᠷᠣᠮᠵᠢᠭᠤᠨ ᠪᠠᠶᠢᠬᠤ ᠶᠢ ᠦᠨᠡᠨᠬᠦ ᠪᠠᠳᠣᠯᠠᠨ᠎ᠠ᠃ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠦᠢᠯᠡᠴᠢᠯᠡᠬᠦ᠂ ᠠᠰᠠᠭᠤᠨ ᠯᠠᠪᠯᠠᠬᠤ᠂ ᠠᠶᠣᠯ ᠦᠭᠡᠢ ᠶᠢ ᠪᠠᠶᠢᠴᠠᠭᠠᠬᠤ ᠵᠡᠷᠭᠡ ᠴᠣᠩᠬᠤᠪᠴᠢ ᠳᠤ ᠮᠣᠩᠭᠤᠯ ᠬᠢᠳᠡᠳ ᠲᠤ ᠨᠡᠪᠳᠡᠷᠡᠭᠰᠡᠨ ᠠᠵᠢᠯᠳᠡᠨ ᠢ ᠲᠣᠬᠢᠷᠡᠭᠤᠯᠬᠤ ᠭᠡᠷᠡᠭᠳᠡᠢ᠃      ᠨᠢᠰᠭᠡᠯ ᠤᠨ ᠪᠠᠭᠤᠳᠡᠯ ᠤᠨ ᠨᠡᠷᠡᠶᠢᠳᠦᠯ᠂ ᠨᠢᠰᠭᠡᠯ ᠤᠨ ᠪᠠᠭᠤᠳᠡᠯ ᠤᠨ ᠲᠣᠳᠣᠷᠡᠬᠢ ᠵᠠᠮ ᠬᠠᠷᠢᠯᠴᠠᠭ᠎ᠠ ᠶᠢᠨ ᠵᠢᠭᠠᠯᠲᠡ ᠫᠠᠶᠢᠰᠡ᠂ ᠵᠤᠭᠠᠴᠬᠠᠰᠠᠳ ᠤᠨ ᠰᠠᠨᠠᠭᠤᠯᠥᠮᠵᠢ᠂ ᠰᠡᠷᠡᠮᠵᠢᠯᠡᠬᠦᠯᠬᠦ ᠦᠭᠡᠰ᠂ ᠠᠭᠠᠷ ᠤᠨ ᠠᠶᠠᠯᠠᠯ ᠤᠨ ᠦᠷᠲᠡᠭᠡ ᠶᠢᠨ ᠲᠤᠭᠤᠷᠢᠭ ᠤᠨ ᠲᠣᠳᠣᠷᠡᠬᠢ ᠬᠤᠳᠠᠯᠳᠤᠭ᠎ᠠ ᠳᠡᠯᠭᠡᠬᠦᠷ ᠤᠨ ᠨᠡᠷᠡᠶᠢᠳᠦᠯ᠂ ᠨᠢᠰᠭᠡᠯ ᠬᠦᠯᠢᠶᠡᠬᠦ ᠠᠰᠠᠷ ᠤᠨ ᠲᠣᠳᠣᠷᠡᠬᠢ ᠡᠯ᠎ᠠ ᠲᠣᠬᠠᠶᠢᠯᠬᠠᠰᠠᠨ ᠠᠵᠢᠯ ᠤᠨ ᠴᠣᠩᠬᠤᠪᠴᠢ ᠵᠡᠷᠭᠡ ᠳᠤ ᠮᠣᠩᠭᠤᠯ ᠦᠰᠦᠭ ᠤᠨ ᠢᠯᠡᠷᠬᠡᠶᠢᠯᠡᠯ ᠳᠡᠮᠳᠡᠭ ᠪᠠᠶᠢᠷᠢᠯᠠᠭᠤᠯᠬᠤ ᠭᠡᠷᠡᠭᠳᠡᠢ᠃      ᠬᠤᠷᠢᠨ ᠵᠢᠷᠭᠤᠳᠣᠭᠠᠷ ᠵᠦᠢᠯ  ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠣᠯᠥᠰ ᠤᠨ ᠲᠣᠠᠠᠳᠠᠭᠠᠠᠠᠰᠠᠨ ᠪᠡᠷᠢᠮᠵᠢᠶ᠎ᠠ ᠶᠣᠰᠣᠭᠠᠷ ᠨᠢᠰᠭᠡᠯ ᠬᠦᠯᠢᠶᠡᠬᠦ᠂ ᠢᠳᠡᠭᠡᠨ ᠣᠮᠳᠠᠭᠠᠨ᠂ ᠳᠡᠷᠭᠡᠨ ᠵᠣᠠᠠᠰᠣᠭᠠᠯ᠂ ᠡᠮ ᠡᠮᠴᠢᠯᠡᠭᠡᠨ ᠤ ᠪᠠᠴᠢᠮ ᠠᠪᠤᠷᠡᠯᠳᠡ ᠵᠡᠷᠭᠡ ᠶᠢᠨ ᠪᠡᠯᠡᠳᠭᠡᠮᠵᠢ᠂ ᠳᠥᠬᠦᠭᠡᠷᠦᠮᠵᠢ ᠶᠢ ᠲᠣᠬᠢᠷᠡᠭᠤᠯᠬᠤ ᠶᠢᠨ ᠬᠠᠮᠳᠣ᠂ ᠵᠤᠬᠢᠬᠤ ᠦᠢᠯᠡᠴᠢᠯᠡᠭᠡᠨ ᠬᠠᠩᠭᠠᠬᠤ ᠭᠡᠷᠡᠭᠳᠡᠢ᠃      ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠨᠢᠰᠭᠡᠯ ᠬᠦᠯᠢᠶᠡᠬᠦ ᠠᠰᠠᠷ ᠤᠨ ᠦᠢᠷ᠎ᠠ ᠬᠠᠪᠢ ᠳᠤ ᠣᠯᠡᠨ ᠨᠡᠶᠢᠲᠡ ᠶᠢᠨ ᠵᠠᠮ ᠬᠠᠷᠢᠯᠴᠠᠭ᠎ᠠ ᠶᠢᠨ ᠦᠢᠯᠡᠴᠢᠯᠡᠭᠡᠨ ᠤ ᠲᠤᠭᠤᠷᠢᠭ᠂ ᠨᠢᠰᠭᠡᠯ ᠤᠨ ᠪᠠᠭᠤᠳᠡᠯ ᠤᠨ ᠲᠤᠮᠥ ᠰᠠᠭᠤᠳᠡᠯ ᠤᠨ ᠮᠠᠰᠢᠨ ᠳᠡᠷᠬᠡ᠂ ᠣᠯᠡᠨ ᠨᠡᠶᠢᠲᠡ ᠶᠢᠨ ᠵᠠᠮ ᠬᠠᠷᠢᠯᠴᠠᠭ᠎ᠠ ᠶᠢᠨ ᠳᠡᠷᠬᠡ ᠬᠦᠰᠬᠡ ᠵᠡᠷᠭᠡ ᠶᠢ ᠬᠠᠩᠭᠠᠵᠦ ᠵᠦᠭᠡᠭᠡᠪᠦᠷᠢ ᠶᠢᠨ ᠡᠵᠡᠩᠨᠡᠯᠳᠡ ᠶᠢᠨ ᠠᠵᠦ ᠠᠬᠤᠶᠢᠯᠠᠯ ᠪᠠ ᠵᠤᠭᠠᠴᠬᠠᠰᠠᠳ ᠲᠤ ᠭᠡᠷᠡᠭᠯᠡᠬᠦᠯᠬᠦ ᠭᠡᠷᠡᠭᠳᠡᠢ᠃      ᠬᠤᠷᠢᠨ ᠲᠤᠯᠥᠳᠣᠭᠠᠷ ᠵᠦᠢᠯ  ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠠᠭᠠᠷ ᠤᠨ ᠠᠶᠠᠯᠠᠯ ᠤᠨ ᠵᠦᠭᠡᠭᠡᠪᠦᠷᠢ ᠶᠢᠨ ᠠᠵᠦ ᠠᠬᠤᠶᠢᠯᠠᠯ ᠵᠢᠴᠢ ᠨᠢᠰᠭᠡᠯ ᠤᠨ ᠪᠠᠭᠤᠳᠡᠯ ᠳᠤ ᠰᠠᠭᠤᠭ᠎ᠠ ᠪᠣᠰᠣᠳ ᠨᠢᠭᠡᠴᠡ ᠶᠢ ᠵᠤᠬᠢᠶᠡᠨ ᠪᠠᠶᠢᠭᠤᠯᠥᠨ ᠦᠢᠯᠡᠴᠢᠯᠡᠬᠦ ᠭᠡᠪᠴᠢᠶ᠎ᠠ ᠶᠢ ᠲᠣᠠᠠᠳᠠᠭᠠᠬᠤ ᠶᠢᠨ ᠬᠠᠮᠳᠣ ᠨᠡᠶᠢᠭᠡᠮ ᠨᠡᠶᠢᠲᠡ ᠳᠤ ᠨᠡᠶᠢᠳᠡᠯᠡᠬᠦ ᠭᠡᠷᠡᠭᠳᠡᠢ᠃      ᠬᠤᠷᠢᠨ ᠨᠠᠢᠮᠠᠳᠣᠭᠠᠷ ᠵᠦᠢᠯ  ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠰᠦᠯᠵᠢᠶᠡᠨ ᠦᠷᠲᠡᠭᠡ ᠵᠡᠷᠭᠡ ᠣᠯᠡᠨ ᠵᠦᠢᠯ ᠤᠨ ᠠᠷᠭ᠎ᠠ ᠪᠠᠷ ᠳᠡᠮᠵᠢᠭᠤᠯᠥᠨ᠂ ᠵᠤᠭᠠᠴᠬᠠᠰᠠᠳ ᠲᠤ ᠡᠭᠡᠯᠵᠢ ᠶᠢᠨ ᠨᠢᠰᠭᠡᠯ ᠤᠨ ᠳᠥᠯᠥᠪᠯᠡᠭᠡ᠂ ᠡᠭᠡᠯᠵᠢ ᠶᠢᠨ ᠨᠢᠰᠭᠡᠯ ᠤᠨ ᠪᠤᠳᠡᠳᠡᠢ ᠬᠦᠷᠬᠦ ᠴᠠᠭ ᠪᠠ ᠨᠢᠰᠬᠦ ᠴᠠᠭ ᠵᠡᠷᠭᠡ ᠮᠡᠳᠡᠭᠡ ᠵᠠᠩᠬᠢ ᠶᠢ ᠴᠠᠭ ᠲᠣᠬᠠᠢ ᠳᠤᠨᠢ ᠬᠠᠩᠭᠠᠬᠤ ᠭᠡᠷᠡᠭᠳᠡᠢ᠃      ᠡᠭᠡᠯᠵᠢ ᠶᠢᠨ ᠨᠢᠰᠭᠡᠯ ᠤᠨ ᠰᠠᠭᠠᠲᠠᠯ ᠪᠤᠶᠤ ᠬᠠᠰᠣᠠᠠᠰᠠᠨ ᠠᠴᠠ ᠪᠤᠯᠵᠦ᠂ ᠵᠤᠭᠠᠴᠬᠠᠰᠠᠳ ᠪᠠ ᠡᠳ᠋ ᠪᠡᠷᠠᠭ᠎ᠠ ᠶᠢ ᠰᠠᠭᠠᠳᠡᠭᠠᠠᠠᠰᠠᠨ ᠪᠠᠶᠢᠪᠠᠯ᠂ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠨᠢᠰᠭᠡᠯ ᠤᠨ ᠪᠠᠭᠤᠳᠡᠯ ᠤᠨ ᠨᠢᠰᠭᠡᠯ ᠬᠦᠯᠢᠶᠡᠬᠦ ᠠᠰᠠᠷ ᠤᠨ ᠮᠡᠳᠡᠭᠡ ᠵᠠᠩᠬᠢ ᠶᠢᠨ ᠳᠡᠯᠭᠡᠴᠡ᠂ ᠷᠡᠳᠢᠤ᠋ ᠨᠡᠪᠳᠡᠷᠡᠬᠦᠯᠭᠡ ᠵᠡᠷᠭᠡ ᠠᠷᠭ᠎ᠠ ᠪᠠᠷ ᠳᠡᠮᠵᠢᠭᠤᠯᠥᠨ᠂ ᠡᠭᠡᠯᠵᠢ ᠶᠢᠨ ᠨᠢᠰᠭᠡᠯ ᠤᠨ ᠬᠦᠳᠡᠯᠥᠯ ᠪᠠᠶᠢᠳᠡᠯ ᠤᠨ ᠮᠡᠳᠡᠭᠡ ᠵᠠᠩᠬᠢ ᠶᠢ ᠴᠠᠭ ᠲᠣᠬᠠᠢ ᠳᠤᠨᠢ ᠵᠠᠷᠯᠡᠨ ᠮᠡᠳᠡᠭᠡᠯᠡᠬᠦ ᠶᠢᠨ ᠬᠠᠮᠳᠣ᠂ ᠬᠤᠯᠪᠤᠠᠠᠳᠡᠯ ᠪᠦᠬᠦᠢ ᠠᠭᠠᠷ ᠤᠨ ᠠᠶᠠᠯᠠᠯ ᠤᠨ ᠲᠡᠭᠡᠭᠡᠪᠦᠷᠢ ᠶᠢᠨ ᠠᠵᠦ ᠠᠬᠤᠶᠢᠯᠠᠯ ᠵᠢᠴᠢ ᠪᠣᠰᠣᠳ ᠬᠤᠯᠪᠤᠠᠠᠳᠡᠯ ᠪᠦᠬᠦᠢ ᠨᠢᠰᠭᠡᠯ ᠤᠨ ᠪᠠᠭᠤᠳᠡᠯ ᠳᠤ ᠰᠠᠭᠤᠭ᠎ᠠ ᠨᠢᠭᠡᠴᠡ ᠯᠦᠭᠡ ᠴᠠᠭ ᠲᠣᠬᠠᠢ ᠳᠤᠨᠢ ᠵᠤᠬᠢᠴᠠᠯᠳᠣᠨ ᠪᠠᠴᠢᠮ ᠪᠠᠶᠢᠳᠡᠯ ᠢ ᠠᠷᠭᠠᠴᠠᠬᠤ ᠦᠢᠯᠡᠴᠢᠯᠡᠭᠡᠨ ᠪᠠ ᠬᠤᠶᠢᠨᠡᠬᠢ ᠰᠢᠢᠳᠪᠦᠷᠢᠯᠡᠬᠦ ᠠᠵᠢᠯ ᠢ ᠬᠠᠮᠳᠣᠪᠡᠷ ᠰᠠᠶᠢᠳᠣᠷ ᠬᠢᠬᠦ ᠭᠡᠷᠡᠭᠳᠡᠢ᠃ ᠠᠭᠠᠷ ᠤᠨ ᠠᠶᠠᠯᠠᠯ ᠤᠨ ᠲᠡᠬᠡᠬᠡᠪᠦᠷᠢ ᠶᠢᠨ ᠠᠵᠦ ᠠᠬᠤᠶᠢᠯᠠᠯ ᠵᠢᠴᠢ ᠣᠷᠣᠯᠬᠠᠴᠢ ᠨᠢ ᠣᠯᠥᠰ ᠤᠨ ᠬᠤᠯᠪᠤᠠᠠᠳᠡᠯ ᠪᠦᠬᠦᠢ ᠲᠣᠠᠠᠳᠠᠭᠠᠯ ᠪᠠ ᠦᠢᠯᠡᠴᠢᠯᠡᠭᠡᠨ ᠤ ᠠᠮᠠᠯᠠᠯᠳᠡ ᠶᠣᠰᠣᠭᠠᠷ ᠵᠣᠭᠠᠴᠬᠠᠰᠠᠳ ᠪᠠ ᠡᠳ᠋ ᠪᠠᠷᠠᠭ᠎ᠠ ᠶᠢᠨ ᠡᠵᠡᠨ ᠳᠤ ᠵᠤᠬᠢᠬᠤ ᠦᠢᠯᠡᠴᠢᠯᠡᠭᠡ ᠬᠠᠩᠭᠠᠬᠤ ᠭᠡᠷᠡᠭᠳᠡᠢ᠃     ᠬᠤᠷᠢ ᠶᠢᠰᠦᠳᠣᠭᠡᠷ ᠵᠦᠢᠯ  ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠵᠠᠭᠠᠯᠳᠣᠯᠭ᠎ᠠ ᠶᠢ ᠬᠦᠯᠢᠶᠡᠨ ᠠᠪᠴᠥ ᠰᠢᠢᠳᠪᠦᠷᠢᠯᠡᠬᠦ ᠳᠥᠷᠢᠮ ᠢ ᠪᠠᠶᠢᠭᠤᠯᠵᠦ᠂ ᠵᠠᠭᠠᠯᠳᠣᠯᠭ᠎ᠠ ᠶᠢ ᠬᠦᠯᠢᠶᠡᠨ ᠠᠪᠴᠥ ᠰᠢᠢᠳᠪᠦᠷᠢᠯᠡᠬᠦ ᠨᠢᠭᠡᠴᠡ ᠪᠠ ᠵᠠᠭᠠᠯᠳᠣᠯᠭ᠎ᠠ ᠬᠢᠬᠦ ᠠᠷᠭ᠎ᠠ ᠮᠠᠶ᠋ᠢᠭ ᠢ ᠨᠡᠶᠢᠳᠡᠯᠡᠬᠦ ᠭᠡᠷᠡᠭᠳᠡᠢ᠃ ᠵᠣᠭᠠᠴᠬᠠᠰᠠᠳ ᠪᠠ ᠡᠳ᠋ ᠪᠠᠷᠠᠭ᠎ᠠ ᠶᠢᠨ ᠡᠵᠡᠨ ᠤ ᠵᠠᠭᠠᠯᠳᠣᠯᠭ᠎ᠠ ᠳᠤ᠂ ᠵᠠᠭᠠᠯᠳᠣᠯᠭ᠎ᠠ ᠶᠢ ᠬᠦᠯᠢᠶᠡᠨ ᠠᠪᠴᠥ ᠰᠢᠢᠳᠪᠦᠷᠢᠯᠡᠬᠦ ᠪᠠᠶᠢᠭᠤᠯᠥᠮᠵᠢ ᠨᠢ ᠰᠢᠢᠳᠪᠦᠷᠢᠯᠡᠬᠦ ᠪᠠᠷ ᠬᠦᠯᠢᠶᠡᠨ ᠠᠪᠤᠠᠠᠰᠠᠨ ᠡᠳᠣᠷ ᠠᠴᠠ ᠡᠬᠢᠯᠡᠨ 10 ᠠᠵᠢᠯᠯᠠᠬᠤ ᠡᠳᠣᠷ ᠤᠨ ᠲᠣᠳᠣᠷ᠎ᠠ ᠪᠢᠴᠢᠭ ᠢᠶᠠᠷ ᠬᠠᠷᠢᠭᠤ ᠦᠭᠬᠦ ᠭᠡᠷᠡᠭᠳᠡᠢ᠃      ᠭᠤᠴᠢᠳᠣᠭᠠᠷ ᠵᠦᠢᠯ  ᠨᠢᠰᠭᠡᠯ ᠤᠨ ᠪᠠᠭᠤᠳᠡᠯ ᠤᠨ ᠪᠠᠶᠢᠭ᠎ᠠ ᠭᠠᠵᠡᠷ ᠤᠨ ᠬᠤᠯᠪᠤᠠᠠᠳᠡᠯ ᠪᠦᠬᠦᠢ ᠠᠷᠡᠳ ᠤᠨ ᠵᠠᠰᠠᠭ ᠤᠨ ᠣᠷᠳᠣᠨ ᠤ ᠪᠤᠭᠤᠮᠳᠡ ᠶᠢᠨ ᠬᠠᠮᠢᠶᠡᠷᠦᠯᠳᠡ ᠶᠢᠨ ᠰᠠᠯᠠᠭ᠎ᠠ ᠮᠦᠴᠢᠷ ᠨᠢ ᠣᠯᠥᠰ ᠪᠠ ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠠᠠᠳᠠᠭᠠᠯ ᠢ ᠦᠨᠳᠣᠰᠣᠯᠡᠨ᠂ ᠠᠭᠠᠷ ᠤᠨ ᠠᠶᠠᠯᠠᠯ ᠤᠨ ᠪᠤᠭᠤᠮᠳᠡ ᠶᠢᠨ ᠡᠳᠣᠷ ᠲᠤᠳᠣᠮ ᠤᠨ ᠠᠵᠢᠯᠯᠠᠭᠠᠨ ᠤ ᠬᠠᠮᠢᠶᠡᠷᠦᠯᠳᠡ ᠶᠢ ᠬᠠᠷᠢᠭᠤᠴᠠᠵᠦ᠂ ᠠᠳᠡᠯᠢ ᠱᠠᠳᠣᠨ ᠤ ᠪᠤᠭᠤᠮᠳᠡ᠂ ᠬᠢᠯᠢ ᠶᠢᠨ ᠬᠠᠮᠠᠭᠠᠯᠠᠯᠳᠡ᠂ ᠰᠢᠯᠭᠠᠨ ᠪᠠᠶᠢᠴᠠᠭᠠᠵᠦ ᠬᠢᠵᠢᠭ ᠪᠠᠶᠢᠴᠠᠭᠠᠬᠤ ᠪᠠᠶᠢᠭᠤᠯᠥᠮᠵᠢ ︵ᠲᠣᠷᠣᠠᠠᠰᠢ ᠨᠢᠭᠡᠳᠦᠯᠳᠡᠢ ᠪᠠᠷ ᠪᠤᠭᠤᠮᠳᠡ ᠶᠢᠨ ᠪᠠᠶᠢᠴᠠᠭᠠᠨ ᠬᠢᠨᠠᠨ ᠬᠠᠮᠢᠶᠡᠷᠬᠤ ᠪᠠᠶᠢᠭᠤᠯᠥᠮᠵᠢ ᠭᠡᠵᠦ ᠨᠡᠷᠡᠶᠢᠳᠣᠨ᠎ᠠ︶᠎ ᠶᠢ ᠰᠢᠪᠠᠳᠠᠬᠤ ᠪᠠ ᠵᠤᠬᠢᠴᠠᠭᠤᠯᠵᠦ ᠪᠠᠶᠢᠭᠠᠳ ᠬᠢᠯᠢ ᠪᠠᠷ ᠭᠠᠷᠴᠥ ᠣᠷᠣᠬᠤ ᠬᠦᠮᠦᠨ᠂ ᠳᠡᠭᠡᠭᠡᠪᠦᠷᠢ ᠶᠢᠨ ᠪᠠᠭᠠᠵᠢ᠂ ᠡᠳ᠋ ᠪᠠᠷᠠᠭ᠎ᠠ ᠪᠤᠯᠥᠨ ᠪᠤᠭᠤᠳᠡᠯ ᠤᠨ ᠰᠢᠯᠭᠠᠨ ᠪᠠᠶᠢᠴᠠᠭᠠᠯᠳᠠ ᠪᠠ ᠬᠢᠨᠡᠯᠳᠡ ᠬᠠᠮᠢᠶᠡᠷᠥᠯᠳᠡ ᠶᠢᠨ ᠠᠵᠢᠯ ᠢ ᠰᠠᠶᠢᠳᠣᠷ ᠬᠢᠬᠦ ᠭᠡᠷᠡᠭᠳᠡᠢ᠃      ᠨᠢᠰᠭᠡᠯ ᠤᠨ ᠪᠠᠭᠤᠳᠡᠯ ᠤᠨ ᠪᠠᠶᠢᠭ᠎ᠠ ᠭᠠᠵᠡᠷ ᠤᠨ ᠬᠤᠯᠪᠤᠠᠠᠳᠡᠯ ᠪᠦᠬᠦᠢ ᠠᠷᠡᠳ ᠤᠨ ᠵᠠᠰᠠᠭ ᠤᠨ ᠣᠷᠳᠣᠨ ᠤ ᠪᠤᠭᠤᠮᠳᠡ ᠶᠢᠨ ᠬᠠᠮᠢᠶᠡᠷᠦᠯᠳᠡ ᠶᠢᠨ ᠰᠠᠯᠠᠭ᠎ᠠ ᠮᠦᠴᠢᠷ ᠨᠢ ᠪᠤᠭᠤᠮᠳᠡ ᠶᠢᠨ ᠪᠠᠶᠢᠴᠠᠭᠠᠨ ᠬᠢᠨᠠᠨ ᠬᠠᠮᠢᠶᠡᠷᠬᠤ ᠪᠠᠶᠢᠭᠤᠯᠥᠮᠵᠢ ᠪᠤᠯᠥᠨ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠯᠤᠭ᠎ᠠ ᠵᠤᠬᠢᠴᠠᠯᠳᠣᠨ᠂ ᠣᠯᠥᠰ ᠤᠨ ᠲᠣᠠᠠᠳᠠᠭᠠᠠᠠᠰᠠᠨ ᠰᠢᠯᠭᠠᠨ ᠪᠠᠶᠢᠴᠠᠭᠠᠬᠤ ᠳᠡᠰ ᠳᠡᠷᠡᠭᠠᠯᠠᠯ ᠪᠠ ᠨᠢᠰᠭᠡᠯ ᠤᠨ ᠪᠠᠭᠤᠳᠡᠯ ᠤᠨ ᠬᠦᠭᠵᠢᠯᠳᠡ ᠶᠢᠨ ᠭᠡᠷᠡᠭᠴᠡᠭᠡ ᠶᠢ ᠦᠨᠳᠣᠰᠣᠯᠡᠨ ᠨᠢᠰᠭᠡᠯ ᠤᠨ ᠪᠠᠭᠤᠳᠡᠯ ᠤᠨ ᠪᠤᠭᠤᠮᠳᠡ ᠶᠢᠨ ᠰᠢᠯᠭᠠᠨ ᠪᠠᠶᠢᠴᠠᠭᠠᠬᠤ ᠨᠡᠪᠳᠡᠷᠡᠯ ᠵᠠᠮ᠂ ᠰᠢᠯᠭᠠᠨ ᠪᠠᠶᠢᠴᠠᠭᠠᠬᠤ ᠣᠷᠣᠨ ᠪᠦᠰᠡ ᠶᠢ ᠨᠡᠭᠡᠭᠡᠬᠦ ᠪᠤᠶᠤ ᠨᠡᠮᠡᠨ ᠪᠠᠶᠢᠷᠢᠯᠡᠭᠤᠯᠵᠦ᠂ ᠪᠤᠭᠤᠮᠳᠡ ᠶᠢᠨ ᠠᠵᠢᠯᠯᠠᠭᠠᠨ ᠲᠤᠮᠳᠡ ᠭᠠᠷᠣᠠᠠᠰᠠᠨ ᠭᠡᠨᠡᠳᠳᠡ ᠶᠢᠨ ᠭᠡᠷᠩ ᠵᠡᠷᠭᠡ ᠡᠯ᠎ᠠ ᠳᠥᠷᠦᠯ ᠤᠨ ᠠᠰᠠᠭᠤᠳᠡᠯ ᠢ ᠴᠠᠭ ᠲᠣᠬᠠᠢ ᠳᠤᠨᠢ ᠵᠣᠬᠢᠴᠠᠭᠤᠯᠥᠨ ᠰᠢᠢᠳᠪᠦᠷᠢᠯᠡᠬᠦ ᠭᠡᠷᠡᠭᠳᠡᠢ᠃      ᠳᠥᠷᠪᠡᠳᠣᠭᠡᠷ ᠪᠦᠯᠥᠭ    ᠠᠮᠥᠷ ᠳᠥᠪᠰᠢᠨ ᠣᠷᠴᠢᠨ ᠲᠤᠭᠤᠷᠢᠨ ᠤ ᠬᠠᠮᠠᠭᠠᠯᠠᠯᠳᠡ      ᠭᠤᠴᠢᠨ ᠨᠢᠭᠡᠳᠣᠭᠡᠷ ᠵᠦᠢᠯ ᠣᠷᠣᠨ ᠨᠣᠳᠤᠭ ᠤᠨ ᠠᠷᠡᠳ ᠤᠨ ᠭᠡᠷᠡᠭᠯᠡᠬᠡᠨ ᠤ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠪᠤᠯᠥᠨ ᠨᠢᠰᠭᠡᠯ ᠤᠨ ᠪᠠᠭᠤᠳᠡᠯ ᠤᠨ ᠪᠠᠶᠢᠭ᠎ᠠ ᠭᠠᠵᠡᠷ ᠤᠨ ᠬᠤᠯᠪᠤᠠᠠᠳᠡᠯ ᠪᠦᠬᠦᠢ ᠠᠷᠡᠳ ᠤᠨ ᠵᠠᠰᠠᠭ ᠤᠨ ᠣᠷᠳᠣᠨ ᠨᠢ᠂ ᠣᠯᠥᠰ ᠤᠨ ᠬᠤᠯᠪᠤᠠᠠᠳᠡᠯ ᠪᠦᠬᠦᠢ ᠲᠣᠠᠠᠳᠠᠭᠠᠯ ᠶᠣᠰᠣᠭᠠᠷ ᠨᠢᠰᠭᠡᠯ ᠤᠨ ᠪᠠᠭᠤᠳᠡᠯ ᠤᠨ ᠠᠭᠠᠷ ᠴᠡᠪᠡᠷᠰᠢᠬᠦᠯᠬᠦ ᠬᠠᠮᠠᠭᠠᠯᠠᠯᠳᠡ ᠶᠢᠨ ᠣᠷᠣᠨ ᠪᠦᠰᠡ ᠶᠢ ᠢᠯᠭᠠᠨ ᠲᠣᠠᠠᠳᠠᠭᠠᠬᠤ ᠶᠢᠨ ᠬᠠᠮᠳᠣ᠂ ᠨᠡᠶᠢᠭᠡᠮ ᠨᠡᠶᠢᠲᠡ ᠳᠤ ᠨᠠᠶᠢᠳᠡᠯᠡᠬᠦ ᠭᠡᠷᠡᠭᠳᠡᠢ᠃      ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠨᠢᠰᠭᠡᠯ ᠤᠨ ᠪᠠᠭᠤᠳᠡᠯ ᠤᠨ ᠪᠠᠶᠢᠭ᠎ᠠ ᠭᠠᠵᠡᠷ ᠤᠨ ᠬᠤᠯᠪᠤᠠᠠᠳᠡᠯ ᠪᠦᠬᠦᠢ ᠠᠷᠡᠳ ᠤᠨ ᠵᠠᠰᠠᠭ ᠤᠨ ᠣᠷᠳᠣᠨ ᠯᠤᠭ᠎ᠠ ᠵᠤᠬᠢᠴᠠᠯᠳᠣᠨ ᠬᠠᠮᠵᠢᠯᠴᠠᠵᠦ ᠪᠠᠶᠢᠭᠠᠳ ᠨᠢᠰᠭᠡᠯ ᠤᠨ ᠪᠠᠭᠤᠳᠡᠯ ᠤᠨ ᠠᠭᠠᠷ ᠴᠡᠪᠡᠷᠰᠢᠬᠦᠯᠬᠦ ᠬᠠᠮᠠᠭᠠᠯᠠᠯᠳᠡ ᠶᠢᠨ ᠪᠤᠳᠡᠳᠡᠢ ᠬᠠᠮᠢᠶᠡᠷᠦᠯᠳᠡ ᠶᠢᠨ ᠲᠣᠠᠠᠳᠠᠭᠠᠯ ᠢ ᠲᠣᠠᠠᠳᠠᠭᠠᠬᠤ ᠶᠢᠨ ᠬᠠᠮᠳᠣ᠂ ᠨᠡᠶᠢᠭᠡᠮ ᠨᠡᠶᠢᠲᠡ ᠳᠤ ᠨᠡᠶᠢᠳᠡᠯᠡᠬᠦ ᠭᠡᠷᠡᠭᠳᠡᠢ᠃      ᠭᠤᠴᠢᠨ ᠬᠤᠶᠠᠳᠣᠭᠠᠷ ᠵᠦᠢᠯ  ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠠᠷᠡᠳ ᠤᠨ ᠵᠠᠰᠠᠭ ᠤᠨ ᠣᠷᠳᠣᠨ ᠨᠢ ᠨᠢᠰᠭᠡᠯ ᠤᠨ ᠪᠠᠭᠤᠳᠡᠯ ᠤᠨ ᠠᠭᠠᠷ ᠴᠡᠪᠡᠷᠰᠢᠬᠦᠯᠬᠦ ᠬᠠᠮᠠᠭᠠᠯᠠᠯᠳᠡ ᠶᠢᠨ ᠣᠷᠣᠨ ᠪᠦᠰᠡ ᠶᠢᠨ ᠲᠣᠳᠣᠷᠡᠬᠢ ᠪᠦᠳᠦᠭᠡᠨ ᠪᠠᠶᠢᠭᠤᠯᠥᠯᠳᠡ ᠶᠢᠨ ᠳᠥᠷᠦᠯ ᠵᠦᠢᠯ ᠢ ᠬᠢᠨᠡᠨ ᠵᠦᠪᠰᠢᠶᠡᠷᠡᠬᠦ ᠳᠤ ᠣᠷᠣᠨ ᠨᠣᠳᠤᠭ ᠤᠨ ᠠᠷᠡᠳ ᠤᠨ ᠭᠡᠷᠡᠭᠯᠡᠬᠡᠨ ᠤ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠶᠢᠨ ᠰᠠᠨᠠᠯ ᠢ ᠪᠢᠴᠢᠭ ᠢᠶᠠᠷ ᠬᠤᠷᠢᠶᠡᠬᠤ ᠭᠡᠷᠡᠭᠳᠡᠢ᠃ ᠪᠦᠳᠦᠭᠡᠨ ᠪᠠᠶᠢᠭᠤᠯᠥᠯᠳᠡ ᠶᠢᠨ ᠳᠥᠷᠦᠯ ᠵᠦᠢᠯ ᠨᠢ ᠠᠵᠢᠯ ᠲᠠᠭᠤᠰᠣᠠᠠᠰᠠᠨ ᠤ ᠳᠡᠷᠠᠭ᠎ᠠ ᠠᠭᠠᠷ ᠴᠡᠪᠡᠷᠰᠢᠬᠦᠯᠬᠦ ᠠᠵᠢᠯ ᠳᠥᠷᠦᠯ ᠤᠨ ᠰᠢᠯᠭᠠᠨ ᠬᠤᠷᠢᠶᠠᠵᠦ ᠠᠪᠬᠤ ᠶᠢ ᠪᠦᠳᠦᠭᠡᠨ ᠪᠠᠶᠢᠭᠤᠯᠥᠯᠳᠡ ᠶᠢᠨ ᠳᠥᠷᠦᠯ ᠵᠦᠢᠯ ᠤᠨ ᠠᠵᠢᠯ ᠲᠠᠭᠤᠰᠴᠥ ᠰᠢᠯᠭᠠᠨ ᠬᠤᠷᠢᠶᠠᠵᠦ ᠠᠪᠬᠤ ᠳᠠᠰ ᠳᠡᠷᠡᠭᠠᠯᠠᠯ ᠳᠤ ᠣᠷᠣᠭᠤᠯᠬᠤ ᠭᠡᠷᠡᠭᠳᠡᠢ᠃     ᠭᠤᠴᠢᠨ ᠭᠤᠷᠪᠠᠳᠣᠭᠠᠷ ᠵᠦᠢᠯ  ᠨᠢᠰᠭᠡᠯ ᠤᠨ ᠪᠠᠭᠤᠳᠡᠯ ᠤᠨ ᠠᠭᠠᠷ ᠴᠡᠪᠡᠷᠰᠢᠬᠦᠯᠬᠦ ᠬᠠᠮᠠᠭᠠᠯᠠᠯᠳᠡ ᠶᠢᠨ ᠲᠤᠭᠤᠷᠢᠭ ᠤᠨ ᠲᠣᠳᠣᠷ᠎ᠠ ᠲᠣᠣᠷᠡᠬᠢ ᠮᠡᠳᠣ ᠠᠵᠢᠯᠯᠠᠭ᠎ᠠ ᠡᠷᠬᠢᠯᠡᠬᠦ ᠶᠢ ᠴᠠᠭᠠᠵᠠᠯᠠᠨ᠎ᠠ᠄      ︵ᠨᠢᠭᠡ︶ ᠶᠡᠭᠡ ᠬᠡᠮᠵᠢᠶᠡᠨ ᠤ ᠣᠳᠤᠭ᠎ᠠ ᠣᠨᠢᠶᠡᠷ᠂ ᠲᠤᠭᠤᠰᠦ ᠰᠢᠷᠦᠢ᠂ ᠳᠥᠯᠥ᠂ ᠪᠣᠬᠢᠷ ᠬᠡᠢ ᠵᠡᠷᠭᠡ ᠨᠢᠰᠦᠯᠳᠡ ᠶᠢᠨ ᠠᠮᠥᠷ ᠳᠥᠪᠰᠢᠨ ᠢ ᠨᠦᠯᠥᠭᠡᠯᠡᠬᠦ ᠪᠤᠳᠡᠰ ᠢ ᠭᠠᠳ᠋ᠬᠠᠰᠢᠯᠠᠭᠤᠯᠬᠤ︔      ︵ᠬᠤᠶᠡᠷ︶ ᠬᠠᠷᠪᠤᠯᠳᠡ ᠶᠢᠨ ᠳᠡᠯᠡᠪᠡᠢ᠂ ᠳᠡᠯᠪᠡᠷᠡᠯᠳᠡ ᠶᠡᠬᠡᠲᠡᠢ ᠪᠤᠳᠡᠰ ᠤᠨ ᠬᠦᠮᠦᠷᠭᠡ ᠵᠡᠷᠭᠡ ᠨᠢᠰᠦᠯᠳᠡ ᠶᠢᠨ ᠠᠮᠥᠷ ᠳᠥᠪᠰᠢᠨ ᠢ ᠨᠦᠯᠥᠭᠡᠯᠡᠬᠦ ᠪᠡᠷᠢᠯᠭ᠎ᠠ ᠪᠤᠶᠤ ᠪᠣᠰᠣᠳ ᠪᠡᠯᠡᠳᠭᠡᠮᠵᠢ ᠶᠢ ᠪᠠᠶᠢᠭᠤᠯᠬᠤ︔      ︵ᠭᠤᠷᠪᠡ︶ ᠨᠢᠰᠭᠡᠯ ᠤᠨ ᠪᠠᠭᠤᠳᠡᠯ ᠤᠨ ᠠᠭᠠᠷ ᠤᠨ ᠠᠶᠠᠯᠠᠯ ᠤᠨ ᠦᠵᠡᠵᠦ ᠬᠠᠷᠠᠬᠤ ᠶᠢᠨ ᠲᠣᠰᠠᠯᠠᠬᠤ ᠪᠡᠯᠡᠳᠭᠡᠮᠵᠢ ᠭᠡᠷᠡᠭᠯᠡᠬᠦ ᠪᠤᠶᠤ ᠨᠢᠰᠭᠡᠯᠴᠢᠨ ᠤ ᠬᠠᠷᠠᠭ᠎ᠠ ᠶᠢ ᠨᠦᠯᠥᠭᠡᠯᠡᠬᠦ ᠳ᠋ᠸᠡᠭ ᠤᠨ ᠭᠡᠷᠡᠯ᠂ ᠳᠡᠮᠳᠡᠭ ᠪᠤᠶᠤ ᠪᠤᠳᠡᠰ ᠢ ᠪᠠᠶᠢᠷᠢᠯᠠᠭᠤᠯᠬᠤ︔      ︵ᠳᠥᠷᠪᠡ︶ ᠨᠢᠰᠦᠯᠳᠡ ᠶᠢᠨ ᠠᠮᠥᠷ ᠳᠥᠪᠰᠢᠨ ᠢ ᠨᠦᠯᠥᠭᠡᠯᠡᠬᠦ ᠪᠤᠶᠤ ᠨᠢᠰᠭᠡᠯ ᠤᠨ ᠪᠠᠭᠤᠳᠡᠯ ᠤᠨ ᠠᠭᠠᠷ ᠤᠨ ᠠᠶᠠᠯᠠᠯ ᠤᠨ ᠲᠣᠰᠠᠯᠠᠬᠤ ᠪᠡᠯᠡᠳᠭᠡᠮᠵᠢ ᠶᠢ ᠨᠦᠯᠥᠭᠡᠯᠡᠬᠦ ᠣᠷᠭᠤᠮᠡᠯ ᠳᠡᠷᠢᠬᠤ︔      ︵ᠲᠠᠪᠤ︶ ᠨᠢᠰᠦᠯᠳᠡ ᠶᠢᠨ ᠠᠮᠥᠷ ᠳᠥᠪᠰᠢᠨ ᠢ ᠨᠦᠯᠥᠭᠡᠯᠡᠬᠦ ᠰᠢᠪᠠᠭᠤ ᠨᠢᠰᠭᠡᠬᠦ᠂ ᠠᠪᠡ ᠶᠢᠨ ᠬᠠᠷᠴᠠᠭᠠᠢ ᠨᠢᠰᠭᠡᠬᠦ᠂ ᠵᠢᠯᠥᠭᠤᠴᠢ ᠦᠭᠡᠢ ᠨᠢᠰᠭᠡᠯ᠂ ᠴᠢᠯᠥᠭᠡᠳᠡᠢ ᠭᠡᠶᠢᠳᠦ ᠪᠦᠮᠪᠦᠭᠡ᠂ ᠣᠶᠠᠭᠠᠳᠡᠢ ᠬᠡᠶᠢᠳᠦ ᠪᠦᠮᠪᠦᠭᠡ᠂ ᠭᠡᠶᠢᠳᠦ ᠣᠩᠭᠤᠴᠠ᠂ ᠬᠠᠯᠠᠭᠤᠨ ᠬᠡᠶᠢᠳᠦ ᠪᠦᠮᠪᠦᠭᠡ᠂ ᠬᠠᠯᠢᠨ ᠨᠢᠰᠦᠭᠦᠷ᠂ ᠬᠦᠳᠡᠯᠭᠡᠬᠦᠷᠳᠦ ᠰᠢᠬᠦᠷ᠂ ᠳᠡᠭᠳᠡᠬᠦᠷ ᠳ᠋ᠸᠡᠭᠯᠥ᠂ ᠴᠠᠭᠠᠨᠰᠥᠨ ᠰᠢᠪᠠᠭᠤ ᠪᠤᠯᠥᠨ ᠪᠣᠰᠣᠳ ᠳᠡᠭᠳᠡᠬᠦᠷ ᠪᠤᠳᠡᠰ ᠢ ᠨᠢᠰᠭᠡᠬᠦ︔      ︵ᠵᠢᠷᠭᠤᠭ᠎ᠠ︶ ᠶᠡᠭᠡ ᠭᠡᠮᠵᠢᠶᠡᠨ ᠤ ᠣᠳᠤᠭ᠎ᠠ ᠣᠨᠢᠶᠡᠷ ᠲᠠᠢ ᠳᠡᠷᠢᠮᠡᠯ ᠤᠨ ᠡᠰᠢ ᠰᠦᠷᠠᠯ᠂ ᠬᠤᠭ ᠨᠣᠪᠰᠢ ᠵᠡᠷᠭᠡ ᠪᠤᠳᠡᠰ ᠢ ᠰᠢᠳᠠᠭᠠᠬᠤ ᠪᠤᠶᠤ ᠬᠤᠸᠡᠷ ᠫᠤᠤᠵᠢᠩ ᠳᠡᠯᠪᠢᠬᠤ︔      ︵ᠲᠤᠯᠤᠭ᠎ᠠ︶ ᠨᠢᠰᠭᠡᠯ ᠤᠨ ᠪᠠᠭᠤᠳᠡᠯ ᠤᠨ ᠡᠷᠬᠢᠨ ᠲᠤᠭᠤᠷᠢᠨ ᠤ ᠭᠠᠳᠠᠨ᠎ᠠ 5 ᠮᠧᠲᠷ ᠤᠨ ᠬᠡᠪᠴᠢᠶᠡᠨ ᠲᠣᠳᠣᠷ᠎ᠠ᠂ ᠪᠡᠷᠢᠯᠭ᠎ᠠ ᠪᠡᠷᠢᠬᠤ᠂ ᠮᠣᠳᠣ ᠳᠡᠷᠢᠬᠤ ᠪᠤᠶᠤ ᠮᠡᠯᠳᠡᠵᠦ ᠠᠭᠤᠳᠡᠯᠠᠬᠤ ᠪᠠ ᠪᠤᠳᠡᠰ ᠣᠪᠣᠭᠠᠯᠠᠬᠤ ᠵᠡᠷᠭᠡ ᠨᠢᠰᠭᠡᠯ ᠤᠨ ᠪᠠᠭᠤᠳᠡᠯ ᠤᠨ ᠡᠵᠡᠩᠨᠡᠯᠳᠡ ᠶᠢᠨ ᠠᠮᠥᠷ ᠳᠥᠪᠰᠢᠨ ᠢ ᠨᠦᠯᠥᠭᠡᠯᠡᠬᠦ ᠠᠵᠢᠯᠯᠠᠭ᠎ᠠ ᠡᠷᠬᠢᠯᠡᠬᠦ︔      ︵ᠨᠠᠢᠮᠡ︶ ᠬᠤᠭ ᠨᠣᠪᠰᠢ ᠶᠢᠨ ᠵᠠᠳᠠᠭᠠᠢ ᠳᠡᠯᠡᠪᠡᠢ᠂ ᠠᠯᠠᠵᠥ ᠨᠢᠳᠣᠯᠬᠤ ᠳᠡᠯᠡᠪᠡᠢ᠂ ᠳᠡᠵᠢᠭᠡᠨ ᠦᠷᠡᠵᠢᠬᠦᠯᠬᠦ ᠳᠡᠯᠡᠪᠡᠢ ᠵᠡᠷᠭᠡ ᠳᠡᠯᠡᠪᠤᠷ ᠭᠠᠵᠡᠷ ᠢ ᠪᠠᠶᠢᠷᠢᠯᠠᠭᠤᠯᠬᠤ︔      ︵ᠶᠢᠰᠦ︶ ᠨᠢᠰᠭᠡᠯ ᠤᠨ ᠪᠠᠭᠤᠳᠡᠯ ᠤᠨ ᠭᠠᠵᠡᠷ ᠣᠷᠣᠨ ᠤ ᠣᠰᠥ ᠵᠠᠯᠠᠬᠤ᠂ ᠴᠢᠮᠡᠭᠡ ᠬᠤᠯᠪᠤᠭ᠎ᠠ᠂ ᠴᠠᠬᠢᠯᠭᠠᠨ ᠬᠠᠩᠭᠠᠬᠤ ᠵᠡᠷᠭᠡ ᠪᠡᠯᠡᠳᠭᠡᠮᠵᠢ ᠶᠢ ᠡᠵᠡᠯᠡᠬᠦ ᠪᠠ ᠡᠪᠳᠡᠬᠦ︔      ︵ᠠᠷᠪᠡ︶ ᠬᠠᠦᠯᠢ ᠴᠠᠭᠠᠵᠠ᠂ ᠬᠠᠤᠯᠢ ᠲᠣᠠᠠᠳᠠᠭᠠᠯ᠂ ᠳᠥᠷᠢᠮ ᠲᠣᠠᠠᠳᠠᠭᠠᠯ ᠳᠤ ᠲᠣᠠᠠᠳᠠᠭᠠᠠᠠᠰᠠᠨ ᠨᠢᠰᠭᠡᠯ ᠤᠨ ᠪᠠᠭᠤᠳᠡᠯ ᠤᠨ ᠠᠭᠠᠷ ᠴᠡᠪᠡᠷᠰᠢᠬᠦᠯᠬᠦ ᠬᠠᠮᠠᠭᠠᠯᠠᠯᠳᠡ ᠶᠢ ᠨᠦᠯᠥᠭᠡᠯᠡᠬᠦ ᠪᠣᠰᠣᠳ ᠠᠵᠢᠯᠯᠠᠭ᠎ᠠ᠃      ᠭᠤᠴᠢᠨ ᠳᠥᠷᠪᠡᠳᠣᠭᠡᠷ ᠵᠦᠢᠯ  ᠴᠠᠭ ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠨᠢ ᠬᠡᠶᠢᠳᠦ ᠪᠦᠮᠪᠦᠭᠡ ᠳᠡᠭᠳᠡᠭᠡᠬᠦ ᠠᠵᠢᠯᠯᠠᠭ᠎ᠠ ᠶᠢᠨ ᠬᠠᠮᠢᠶᠡᠷᠦᠯᠳᠡ ᠶᠢ ᠴᠢᠩᠭᠠᠳᠬᠠᠬᠤ ᠭᠡᠷᠡᠭᠳᠡᠢ᠃ ᠨᠢᠰᠦᠯᠳᠡ ᠶᠢᠨ ᠠᠮᠥᠷ ᠳᠥᠪᠰᠢᠨ ᠢ ᠨᠦᠯᠥᠭᠡᠯᠡᠵᠦ ᠮᠡᠳᠡᠬᠦ ᠴᠠᠭ ᠠᠭᠤᠷ ᠤᠨ ᠡᠷᠳᠡᠮ ᠰᠢᠨᠵᠢᠯᠡᠭᠡᠨ ᠤ ᠠᠭᠠᠷ ᠮᠠᠨᠳᠡᠯ ᠤᠨ ᠬᠡᠶᠢᠳᠦ ᠪᠦᠮᠪᠦᠭᠡ ᠳᠡᠭᠳᠡᠭᠡᠬᠦ ᠳᠤ᠂ ᠴᠠᠭ ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠨᠢ ᠳᠡᠭᠳᠡᠭᠡᠬᠦ ᠴᠠᠭ᠂ ᠭᠠᠵᠠᠷ ᠵᠡᠷᠭᠡ ᠠᠭᠤᠯᠭ᠎ᠠ ᠶᠢ ᠠᠭᠠᠷ ᠤᠨ ᠵᠠᠮ ᠬᠠᠷᠢᠯᠴᠠᠭ᠎ᠠ ᠶᠢᠨ ᠬᠠᠮᠢᠶᠡᠷᠦᠯᠳᠡ ᠶᠢᠨ ᠪᠠᠶᠢᠭᠤᠯᠥᠮᠵᠢ ᠪᠤᠯᠥᠨ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠯᠤᠭ᠎ᠠ ᠵᠦᠪᠳᠡᠯᠴᠡᠵᠦ᠂ ᠨᠢᠰᠦᠯᠳᠡ ᠶᠢᠨ ᠠᠮᠥᠷ ᠳᠥᠪᠰᠢᠨ ᠢ ᠦᠨᠡᠨᠬᠦ ᠪᠠᠳᠣᠯᠠᠬᠤ ᠭᠡᠷᠡᠭᠳᠡᠢ᠃      ᠭᠤᠴᠢᠨ ᠲᠠᠪᠤᠳᠣᠭᠠᠷ ᠵᠦᠢᠯ  ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠨᠢᠰᠭᠡᠯ ᠤᠨ ᠪᠠᠭᠤᠳᠡᠯ ᠤᠨ ᠠᠭᠠᠷ ᠴᠡᠪᠡᠷᠰᠢᠬᠦᠯᠬᠦ ᠶᠢᠨ ᠬᠢᠨᠡᠨ ᠪᠠᠶᠢᠴᠠᠭᠠᠯᠳᠡ ᠶᠢ ᠴᠢᠩᠭᠠᠳᠬᠠᠵᠦ᠂ ᠨᠢᠰᠭᠡᠯ ᠤᠨ ᠪᠠᠭᠤᠳᠡᠯ ᠤᠨ ᠠᠭᠠᠷ ᠴᠡᠪᠡᠷᠰᠢᠬᠦᠯᠬᠦ ᠬᠠᠮᠠᠭᠠᠯᠠᠯᠳᠡ ᠶᠢ ᠨᠦᠯᠥᠭᠡᠯᠡᠬᠦ ᠪᠠᠶᠢᠳᠡᠯ ᠢ ᠣᠯᠵᠤ ᠮᠡᠳᠡᠪᠡᠯ᠂ ᠳᠠᠷᠦ᠋ᠢᠬᠠᠨ ᠬᠤᠷᠢᠠᠠᠯᠠᠬᠤ ᠶᠢᠨ ᠬᠠᠮᠳᠣ᠂ ᠨᠢᠰᠭᠡᠯ ᠤᠨ ᠪᠠᠭᠤᠳᠡᠯ ᠤᠨ ᠪᠠᠶᠢᠭ᠎ᠠ ᠭᠠᠵᠡᠷ ᠤᠨ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠪᠢᠴᠢᠭ ᠢᠶᠠᠷ ᠮᠡᠳᠡᠬᠦᠯᠥᠯᠳᠡ ᠬᠢᠬᠦ ᠭᠡᠷᠡᠭᠳᠡᠢ᠃ ᠮᠡᠳᠡᠬᠦᠯᠥᠯᠳᠡ ᠶᠢ ᠬᠦᠯᠢᠶᠡᠨ ᠠᠪᠤᠠᠠᠰᠠᠨ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠴᠠᠭ ᠲᠣᠬᠠᠢ ᠳᠤᠨᠢ ᠪᠦᠳᠦᠮᠵᠢᠳᠡᠢ ᠠᠷᠭ᠎ᠠ ᠭᠡᠮᠵᠢᠶ᠎ᠠ ᠠᠪᠴᠥ ᠪᠠᠶᠢᠭᠠᠳ ᠨᠢᠰᠦᠯᠳᠡ ᠶᠢᠨ ᠠᠮᠥᠷ ᠳᠥᠪᠰᠢᠨ ᠤ ᠨᠦᠯᠥᠭᠡᠯᠡᠯ ᠢ ᠠᠷᠢᠯᠭᠠᠬᠤ ᠭᠡᠷᠡᠭᠳᠡᠢ᠃      ᠨᠢᠰᠭᠡᠯ ᠤᠨ ᠪᠠᠭᠤᠳᠡᠯ ᠤᠨ ᠦᠢᠷ᠎ᠠ ᠬᠠᠪᠢ ᠳᠤ ᠲᠤᠮᠥ ᠭᠡᠯᠪᠡᠷᠢ ᠶᠢᠨ ᠵᠡᠷ ᠮᠡᠳᠡᠭᠡ ᠪᠠ ᠭᠢᠯᠲᠠᠭᠠᠨᠠᠭᠤᠷ᠂ ᠭᠡᠷᠡᠯ ᠣᠶᠢᠯᠭᠠᠠᠠᠴᠢ ᠪᠡᠯᠡᠳᠭᠡᠮᠵᠢ ᠳᠥᠬᠦᠭᠡᠷᠦᠮᠵᠢ ᠪᠠᠶᠢᠭᠤᠯᠬᠤ ᠳᠤ᠂ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠶᠢᠨ ᠰᠠᠨᠠᠯ ᠢ ᠬᠤᠷᠢᠶᠠᠬᠤ ᠭᠡᠷᠡᠭᠳᠡᠢ᠃      ᠭᠤᠴᠢᠨ ᠵᠢᠷᠭᠤᠳᠣᠭᠠᠷ ᠵᠦᠢᠯ  ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠨᠢᠰᠦᠯᠳᠡ ᠶᠢᠨ ᠠᠮᠥᠷ ᠳᠥᠪᠰᠢᠨ ᠢ ᠨᠦᠯᠥᠭᠡᠯᠡᠬᠦ ᠰᠢᠪᠠᠭᠤᠨ ᠳᠥᠷᠦᠯ ᠤᠨ ᠠᠵᠢᠯᠯᠠᠭ᠎ᠠ ᠶᠢ ᠬᠢᠨᠡᠨ ᠰᠢᠨᠵᠢᠵᠦ᠂ ᠰᠢᠪᠠᠭᠤ ᠶᠢᠨ ᠬᠦᠨᠦᠭᠡᠯ ᠢ ᠰᠡᠷᠭᠡᠶᠢᠯᠡᠨ ᠵᠠᠰᠠᠬᠤ ᠲᠦᠰᠦᠪᠯᠡᠯ ᠢ ᠲᠣᠠᠠᠳᠠᠭᠠᠨ᠂ ᠲᠣᠰᠬᠠᠢ ᠲᠣᠰᠢᠶᠡᠯᠳᠦ ᠠᠵᠢᠯᠳᠡᠨ ᠲᠣᠬᠢᠷᠡᠭᠤᠯᠵᠦ᠂ ᠪᠦᠳᠦᠮᠵᠢᠳᠡᠢ ᠠᠷᠭ᠎ᠠ ᠭᠡᠮᠵᠢᠶ᠎ᠠ ᠠᠪᠴᠥ ᠪᠠᠶᠢᠭᠠᠳ ᠰᠢᠪᠠᠭᠤᠨ ᠤ ᠬᠦᠨᠦᠬᠡᠯ ᠢ ᠰᠡᠷᠭᠡᠶᠢᠯᠡᠨ ᠵᠠᠰᠠᠬᠤ ᠭᠡᠷᠡᠭᠳᠡᠢ︔ ᠨᠢᠰᠭᠡᠯ ᠤᠨ ᠪᠠᠭᠤᠳᠡᠯ ᠤᠨ ᠡᠷᠬᠢᠨ ᠲᠤᠭᠤᠷᠢᠨ ᠳᠤ ᠣᠷᠣᠠᠠᠰᠠᠨ ᠵᠢᠬᠦᠷᠳᠡᠨ ᠢ ᠠᠶᠤᠯᠭᠠᠨ ᠬᠦᠬᠡᠬᠡᠬᠦ ᠵᠡᠷᠭᠡ ᠪᠦᠳᠦᠮᠵᠢᠳᠡᠢ ᠠᠷᠭ᠎ᠠ ᠭᠡᠮᠵᠢᠶ᠎ᠠ ᠪᠠᠷ ᠰᠢᠢᠳᠪᠦᠷᠢᠯᠡᠵᠦ ᠪᠤᠯᠥᠨ᠎ᠠ᠃      ᠭᠤᠴᠢᠨ ᠲᠣᠯᠥᠳᠣᠭᠠᠷ ᠵᠦᠢᠯ  ᠨᠢᠰᠭᠡᠯ ᠤᠨ ᠪᠠᠭᠤᠳᠡᠯ ᠤᠨ ᠪᠠᠶᠢᠭ᠎ᠠ ᠭᠠᠵᠡᠷ ᠤᠨ ᠷᠡᠳᠢᠤ᠋ ᠶᠢᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠭᠠᠵᠡᠷ ᠣᠷᠣᠨ ᠤ ᠠᠷᠡᠳ ᠤᠨ ᠭᠡᠷᠡᠭᠯᠡᠬᠡᠨ ᠤ ᠠᠭᠠᠷ ᠤᠨ ᠠᠶᠠᠯᠠᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠲᠠᠢ ᠬᠠᠮᠲᠤᠷᠠᠨ ᠣᠯᠥᠰ ᠤᠨ ᠷᠡᠳᠢᠤ᠋ ᠶᠢᠨ ᠬᠠᠮᠢᠶᠡᠷᠦᠯᠳᠡ ᠶᠢᠨ ᠬᠤᠯᠪᠤᠠᠠᠳᠡᠯ ᠪᠦᠬᠦᠢ ᠲᠣᠠᠠᠳᠠᠭᠠᠯ ᠪᠠ ᠪᠡᠷᠢᠮᠵᠢᠶ᠎ᠠ ᠶᠣᠰᠣᠭᠠᠷ ᠨᠢᠰᠭᠡᠯ ᠤᠨ ᠪᠠᠭᠤᠳᠡᠯ ᠤᠨ ᠴᠠᠬᠢᠯᠭᠠᠨ ᠰᠣᠷᠢᠨᠵᠢᠨ ᠤ ᠣᠷᠴᠢᠨ ᠲᠤᠭᠤᠷᠢᠨ ᠤ ᠬᠠᠮᠠᠭᠠᠯᠠᠯᠳᠡ ᠶᠢᠨ ᠣᠷᠣᠨ ᠪᠦᠰᠡ ᠶᠢ ᠲᠣᠠᠠᠳᠠᠭᠠᠬᠤ ᠶᠢᠨ ᠬᠠᠮᠳᠣ᠂ ᠨᠡᠶᠢᠭᠡᠮ ᠨᠡᠶᠢᠲᠡ ᠳᠤ ᠨᠡᠶᠢᠳᠡᠯᠡᠬᠦ ᠭᠡᠷᠡᠭᠳᠡᠢ᠃      ᠭᠤᠴᠢᠨ ᠨᠠᠢᠮᠠᠳᠣᠭᠠᠷ ᠵᠦᠢᠯ  ᠨᠢᠰᠭᠡᠯ ᠤᠨ ᠪᠠᠭᠤᠳᠡᠯ ᠤᠨ ᠴᠠᠬᠢᠯᠭᠠᠨ ᠰᠣᠷᠢᠨᠵᠢᠨ ᠤ ᠣᠷᠴᠢᠨ ᠲᠤᠭᠤᠷᠢᠨ ᠤ ᠬᠠᠮᠠᠭᠠᠯᠠᠯᠳᠡ ᠶᠢᠨ ᠣᠷᠣᠨ ᠪᠦᠰᠡ ᠶᠢᠨ ᠳᠣᠳᠣᠷ᠎ᠠ ᠠᠷᠡᠳ ᠤᠨ ᠭᠡᠷᠡᠭᠯᠡᠭᠡᠨ ᠤ ᠠᠭᠠᠷ ᠤᠨ ᠠᠶᠠᠯᠠᠯ ᠤᠨ ᠪᠣᠰᠥ ᠷᠡᠳᠢᠤ᠋ ᠬᠤᠷᠢᠶ᠎ᠠ ︵ᠦᠷᠲᠡᠭᠡ︶᠎ ᠶᠢ ᠪᠠᠶᠢᠷᠢᠯᠠᠭᠤᠯᠵᠦ ᠭᠡᠷᠡᠭᠯᠡᠭᠰᠡᠨ ᠪᠠᠶᠢᠪᠠᠯ᠂ ᠷᠡᠳᠢᠤ᠋ ᠶᠢᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠭᠠᠵᠡᠷ ᠣᠷᠣᠨ ᠤ ᠠᠷᠡᠳ ᠤᠨ ᠭᠡᠷᠡᠭᠯᠡᠬᠡᠨ ᠤ ᠠᠭᠠᠷ ᠤᠨ ᠠᠶᠠᠯᠠᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠶᠢᠨ ᠰᠠᠨᠠᠯ ᠢ ᠬᠤᠷᠢᠶ᠋ᠬᠠᠰᠠᠨ ᠤ ᠳᠡᠷᠠᠭ᠎ᠠ᠂ ᠣᠯᠥᠰ ᠤᠨ ᠷᠡᠳᠢᠤ᠋ ᠶᠢᠨ ᠬᠠᠮᠢᠶᠡᠷᠦᠯᠳᠡ ᠶᠢᠨ ᠬᠤᠯᠪᠤᠠᠠᠳᠡᠯ ᠪᠦᠬᠦᠢ ᠲᠣᠠᠠᠳᠠᠭᠠᠯ ᠶᠣᠰᠣᠭᠠᠷ ᠬᠢᠨᠡᠨ ᠵᠦᠪᠰᠢᠶᠡᠷᠡᠬᠦ ᠭᠡᠷᠡᠭᠳᠡᠢ᠃      ᠭᠤᠴᠢ ᠶᠢᠰᠦᠳᠣᠭᠡᠷ ᠵᠦᠢᠯ  ᠠᠷᠡᠳ ᠤᠨ ᠭᠡᠷᠡᠭᠯᠡᠭᠡᠨ ᠤ ᠠᠭᠠᠷ ᠤᠨ ᠠᠶᠠᠯᠠᠯ ᠤᠨ ᠪᠣᠰᠥ ᠷᠡᠳᠢᠤ᠋ ᠬᠤᠷᠢᠶ᠎ᠠ ︵ᠦᠷᠲᠡᠭᠡ︶᠎ ᠶᠢᠨ ᠴᠠᠬᠢᠯᠭᠠᠨ ᠰᠣᠷᠢᠨᠵᠢᠨ ᠤ ᠣᠷᠴᠢᠨ ᠲᠤᠭᠤᠷᠢᠨ ᠤ ᠬᠠᠮᠠᠭᠠᠯᠠᠯᠳᠡ ᠶᠢᠨ ᠲᠤᠭᠤᠷᠢᠭ ᠤᠨ ᠣᠷᠣᠨ ᠪᠦᠰᠡ ᠶᠢᠨ ᠳᠣᠳᠣᠷ᠎ᠠ᠂ ᠲᠣᠣᠷᠡᠬᠢ ᠮᠡᠳᠣ ᠨᠢᠰᠭᠡᠯ ᠤᠨ ᠪᠠᠭᠤᠳᠡᠯ ᠤᠨ ᠴᠠᠬᠢᠯᠭᠠᠨ ᠰᠣᠷᠢᠨᠵᠢᠨ ᠤ ᠣᠷᠴᠢᠨ ᠲᠣᠭᠤᠷᠢᠨ ᠢ ᠨᠦᠯᠥᠭᠡᠯᠡᠬᠦ ᠠᠵᠢᠯᠯᠠᠭ᠎ᠠ ᠡᠷᠬᠢᠯᠡᠬᠦ ᠶᠢ ᠴᠠᠭᠠᠵᠠᠯᠠᠨ᠎ᠠ᠄      ︵ᠨᠢᠭᠡ︶ ᠳᠡᠬᠦᠵᠢᠯᠡᠬᠦᠷ ᠦᠨᠳᠣᠷ ᠬᠦᠴᠦᠳᠡᠯᠲᠦ ᠴᠠᠬᠢᠯᠭᠠᠨ ᠳᠠᠮᠵᠢᠭᠤᠯᠬᠤ ᠣᠳᠠᠰᠣ᠂ ᠳᠡᠬᠦᠵᠢᠯᠡᠬᠦᠷ ᠳᠡᠮᠦᠷᠯᠢᠭ ᠣᠳᠠᠰᠣ᠂ ᠳᠡᠮᠥᠷ ᠵᠠᠮ᠂ ᠵᠠᠰᠠᠮᠠᠯ ᠵᠠᠮ᠂ ᠴᠠᠬᠢᠯᠭᠠᠨ ᠬᠦᠴᠣᠨ ᠤ ᠣᠰᠣᠯᠠᠯᠳᠡ ᠶᠢᠨ ᠦᠷᠲᠡᠭᠡ ᠪᠠᠶᠢᠭᠤᠯᠬᠤ︔      ︵ᠬᠤᠶᠡᠷ︶ ᠳᠡᠮᠦᠷᠯᠢᠭ ᠪᠤᠳᠡᠰ ᠣᠪᠣᠭᠠᠯᠠᠵᠦ ᠳᠡᠯᠪᠢᠬᠤ︔      ︵ᠭᠤᠷᠪᠡ︶ ᠦᠨᠳᠣᠷ ᠤᠷᠭᠤᠬᠤ ᠣᠷᠭᠤᠮᠠᠯ ᠳᠡᠷᠢᠬᠤ︔      ︵ᠳᠥᠷᠪᠡ︶ ᠰᠢᠷᠦᠢ᠂ ᠬᠠᠶᠢᠷ᠂ ᠴᠢᠯᠠᠭᠤ ᠮᠠᠯᠳᠡᠬᠤ ᠵᠡᠷᠭᠡ ᠭᠠᠵᠡᠷ ᠤᠨ ᠪᠠᠶᠢᠴᠠ ᠪᠠ ᠭᠠᠳᠡᠷᠭᠤ ᠶᠢ ᠬᠤᠪᠢᠷᠡᠭᠤᠯᠬᠤ ᠠᠵᠢᠯᠯᠠᠭ᠎ᠠ ᠡᠷᠬᠢᠯᠡᠬᠦ︔      ︵ᠲᠠᠪᠤ︶ ᠨᠢᠰᠭᠡᠯ ᠤᠨ ᠪᠠᠭᠤᠳᠡᠯ ᠤᠨ ᠴᠠᠬᠢᠯᠭᠠᠨ ᠰᠣᠷᠢᠨᠵᠢᠨ ᠤ ᠣᠷᠴᠢᠨ ᠲᠤᠭᠤᠷᠢᠨ ᠢ ᠨᠥᠯᠥᠭᠡᠯᠡᠬᠦ ᠪᠡᠷᠢᠯᠭ᠎ᠠ ᠪᠤᠶᠤ ᠪᠡᠯᠡᠳᠭᠡᠮᠵᠢ ᠶᠢ ᠪᠠᠶᠢᠭᠤᠯᠬᠤ︔      ︵ᠵᠢᠷᠭᠤᠭ᠎ᠠ︶ ᠬᠠᠦᠯᠢ ᠴᠠᠭᠠᠵᠠ᠂ ᠬᠠᠦᠯᠢ ᠲᠣᠠᠠᠳᠠᠭᠠᠯ ᠳᠤ ᠲᠣᠠᠠᠳᠠᠭᠠᠠᠠᠰᠠᠨ ᠪᠣᠰᠣᠳ ᠨᠢᠰᠭᠡᠯ ᠤᠨ ᠪᠠᠭᠤᠳᠡᠯ ᠤᠨ ᠴᠠᠬᠢᠯᠭᠠᠨ ᠰᠣᠷᠢᠨᠵᠢᠨ ᠤ ᠣᠷᠴᠢᠨ ᠲᠤᠭᠤᠷᠢᠨ ᠢ ᠨᠦᠯᠥᠭᠡᠯᠡᠬᠦ ᠠᠵᠢᠯᠯᠠᠭ᠎ᠠ᠃      ᠳᠥᠴᠢᠳᠣᠭᠡᠷ ᠵᠦᠢᠯ  ᠶᠠᠮᠠᠷᠪᠡ ᠨᠢᠭᠡᠴᠡ ᠪᠤᠶᠤ ᠬᠤᠪᠢ ᠬᠦᠮᠦᠨ ᠤ ᠭᠡᠷᠡᠭᠯᠡᠭᠰᠡᠨ ᠷᠡᠳᠢᠤ᠋ ᠬᠤᠷᠢᠶ᠎ᠠ ︵ᠦᠷᠲᠡᠭᠡ︶ ᠪᠤᠯᠥᠨ ᠪᠣᠰᠣᠳ ᠭᠡᠮᠵᠢᠬᠦᠷᠯᠢᠭ᠂ ᠳᠥᠬᠦᠭᠡᠷᠦᠮᠵᠢ ᠨᠢ ᠠᠷᠡᠳ ᠤᠨ ᠭᠡᠷᠡᠭᠯᠡᠬᠡᠨ ᠤ ᠠᠭᠠᠷ ᠤᠨ ᠠᠶᠠᠯᠠᠯ ᠤᠨ ᠷᠡᠳᠢᠤ᠋ ᠶᠢᠨ ᠲᠣᠰᠬᠠᠢ ᠭᠡᠷᠡᠭᠯᠡᠬᠦ ᠳᠡᠪᠳᠡᠮᠵᠢ ᠶᠢᠨ ᠬᠡᠪ ᠤᠨ ᠭᠡᠷᠡᠭᠯᠡᠯᠳᠡ ᠳᠤ ᠬᠠᠷᠰᠢᠯᠠᠯ ᠣᠴᠠᠷᠡᠭᠤᠯᠵᠦ ᠪᠤᠯᠬᠤ ᠦᠭᠡᠢ᠃      ᠳᠥᠴᠢᠨ ᠨᠢᠭᠡᠳᠣᠭᠡᠷ ᠵᠦᠢᠯ  ᠠᠷᠠᠳ ᠤᠨ ᠠᠭᠠᠷ ᠤᠨ ᠠᠶᠠᠯᠠᠯ ᠤᠨ ᠷᠡᠳᠢᠤ᠋ ᠶᠢᠨ ᠲᠣᠰᠬᠠᠢ ᠭᠡᠷᠡᠭᠯᠡᠬᠦ ᠳᠡᠪᠳᠡᠮᠵᠢ ᠨᠢ ᠬᠠᠷᠰᠢᠯᠠᠯ ᠳᠤ ᠣᠴᠠᠷᠡᠬᠤ ᠦᠶᠡᠰ᠂ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠳᠠᠷᠠᠭᠠᠯᠠᠨ ᠪᠠᠶᠢᠴᠠᠭᠠᠬᠤ ᠠᠷᠭ᠎ᠠ ᠭᠡᠮᠵᠢᠶ᠎ᠠ ᠠᠪᠴᠥ᠂ ᠴᠠᠭ ᠲᠣᠬᠠᠢ ᠳᠤᠨᠢ ᠠᠷᠢᠯᠭᠠᠬᠤ ᠭᠡᠷᠡᠭᠳᠡᠢ︔ ᠴᠠᠭ ᠲᠣᠬᠠᠢ ᠳᠤᠨᠢ ᠠᠷᠢᠯᠭᠠᠬᠤ ᠶᠢᠨ ᠠᠷᠭ᠎ᠠ ᠦᠭᠡᠢ ᠪᠠᠶᠢᠪᠠᠯ᠂ ᠳᠠᠷᠦ᠋ᠢᠬᠠᠨ ᠨᠢᠰᠭᠡᠯ ᠤᠨ ᠪᠠᠭᠤᠳᠡᠯ ᠤᠨ ᠪᠠᠶᠢᠭ᠎ᠠ ᠭᠠᠵᠡᠷ ᠤᠨ ᠷᠡᠳᠢᠤ᠋ ᠶᠢᠨ ᠬᠠᠮᠢᠶᠡᠷᠦᠯᠳᠡ ᠶᠢᠨ ᠪᠠᠶᠢᠭᠤᠯᠥᠮᠵᠢ ᠳᠤ ᠮᠡᠳᠡᠭᠦᠯᠬᠦ ᠭᠡᠷᠡᠭᠳᠡᠢ᠃ ᠮᠡᠳᠡᠭᠦᠯᠦᠭᠰᠡᠨ ᠢ ᠬᠦᠯᠢᠶᠡᠨ ᠠᠪᠤᠠᠠᠰᠠᠨ ᠷᠡᠳᠢᠤ᠋ ᠶᠢᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠠᠷᠭ᠎ᠠ ᠭᠡᠮᠵᠢᠶ᠎ᠠ ᠠᠪᠴᠥ ᠪᠠᠶᠢᠭᠠᠳ᠂ ᠬᠠᠦᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠭᠡᠷᠡᠭᠳᠡᠢ᠃      ᠳᠥᠴᠢᠨ ᠬᠤᠶᠠᠳᠣᠭᠠᠷ ᠵᠦᠢᠯ ᠨᠢᠰᠭᠡᠯ ᠤᠨ ᠪᠠᠭᠤᠳᠡᠯ ᠤᠨ ᠪᠠᠶᠢᠭ᠎ᠠ ᠭᠠᠵᠡᠷ ᠤᠨ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠨᠢᠰᠭᠡᠯ ᠤᠨ ᠪᠠᠭᠤᠳᠡᠯ ᠤᠨ ᠡᠷᠭᠢᠨ ᠲᠣᠭᠤᠷᠢᠨ ᠤ ᠭᠠᠵᠡᠷ ᠣᠷᠣᠨ ᠤ ᠭᠠᠵᠡᠷ ᠰᠢᠷᠤᠢ ᠶᠢ ᠠᠰᠢᠠᠠᠯᠠᠬᠤ ᠶᠡᠷᠦᠩᠭᠡᠢ ᠳᠥᠯᠥᠪᠵᠢᠬᠦᠯᠬᠡ ᠪᠠ ᠬᠤᠳᠡ ᠬᠦᠳᠡᠭᠡ ᠶᠢᠨ ᠳᠥᠯᠥᠪᠵᠢᠬᠦᠯᠬᠡ ᠲᠣᠠᠠᠳᠠᠭᠠᠬᠤ ᠳᠤ᠂ ᠠᠷᠡᠳ ᠤᠨ ᠭᠡᠷᠡᠭᠯᠡᠬᠡᠨ ᠤ ᠠᠭᠠᠷ ᠤᠨ ᠨᠢᠰᠦᠬᠦᠷ ᠤᠨ ᠱᠤᠥᠬᠢᠶᠡᠨ ᠤ ᠨᠢᠰᠭᠡᠯ ᠤᠨ ᠪᠠᠭᠤᠳᠡᠯ ᠤᠨ ᠡᠷᠬᠢᠨ ᠲᠣᠭᠤᠷᠢᠨ ᠤ ᠭᠠᠵᠡᠷ ᠣᠷᠣᠨ ᠳᠠᠬᠢ ᠨᠦᠯᠥᠭᠡᠯᠡᠯ ᠢ ᠬᠦᠢᠴᠡᠳ ᠪᠤᠳᠦᠯᠬᠢᠯᠡᠵᠦ᠂ ᠱᠣᠣᠬᠢᠶᠡᠨ ᠲᠠᠢ ᠣᠷᠴᠢᠨ ᠲᠤᠭᠤᠷᠢᠨ ᠤ ᠶᠠᠰᠣ ᠴᠢᠨᠡᠷ ᠤᠨ ᠲᠤᠬᠠᠢ ᠣᠯᠥᠰ ᠤᠨ ᠬᠤᠯᠪᠤᠠᠠᠳᠡᠯ ᠪᠦᠬᠦᠢ ᠪᠡᠷᠢᠮᠵᠢᠶ᠎ᠠ ᠳᠤ ᠨᠡᠶᠢᠴᠡᠬᠦᠯᠬᠦ ᠭᠡᠷᠡᠭᠳᠡᠢ᠃      ᠱᠤᠤᠬᠢᠶᠡᠨ ᠤ ᠨᠦᠯᠥᠭᠡᠯᠡᠯ ᠤᠨ ᠬᠦᠷᠢᠶ᠎ᠠ ᠭᠡᠪᠴᠢᠶ᠎ᠠ ᠶᠢᠨ ᠳᠣᠳᠣᠷ᠎ᠠ᠂ ᠱᠤᠤᠬᠢᠶᠡᠨ ᠳᠤ ᠰᠡᠷᠬᠡᠭ ᠪᠡᠷᠢᠯᠭ᠎ᠠ ᠶᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠶᠢ ᠬᠢᠵᠠᠭᠠᠷᠯᠠᠨ᠎ᠠ᠃ ᠵᠦᠪᠰᠢᠶᠡᠷᠡᠯ ᠢᠶᠠᠷ ᠳᠡᠮᠵᠢᠨ ᠨᠢᠰᠭᠡᠯ ᠤᠨ ᠪᠠᠭᠤᠳᠡᠯ ᠤᠨ ᠭᠠᠵᠡᠷ ᠣᠷᠣᠨ ᠤ ᠱᠤᠤᠬᠢᠶᠡᠨ ᠤ ᠨᠦᠯᠥᠭᠡᠯᠡᠯ ᠤᠨ ᠬᠦᠷᠢᠶ᠎ᠠ ᠭᠡᠪᠴᠢᠶ᠎ᠠ ᠶᠢᠨ ᠳᠣᠳᠣᠷ᠎ᠠ ᠱᠤᠤᠬᠢᠶᠡᠨ ᠳᠤ ᠰᠡᠷᠬᠡᠭ ᠪᠠᠷᠢᠯᠭ᠎ᠠ ᠪᠠᠶᠢᠭᠤᠯᠥᠠᠠᠰᠠᠨ ᠪᠠᠶᠢᠪᠠᠯ᠂ ᠪᠦᠳᠦᠭᠡᠨ ᠪᠠᠶᠢᠭᠤᠯᠥᠯᠳᠡ ᠶᠢᠨ ᠨᠢᠭᠡᠴᠡ ᠨᠢ ᠱᠤᠤᠬᠢᠶᠡᠨ ᠤ ᠨᠦᠯᠥᠭᠡᠯᠡᠯ ᠢ ᠪᠠᠭᠠᠰᠬᠠᠬᠤ᠂ ᠵᠠᠶᠢᠯᠠᠰᠬᠢᠬᠦᠯᠬᠦ ᠠᠷᠭ᠎ᠠ ᠭᠡᠮᠵᠢᠶ᠎ᠠ ᠠᠪᠬᠤ ᠭᠡᠷᠡᠭᠳᠡᠢ᠃     ᠳᠥᠴᠢᠨ ᠭᠤᠷᠪᠠᠳᠣᠭᠠᠷ ᠵᠦᠢᠯ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠠᠭᠠᠷ ᠤᠨ ᠨᠢᠰᠦᠬᠦᠷ ᠤᠨ ᠱᠤᠤᠬᠢᠶᠡᠨ ᠳᠤ ᠬᠢᠨᠡᠨ ᠰᠢᠨᠵᠢᠯᠲᠡ ᠭᠡᠷᠡᠭᠵᠢᠬᠦᠯᠬᠦ ᠶᠢᠨ ᠬᠠᠮᠳᠣ᠂ ᠠᠭᠠᠷ ᠤᠨ ᠠᠶᠠᠯᠠᠯ ᠤᠨ ᠵᠦᠭᠡᠭᠡᠪᠦᠷᠢ ᠶᠢᠨ ᠠᠵᠦ ᠠᠬᠤᠶᠢᠯᠠᠯ᠂ ᠠᠭᠠᠷ ᠤᠨ ᠵᠠᠮ ᠬᠠᠷᠢᠯᠴᠠᠭ᠎ᠠ ᠶᠢᠨ ᠬᠠᠮᠢᠶᠡᠷᠦᠯᠳᠡ ᠶᠢᠨ ᠪᠠᠶᠢᠭᠤᠯᠥᠮᠵᠢ ᠵᠡᠷᠭᠡ ᠨᠢᠭᠡᠴᠡ ᠲᠠᠢ ᠬᠠᠮᠲᠤᠷᠠᠨ ᠠᠷᠭ᠎ᠠ ᠭᠡᠮᠵᠢᠶ᠎ᠠ ᠠᠪᠴᠥ ᠪᠠᠶᠢᠭᠠᠳ᠂ ᠠᠭᠠᠷ ᠤᠨ ᠨᠢᠰᠦᠬᠦᠷ ᠤᠨ ᠱᠤᠤᠬᠢᠶᠡᠨ ᠤ ᠣᠶᠢᠷ᠎ᠠ ᠣᠷᠴᠢᠮ ᠤᠨ ᠣᠷᠴᠢᠨ ᠲᠤᠭᠤᠷᠢᠨ ᠳᠠᠬᠢ ᠪᠣᠬᠢᠷᠳᠦᠯ ᠢ ᠬᠢᠵᠠᠭᠠᠷᠯᠠᠬᠤ ᠭᠡᠷᠡᠭᠳᠡᠢ᠃      ᠲᠠᠪᠤᠳᠣᠭᠠᠷ ᠪᠦᠯᠥᠭ    ᠣᠯᠡᠨ ᠨᠡᠶᠢᠲᠡ ᠶᠢᠨ ᠡᠮᠬᠢ ᠳᠢᠭᠯᠢᠮ ᠤᠨ ᠬᠠᠮᠢᠶᠡᠷᠦᠯᠳᠡ       ᠳᠥᠴᠢᠨ ᠳᠥᠷᠪᠡᠳᠣᠭᠡᠷ ᠵᠦᠢᠯ  ᠨᠢᠰᠭᠡᠯ ᠤᠨ ᠪᠠᠭᠤᠳᠡᠯ ᠤᠨ ᠭᠠᠵᠡᠷ ᠣᠷᠣᠨ ᠤ ᠬᠡᠪᠴᠢᠶᠡᠨ ᠳᠤ ᠣᠷᠣᠵᠦ ᠡᠵᠡᠩᠨᠡᠯᠳᠡ ᠬᠢᠵᠦ ᠪᠦᠬᠦᠢ ᠳᠡᠷᠬᠡ ᠬᠦᠰᠬᠡ ᠨᠢ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠶᠢᠨ ᠬᠠᠮᠢᠶᠡᠷᠦᠯᠳᠡ ᠶᠢ ᠳᠠᠭᠠᠵᠦ᠂ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠡᠮᠬᠢ ᠳᠢᠭᠯᠢᠮ ᠢ ᠵᠢᠷᠣᠮᠯᠠᠨ ᠰᠠᠬᠢᠬᠤ ᠭᠡᠷᠡᠭᠳᠡᠢ᠃      ᠳᠥᠴᠢᠨ ᠲᠠᠪᠤᠳᠣᠭᠠᠷ ᠵᠦᠢᠯ  ᠳᠥᠷᠢᠶᠡᠰᠦᠨ ᠮᠡᠰᠢᠨ ᠳᠡᠷᠬᠡ ᠶᠢᠨ ᠵᠢᠯᠥᠭᠤᠴᠢ ᠨᠢ ᠠᠶᠠᠨᠴᠢᠨ ᠤ ᠲᠡᠬᠡᠬᠡᠪᠦᠷᠢ ᠶᠢᠨ ᠦᠢᠯᠡᠴᠢᠯᠡᠭᠡᠨ ᠤ ᠵᠢᠷᠤᠮᠵᠢᠯ ᠢ ᠵᠢᠷᠣᠮᠯᠠᠨ ᠰᠠᠬᠢᠵᠦ᠂ ᠬᠠᠮᠢᠶ᠎ᠠ ᠪᠦᠬᠦᠢ ᠬᠢᠷᠢ ᠭᠡᠮ ᠤᠨ ᠦᠨᠡᠮᠯᠠᠯ ᠢᠶᠠᠨ ᠪᠦᠬᠦᠨ ᠢ ᠠᠪᠴᠥ ᠪᠠᠶᠢᠭᠠᠳ ᠡᠵᠡᠩᠨᠡᠯᠳᠡ ᠬᠢᠵᠦ᠂ ᠣᠯᠥᠰ ᠤᠨ ᠬᠤᠯᠪᠤᠠᠠᠳᠡᠯ ᠪᠦᠬᠦᠢ ᠲᠣᠠᠠᠳᠠᠭᠠᠯ ᠶᠣᠰᠣᠭᠠᠷ ᠣᠷᠥᠢ ᠶᠢᠨ ᠳ᠋ᠸᠡᠭ᠂ ᠦᠨ᠎ᠠ ᠪᠤᠳᠣᠬᠤ ᠮᠠᠰᠢᠨ ᠵᠡᠷᠭᠡ ᠠᠶᠠᠨᠴᠢᠨ ᠤ ᠲᠡᠭᠡᠭᠡᠪᠦᠷᠢ ᠶᠢᠨ ᠦᠢᠯᠡᠴᠢᠯᠡᠬᠡᠨ ᠤ ᠪᠡᠯᠡᠳᠭᠡᠮᠵᠢ ᠶᠢ ᠭᠡᠷᠡᠭᠯᠡᠵᠦ᠂ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠶᠢᠨ ᠲᠣᠠᠠᠳᠠᠭᠠᠠᠠᠰᠠᠨ ᠣᠷᠣᠨ ᠪᠦᠰᠡ ᠳᠤ ᠣᠶᠢᠷᠡᠳᠣᠨ ᠵᠣᠭᠰᠤᠬᠤ᠂ ᠠᠶᠠᠨᠴᠢᠨ ᠬᠦᠯᠢᠶᠡᠬᠦ ᠪᠠ ᠠᠶᠠᠨᠴᠢᠨ ᠲᠡᠬᠡᠬᠡᠵᠦ᠂ ᠵᠦᠢ ᠶᠣᠰᠣᠨ ᠤ ᠵᠠᠮ ᠱᠣᠭᠤᠮ ᠢᠶᠠᠷ ᠨᠢ ᠶᠠᠪᠤᠵᠦ᠂ ᠠᠶᠠᠨᠴᠢᠨ ᠢ ᠲᠡᠬᠡᠬᠡᠬᠦ ᠦᠭᠡᠢ ᠪᠠᠶᠢᠵᠦ ᠪᠤᠯᠬᠤ ᠦᠭᠡᠢ᠃ ᠲᠡᠭᠡᠭᠡᠪᠦᠷᠢ ᠶᠢᠨ ᠡᠵᠡᠩᠨᠡᠯᠳᠡ ᠶᠢᠨ ᠳᠥᠷᠢᠶᠡᠰᠦᠨ ᠮᠠᠰᠢᠨ ᠳᠡᠷᠬᠡ ᠨᠢ ᠦᠪᠡᠷᠳᠡᠭᠡᠨ ᠵᠠᠰᠠᠬᠤ ᠣᠷᠣᠨ ᠤ ᠨᠢᠭᠡᠳᠦᠯᠳᠡᠢ ᠰᠦᠢᠳᠭᠡᠯ ᠬᠤᠷᠢᠶᠡᠬᠤ ᠪᠡᠷᠢᠮᠵᠢᠶ᠎ᠠ ᠶᠢ ᠭᠡᠷᠡᠭᠵᠢᠬᠦᠯᠬᠦ ᠶᠢᠨ ᠬᠠᠮᠳᠣ ᠬᠠᠦᠯᠢ ᠳᠤ ᠨᠡᠶᠢᠴᠡᠬᠦ ᠪᠠᠷᠢᠮᠳᠠ ᠭᠠᠷᠭᠠᠵᠤ ᠦᠭᠬᠦ ᠭᠡᠷᠡᠭᠳᠡᠢ᠃      ᠬᠠᠦᠯᠢ ᠳᠤ ᠨᠡᠶᠢᠴᠡᠬᠦ ᠲᠡᠬᠡᠬᠡᠪᠦᠷᠢ ᠶᠢᠨ ᠬᠢᠷᠢ ᠭᠡᠮ ᠣᠯᠣᠭᠠᠳᠤᠢ ᠳᠡᠷᠬᠡ ᠬᠦᠰᠬᠡ ᠨᠢ ᠨᠢᠰᠭᠡᠯ ᠤᠨ ᠪᠠᠭᠤᠳᠡᠯ ᠤᠨ ᠭᠠᠵᠡᠷ ᠣᠷᠣᠨ ᠳᠤ ᠡᠵᠡᠩᠨᠡᠯᠳᠡ ᠶᠢᠨ ᠠᠵᠢᠯᠯᠠᠭ᠎ᠠ ᠬᠢᠵᠦ ᠪᠤᠯᠬᠤ ᠦᠭᠡᠢ᠃ ᠳᠥᠷᠢᠶᠡᠰᠦᠨ ᠮᠠᠰᠢᠨ ᠳᠡᠷᠭᠡᠨ ᠤ ᠵᠢᠯᠥᠭᠤᠴᠢ ᠨᠢ ᠲᠡᠬᠡᠬᠡᠪᠦᠷᠢ ᠶᠢᠨ ᠳᠥᠷᠢᠶᠡᠰᠦᠨ ᠮᠡᠰᠢᠨ ᠲᠡᠷᠬᠡ ᠪᠠᠨ ᠲᠡᠬᠡᠬᠡᠪᠦᠷᠢ ᠶᠢᠨ ᠬᠢᠷᠢ ᠭᠡᠮ ᠦᠭᠡᠢ ᠬᠦᠮᠦᠨ ᠳᠤ ᠭᠡᠷᠡᠭᠯᠡᠬᠦᠯᠵᠦ ᠪᠤᠯᠬᠤ ᠦᠭᠡᠢ᠂ ᠵᠦᠢ ᠶᠣᠰᠣᠨ ᠤ ᠰᠢᠯᠳᠠᠭᠠᠨ ᠦᠭᠡᠢ ᠪᠠᠷ ᠠᠶᠠᠨᠴᠢᠨ ᠢ ᠪᠣᠰᠣᠳ ᠲᠤ ᠲᠣᠰᠢᠶᠡᠨ ᠬᠦᠷᠭᠡᠯᠭᠡᠵᠦ ᠪᠤᠯᠬᠤ ᠦᠭᠡᠢ᠃      ᠳᠥᠴᠢᠨ ᠵᠢᠷᠭᠤᠳᠣᠭᠠᠷ ᠵᠦᠢᠯ  ᠠᠭᠠᠷ ᠤᠨ ᠠᠶᠠᠯᠠᠯ ᠤᠨ ᠦᠷᠲᠡᠭᠡ ᠶᠢᠨ ᠠᠰᠠᠷ᠂ ᠨᠢᠰᠭᠡᠯ ᠤᠨ ᠪᠠᠭᠤᠳᠡᠯ ᠤᠨ ᠭᠠᠵᠡᠷ ᠣᠷᠣᠨ ᠤ ᠳᠣᠳᠣᠷᠡᠬᠢ ᠠᠭᠤᠳᠠᠮ ᠳᠡᠯᠡᠪᠡᠢ ᠪᠤᠯᠥᠨ ᠳᠡᠷᠬᠡᠨ ᠵᠣᠠᠠᠰᠣᠭᠠᠯ ᠳᠤ ᠵᠡᠷ ᠮᠡᠳᠡᠭᠡ᠂ ᠣᠬᠠᠭᠤᠯᠥᠯ ᠤᠨ ᠵᠦᠢᠯᠡᠰ ᠲᠠᠷᠬᠠᠭᠠᠬᠤ᠂ ᠵᠤᠭᠤᠰ ᠴᠣᠠᠠᠯᠠᠭᠤᠯᠬᠤ ᠠᠵᠢᠯᠯᠠᠭ᠎ᠠ ᠦᠷᠨᠢᠬᠦᠯᠬᠦ᠂ ᠺᠢᠨᠣ᠋ ᠲᠧᠯᠸᠢᠰ ᠤᠨ ᠹᠢᠯᠢᠮ ᠰᠠᠬᠦᠳᠡᠷᠯᠡᠬᠦ᠂ ᠳᠡᠯᠬᠡᠨ ᠪᠤᠷᠣᠯᠠᠭᠤᠯᠬᠤ ᠴᠣᠠᠠᠯᠠᠭᠠᠨ᠂ ᠪᠤᠷᠣᠯᠠᠭᠤᠯᠭ᠎ᠠ ᠠᠬᠢᠭᠤᠯᠬᠤ ᠴᠣᠠᠠᠯᠠᠭᠠᠨ᠂ ᠰᠣᠶᠣᠯ ᠴᠡᠩᠭᠡᠯ᠂ ᠪᠡᠶ᠎ᠡ ᠶᠢᠨ ᠲᠠᠮᠢᠷ ᠵᠡᠷᠭᠡ ᠠᠵᠢᠯᠯᠠᠭ᠎ᠠ ᠡᠷᠬᠢᠯᠡᠬᠦ ᠳᠤ᠂ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠶᠢᠨ ᠵᠦᠪᠰᠢᠶᠡᠷᠡᠯ ᠢ ᠣᠯᠥᠠᠠᠰᠠᠨ ᠤ ᠳᠡᠷᠠᠭ᠎ᠠ ᠬᠢᠬᠦ ᠭᠡᠷᠡᠭᠳᠡᠢ᠃     ᠳᠥᠴᠢᠨ ᠲᠤᠯᠥᠳᠣᠭᠠᠷ ᠵᠦᠢᠯ  ᠨᠢᠰᠬᠡᠯ ᠤᠨ ᠪᠠᠭᠤᠳᠡᠯ ᠤᠨ ᠭᠠᠵᠡᠷ ᠣᠷᠣᠨ ᠳᠤ ᠲᠣᠣᠷᠡᠬᠢ ᠮᠡᠳᠣ ᠣᠯᠡᠨ ᠨᠡᠶᠢᠲᠡ ᠶᠢᠨ ᠡᠮᠬᠢ ᠳᠢᠭᠯᠢᠮ ᠢ ᠰᠠᠮᠠᠭᠤᠷᠡᠭᠤᠯᠬᠤ ᠪᠣᠶᠣ ᠬᠠᠷᠰᠢᠯᠠᠬᠤ ᠦᠢᠯᠡ ᠠᠵᠢᠯᠯᠠᠭ᠎ᠠ ᠡᠷᠬᠢᠯᠡᠬᠦ ᠶᠢ ᠴᠠᠭᠠᠵᠠᠯᠠᠨ᠎ᠠ᠄      ︵ᠨᠢᠭᠡ︶ ᠳᠡᠮᠳᠡᠭ᠂ ᠫᠠᠶᠢᠰᠡ᠂ ᠡᠯᠧᠺᠲᠷᠣᠨ ᠳᠡᠯᠭᠡᠴᠡ ᠵᠡᠷᠭᠡ ᠬᠦᠳᠦᠯᠥᠨ ᠵᠢᠯᠥᠭᠤᠳᠬᠤ ᠴᠢᠨᠡᠷᠳᠡᠢ ᠢᠯᠭᠠᠬᠤ ᠳᠡᠮᠳᠡᠭ ᠢ ᠡᠪᠳᠡᠬᠦ︔      ︵ᠬᠤᠶᠡᠷ︶ ᠦᠨᠡᠮᠯᠠᠯ ᠦᠭᠡᠢ ᠪᠠᠷ ᠡᠵᠡᠩᠨᠡᠬᠦ᠂ ᠡᠳ᠋ ᠪᠠᠷᠠᠭ᠎ᠠ ᠤᠬᠠᠭᠤᠯᠤᠨ ᠬᠤᠳᠠᠯᠳᠣᠬᠤ︔      ︵ᠭᠤᠷᠪᠡ︶ ᠵᠠᠮ᠂ ᠬᠦᠬᠦᠷᠭᠡ ᠶᠢᠨ ᠭᠤᠯᠳᠣᠩ ᠤᠨ ᠪᠡᠯᠡᠳᠭᠡᠮᠵᠢ ᠶᠢᠨ ᠬᠠᠮᠢᠶᠡᠷᠦᠯᠳᠡ ᠶᠢᠨ ᠬᠦᠷᠢᠶ᠎ᠠ ᠭᠡᠪᠴᠢᠶᠠᠨ ᠳᠣᠳᠣᠷ᠎ᠠ ᠡᠳ᠋ ᠪᠤᠳᠡᠰ ᠣᠪᠣᠭᠠᠯᠠᠬᠤ ᠪᠣᠶᠣ ᠬᠤᠭᠤᠯᠠᠢ ᠭᠤᠤᠷᠰᠤ ᠳᠡᠪᠢᠰᠬᠦ ᠪᠠ ᠳᠡᠬᠦᠵᠢᠯᠡᠵᠦ᠂ ᠪᠤᠰᠤᠳ ᠪᠡᠯᠡᠳᠭᠡᠮᠵᠢ ᠣᠠᠠᠰᠠᠷᠡᠬᠤ︔      ︵ᠳᠥᠷᠪᠡ︶ ᠵᠠᠮ ᠡᠵᠡᠯᠡᠨ ᠠᠵᠢᠯ ᠬᠢᠬᠦ᠂ ᠫᠠᠶᠢᠰᠡ ᠳᠡᠮᠳᠡᠭ ᠬᠠᠪᠴᠢᠭᠤᠯᠵᠦ ᠪᠤᠰᠬᠠᠬᠤ᠂ ᠣᠳᠠᠰᠣ ᠳᠡᠳᠡᠵᠦ ᠪᠠᠭᠠᠨ᠎ᠠ ᠪᠤᠯᠠᠬᠤ᠂ ᠳᠡᠷᠬᠡ ᠬᠦᠰᠬᠡ ᠪᠠᠨ ᠲᠣᠷ᠎ᠠ ᠪᠠᠷ ᠢᠶᠠᠨ ᠵᠣᠠᠠᠰᠣᠭᠠᠬᠤ︔      ︵ᠲᠠᠪᠤ︶ ᠵᠠᠮ᠂ ᠬᠦᠬᠦᠷᠭᠡ ᠶᠢᠨ ᠲᠣᠰᠠᠭᠠᠷᠯᠬᠠᠰᠠᠨ ᠬᠡᠷᠡᠰᠬᠡ᠂ ᠬᠤᠸᠡᠷ ᠴᠡᠴᠡᠭ ᠢ ᠬᠠᠮᠠᠭᠠᠯᠠᠬᠤ ᠬᠡᠷᠡᠰᠬᠡ᠂ ᠵᠠᠮ ᠤᠨ ᠫᠠᠶᠢᠰᠡ ᠳᠡᠮᠳᠡᠭ ᠵᠡᠷᠭᠡ ᠶᠢ ᠡᠵᠡᠯᠡᠬᠦ᠂ ᠨᠣᠷᠡᠭᠠᠵᠦ ᠡᠪᠳᠡᠬᠦ ᠪᠣᠶᠣ ᠬᠤᠬᠢᠷᠡᠭᠤᠯᠬᠤ︔      ︵ᠵᠢᠷᠭᠤᠭ᠎ᠠ︶ ᠲᠣᠮᠥ ᠭᠡᠯᠪᠡᠷᠢ ᠶᠢᠨ ᠵᠡᠷ ᠮᠡᠳᠡᠭᠡ ᠶᠢ ᠲᠣᠷ᠎ᠠ ᠪᠠᠷ ᠢᠶᠠᠨ ᠪᠠᠶᠢᠷᠢᠯᠠᠭᠤᠯᠬᠤ︔      ︵ᠲᠣᠯᠤᠭ᠎ᠠ︶ ᠬᠠᠦᠯᠢ ᠴᠠᠭᠠᠵᠠ᠂ ᠬᠠᠦᠯᠢ ᠲᠣᠠᠠᠳᠠᠭᠠᠯ᠂ ᠳᠥᠷᠢᠮ ᠲᠣᠠᠠᠳᠠᠭᠠᠯ ᠳᠤ ᠲᠣᠠᠠᠳᠠᠭᠠᠠᠠᠰᠠᠨ ᠣᠯᠡᠨ ᠨᠡᠶᠢᠲᠡ ᠶᠢᠨ ᠡᠮᠬᠢ ᠵᠢᠷᠣᠮ ᠢ ᠰᠠᠮᠠᠭᠤᠷᠡᠭᠤᠯᠬᠤ ᠪᠣᠶᠣ ᠬᠠᠷᠰᠢᠯᠠᠬᠤ ᠪᠣᠰᠣᠳ ᠦᠢᠯᠡ ᠠᠵᠢᠯᠯᠠᠭ᠎ᠠ᠃      ᠳᠥᠴᠢᠨ ᠨᠠᠢᠮᠠᠳᠣᠭᠠᠷ ᠵᠦᠢᠯ ᠨᠢᠰᠬᠡᠯ ᠤᠨ ᠪᠠᠭᠤᠳᠡᠯ ᠤᠨ ᠭᠠᠵᠡᠷ ᠣᠷᠣᠨ ᠳᠤ ᠲᠣᠣᠷᠡᠬᠢ ᠮᠡᠳᠣ ᠣᠷᠴᠢᠨ ᠲᠤᠭᠤᠷᠢᠨ ᠢ ᠡᠪᠳᠡᠬᠦ ᠦᠢᠯᠡ ᠠᠵᠢᠯᠯᠠᠭ᠎ᠠ ᠡᠷᠬᠢᠯᠡᠬᠦ ᠶᠢ ᠴᠠᠭᠠᠵᠠᠯᠠᠨ᠎ᠠ᠄      ︵ᠨᠢᠭᠡ︶ ᠳᠡᠷᠢᠶᠡᠨ ᠭᠠᠵᠡᠷ᠂ ᠨᠣᠳᠤᠭ ᠪᠡᠯᠴᠢᠭᠡᠷ᠂ ᠵᠦᠯᠬᠡ᠂ ᠣᠶᠢᠳᠦ ᠭᠠᠵᠡᠷ ᠢ ᠬᠠᠦᠯᠢ ᠪᠣᠰᠥ ᠪᠠᠷ ᠡᠵᠡᠯᠡᠬᠦ︔      ︵ᠬᠤᠶᠡᠷ︶ ᠴᠡᠴᠡᠷᠯᠢᠭ ᠤᠨ ᠨᠣᠭᠤᠭᠠᠷᠡᠭᠤᠯᠥᠯᠳᠡ ᠶᠢᠨ ᠪᠡᠯᠡᠳᠭᠡᠮᠵᠢ ᠶᠢ ᠡᠪᠳᠡᠵᠦ ᠬᠤᠬᠢᠷᠡᠭᠤᠯᠬᠤ︔      ︵ᠭᠤᠷᠪᠡ︶ ᠪᠡᠷᠢᠯᠭ᠎ᠠ᠂ ᠲᠣᠨᠣᠠᠠᠯᠠᠭᠠᠠᠰᠣ᠂ ᠣᠯᠡᠨ ᠨᠡᠶᠢᠲᠡ ᠶᠢᠨ ᠪᠡᠯᠡᠳᠭᠡᠮᠵᠢ ᠵᠢᠴᠢ ᠮᠣᠳᠣᠨ ᠳᠡᠭᠡᠷ᠎ᠠ ᠡᠷᠢᠶᠡᠴᠢᠬᠦ᠂ ᠵᠢᠷᠤᠭ ᠰᠠᠶᠢᠯᠬᠦ ᠪᠣᠶᠣ ᠣᠬᠠᠭᠤᠯᠥᠯ ᠤᠨ ᠵᠦᠢᠯᠡᠰ ᠵᠡᠷᠭᠡ ᠶᠠᠭᠤᠮ᠎ᠠ ᠡᠯᠬᠦᠬᠦ ᠪᠠ ᠨᠠᠭᠠᠬᠤ︔      ︵ᠳᠥᠷᠪᠡ︶ ᠪᠡᠷᠢᠯᠭ᠎ᠠ ᠶᠢᠨ ᠭᠠᠵᠡᠷ ᠬᠠᠮᠠᠭᠠᠯᠠᠯᠳᠡ ᠶᠢᠨ ᠬᠡᠷᠡᠰᠬᠡ ᠪᠠᠶᠢᠷᠢᠯᠠᠭᠤᠯᠬᠤ ᠦᠭᠡᠢ ᠪᠤᠶᠤ ᠬᠠᠯᠬᠠᠯᠠᠬᠤ ᠦᠭᠡᠢ ᠪᠠᠶᠢᠬᠤ᠂ ᠪᠡᠷᠢᠯᠭ᠎ᠠ ᠶᠢᠨ ᠬᠤᠭ ᠨᠣᠪᠰᠢ ᠶᠢ ᠲᠣᠷ᠎ᠠ ᠪᠠᠷ ᠢᠶᠠᠨ ᠬᠠᠶᠠᠬᠤ᠂ ᠣᠪᠣᠭᠠᠯᠠᠬᠤ ᠪᠤᠶᠤ ᠠᠵᠢᠯ ᠲᠠᠭᠤᠰᠣᠠᠠᠰᠠᠨ ᠤ ᠳᠡᠷᠠᠭ᠎ᠠ ᠪᠡᠷᠢᠯᠭ᠎ᠠ ᠶᠢᠨ ᠭᠠᠵᠡᠷ ᠢᠶᠠᠨ ᠴᠠᠭ ᠲᠣᠬᠠᠢ ᠳᠤᠨᠢ ᠴᠡᠪᠡᠷᠯᠡᠵᠦ ᠳᠡᠭᠡᠭᠰᠢᠯᠡᠬᠦ ᠦᠭᠡᠢ ᠪᠠᠶᠢᠬᠤ︔      ︵ᠲᠠᠪᠤ︶ ᠬᠠᠦᠯᠢ ᠴᠠᠭᠠᠵᠠ᠂ ᠬᠠᠦᠯᠢ ᠲᠣᠠᠠᠳᠠᠭᠠᠯ᠂ ᠳᠥᠷᠢᠮ ᠲᠣᠠᠠᠳᠠᠭᠠᠯ ᠳᠤ ᠲᠣᠠᠠᠳᠠᠭᠠᠠᠠᠰᠠᠨ ᠣᠷᠴᠢᠨ ᠲᠣᠭᠤᠷᠢᠨ ᠢ ᠡᠪᠳᠡᠬᠦ ᠪᠣᠰᠣᠳ ᠦᠢᠯᠡ ᠠᠵᠢᠯᠯᠠᠭ᠎ᠠ᠃     ᠵᠢᠷᠭᠤᠳᠣᠭᠠᠷ ᠪᠦᠯᠥᠭ    ᠬᠠᠦᠯᠢ ᠴᠠᠭᠠᠵᠠ ᠶᠢᠨ ᠬᠠᠷᠢᠭᠤᠴᠠᠯᠭ᠎ᠠ      ᠳᠥᠴᠢ ᠶᠢᠰᠦᠳᠣᠭᠡᠷ ᠵᠦᠢᠯ  ᠲᠣᠰ ᠠᠷᠭ᠎ᠠ ᠶᠢᠨ ᠠᠷᠪᠡᠨ ᠭᠤᠷᠪᠠᠳᠣᠭᠠᠷ ᠵᠦᠢᠯ ᠤᠨ ᠨᠢᠭᠡᠳᠣᠭᠡᠷ ᠵᠤᠷᠪᠤᠰ᠂ ᠠᠷᠪᠡᠨ ᠵᠢᠷᠭᠤᠳᠣᠭᠠᠷ ᠵᠦᠢᠯ᠂ ᠠᠷᠪᠡᠨ ᠲᠤᠯᠥᠳᠣᠭᠠᠷ ᠵᠦᠢᠯ᠂ ᠬᠤᠷᠢᠨ ᠨᠢᠭᠡᠳᠣᠭᠡᠷ ᠵᠦᠢᠯ᠂ ᠬᠤᠷᠢᠨ ᠵᠢᠷᠭᠤᠳᠣᠭᠠᠷ ᠵᠦᠢᠯ᠂ ᠬᠤᠷᠢᠨ ᠨᠠᠢᠮᠠᠳᠣᠭᠠᠷ ᠵᠦᠢᠯ ᠤᠨ ᠬᠤᠶᠡᠳᠣᠭᠠᠷ ᠵᠤᠷᠪᠣᠰ᠂ ᠭᠤᠴᠢᠨ ᠭᠤᠷᠪᠠᠳᠤᠭᠠᠷ ᠵᠦᠢᠯ᠂ ᠭᠤᠴᠢ ᠶᠢᠰᠦᠳᠦᠭᠡᠷ ᠵᠦᠢᠯ᠂ ᠳᠥᠴᠢᠳᠣᠭᠡᠷ ᠵᠦᠢᠯ ᠤᠨ ᠲᠣᠠᠠᠳᠠᠭᠠᠯ ᠠᠴᠠ ᠵᠦᠷᠢᠴᠡᠪᠡᠯ᠂ ︽ᠠᠷᠡᠳ ᠤᠨ ᠭᠡᠷᠡᠭᠯᠡᠬᠡᠨ ᠤ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠳᠥᠷᠢᠮ︾᠎ ᠤᠨ ᠬᠤᠯᠪᠤᠠᠠᠳᠡᠯ ᠪᠦᠬᠦᠢ ᠲᠣᠠᠠᠳᠠᠭᠠᠯ ᠢᠶᠠᠷ ᠰᠢᠳᠬᠡᠵᠦ ᠲᠤᠷᠭᠠᠬᠤ ᠬᠡᠷᠡᠭᠲᠡᠢ᠃      ᠲᠠᠪᠢᠳᠣᠭᠠᠷ ᠵᠦᠢᠯ ᠲᠣᠰ ᠠᠷᠭ᠎ᠠ ᠶᠢᠨ ᠬᠤᠷᠢᠳᠣᠭᠠᠷ ᠵᠦᠢᠯ ᠤᠨ ᠲᠣᠠᠠᠳᠠᠭᠠᠯ ᠠᠴᠠ ᠵᠦᠷᠢᠴᠡᠪᠡᠯ᠂ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠳᠤ ᠰᠠᠭᠤᠭ᠎ᠠ ᠲᠣᠳᠣᠭᠠᠳᠦ ᠶᠢ ᠬᠠᠮᠠᠭᠠᠯᠠᠬᠤ ᠪᠠᠶᠢᠭᠤᠯᠭ᠎ᠠ ᠨᠢ ︽ᠪᠦᠬᠦᠲᠡ ᠨᠡᠶᠢᠷᠡᠮᠳᠠᠬᠤ ᠲᠣᠮᠳᠠᠳᠣ ᠠᠷᠡᠳ ᠣᠯᠥᠰ ᠤᠨ ᠠᠮᠥᠷ ᠳᠥᠪᠰᠢᠨ ᠢ ᠬᠠᠮᠠᠭᠠᠯᠠᠬᠤ ᠬᠠᠮᠢᠶᠡᠷᠦᠯᠳᠡ ᠶᠢᠨ ᠰᠢᠳᠬᠡᠯ ᠲᠣᠷᠭᠠᠭᠤᠯᠢ ᠶᠢᠨ ᠬᠠᠦᠯᠢ︾᠂ ︽ᠠᠷᠡᠳ ᠤᠨ ᠭᠡᠷᠡᠭᠯᠡᠬᠡᠨ ᠤ ᠠᠭᠠᠷ ᠤᠨ ᠠᠶᠠᠯᠠᠯ ᠤᠨ ᠠᠮᠥᠷ ᠳᠥᠪᠰᠢᠨ ᠤ ᠬᠠᠮᠠᠭᠠᠯᠠᠯᠳᠡ ᠶᠢᠨ ᠳᠥᠷᠢᠮ︾᠎ ᠤᠨ ᠲᠣᠠᠠᠳᠠᠭᠠᠯ ᠶᠤᠰᠣᠭᠠᠷ ᠵᠠᠰᠠᠭ ᠵᠠᠬᠢᠷᠭᠠᠨ ᠤ ᠰᠢᠳᠭᠡᠯ ᠲᠤᠷᠭᠠᠭᠤᠯᠢ ᠥᠭᠬᠦ ᠶᠢ ᠬᠡᠷᠡᠭᠵᠢᠭᠦᠯᠬᠦ ᠬᠡᠷᠡᠭᠲᠡᠢ᠃      ᠲᠠᠪᠢᠨ ᠨᠢᠭᠡᠳᠣᠭᠡᠷ ᠵᠦᠢᠯ ᠲᠣᠰ ᠠᠷᠭ᠎ᠠ ᠶᠢᠨ ᠳᠥᠴᠢᠨ ᠲᠠᠪᠤᠳᠣᠭᠠᠷ ᠵᠦᠢᠯ᠂ ᠳᠥᠴᠢᠨ ᠵᠢᠷᠭᠤᠳᠣᠭᠠᠷ ᠵᠦᠢᠯ᠂ ᠳᠥᠴᠢᠨ ᠲᠤᠯᠥᠳᠣᠭᠠᠷ ᠵᠦᠢᠯ᠂ ᠳᠥᠴᠢᠨ ᠨᠠᠢᠮᠠᠳᠣᠭᠠᠷ ᠵᠦᠢᠯ ᠤᠨ ᠲᠣᠠᠠᠳᠠᠭᠠᠯ ᠠᠴᠠ ᠵᠦᠷᠢᠴᠡᠪᠡᠯ᠂ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠨᠢ ᠴᠠᠭ ᠲᠣᠬᠠᠢ ᠳᠤᠨᠢ ᠬᠤᠷᠢᠠᠠᠯᠠᠬᠤ ᠶᠢᠨ ᠬᠠᠮᠳᠣ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠲᠣᠰᠢᠶᠡᠨ ᠬᠤᠯᠪᠤᠠᠠᠳᠡᠯ ᠪᠦᠬᠦᠢ ᠵᠠᠬ᠎ᠠ ᠳᠡᠯᠭᠡᠬᠦᠷ ᠤᠨ ᠬᠠᠮᠢᠶᠡᠷᠦᠯᠳᠡ᠂ ᠳᠥᠷᠢᠶᠡᠰᠦᠨ ᠮᠡᠰᠢᠨ ᠳᠡᠷᠬᠡᠨ ᠤ ᠬᠠᠮᠢᠶᠡᠷᠦᠯᠳᠡ᠂ ᠵᠠᠮ ᠳᠡᠭᠡᠭᠡᠪᠦᠷᠢ ᠶᠢᠨ ᠬᠠᠮᠢᠶᠡᠷᠦᠯᠳᠡ᠂ ᠨᠣᠭᠤᠭᠠᠷᠡᠭᠤᠯᠥᠯᠳᠡ ᠶᠢᠨ ᠬᠠᠮᠢᠶᠡᠷᠦᠯᠳᠡ᠂ ᠬᠤᠳᠡ ᠶᠢᠨ ᠦᠵᠡᠮᠵᠢ ᠪᠤᠯᠥᠨ ᠣᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠬᠠᠮᠢᠶᠡᠷᠦᠯᠳᠡ᠂ ᠳᠡᠷᠢᠶᠡᠯᠡᠩ ᠮᠠᠯ ᠠᠵᠦ ᠠᠬᠤᠢ ᠶᠢᠨ ᠬᠠᠮᠢᠶᠡᠷᠦᠯᠳᠡ ᠵᠡᠷᠭᠡ ᠬᠠᠦᠯᠢ ᠴᠠᠭᠠᠵᠠ᠂ ᠬᠠᠦᠯᠢ ᠲᠣᠠᠠᠳᠠᠭᠠᠯ ᠤᠨ ᠲᠣᠠᠠᠳᠠᠭᠠᠯ ᠶᠣᠰᠣᠭᠠᠷ ᠵᠠᠰᠠᠭ ᠵᠠᠬᠢᠷᠭᠠᠨ ᠤ ᠰᠢᠳᠭᠡᠯ ᠲᠤᠷᠭᠠᠭᠤᠯᠢ ᠥᠭᠬᠦ ᠶᠢ ᠭᠡᠷᠡᠭᠵᠢᠬᠦᠯᠬᠦ ᠭᠡᠷᠡᠭᠳᠡᠢ᠃      ᠲᠠᠪᠢᠨ ᠬᠤᠶᠠᠳᠣᠭᠠᠷ ᠵᠦᠢᠯ ᠳᠥᠷᠥ ᠶᠢᠨ ᠪᠠᠶᠢᠭᠤᠯᠭ᠎ᠠ ᠶᠢᠨ ᠠᠵᠢᠯᠳᠡᠨ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠠᠵᠢᠯ ᠲᠣᠮᠳᠡ ᠬᠤᠪᠢ ᠶᠢᠨ ᠠᠰᠢᠭ ᠤᠨ ᠳᠥᠯᠥᠬᠡ ᠬᠠᠦᠯᠢ ᠶᠣᠰᠣ ᠶᠢ ᠵᠦᠷᠢᠴᠡᠵᠦ᠂ ᠡᠬᠦᠷᠭᠡ ᠲᠣᠰᠢᠶᠡᠯ ᠳᠠᠭᠠᠨ ᠠᠯᠮᠠᠶᠢᠷᠠᠨ ᠣᠰᠣᠯᠳᠠᠵᠦ᠂ ᠡᠷᠬᠡ ᠲᠣᠰᠢᠶᠡᠯ ᠢᠶᠠᠨ ᠲᠤᠷ᠎ᠠ ᠪᠠᠷ ᠢᠶᠠᠨ ᠭᠡᠷᠡᠭᠯᠡᠭᠰᠡᠨ ᠪᠠᠶᠢᠪᠠᠯ᠂ ᠲᠣᠮᠢᠯᠡᠵᠦ ᠪᠠᠭᠤᠯᠭᠠᠬᠤ ᠪᠠᠶᠢᠭᠤᠯᠭ᠎ᠠ ᠪᠤᠶᠤ ᠬᠢᠨᠡᠨ ᠪᠠᠶᠢᠴᠠᠭᠠᠬᠤ ᠪᠠᠶᠢᠭᠤᠯᠭ᠎ᠠ ᠠᠴᠠ ᠬᠠᠯᠠᠨ ᠰᠠᠶᠢᠵᠢᠷᠡᠭᠤᠯᠬᠤ ᠪᠠᠷ ᠵᠠᠷᠯᠢᠠᠠᠳᠡᠵᠦ᠂ ᠰᠢᠭᠤᠳ ᠬᠠᠷᠢᠭᠤᠴᠠᠵᠦ ᠪᠦᠬᠦᠢ ᠭᠤᠤᠯᠴᠢᠯᠠᠨ ᠬᠠᠮᠢᠶᠠᠷᠤᠭᠴᠢ ᠪᠠ ᠪᠣᠰᠣᠳ ᠰᠢᠭᠤᠳ ᠬᠠᠷᠢᠭᠤᠴᠠᠯᠭᠠᠲᠠᠨ ᠳᠤ ᠬᠠᠦᠯᠢ ᠶᠣᠰᠣᠭᠠᠷ ᠵᠠᠰᠠᠭ ᠵᠠᠬᠢᠷᠭᠠᠨ ᠤ ᠰᠢᠳᠭᠡᠯ ᠥᠭᠭᠦᠨ᠎ᠡ︔ ᠶᠡᠯ᠎ᠠ ᠳᠤ ᠬᠦᠷᠦᠭᠰᠡᠨ ᠪᠣᠯ᠂ ᠬᠠᠦᠯᠢ ᠶᠣᠰᠣᠭᠠᠷ ᠡᠷᠡᠬᠦᠥ ᠶᠢᠨ ᠬᠠᠷᠢᠭᠤᠴᠠᠯᠭ᠎ᠠ ᠨᠡᠭᠡᠮᠵᠢᠯᠠᠨ᠎ᠠ᠃      ᠲᠤᠯᠥᠳᠣᠭᠠᠷ ᠪᠦᠯᠥᠭ    ᠳᠠᠭᠠᠯᠳᠣᠭᠤᠯᠥᠯ ᠳᠥᠷᠢᠮ      ᠲᠠᠪᠢᠨ ᠭᠤᠷᠪᠠᠳᠣᠭᠠᠷ ᠵᠦᠢᠯ  ᠲᠣᠰ ᠠᠷᠭ᠎ᠠ ᠳᠤ ᠬᠡᠯᠡᠵᠦ ᠪᠠᠶᠢᠭ᠎ᠠ ᠨᠢᠰᠭᠡᠯ ᠤᠨ ᠪᠠᠭᠤᠳᠡᠯ ᠤᠨ ᠭᠠᠵᠡᠷ ᠣᠷᠣᠨ ᠭᠡᠳᠡᠭ ᠨᠢ᠂ ᠬᠤᠳᠡ ᠬᠦᠳᠡᠭᠡ ᠶᠢᠨ ᠳᠥᠯᠥᠪᠵᠢᠬᠦᠯᠬᠡ ᠶᠢ ᠦᠨᠳᠣᠰᠣᠯᠡᠨ ᠲᠣᠠᠠᠳᠠᠭᠠᠠᠠᠰᠠᠨ ᠨᠢᠰᠭᠡᠯ ᠤᠨ ᠪᠠᠭᠤᠳᠡᠯ ᠤᠨ ᠲᠣᠰᠬᠠᠢ ᠭᠡᠷᠡᠭᠯᠡᠬᠦ ᠣᠷᠣᠨ ᠪᠦᠰᠡ ᠶᠢ ᠵᠢᠭᠠᠵᠦ ᠪᠣᠢ᠃      ᠲᠣᠰ ᠠᠷᠭ᠎ᠠ ᠳᠤ ᠬᠡᠯᠡᠵᠦ ᠪᠠᠶᠢᠭ᠎ᠠ ᠨᠢᠰᠭᠡᠯ ᠤᠨ ᠪᠠᠭᠤᠳᠡᠯ ᠤᠨ ᠡᠵᠡᠮᠳᠡᠬᠦ ᠲᠣᠭᠤᠷᠢᠭ ᠭᠡᠳᠡᠭ ᠨᠢ᠂ ᠨᠢᠰᠭᠡᠯ ᠬᠦᠯᠢᠶᠡᠬᠦ ᠲᠣᠰᠠᠭᠠᠷᠯᠬᠠᠰᠠᠨ ᠲᠣᠭᠤᠷᠢᠭ᠂ ᠪᠠᠭᠯᠠᠭ᠎ᠠ ᠪᠤᠭᠤᠳᠡᠯ ᠢ ᠬᠤᠪᠢᠶᠡᠨ ᠳᠡᠭᠡᠭᠡᠪᠦᠷᠢᠯᠡᠵᠦ ᠪᠠᠭᠤᠯᠭᠠᠬᠤ ᠲᠤᠭᠤᠷᠢᠭ᠂ ᠠᠭᠠᠷ ᠤᠨ ᠨᠢᠰᠦᠬᠦᠷ ᠤᠨ ᠭᠠᠵᠡᠷ ᠳᠡᠭᠡᠷᠡᠬᠢ ᠠᠵᠢᠯᠯᠠᠭ᠎ᠠ ᠬᠢᠬᠦ ᠲᠤᠭᠤᠷᠢᠭ᠂ ᠠᠭᠠᠷ ᠤᠨ ᠨᠢᠰᠦᠬᠦᠷ ᠤᠨ ᠰᠠᠯᠪᠢᠨ ᠵᠠᠰᠠᠬᠤ ᠲᠤᠭᠤᠷᠢᠭ ᠪᠤᠯᠥᠨ ᠡᠳ᠋ ᠪᠠᠷᠠᠭ᠎ᠠ ᠬᠠᠳᠠᠭᠠᠯᠠᠵᠦ ᠳᠡᠯᠪᠢᠬᠤ ᠲᠤᠭᠤᠷᠢᠭ ᠵᠡᠷᠭᠡ ᠶᠢ ᠪᠠᠭᠳᠠᠭᠠᠠᠠᠰᠠᠨ᠂ ᠠᠮᠥᠷ ᠳᠥᠪᠰᠢᠨ ᠤ ᠭᠡᠷᠡᠭᠴᠡᠭᠡ ᠶᠢ ᠦᠨᠳᠣᠰᠣᠯᠡᠨ ᠨᠢᠰᠭᠡᠯ ᠤᠨ ᠪᠠᠭᠤᠳᠡᠯ ᠤᠨ ᠭᠠᠵᠡᠷ ᠣᠷᠣᠨ ᠤ ᠬᠦᠷᠢᠶ᠎ᠠ ᠭᠡᠪᠴᠢᠶᠡᠨ ᠳᠣᠳᠣᠷ᠎ᠠ ᠢᠯᠭᠠᠨ ᠲᠣᠠᠠᠳᠠᠭᠠᠠᠠᠰᠠᠨ ᠣᠷᠣᠵᠦ ᠭᠠᠷᠬᠤ ᠳᠤ ᠬᠢᠵᠠᠭᠠᠷᠯᠬᠠᠳᠠᠬᠤ ᠣᠯᠡᠨ ᠨᠡᠶᠢᠲᠡ ᠶᠢᠨ ᠪᠣᠰᠥ ᠣᠷᠣᠨ ᠪᠦᠰᠡ ᠶᠢ ᠵᠢᠭᠠᠵᠤ ᠪᠤᠢ᠃      ᠲᠣᠰ ᠠᠷᠭ᠎ᠠ ᠳᠤ ᠬᠡᠯᠡᠵᠦ ᠪᠠᠶᠢᠭ᠎ᠠ ᠨᠢᠰᠭᠡᠯ ᠤᠨ ᠪᠠᠭᠤᠳᠡᠯ ᠤᠨ ᠠᠭᠠᠷ ᠢ ᠴᠡᠪᠡᠷᠰᠢᠬᠦᠯᠬᠦ ᠬᠠᠮᠠᠭᠠᠯᠠᠯᠳᠡ ᠶᠢᠨ ᠲᠤᠭᠤᠷᠢᠭ ᠭᠡᠳᠡᠭ ᠨᠢ᠂ ᠠᠷᠡᠳ ᠤᠨ ᠭᠡᠷᠡᠭᠯᠡᠬᠡᠨ ᠤ ᠠᠭᠠᠷ ᠤᠨ ᠨᠢᠰᠦᠬᠦᠷ ᠤᠨ ᠨᠢᠰᠬᠦ᠂ ᠪᠠᠭᠤᠬᠤ ᠶᠢᠨ ᠠᠮᠥᠷ ᠳᠥᠪᠰᠢᠨ ᠢ ᠪᠠᠳᠣᠯᠬᠠᠤ ᠶᠢᠨ ᠲᠣᠰᠠᠳᠡ᠂ ᠨᠢᠰᠭᠡᠯ ᠤᠨ ᠪᠠᠭᠤᠳᠡᠯ ᠤᠨ ᠠᠭᠠᠷ ᠢ ᠴᠡᠪᠡᠷᠰᠢᠬᠦᠯᠬᠦ ᠶᠢᠨ ᠰᠠᠭᠠᠳ ᠲᠠᠢ ᠵᠦᠢᠯ ᠢ ᠬᠢᠵᠠᠭᠠᠷᠯᠠᠬᠤ ᠵᠢᠷᠤᠭ ᠤᠨ ᠱᠠᠭᠠᠷᠳᠡᠯᠭ᠎ᠠ ᠶᠣᠰᠣᠭᠠᠷ ᠲᠣᠠᠠᠳᠠᠭᠠᠠᠠᠰᠠᠨ ᠠᠭᠠᠷ ᠤᠨ ᠣᠷᠣᠨ ᠵᠠᠢ ᠶᠢᠨ ᠬᠦᠷᠢᠶ᠎ᠠ ᠭᠡᠪᠴᠢᠶ᠎ᠠ ᠶᠢ ᠵᠢᠭᠠᠵᠦ ᠪᠣᠢ᠃      ᠲᠣᠰ ᠠᠷᠭ᠎ᠠ ᠳᠤ ᠬᠡᠯᠡᠵᠦ ᠪᠠᠶᠢᠭ᠎ᠠ ᠨᠢᠰᠭᠡᠯ ᠤᠨ ᠪᠠᠭᠤᠳᠡᠯ ᠤᠨ ᠴᠠᠬᠢᠯᠭᠠᠨ ᠰᠣᠷᠢᠨᠵᠢᠨ ᠤ ᠣᠷᠴᠢᠨ ᠲᠤᠭᠤᠷᠢᠨ ᠤ ᠬᠠᠮᠠᠭᠠᠯᠠᠯᠳᠡ ᠶᠢᠨ ᠲᠤᠭᠤᠷᠢᠭ ᠭᠡᠳᠡᠭ ᠨᠢ᠂ ᠨᠢᠰᠭᠡᠯ ᠤᠨ ᠪᠠᠭᠤᠳᠡᠯ ᠤᠨ ᠶᠡᠷᠦᠩᠭᠡᠢ ᠳᠥᠯᠥᠪᠵᠢᠬᠦᠯᠬᠡ ᠶᠢᠨ ᠣᠷᠣᠨ ᠪᠦᠰᠡ ᠶᠢᠨ ᠳᠣᠳᠣᠷᠡᠬᠢ ᠠᠷᠡᠳ ᠤᠨ ᠭᠡᠷᠡᠭᠯᠡᠬᠡᠨ ᠤ ᠠᠭᠠᠷ ᠤᠨ ᠠᠶᠠᠯᠠᠯ ᠤᠨ ᠷᠡᠳᠢᠤ᠋ ᠬᠤᠷᠢᠶ᠎ᠠ ︵ᠦᠷᠲᠡᠭᠡ︶᠎ ᠶᠢᠨ ᠴᠠᠬᠢᠯᠭᠠᠨ ᠰᠣᠷᠢᠨᠵᠢᠨ ᠤ ᠣᠷᠴᠢᠨ ᠲᠤᠭᠤᠷᠢᠨ ᠤ ᠬᠠᠮᠠᠭᠠᠯᠠᠯᠳᠡ ᠶᠢᠨ ᠣᠷᠣᠨ ᠪᠦᠰᠡ ᠪᠠ ᠨᠢᠰᠭᠡᠯ ᠤᠨ ᠪᠠᠭᠤᠳᠡᠯ ᠤᠨ ᠨᠢᠰᠦᠯᠳᠡ ᠶᠢᠨ ᠲᠤᠭᠤᠷᠢᠭ ᠤᠨ ᠴᠠᠬᠢᠯᠭᠠᠨ ᠰᠣᠷᠢᠨᠵᠢᠨ ᠤ ᠣᠷᠴᠢᠨ ᠲᠤᠭᠤᠷᠢᠨ ᠤ ᠬᠠᠮᠠᠭᠠᠯᠠᠯᠳᠡ ᠶᠢᠨ ᠣᠷᠣᠨ ᠪᠦᠰᠡ ᠶᠢ ᠪᠠᠭᠳᠠᠭᠠᠠᠠᠰᠠᠨ᠂ ᠠᠷᠡᠳ ᠤᠨ ᠭᠡᠷᠡᠭᠯᠡᠬᠡᠨ ᠤ ᠠᠭᠠᠷ ᠤᠨ ᠠᠶᠠᠯᠠᠯ ᠤᠨ ᠷᠡᠳᠢᠤ᠋ ᠬᠤᠷᠢᠶ᠎ᠠ ︵ᠦᠷᠲᠡᠭᠡ︶᠎ ᠶᠢᠨ ᠬᠡᠪ ᠢᠶᠠᠷ ᠠᠵᠢᠯᠯᠠᠬᠤ ᠶᠢ ᠪᠠᠳᠣᠯᠠᠬᠤ ᠶᠢᠨ ᠲᠣᠰᠡᠳᠡ᠂ ᠣᠯᠥᠰ ᠤᠨ ᠬᠤᠯᠪᠤᠠᠠᠳᠡᠯ ᠪᠦᠬᠦᠢ ᠲᠣᠠᠠᠳᠠᠭᠠᠯ ᠶᠣᠰᠣᠭᠠᠷ ᠢᠯᠭᠠᠨ ᠲᠤᠠᠠᠳᠠᠭᠠᠠᠠᠰᠠᠨ ᠠᠷᠡᠳ ᠤᠨ ᠭᠡᠷᠡᠭᠯᠡᠬᠡᠨ ᠤ ᠪᠣᠰᠥ ᠠᠭᠠᠷ ᠤᠨ ᠠᠶᠠᠯᠠᠯ ᠤᠨ ᠡᠯ᠎ᠠ ᠳᠥᠷᠦᠯ ᠤᠨ ᠷᠡᠳᠢᠤ᠋ ᠶᠢᠨ ᠳᠥᠬᠦᠭᠡᠷᠦᠮᠵᠢ ᠪᠤᠶᠤ ᠪᠣᠰᠣᠳ ᠳᠥᠬᠦᠭᠡᠷᠣᠮᠵᠢ ᠠᠴᠠ ᠪᠤᠯᠥᠠᠠᠰᠠᠨ ᠬᠠᠷᠰᠢᠯᠠᠯ ᠢ ᠠᠷᠢᠯᠭᠠᠬᠤ ᠳᠤ ᠴᠢᠬᠤᠯᠡ ᠪᠦᠬᠦᠢ ᠣᠷᠣᠨ ᠵᠠᠢ ᠶᠢᠨ ᠬᠦᠷᠢᠶ᠎ᠠ ᠭᠡᠪᠴᠢᠶ᠎ᠠ ᠶᠢ ᠵᠢᠭᠠᠵᠦ ᠪᠣᠢ᠃      ᠲᠣᠰ ᠠᠷᠭ᠎ᠠ ᠳᠤ ᠬᠡᠯᠡᠵᠦ ᠪᠠᠶᠢᠭ᠎ᠠ ᠨᠢᠰᠭᠡᠯ ᠤᠨ ᠪᠠᠭᠤᠳᠡᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠭᠡᠳᠡᠭ ᠨᠢ᠂ ᠬᠠᠦᠯᠢ ᠶᠣᠰᠣᠭᠠᠷ ᠪᠠᠶᠢᠭᠤᠯᠥᠠᠠᠰᠠᠨ ᠪᠤᠶᠤ ᠨᠡᠶᠢᠳᠡᠯᠭ᠎ᠠ ᠶᠢ ᠬᠦᠯᠢᠶᠡᠭᠰᠡᠨ ᠨᠢᠰᠭᠡᠯ ᠤᠨ ᠪᠠᠭᠤᠳᠡᠯ ᠤᠨ ᠠᠮᠥᠷ ᠳᠥᠪᠰᠢᠨ ᠪᠠ ᠡᠵᠡᠩᠨᠡᠯᠳᠡ ᠬᠠᠮᠢᠶᠡᠷᠦᠯᠳᠡ ᠶᠢ ᠬᠠᠷᠢᠭᠤᠴᠠᠵᠦ ᠪᠠᠶᠢᠭ᠎ᠠ ᠬᠠᠦᠯᠢ ᠶᠢᠨ ᠡᠷᠭᠡᠳᠡᠨ ᠤ ᠬᠢᠷᠢ ᠭᠡᠮ ᠲᠠᠢ ᠪᠠᠶᠢᠭᠤᠯᠥᠮᠵᠢ ᠶᠢ ᠵᠢᠭᠠᠵᠦ ᠪᠣᠢ᠃     ᠲᠠᠪᠢᠨ ᠳᠥᠷᠪᠡᠳᠣᠭᠡᠷ ᠵᠦᠢᠯ ᠴᠡᠷᠢᠭ ᠠᠷᠠᠳ ᠬᠠᠮᠳᠣᠷᠡᠨ ᠭᠡᠷᠡᠭᠯᠡᠵᠦ ᠪᠦᠬᠦᠢ ᠨᠢᠰᠭᠡᠯ ᠤᠨ ᠪᠠᠭᠤᠳᠡᠯ ᠤᠨ ᠠᠷᠡᠳ ᠤᠨ ᠭᠡᠷᠡᠭᠯᠡᠬᠡᠨ ᠤ ᠭᠡᠰᠡᠭ ᠤᠨ ᠬᠠᠮᠢᠶᠡᠷᠦᠯᠳᠡ ᠨᠢ ᠲᠣᠰ ᠠᠷᠭ᠎ᠠ ᠶᠢᠨ ᠬᠤᠯᠪᠤᠠᠠᠳᠡᠯ ᠪᠦᠬᠦᠢ ᠲᠣᠠᠠᠳᠠᠭᠠᠯ ᠢ ᠵᠢᠷᠣᠮᠯᠠᠨ ᠰᠠᠬᠢᠬᠤ ᠠᠴᠠ ᠭᠠᠳᠡᠨ᠎ᠠ᠂ ᠳᠥᠷᠥ ᠶᠢᠨ ᠶᠠᠪᠤᠳᠡᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠡᠯ ᠤᠨ ᠬᠤᠷᠢᠶ᠎ᠠ ᠶᠢᠨ ᠬᠤᠯᠪᠤᠠᠠᠳᠡᠯ ᠪᠦᠬᠦᠢ ᠲᠣᠠᠠᠳᠠᠭᠠᠯ ᠢ ᠵᠢᠷᠣᠮᠯᠠᠨ ᠰᠠᠬᠢᠬᠤ ᠭᠡᠷᠡᠭᠳᠡᠢ᠃      ᠲᠠᠪᠢᠨ ᠲᠠᠪᠤᠳᠣᠭᠠᠷ ᠵᠦᠢᠯ ᠲᠣᠰ ᠠᠷᠭ᠎ᠠ ᠶᠢ 2014 ᠣᠨ ᠤ 3 ᠳ᠋ᠣᠭᠠᠷ ᠰᠡᠷ᠎ᠠ ᠶᠢᠨ 1᠎ ᠤ ᠡᠳᠣᠷ ᠠᠴᠠ ᠡᠬᠢᠯᠠᠨ ᠭᠡᠷᠡᠭᠵᠢᠬᠦᠯᠥᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号