ᠪᠤᠭᠤᠲᠤ ᠬᠤᠲᠠ ᠨᠠᠰᠤᠲᠠᠶᠢᠴᠤᠳ ᠤᠨ ᠥᠲᠡᠯᠦᠭᠡ ᠨᠠᠰᠤᠨ ᠤ ᠨᠡᠮᠡᠭᠦᠷᠢ ᠮᠥᠩᠭᠦ 4279.3 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2018/8/16
      ᠡᠨᠡ ᠵᠢᠯ ᠠᠴᠠ ᠨᠠᠰᠢ᠂ ᠪᠤᠭᠤᠲᠤ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠵᠣᠬᠢᠴᠠᠭᠤᠯᠬᠤ ᠪᠠᠷ ᠳᠠᠮᠵᠢᠨ ᠨᠠᠰᠤᠲᠠᠶᠢᠴᠤᠳ ᠤᠨ ᠥᠲᠡᠯᠦᠭᠡ ᠨᠠᠰᠤᠨ ᠤ ᠨᠡᠮᠡᠭᠦᠷᠢ ᠮᠥᠩᠭᠦ ᠶᠢ ᠴᠠᠭ ᠲᠤᠬᠠᠶ ᠳᠤᠨᠢ ᠪᠠᠭᠤᠯᠭᠠᠵᠤ᠂ ᠥᠨᠥ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠵᠢᠴᠢ ᠳᠤᠰ ᠬᠤᠲᠠ ᠶᠢᠨ ᠱᠠᠲᠦ ᠨᠢ 2018 ᠣᠨ ᠤ ᠪᠦᠬᠦ ᠵᠢᠯ ᠤᠨ ᠲᠤᠰᠠᠯᠠᠮᠵᠢ ᠶᠢᠨ ᠪᠡᠯᠡ ᠮᠥᠩᠭᠦ 4279.3 ᠲᠦᠮᠡᠨ ᠲᠥᠭᠦᠷᠢᠭ ᠢ ᠪᠥᠬᠦᠳᠡ ᠶᠢ ᠬᠤᠰᠢᠭᠤ ᠰᠢᠶᠠᠨ ᠲᠣᠭᠤᠷᠢᠭ ᠲᠤ ᠪᠠᠭᠤᠯᠭᠠᠪᠠ᠃ ᠪᠤᠭᠤᠲᠤ ᠬᠤᠲᠠ 2012 ᠣᠨ ᠠᠴᠠ ᠡᠬᠢᠯᠡᠨ 80 ᠨᠠᠰᠤᠨ ᠠᠴᠠ ᠳᠡᠭᠡᠭᠰᠢᠬᠢ ᠣᠷᠣᠯᠭ᠎ᠠ ᠪᠠᠭᠠᠲᠠᠶ ᠨᠠᠰᠤᠲᠠᠳ ᠲᠤ ᠥᠲᠡᠯᠦᠭᠡ ᠨᠠᠰᠤᠨ ᠤ ᠨᠡᠮᠡᠭᠦᠷᠢ ᠮᠥᠩᠭᠦ ᠣᠯᠭᠤᠵᠤ᠂ 2017 ᠣᠨ ᠳᠤ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠥᠲᠡᠯᠦᠭᠡ ᠨᠠᠰᠤᠨ ᠤ ᠨᠡᠮᠡᠭᠦᠷᠢ ᠮᠥᠩᠭᠦ ᠣᠯᠭᠤᠬᠤ ᠲᠦᠭᠡᠮᠡᠯ ᠬᠠᠷᠠᠭᠠᠯᠵᠠᠯ ᠤᠨ ᠳᠦᠷᠢᠮ ᠢ ᠬᠡᠷᠡᠭᠵᠢᠭᠦᠯᠵᠦ᠂ ᠪᠤᠭᠤᠲᠤ ᠬᠤᠲᠠ ᠶᠢᠨ ᠡᠷᠦᠬᠡ ᠠᠮᠠ ᠶᠢᠨ ᠬᠠᠷᠢᠶ᠎ᠠ ᠲᠠᠢ᠂ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠳ ᠲᠤ ᠥᠲᠡᠯᠦᠭᠡ ᠨᠠᠰᠤᠨ ᠤ ᠨᠡᠮᠡᠭᠦᠷᠢ ᠮᠥᠩᠭᠦ ᠣᠯᠭᠤᠵᠠᠢ᠃ ᠣᠳᠣᠬᠠᠨ ᠎ ᠳᠤ᠂ ᠪᠤᠭᠤᠲᠤ ᠬᠤᠲᠠ ᠳᠤ ᠥᠨᠳᠥᠷ ᠥᠲᠡᠯᠦᠭᠡ ᠨᠠᠰᠤᠲᠠᠶ ᠨᠠᠰᠤᠲᠠᠶᠢᠴᠤᠳ 56581 ᠬᠥᠮᠦᠨ ᠪᠠᠶᠢᠵᠤ᠂ ᠪᠦᠬᠦᠯᠢ 80᠎ ᠠᠴᠠ 99 ᠨᠠᠰᠤᠲᠠᠢ ᠬᠥᠮᠦᠨ ᠪᠦᠷᠢ ᠳᠤ ᠰᠠᠷ᠎ᠠ ᠪᠦᠷᠢ 100 ᠲᠥᠭᠦᠷᠢᠭ︔ ᠪᠦᠬᠦᠯᠢ 100 ᠨᠠᠰᠤᠨ ᠠᠴᠠ ᠳᠡᠭᠡᠭᠰᠢᠬᠢ ᠬᠥᠮᠦᠨ ᠪᠦᠷᠢ ᠳᠤ ᠰᠠᠷ᠎ᠠ ᠪᠦᠷᠢ 600 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠥᠭᠴᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号