ᠥᠪᠥᠷ ᠮᠣᠩᠭᠤᠯ 70 ᠲᠤᠰᠠᠯᠠᠭᠴᠢ ᠡᠮᠴᠢ ᠡᠯᠰᠡᠵᠦ ᠦᠨᠳᠦᠰᠦᠨ ᠱᠠᠲᠤᠨ ᠳᠤ ᠲᠤᠰᠠᠯᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/8/16
     ︽2018 ᠣᠨ ᠤ ᠪᠦᠷᠢᠨ ᠡᠮᠴᠢᠯᠡᠭᠡᠨ ᠤ ᠰᠠᠯᠠᠭ᠎ᠠ ᠶᠢᠨ ᠲᠤᠰᠠᠯᠠᠭᠴᠢ ᠡᠮᠴᠢ ᠶᠢᠨ ᠪᠣᠯᠪᠠᠰᠤᠷᠠᠭᠤᠯᠤᠯ ᠬᠢᠬᠦ ᠡᠯᠰᠡᠬᠦ ᠵᠢᠴᠢ ᠬᠠᠮᠢᠶ᠎ᠠ ᠪᠥᠬᠦᠶ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠦᠨᠳᠦᠰᠦᠯᠡᠨ᠂ ᠮᠠᠨ ᠤ ᠣᠷᠣᠨ ᠪᠦᠷᠢᠨ ᠡᠮᠴᠢᠯᠡᠭᠡᠨ ᠤ ᠰᠠᠯᠠᠭ᠎ᠠ ᠶᠢᠨ ᠲᠤᠰᠠᠯᠠᠬᠤ ᠡᠮᠴᠢ 70 ᠬᠥᠮᠦᠨ ᠡᠯᠰᠡᠵᠤ᠂ ᠪᠣᠯᠪᠠᠰᠤᠷᠠᠭᠤᠯᠤᠯ ᠬᠢᠭᠰᠡᠨ ᠤ ᠳᠠᠷᠠᠭ᠎ᠠ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠲᠤᠰᠠᠯᠠᠬᠤ ᠪᠠᠷ ᠪᠠᠶᠢᠨ᠎ᠠ᠃      ᠡᠯᠰᠡᠬᠦ ᠳᠡᠭᠡᠨ ᠵᠠᠷᠴᠢᠮ ᠳᠡᠭᠡᠷ᠎ᠡ ᠪᠠᠨ 30 ᠪᠦᠬᠦᠯᠢ ᠨᠠᠰᠤᠨ ᠠᠴᠠ ᠳᠣᠭᠤᠭᠰᠢ᠂ ᠧᠦ᠋ᠷᠣᠫᠠ ᠡᠮᠨᠡᠯᠭᠡ᠂ ᠮᠣᠩᠭᠤᠯ ᠡᠮᠨᠡᠯᠭᠡ᠂ ᠬᠢᠲᠠᠳ ᠡᠮᠨᠡᠯᠭᠡ ᠶᠢᠨ ᠲᠦᠷᠦᠯ ᠤᠨ ᠡᠩ ᠤᠨ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︶ ᠲᠡᠭᠦᠰᠦᠭᠰᠡᠨ᠂ ᠨᠢᠭᠡᠨᠲᠡ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠥᠷᠥᠭᠡ ᠵᠡᠷᠭᠡ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠪᠦᠷᠢᠨ ᠡᠮᠴᠢᠯᠡᠭᠡᠨ ᠤ ᠰᠠᠯᠠᠭ᠎ᠠ ᠶᠢᠨ ᠠᠵᠢᠯ ᠢ ᠬᠢᠵᠦ ᠪᠠᠶᠢᠭ᠎ᠠ ᠪᠤᠶᠤ ᠬᠢᠬᠦ ᠪᠠᠷ ᠪᠠᠶᠢᠭ᠎ᠠ ᠬᠥᠮᠥᠰ ᠢ ᠡᠯᠰᠡᠨ᠎ᠡ᠃ ᠡᠭᠦᠨ ᠳᠤ ᠬᠢᠲᠠᠳ ᠡᠮᠨᠡᠯᠭᠡ ᠪᠠ ᠧᠦ᠋ᠷᠣᠫᠠ ᠡᠮᠨᠡᠯᠭᠡ ᠶᠢᠨ 40 ᠬᠥᠮᠦᠨ᠂ ᠮᠣᠩᠭᠤᠯ ᠡᠮᠨᠡᠯᠭᠡ ᠶᠢᠨ 15 ᠬᠥᠮᠦᠨ᠂ ᠬᠢᠲᠠᠳ ᠡᠮᠨᠡᠯᠭᠡ ᠶᠢᠨ 15 ᠬᠥᠮᠦᠨ ᠡᠯᠰᠡᠨ᠎ᠡ᠃      ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠳᠣᠰᠠᠳᠠ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ᠂ ᠬᠢᠯᠢ ᠶᠢᠨ ᠬᠤᠰᠢᠭᠤ ᠰᠢᠶᠠᠨ᠂ ᠭᠤᠷᠪᠠᠨ ᠴᠥᠭᠡᠨ ᠲᠣᠭᠠᠲᠤ ᠦᠨᠳᠦᠰᠦᠲᠡᠨ ᠤ ᠬᠤᠰᠢᠭᠤ ᠰᠢᠶᠠᠨ ᠠᠴᠠ ᠣᠷᠣᠯᠴᠠᠬᠤ ᠠᠵᠢᠯᠳᠠᠤᠨ ᠢ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠪᠣᠯᠪᠠᠰᠤᠷᠠᠯ ᠬᠦᠷᠲᠡᠭᠡᠬᠦ ᠬᠡᠪᠴᠢᠶ᠎ᠡ ᠶᠢ ᠧᠦ᠋ᠷᠣᠫᠠ ᠡᠮᠨᠡᠯᠭᠡ᠂ ᠮᠣᠩᠭᠤᠯ ᠡᠮᠨᠡᠯᠭᠡ᠂ ᠬᠢᠲᠠᠳ ᠡᠮᠨᠡᠯᠭᠡ ᠶᠢᠨ ᠲᠦᠷᠦᠯ ᠤᠨ ᠠᠵᠢᠯ ᠡᠷᠭᠢᠯᠡᠬᠦ ᠲᠤᠰᠠᠯᠠᠭᠴᠢ ᠶᠡᠭᠡ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠦᠴᠡᠯ ᠱᠠᠭᠠᠷᠳᠠᠯᠭ᠎ᠠ ᠳᠤ ᠨᠡᠶᠢᠴᠡᠭᠦᠯᠬᠦ ᠮᠥᠷᠲᠡᠭᠡᠨ ᠨᠠᠰᠤᠨ ᠳᠤ ᠬᠦᠷᠦᠭᠰᠡᠳ ᠤᠨ ᠲᠤᠰᠬᠠᠶ ᠮᠡᠷᠭᠡᠵᠢᠯ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠠᠵᠢᠯᠲᠠᠨ ᠬᠦᠷᠲᠡᠯ᠎ᠡ ᠦᠷᠭᠡᠳᠬᠡᠵᠦ ᠪᠣᠯᠣᠨ᠎ᠠ᠃      ᠡᠯᠰᠡᠭᠰᠡᠨ ᠤ ᠳᠠᠷᠠᠭ᠎ᠠ ᠤᠴᠢᠷ ᠰᠢᠯᠲᠠᠭᠠᠨ ᠦᠭᠡᠢ ᠪᠠᠷ ᠨᠡᠷ᠎ᠡ ᠮᠡᠳᠡᠭᠦᠯᠦᠭᠰᠡᠨ ᠦᠭᠡᠢ ᠵᠢᠴᠢ ᠨᠡᠷ᠎ᠡ ᠮᠡᠳᠡᠭᠦᠯᠦᠭᠰᠡᠨ ᠤ ᠲᠠᠷᠠᠭ᠎ᠠ ᠤᠴᠢᠷ ᠰᠢᠯᠲᠠᠭᠠᠨ ᠦᠭᠡᠢ ᠪᠠᠷ ᠥᠪᠡᠰᠦᠪᠡᠨ ᠪᠣᠯᠪᠠᠰᠤᠷᠠᠯ ᠳᠤ ᠣᠷᠣᠯᠴᠠᠭᠰᠠᠨ ᠦᠭᠡᠢ ᠪᠣᠯ᠂ 2 ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠪᠦᠷᠢᠨ ᠡᠮᠴᠢᠯᠡᠭᠡᠨ ᠤ ᠰᠠᠯᠠᠭ᠎ᠠ ᠶᠢᠨ ᠲᠤᠰᠠᠯᠠᠬᠤ ᠡᠮᠴᠢ ᠶᠢᠨ ᠪᠣᠯᠪᠠᠰᠤᠷᠠᠭᠤᠯᠤᠯ ᠳᠤ ᠨᠡᠷ᠎ᠡ ᠮᠡᠳᠡᠭᠦᠯᠦᠨ ᠣᠷᠣᠯᠴᠠᠵᠤ ᠪᠣᠯᠬᠤ ᠦᠭᠡᠢ᠂ ᠪᠣᠯᠪᠠᠰᠤᠷᠠᠭᠤᠯᠤᠯ ᠳᠤ ᠥᠯᠥ ᠣᠷᠣᠯᠴᠠᠭᠰᠠᠨ ᠲᠡᠮᠳᠡᠭᠯᠡᠯ ᠢ ᠨᠢ ᠬᠤᠪᠢ ᠬᠥᠮᠦᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠳᠤ ᠣᠷᠣᠭᠤᠯᠬᠤ ᠪᠦᠭᠡᠳ ᠭᠡᠷ᠎ᠡ ᠵᠥᠷᠢᠴᠡᠭᠰᠡᠨ ᠢᠶᠠᠷ ᠰᠢᠢᠳᠪᠦᠷᠢᠯᠡᠨ᠎ᠡ᠃ ᠡᠯᠰᠡᠯᠲᠠ ᠶᠢᠨ ᠠᠵᠢᠯ ᠳᠤᠮᠳᠠ ᠬᠤᠳᠠᠯ ᠬᠠᠭᠤᠷᠮᠠᠭ ᠵᠣᠬᠢᠶᠠᠭᠰᠠᠨ ᠵᠢᠴᠢ ᠬᠢᠨᠠᠨ ᠬᠠᠷᠭᠤᠭᠤᠯᠬᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠭᠰᠡᠨ ᠦᠭᠡᠢ ᠰᠠᠯᠠᠭ᠎ᠠ ᠮᠥᠴᠢᠷ ᠵᠢᠴᠢ ᠲᠤᠬᠠᠶ ᠶᠢᠨ ᠬᠥᠮᠦᠨ ᠢ ᠪᠣᠯ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠬᠤᠷᠢᠶ᠎ᠠ ᠲᠥᠪ ᠴᠢᠩᠭ᠎ᠠ ᠪᠠᠷ ᠬᠠᠷᠢᠭᠤᠴᠠᠯᠭ᠎ᠠ ᠲᠣᠯᠭᠠᠵᠤ᠂ ᠪᠠᠶᠢᠳᠠᠯ ᠢ ᠨᠢ ᠦᠵᠡᠵᠦ ᠪᠠᠶᠢᠭᠠᠳ ᠤᠯᠠᠨ ᠨᠡᠶᠢᠲᠡ ᠳᠤ ᠵᠠᠷᠯᠠᠨ ᠨᠡᠶᠢᠲᠡᠯᠡᠵᠦ ᠰᠢᠭᠦᠮᠵᠢᠯᠡᠬᠦ ᠪᠠ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃ ᠡᠯ᠎ᠡ ᠠᠶᠢᠮᠠᠭ ᠬᠤᠲᠠ ᠡᠯᠰᠡᠯᠲᠠ ᠶᠢᠨ ᠶᠠᠪᠤᠴᠠ ᠳᠤ ᠰᠠᠬᠢᠯᠭ᠎ᠠ ᠪᠠᠲᠤ ᠪᠠᠶᠢᠴᠠᠭᠠᠬᠤ ᠠᠵᠢᠯᠲᠠᠳ ᠲᠣᠬᠢᠷᠠᠭᠤᠯᠵᠤ ᠪᠥᠬᠦ ᠶᠠᠪᠤᠴᠠ ᠳᠤ ᠬᠢᠨᠠᠯᠲᠠ ᠲᠠᠯᠪᠢᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号