8 ᠳ᠋ᠤᠭᠠᠷ ᠰᠠᠷ᠎ᠠ ᠶᠢᠨ 2 ᠠᠴᠠ 3 ᠤ ᠡᠳᠦᠷ ᠪᠤᠯᠳᠠᠯ᠎ᠠ᠂ ᠪᠦᠭᠦ ᠤᠷᠤᠨ ᠤ ᠠᠷᠠᠳ ᠤᠨ ᠡᠶᠡᠳᠡᠭᠦᠯᠭᠡ ᠶᠢᠨ | ᠠᠵᠢᠯ ᠵᠢᠴᠢ ᠲᠤᠷᠰᠢᠯᠭ᠎ᠠ ᠰᠤᠯᠢᠯᠴᠠᠬᠤ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠠᠴᠠ᠂ ᠰᠢ ᠶᠢᠨ ᠫᠢᠡᠭ | ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠦᠵᠡᠯ | ᠰᠠᠨᠠᠭ᠎ᠠ ᠪᠠ ︽ᠹᠸᠡᠭ ᠴᠢᠶᠤᠤ ᠶᠢᠨ ᠲᠤᠷᠰᠢᠯᠭ᠎ᠠ︾ ᠶᠢ ᠵᠠᠯᠭᠠᠮᠵᠢᠯᠠᠨ ᠪᠠᠳᠠᠷᠠᠭᠤᠯᠬᠤ ᠲᠤᠬᠠᠢ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠭᠦ ᠤᠷᠤᠨ ᠤ ᠠᠷᠠᠳ ᠤᠨ | ᠡᠶᠡᠳᠡᠭᠦᠯᠭᠡ ᠶᠢᠨ ᠠᠵᠢᠯ ᠤᠨ ᠠᠮᠵᠢᠯᠳᠠ ᠪᠠ ᠲᠤᠷᠰᠢᠯᠭ᠎ᠠ ᠶᠢ ᠳ᠋ᠦᠡᠭᠨᠡᠵᠤ᠂ ᠲᠡᠷᠢᠭᠦᠨ ᠤ ᠬᠢ ᠶᠢ ᠬᠦᠭᠢᠭᠦᠯᠦᠨ | ᠰᠠᠶᠢᠰᠢᠶᠠᠵᠦ᠂ ᠰᠢᠨ᠎ᠠ ᠴᠠᠭ ᠦᠶ᠎ᠠ ᠶᠢᠨ ᠠᠷᠠᠳ ᠤᠨ ᠡᠶᠡᠳᠡᠭᠦᠯᠭᠡ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ | ᠤᠶᠢᠯᠠᠭᠠᠬᠰᠠᠨ ᠢᠶᠠᠷ᠂ ᠤᠶᠢᠷ᠎ᠠ ᠶᠢᠨ 5 ᠵᠢᠯ ᠳᠤ᠂ ᠪᠦᠭᠦ ᠤᠷᠤᠨ ᠤ ᠠᠷᠠᠳ ᠤᠨ ᠡᠶᠡᠳᠡᠭᠦᠯᠭᠡ ᠶᠢᠨ | ᠵᠤᠬᠢᠶᠠᠨ ᠪᠠᠶᠢᠭᠤᠯᠤᠯᠳᠠ 72.4 ᠲᠦᠮᠡᠨ ᠵᠦᠷᠢᠴᠡᠯ ᠵᠢᠭᠤᠷᠠᠭᠠᠨ ᠤ ᠭᠡᠷᠡᠭ ᠢ ᠬᠦᠯᠢᠶᠠᠨ ᠠᠪᠴᠤ | ᠰᠢᠢᠳᠪᠤᠷᠢᠯᠡᠭᠰᠡᠨ ᠪᠤᠶᠤ ᠡᠶᠡᠳᠡᠭᠦᠯᠦᠨ ᠵᠤᠬᠢᠴᠠᠭᠤᠯᠵᠦ᠂ ᠵᠢᠯ ᠳᠤ 14.5 ᠲᠦᠮᠡᠨ ᠵᠦᠷᠢᠴᠡᠯ ᠵᠢᠭᠤᠷᠠᠭᠠᠨ ᠢ | ᠨᠠᠮᠳᠠᠭᠠᠵᠦ᠂ ᠪᠦᠲᠦᠮᠵᠢᠳᠠᠢ ᠡᠶᠡᠳᠡᠭᠦᠯᠦᠭᠰᠡᠨ ᠨᠤᠷᠮ᠎ᠠ 96.97% ᠳᠤ ᠬᠦᠷᠴᠠᠢ᠃ ᠠᠷᠠᠳ ᠤᠨ ᠡᠶᠡᠳᠡᠭᠦᠯᠭᠡ | ᠶᠢᠨ ᠬᠡᠯᠪᠡᠷᠢ ᠪᠠᠷ ᠵᠢᠯ ᠪᠤᠯᠭᠠᠨ ᠲᠤᠬᠠᠢ ᠶᠢᠨ ᠬᠦᠮᠦᠨ ᠳᠤ 494 ᠡᠳᠦᠷ ᠤᠨ ᠴᠠᠬ ᠢ ᠠᠷᠪᠢᠯᠠᠨ ᠦᠭᠴᠤ᠂ | ᠵᠠᠭᠠᠯᠳᠤᠯᠭ᠎ᠠ ᠶᠢᠨ ᠵᠠᠷᠤᠳᠠᠯ ᠢ 8.3 ᠳ᠋ᠥᠡᠭᠰᠢᠭᠤᠷ ᠲᠦᠭᠦᠷᠢᠭ ᠠᠷᠪᠢᠯᠠᠨ ᠦᠭᠴᠤ᠂ ᠪᠤᠰᠤᠳ ᠵᠠᠷᠤᠳᠠᠯ ᠢ 2.7 | ᠳ᠋ᠥᠡᠭᠰᠢᠭᠤᠷ ᠲᠦᠭᠦᠷᠢᠭ ᠠᠷᠪᠢᠯᠠᠨ ᠦᠭᠴᠤ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠠᠮᠤᠷ ᠲᠤᠭᠳᠠᠭᠤᠨ | ᠢ ᠪᠠᠳᠤᠯᠠᠬᠤ ᠪᠡ ᠬᠠᠤᠯᠢᠵᠢᠯ ᠤᠨ ᠪᠠᠶᠢᠭᠤᠯᠤᠯᠳᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ | ᠪᠠᠶᠢᠨ᠎ᠠ᠃ |