ᠬᠥᠬᠡᠬᠤᠲᠠ᠄ ᠮᠠᠨ ᠤ ᠣᠷᠣᠨ ᠤ ᠠᠩᠬᠠᠳᠤᠭᠴᠢ ︽ᠤᠶᠤᠨᠲᠤ ᠡᠮᠨᠡᠯᠭᠡ ᠶᠢᠨ ᠬᠤᠷᠢᠶ᠎ᠠ︾ ᠰᠦᠯᠵᠢᠶᠡᠨ ᠳᠤ ᠭᠠᠷᠴᠠᠢ
ᠨᠡᠶᠢᠲᠡᠯᠡᠭᠰᠡᠨ ᠴᠠᠭ᠄
2018/8/16
     8 ᠳ᠋ᠤᠭᠠᠷ ᠰᠠᠷ᠎ᠠ ᠶᠢᠨ 15᠎ ᠤ ᠡᠳᠦᠷ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ︽ᠤᠶᠤᠨᠲᠤ ᠡᠮᠨᠡᠯᠭᠡ ᠶᠢᠨ ᠬᠤᠷᠢᠶ᠎ᠠ︾᠎ ᠶᠢ ᠠᠮᠵᠢᠯᠲᠠ ᠲᠠᠢ ᠪᠠᠷ ᠰᠦᠯᠵᠢᠶᠡᠨ ᠳᠤ ᠬᠤᠯᠪᠣᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠦᠯᠵᠢᠶᠡᠨ ᠳᠡᠭᠡᠷ᠎ᠡ ᠲᠣᠭᠠᠴᠠᠭ᠎ᠠ ᠬᠢᠬᠦ ᠴᠢᠳᠠᠮᠵᠢ ᠶᠢ ᠪᠡᠶᠡᠯᠡᠭᠦᠯᠦᠭᠰᠡᠨ ᠡᠮᠨᠡᠯᠭᠡ ᠶᠢᠨ ᠬᠤᠷᠢᠶ᠎ᠠ ᠪᠤᠯᠪᠠ᠃      ᠤᠶᠢᠯᠠᠭᠠᠭᠰᠠᠨ ᠢᠶᠠᠷ᠂ ︽ᠤᠶᠤᠨᠲᠤ ᠡᠮᠨᠡᠯᠭᠡ ᠶᠢᠨ ᠬᠤᠷᠢᠶ᠎ᠠ︾ ᠲᠠᠪᠴᠠᠩ ᠨᠢ ︽ᠡᠮᠨᠡᠯᠭᠡ ᠶᠢᠨ ᠬᠤᠷᠢᠶ᠎ᠠ ᠶᠢᠨ ᠳᠣᠲᠣᠭᠠᠳᠤᠬᠢ ᠲᠠᠪᠴᠠᠩ + ᠸᠢᠴᠠᠲ ᠤᠨ ᠤᠷᠤᠬᠤ ᠡᠭᠦᠳᠡ + ᡁᠢ ᠹᠦ᠋ ᠪᠣᠣ ᠶᠢᠨ ᠣᠷᠣᠬᠤ ᠡᠭᠦᠳᠡ︾᠎ ᠶᠢᠨ ᠬᠡᠪ ᠵᠠᠭᠪᠤᠷ ᠢ ᠠᠪᠴᠦ᠂ ᠡᠪᠡᠳᠴᠢᠲᠡᠨ APP᠎ ᠶᠢ ᠪᠠᠭᠤᠯᠭᠠᠵᠤ ᠤᠭᠰᠠᠷᠠᠬᠤ ᠬᠡᠷᠡᠭ ᠦᠭᠡᠢ᠂ ᠰᠢᠭᠤᠳ ᠸᠢᠴᠠᠲ ᠤᠨ ᠤᠯᠠᠨ ᠨᠡᠶᠢᠲᠡ ᠶᠢᠨ ᠳ᠋ᠤᠭᠠᠷ ᠪᠤᠶᠤ ᡁᠢ ᠹᠦ᠋ ᠪᠣᠣ ᠶᠢᠨ ᠦᠶᠯᠡᠴᠢᠯᠡᠭᠡᠨ ᠤ ᠴᠤᠩᠬᠤ ᠪᠠᠷ ᠳᠠᠮᠵᠢᠭᠤᠯᠤᠨ ︽ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ︾᠎ ᠶᠢ ᠰᠤᠩᠭᠤᠪᠠᠯ ᠳᠠᠷᠤᠶ ︽ᠦᠶᠯᠡᠴᠢᠯᠡᠭᠡᠨ ᠤ ᠲᠠᠪᠴᠠᠩ︾᠎ ᠢ ᠡᠷᠢᠨ ᠤᠯᠵᠤ᠂ ᠤᠷᠢᠳᠴᠢᠯᠠᠨ ᠪᠤᠯᠵᠤᠬᠤ᠂ ᠳ᠋ᠤᠭᠠᠷᠯᠠᠬᠤ᠂ ᠡᠮᠨᠡᠭᠦᠯᠬᠦ ᠪᠠᠷ ᠬᠦᠯᠢᠶᠡᠬᠦ᠂ ᠬᠦᠲᠦᠯᠬᠦ᠂ ᠲᠤᠭᠠᠴᠠᠭ᠎ᠠ ᠬᠢᠬᠦ᠂ ᠤᠨᠤᠰᠢᠯᠠᠯᠲᠠ ᠵᠡᠷᠭᠡ ᠪᠦᠬᠦ ᠶᠠᠪᠤᠴᠠ ᠶᠢ ᠴᠥᠮ ᠭᠠᠷ ᠤᠲᠠᠰᠤᠨ ᠳᠡᠭᠡᠷ᠎ᠡ ᠪᠡᠶᠡᠯᠡᠭᠦᠯᠵᠦ ᠴᠢᠳᠠᠨ᠎ᠠ᠃ ᠰᠦᠯᠵᠢᠶᠡᠨ ᠳᠡᠭᠡᠷ᠎ᠡ ᠲᠣᠭᠠᠴᠠᠭ᠎ᠠ ᠬᠢᠬᠦ ᠴᠢᠳᠠᠮᠵᠢ ᠨᠢ ᠡᠪᠡᠳᠴᠢᠲᠡᠨ ᠢ ᠭᠡᠷ ᠠᠴᠠ ᠪᠠᠨ ᠭᠠᠷᠬᠤ ᠦᠭᠡᠢ ᠪᠠᠷ ᠭᠠᠷ ᠤᠲᠠᠰᠤ ᠪᠠᠷ ᠳᠠᠮᠵᠢᠭᠤᠯᠤᠨ ᠤᠷᠢᠳᠴᠢᠯᠠᠨ ᠳ᠋ᠤᠭᠠᠷᠯᠠᠬᠤ᠂ ᠰᠦᠯᠵᠢᠶᠡᠨ ᠳᠡᠭᠡᠷ᠎ᠡ ᠰᠦᠶᠳᠬᠡᠯ ᠲᠤᠰᠢᠶᠠᠬᠤ᠂ ᠤᠨᠤᠰᠢᠯᠠᠯᠲᠠ ᠶᠢ ᠪᠠᠶᠢᠴᠠᠭᠠᠨ ᠯᠠᠪᠯᠠᠬᠤ ᠵᠡᠷᠭᠡ ᠠᠵᠢᠯᠯᠠᠭ᠎ᠠ ᠶᠢ ᠪᠡᠶᠡᠯᠡᠭᠦᠯᠬᠦ ᠪᠤᠯᠭᠠᠭᠰᠠᠨ ᠢᠶᠠᠷ ᠡᠮᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ᠂ ︽ᠡᠪᠡᠳᠴᠢᠨ ᠦᠵᠡᠭᠦᠯᠬᠦ ᠳᠤ ᠬᠦᠴᠢᠷᠲᠡᠶ︾ ᠪᠠᠶᠢᠬᠤ ᠠᠰᠠᠭᠤᠳᠠᠯ ᠢ ᠪᠦᠲᠦᠮᠵᠢᠲᠡᠶ ᠪᠠᠷ ᠨᠠᠮᠳᠠᠭᠤᠯᠵᠠᠢ᠃      ᠬᠠᠷᠢᠨ ᠰᠦᠯᠵᠢᠶᠡᠨ ᠠᠴᠠ ᠭᠠᠳᠠᠨ᠎ᠠ ᠲᠤᠭᠠᠴᠠᠭ᠎ᠠ ᠬᠢᠬᠦ ᠳᠤ᠂ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠠᠰᠠᠷ ᠤᠨ ᠲᠤᠮᠤ ᠲᠠᠩᠬᠢᠮ ᠳᠤ 40 ᠰᠠᠭᠤᠷᠢ ᠨᠢᠭᠡ ᠯᠡ ᠥᠷᠲᠡᠭᠡᠨ ᠤ ᠬᠡᠯᠪᠡᠷᠢ ᠶᠢᠨ ᠪᠠᠩᠬᠢ ᠡᠮᠨᠡᠯᠭᠡ ᠨᠡᠪᠲᠡᠷᠡᠬᠦ ᠠᠦ᠋ᠲ᠋ᠤ᠋ ᠦᠢᠯᠡᠴᠢᠯᠡᠭᠡᠨ ᠤ ᠲᠤᠨᠤᠭ ᠲᠥᠬᠦᠭᠡᠷᠦᠮᠵᠢ ᠶᠢ ᠲᠤᠬᠢᠷᠠᠭᠤᠯᠵᠤ᠂ ᠡᠪᠡᠳᠴᠢᠲᠡᠨ ᠳᠤ ᠥᠪᠡᠰᠦᠪᠡᠨ ᠺᠠᠷᠲ ᠠᠪᠬᠤ᠂ ᠥᠪᠡᠰᠦᠪᠡᠨ ᠳ᠋ᠤᠭᠠᠷᠯᠠᠬᠤ᠂ ᠤᠯᠠᠨ ᠠᠷᠭ᠎ᠠ ᠵᠠᠮ ᠢᠶᠠᠷ ᠥᠪᠡᠰᠦᠪᠡᠨ ᠰᠦᠢᠳᠬᠡᠯ ᠲᠤᠰᠢᠶᠠᠬᠤ᠂ ᠪᠠᠶᠢᠴᠠᠭᠠᠯᠲᠠ ᠶᠢᠨ ᠤᠨᠤᠰᠢᠯᠠᠯᠲᠠ ᠶᠢ ᠥᠪᠡᠰᠦᠪᠡᠨ ᠳᠠᠷᠤᠮᠠᠯᠯᠠᠬᠤ᠂ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠭᠢ ᠶᠢ ᠥᠪᠡᠷᠲᠡᠭᠡᠨ ᠯᠠᠪᠯᠠᠬᠤ ᠵᠡᠷᠭᠡ ᠠᠷᠠᠳ ᠲᠤ ᠲᠥᠬᠦᠮ ᠦᠵᠡᠭᠦᠯᠬᠦ ᠣᠯᠠᠨ ᠵᠦᠶᠯ ᠤᠨ ᠠᠦ᠋ᠲ᠋ᠤ᠋ ᠦᠢᠯᠡᠴᠢᠯᠡᠭᠡ ᠬᠠᠩᠭᠠᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠴᠠᠭ ᠢ ᠪᠦᠲᠦᠮᠵᠢᠲᠡᠶ ᠠᠷᠪᠢᠯᠠᠵᠤ᠂ ᠡᠪᠡᠳᠴᠢᠲᠡᠨ ᠤ ᠡᠮᠨᠡᠭᠦᠯᠬᠦ ᠪᠡᠶ᠎ᠡ ᠪᠠᠨ ᠪᠠᠶᠢᠴᠠᠭᠠᠬᠤ ᠶᠠᠪᠤᠳᠠᠯ ᠤᠳ ᠢ ᠳᠡᠭᠡᠭᠰᠢᠯᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号