|
ᠪᠦᠬᠦ ᠤᠷᠤᠨ ᠤ ᠭᠤᠤᠯ ᠮᠦᠷᠡᠨ ᠨᠠᠭᠤᠷ ᠪᠦᠷᠢᠳᠤ ᠶᠢᠨ ᠶᠡᠷᠦᠩᠬᠡᠢ ᠲᠠᠷᠤᠭ᠎ᠠ ᠵᠢᠴᠢ ᠭᠤᠤᠯ ᠮᠦᠷᠡᠨ ᠨᠠᠭᠤᠷ ᠪᠦᠷᠢᠳᠤ ᠶᠢᠨ ᠲᠠᠷᠤᠭ᠎ᠠ ᠶᠢᠨ ᠲᠦᠷᠢᠮ ᠤᠨ ᠠᠵᠢᠯ | ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ |
|
|
ᠨᠡᠶᠢᠲᠡᠯᠡᠭᠰᠡᠨ ᠴᠠᠭ᠄
2018/8/16
|
|
8 ᠳ᠋ᠤᠭᠠᠷ ᠰᠠᠷ᠎ᠠ ᠶᠢᠨ 15 ᠤ ᠡᠳᠦᠷ᠂ ᠪᠦᠬᠦ ᠤᠷᠤᠨ ᠤ ᠭᠤᠤᠯ ᠮᠦᠷᠡᠡ ᠨᠠᠭᠤᠷ ᠪᠦᠷᠢᠳᠤ ᠶᠢᠨ ᠶᠡᠷᠦᠩᠬᠡᠢ ᠲᠠᠷᠤᠭ᠎ᠠ ᠵᠢᠴᠢ ᠭᠤᠤᠯ ᠮᠦᠷᠡᠨ ᠨᠠᠭᠤᠷ ᠪᠦᠷᠢᠳᠤ ᠶᠢᠨ ᠲᠠᠷᠤᠭ᠎ᠠ ᠶᠢᠨ ᠲᠦᠷᠢᠮ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠭᠤᠤᠯ ᠮᠦᠷᠡᠨ ᠨᠠᠭᠤᠷ ᠪᠦᠷᠢᠳᠤ ᠶᠢᠨ ᠶᠡᠷᠦᠩᠬᠡᠢ ᠲᠠᠷᠤᠭ᠎ᠠ ᠪᠦ᠋ ᠰᠢᠶᠤᠤ ᠯᠢᠨ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ᠃ ᠪᠦ᠋ ᠰᠢᠶᠤᠤ ᠯᠢᠨ ᠵᠢᠭᠠᠭᠰᠠᠨ ᠨᠢ᠂ ᠭᠤᠤᠯ ᠮᠦᠷᠡᠨ ᠨᠠᠭᠤᠷ ᠪᠦᠷᠢᠳᠤ ᠶᠢᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠭᠦ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠪᠤᠬᠢᠷᠳᠦᠯ ᠦᠭᠡᠢ ᠬᠦᠭᠵᠢᠯᠳᠡ ᠶᠢᠨ ᠣᠨᠣᠯᠵᠢᠬᠤᠨ ᠢ ᠨᠡᠶᠢᠳᠡᠪᠦᠷᠢᠵᠢᠭᠤᠯᠬᠤ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠬᠤ ᠴᠢᠬᠤᠯᠠ ᠶᠡᠭᠡ ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠪᠤᠯᠤᠨ᠎ᠠ᠃ ᠡᠯ᠎ᠠ ᠭᠠᠵᠠᠷ ᠤᠷᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠦᠨ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠤᠨ ᠨᠡᠶᠢᠳᠡᠪᠦᠷᠢᠵᠢᠭᠤᠯᠵᠤ᠂ ᠭᠤᠤᠯ ᠮᠦᠷᠡᠨ ᠨᠠᠭᠤᠷ ᠪᠦᠷᠢᠳᠤ ᠶᠢᠨ ᠲᠠᠷᠤᠭ᠎ᠠ ᠶᠢᠨ ᠲᠦᠷᠢᠮ ᠤᠨ ᠠᠵᠢᠯ ᠢ ᠦᠨᠡᠨ ᠬᠦ ᠪᠠᠶᠢᠪᠠᠰᠤ ᠵᠤᠬᠢᠬᠤ ᠤᠷᠤᠨ ᠪᠠᠶᠢᠷᠢ ᠳᠤᠨᠢ ᠲᠠᠯᠪᠢᠬᠤ ᠬᠡᠷᠡᠭᠳᠡᠢ᠃ ᠭᠤᠤᠯ ᠮᠦᠷᠡᠨ ᠨᠠᠭᠤᠷ ᠪᠦᠷᠢᠳᠤ ᠶᠢᠨ ᠲᠠᠷᠤᠭ᠎ᠠ ᠶᠢᠨ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠢ ᠪᠦᠷᠢᠨᠰᠢᠭᠦᠯᠵᠦ᠂ ᠡᠯ᠎ᠠ ᠲᠡᠰ ᠲᠠᠪᠬᠤᠷᠭ᠎ᠠ ᠶᠢᠨ ᠭᠤᠤᠯ ᠮᠦᠷᠡᠨ ᠨᠠᠭᠤᠷ ᠪᠦᠷᠢᠳᠤ ᠶᠢᠨ ᠲᠠᠷᠤᠭ᠎ᠠ ᠶᠢᠨ ᠪᠤᠳᠠᠳᠠᠢ ᠡᠭᠦᠷᠭᠡ ᠬᠠᠷᠢᠭᠤᠴᠠᠯᠭ᠎ᠠ ᠶᠢ ᠲᠤᠳᠤᠷᠬᠠᠢᠢᠯᠠᠨ᠂ ᠡᠯ᠎ᠠ ᠵᠦᠢᠯ ᠤᠨ ᠠᠵᠢᠯ ᠤᠨ ᠪᠤᠳᠠᠳᠠᠢ ᠳᠤ ᠨᠡᠶᠢᠳᠡᠪᠦᠷᠢᠵᠢᠭᠤᠯᠤᠬᠳᠠᠬᠤ ᠶᠢ ᠪᠠᠳᠤᠯᠠᠬᠤ ᠬᠡᠷᠡᠭᠳᠡᠢ᠃ ᠭᠤᠤᠯ ᠮᠦᠷᠡᠨ ᠨᠠᠭᠤᠷ ᠪᠦᠷᠢᠳᠤ ᠶᠢᠨ ᠠᠰᠠᠭᠤᠳᠠᠯ ᠤᠰᠤᠨ ᠳᠤ ᠢᠯᠡᠷᠡᠵᠤ᠂ ᠦᠨᠳᠦᠰᠦ ᠨᠢ ᠡᠷᠬᠢ ᠳᠤ ᠪᠤᠢ᠂ ᠶᠡᠷᠦᠩᠬᠡᠶᠢᠯᠡᠨ ᠰᠡᠷᠬᠡᠶᠢᠯᠡᠨ ᠵᠠᠰᠠᠬᠤ ᠠᠵᠢᠯ ᠢ ᠴᠢᠩᠭᠠᠳᠬᠠᠨ ᠠᠵᠤ ᠦᠢᠯᠡᠳᠪᠦᠷᠢ᠂ ᠮᠠᠯ ᠠᠵᠤ ᠠᠬᠤᠢ ᠲᠠᠷᠢᠶᠠᠯᠠᠩ᠂ ᠠᠮᠢᠳᠤᠷᠠᠯ ᠤᠨ ᠪᠤᠬᠢᠷᠳᠦᠯ ᠤᠨ ᠡᠬᠢ ᠪᠠ ᠤᠰᠤᠨ ᠤ ᠠᠮᠢ ᠠᠬᠤᠢ ᠶᠢᠨ ᠰᠢᠰᠲ᠋ᠧᠮ ᠤᠨ ᠵᠠᠰᠠᠯᠳᠠ ᠶᠢ ᠲᠦᠷᠭᠡᠳᠭᠡᠵᠤ᠂ ᠭᠤᠤᠯ ᠮᠦᠷᠡᠨ ᠨᠠᠭᠤᠷ ᠪᠦᠷᠢᠳᠤ ᠳᠤ ᠤᠷᠤᠬᠤ ᠪᠤᠬᠢᠷᠳᠦᠯ ᠤᠨ ᠡᠬᠢ ᠶᠢ ᠪᠦᠬᠦ ᠲᠠᠯ᠎ᠠ ᠪᠠᠷ ᠪᠠᠶᠢᠴᠠᠭᠠᠵᠤ᠂ ᠴᠡᠩᠭᠡᠭ ᠤᠰᠤ ᠶᠢᠨ ᠬᠠᠮᠠᠭᠠᠯᠠᠯᠳᠠ ᠶᠢᠨ ᠲᠠᠶᠢᠯᠠᠯᠳᠤᠭᠠᠨ ᠢ ᠰᠠᠶᠢᠳᠤᠷ ᠬᠢᠭᠦ ᠬᠡᠷᠡᠭᠳᠡᠢ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠳᠠ ᠶᠢᠨ ᠲᠦᠷᠢᠮ ᠢ ᠨᠡᠶᠢᠳᠡᠪᠦᠷᠢᠵᠢᠭᠤᠯᠵᠤ᠂ ᠭᠠᠵᠠᠷ ᠲᠤᠤᠷᠠᠬᠢ ᠤᠰᠤ ᠶᠢ ᠬᠡᠳᠦᠷᠡᠳᠡᠯ᠎ᠠ ᠲᠠᠳᠠᠬᠤ ᠵᠡᠷᠭᠡ ᠲᠤᠪᠤᠶᠢᠮ᠎ᠠ ᠠᠰᠠᠭᠤᠳᠠᠯ ᠢ ᠰᠠᠶᠢᠳᠤᠷ ᠰᠢᠢᠳᠪᠦᠷᠢᠯᠡᠵᠤ᠂ ᠤᠰᠤᠨ ᠤ ᠠᠮᠢ ᠠᠬᠤᠢ ᠶᠢᠨ ᠠᠮᠤᠷ ᠲᠦᠪᠰᠢᠨ ᠢ ᠪᠠᠳᠤᠯᠠᠬᠤ ᠬᠡᠷᠡᠭᠳᠡᠢ᠃ ᠤᠰᠤᠨ ᠤ ᠠᠮᠢ ᠠᠬᠤᠢ ᠶᠢ ᠵᠠᠰᠠᠨ ᠰᠡᠷᠬᠦᠭᠡᠬᠦ ᠪᠠ ᠬᠠᠤᠯᠢ ᠬᠡᠷᠡᠭᠵᠢᠭᠦᠯᠭᠦ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ ᠬᠦᠯᠦᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠵᠡᠷᠭᠡ ᠭᠤᠤᠯᠳᠠᠯᠭ᠎ᠠ ᠲᠠᠢ ᠭᠤᠤᠯ ᠮᠦᠷᠡᠨ ᠨᠠᠭᠤᠷ ᠪᠦᠷᠢᠳᠤ ᠶᠢᠨ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠳᠠ ᠶᠢ ᠰᠠᠶᠢᠳᠤᠷ ᠠᠳᠬᠤᠵᠤ᠂ ᠠᠷᠠᠳ ᠤᠯᠠᠨ ᠳᠤ ᠭᠤᠤᠯ ᠮᠦᠷᠡᠨ ᠨᠠᠭᠤᠷ ᠪᠦᠷᠢᠳᠤ ᠶᠢᠨ ᠠᠮᠢ ᠠᠬᠤᠢ ᠤᠷᠴᠢᠨ ᠲᠤᠭᠤᠷᠢᠨ ᠦᠨᠡᠨ ᠬᠦ ᠰᠠᠶᠢᠵᠢᠷᠠᠬᠰᠠᠨ ᠢ ᠮᠡᠳᠡᠷᠡᠬᠦᠯᠬᠦ ᠬᠡᠷᠡᠭᠳᠡᠢ ᠭᠡᠵᠡᠢ᠃ ᠪᠦ᠋ ᠰᠢᠶᠤᠤ ᠯᠢᠨ ᠱᠠᠭᠠᠷᠳᠠᠭᠰᠠᠨ ᠨᠢ᠂ ᠭᠤᠤᠯ ᠮᠦᠷᠡᠨ ᠨᠠᠭᠤᠷ ᠪᠦᠷᠢᠳᠤ ᠶᠢᠨ ᠲᠠᠷᠤᠭ᠎ᠠ ᠶᠢᠨ ᠲᠦᠷᠢᠮ ᠨᠢ ᠨᠡᠷ᠎ᠠ ᠵᠡᠭᠦᠭᠦ ᠲᠦᠷᠢᠮ ᠪᠢᠰᠢ ᠬᠠᠷᠢᠨ ᠬᠠᠷᠢᠭᠤᠴᠠᠯᠭ᠎ᠠ ᠶᠢᠨ ᠲᠦᠷᠢᠮ ᠪᠤᠯᠬᠤ ᠶᠤᠮ᠂ ᠭᠤᠤᠯ ᠮᠦᠷᠡᠨ ᠨᠠᠭᠤᠷ ᠪᠦᠷᠢᠳᠤ ᠶᠢᠨ ᠲᠠᠷᠤᠭ᠎ᠠ ᠶᠢᠨ ᠲᠤᠰᠢᠶᠠᠯ ᠢ ᠡᠭᠦᠷᠭᠡᠯᠡᠵᠤ ᠪᠠᠶᠢᠭ᠎ᠠ ᠨᠠᠮ ᠵᠠᠰᠠᠭ ᠤᠨ ᠤᠳᠤᠷᠢᠳᠤᠯᠭ᠎ᠠ ᠰᠠᠨᠠᠭᠠᠴᠢᠯᠠᠭ᠎ᠠ ᠠᠴᠠ ᠪᠠᠨ ᠲᠤᠰᠢᠶᠠᠯ ᠢᠶᠠᠨ ᠬᠦᠢᠴᠡᠳᠭᠡᠵᠤ᠂ ᠡᠯ᠎ᠠ ᠬᠠᠷᠢᠭᠤᠴᠠᠯᠭᠠᠳᠦ ᠨᠢᠭᠡᠴᠡ ᠶᠢᠨ ᠬᠢᠨ ᠨᠢᠬᠳᠠ ᠬᠠᠮᠵᠢᠯᠴᠠᠵᠤ ᠬᠤᠯᠪᠤᠭᠠᠯᠠᠬᠤ ᠬᠡᠷᠡᠭᠳᠡᠢ᠃ ᠬᠢᠨᠠᠨ ᠰᠢᠯᠭᠠᠵᠤ ᠬᠢᠨᠠᠯᠳᠠ ᠲᠠᠯᠪᠢᠬᠤ ᠪᠠᠨ ᠴᠢᠩᠭᠠᠳᠬᠠᠵᠤ᠂ ᠠᠳᠠᠯᠢ ᠪᠤᠰᠤ ᠭᠤᠤᠯ ᠮᠦᠷᠡᠨ ᠨᠠᠭᠤᠷ ᠪᠦᠷᠢᠳᠤ ᠳᠤ ᠤᠷᠤᠰᠢᠵᠤ ᠪᠦᠬᠦᠢ ᠠᠰᠠᠭᠤᠳᠠᠯ ᠳᠤ ᠴᠢᠭᠯᠡᠭᠦᠯᠦᠨ ᠵᠦᠷᠢᠶᠡᠴᠢᠯᠡᠭᠰᠨᠨ ᠠᠮᠵᠢᠯᠳᠡ ᠪᠦᠳᠦᠮᠵᠢ ᠶᠢᠨ ᠦᠨᠡᠯᠠᠨ ᠰᠢᠯᠭᠠᠯᠳᠠ ᠶᠢ ᠬᠡᠷᠡᠭᠵᠢᠭᠦᠯᠭᠦ ᠬᠡᠷᠡᠭᠳᠡᠢ᠃ ᠤᠬᠠᠭᠤᠯᠵᠤ ᠵᠢᠯᠤᠭᠤᠳᠬᠤ ᠪᠠᠨ ᠴᠢᠩᠭᠠᠳᠬᠠᠨ ᠭᠤᠤᠯ ᠮᠦᠷᠡᠨ ᠨᠠᠭᠤᠷ ᠪᠦᠷᠢᠳᠤ ᠶᠢ ᠬᠠᠮᠢᠶᠠᠷᠴᠤ ᠬᠠᠮᠠᠭᠠᠯᠠᠬᠤ ᠤᠬᠠᠮᠰᠠᠷ ᠢ ᠬᠦᠮᠦᠰ ᠤᠨ ᠰᠡᠳᠬᠢᠯ ᠳᠤ ᠬᠠᠳᠠᠩᠰᠢᠭᠤᠯᠵᠤ᠂ ᠪᠦᠬᠦ ᠨᠡᠶᠢᠭᠡᠮ ᠢᠶᠠᠷ ᠢᠶᠠᠨ ᠭᠤᠤᠯ ᠮᠦᠷᠡᠨ ᠨᠠᠭᠤᠷ ᠪᠦᠷᠢᠳᠤ ᠶᠢ ᠬᠠᠶᠢᠷᠠᠯᠠᠬᠤ᠂ ᠭᠤᠤᠯ ᠮᠦᠷᠡᠨ ᠨᠠᠭᠤᠷ ᠪᠦᠷᠢᠳᠤ ᠶᠢ ᠨᠠᠨᠳᠢᠩᠨᠠᠬᠤ᠂ ᠭᠤᠤᠯ ᠮᠦᠷᠡᠨ ᠨᠠᠭᠤᠷ ᠪᠦᠷᠢᠳᠤ ᠶᠢ ᠬᠠᠮᠠᠭᠠᠯᠠᠬᠤ ᠰᠠᠶᠢᠨ ᠰᠠᠶᠢᠬᠠᠨ ᠬᠡᠪ ᠰᠤᠷᠳᠠᠯ ᠢ ᠪᠦᠷᠢᠯᠳᠦᠭᠦᠯᠭᠦ ᠬᠡᠷᠡᠭᠳᠡᠢ ᠬᠡᠪᠠ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠲᠡᠰ ᠤᠨ ᠭᠤᠤᠯ ᠮᠦᠷᠡᠨ ᠨᠠᠭᠤᠷ ᠪᠦᠷᠢᠳᠤ ᠶᠢᠨ ᠲᠠᠷᠤᠭ᠎ᠠ ᠠᠢ ᠯᠢ ᠬᠤᠸᠠ᠂ ᠵᠠᠩ ᠱᠤᠤ ᠴᠦᠨ ᠬᠤᠷᠠᠯ ᠳᠤ ᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠲᠡᠰ ᠤᠨ ᠭᠤᠤᠯ ᠮᠦᠷᠡᠨ ᠨᠠᠭᠤᠷ ᠪᠦᠷᠢᠳᠤ ᠶᠢᠨ ᠲᠠᠷᠤᠭ᠎ᠠ ᠯᠢ ᠪᠢᠩ ᠷᠦᠩ ᠪᠦᠬᠦ ᠤᠷᠤᠨ ᠤ ᠭᠤᠤᠯ ᠮᠦᠷᠡᠨ ᠨᠠᠭᠤᠷ ᠪᠦᠷᠢᠳᠤ ᠶᠢᠨ ᠲᠠᠷᠤᠭ᠎ᠠ ᠶᠢᠨ ᠲᠦᠷᠢᠮ ᠤᠨ ᠠᠵᠢᠯ ᠤᠨ ᠪᠠᠶᠢᠳᠠᠯ ᠢ ᠵᠠᠷᠯᠠᠨ ᠨᠡᠶᠢᠳᠡᠯᠡᠵᠤ᠂ ᠤᠯᠠᠭᠠᠨᠬᠠᠳᠠ ᠬᠤᠳᠠ᠂ ᠪᠠᠶᠠᠨᠨᠠᠭᠤᠷ ᠬᠤᠳᠠ᠂ ᠤᠯᠠᠭᠠᠨᠴᠠᠪ ᠬᠤᠳᠠ ᠪᠠ ᠬᠠᠩᠬᠢᠨ ᠬᠤᠰᠢᠭᠤᠨ ᠤ ᠬᠠᠷᠢᠭᠤᠴᠠᠯᠭᠠᠳᠠᠨ ᠰᠠᠨᠠᠯ ᠢᠶᠠᠨ ᠰᠤᠯᠢᠯᠴᠠᠬᠤ ᠦᠭᠡ ᠬᠡᠯᠡᠵᠡᠢ᠃ ᠬᠤᠷᠠᠯ ᠢ ᠬᠠᠷᠠᠭᠠᠨ ᠲᠠᠪᠲᠠᠮᠵᠢ ᠶᠢᠨ ᠬᠡᠯᠪᠡᠷᠢ ᠪᠠᠷ ᠰᠤᠮᠤ ᠰᠢᠶᠠᠩ ᠪᠠᠯᠭᠠᠰᠦ ᠶᠢᠨ ᠱᠠᠳᠤ ᠬᠦᠷᠳᠡᠯ᠎ᠠ ᠨᠡᠪᠳᠡᠷᠡᠭᠦᠯᠵᠡᠢ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|