ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2018-08-17
     ︵2013 ᠣᠨ ᠤ 8 ᠳ᠋ᠣᠭᠠᠷ ᠰᠠᠷ᠎ᠠ ᠶᠢᠨ 1᠎ ᠤ ᠡᠳᠣᠷ ᠤᠨ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠵᠠᠷᠯᠢᠭ 197 ᠳ᠋ᠣᠭᠠᠷ ᠲᠣᠭᠠᠳᠣ ᠪᠠᠷ ᠨᠠᠶᠢᠳᠡᠯᠠᠪᠠ 2018 ᠣᠨ ᠤ 1 ᠳ᠋ᠣᠭᠡᠷ ᠰᠠᠷ᠎ᠠ ᠶᠢᠨ 16᠎ ᠤ ᠡᠳᠣᠷ ︽ᠵᠠᠰᠠᠭ ᠤᠨ ᠣᠷᠳᠣᠨ ᠤ ᠬᠡᠰᠡᠭ ᠲᠦᠷᠢᠮ ᠲᠣᠭᠳᠠᠭᠠᠯ ᠳᠤ ᠵᠠᠰᠠᠪᠣᠷᠢ ᠣᠷᠣᠭᠤᠯᠬᠤ ᠲᠣᠬᠠᠢ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠣᠨ ᠤ ᠲᠣᠭᠳᠠᠭᠠᠯ︾᠎ ᠢ ᠦᠨᠳᠣᠰᠣᠯᠡᠨ ᠵᠠᠰᠠᠪᠣᠷᠢ ᠣᠷᠣᠭᠤᠯᠪᠠ︶      ᠨᠢᠭᠡᠳᠦᠭᠡᠷ ᠪᠦᠯᠦᠭ    ᠶᠡᠷᠦᠩᠬᠡᠶ ᠳᠦᠷᠢᠮ      ᠨᠢᠭᠡᠳᠦᠭᠡᠷ ᠵᠦᠢᠯ    ᠭᠠᠵᠠᠷ ᠳᠣᠣᠷᠠᠬᠢ ᠤᠰᠤ ᠶᠢ ᠪᠦᠲᠦᠮᠵᠢᠲᠡᠶ ᠬᠠᠮᠠᠭᠠᠯᠠᠬᠤ ᠪᠠ ᠵᠦᠢ ᠵᠣᠬᠢᠰᠲᠠᠶ ᠨᠡᠭᠡᠭᠡᠭᠦ ᠶᠢᠨ ᠲᠣᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠰᠣᠷᠪᠣᠯᠵᠢ ᠶᠢᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ﹀᠎ ᠶᠢ ᠬᠡᠷᠩᠵᠢᠭᠦᠯᠭᠦ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠣᠯᠢ ᠲᠣᠭᠳᠠᠭᠠᠯ ᠢ ᠦᠨᠳᠣᠰᠣᠯᠡᠵᠣ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠵᠠᠷ ᠳᠣᠣᠷᠠᠬᠢ ᠤᠰᠣ ᠶᠢ ᠲᠥᠯᠥᠪᠵᠢᠭᠦᠯᠭᠦ᠂ ᠬᠠᠮᠠᠭᠠᠯᠠᠬᠤ᠂ ᠠᠰᠢᠭᠯᠠᠬᠤ᠂ ᠬᠢᠨᠠᠨ ᠬᠡᠮᠵᠢᠬᠦ ᠵᠢᠴᠢ ᠬᠢᠨᠠᠯᠲᠠ ᠲᠠᠯᠪᠢᠵᠣ ᠬᠠᠮᠢᠶᠠᠷᠬᠤ ᠳᠤ ᠲᠤᠰ ᠠᠷᠭ᠎ᠠ ᠶᠢ ᠵᠢᠷᠤᠮᠯᠠᠬᠤ ᠬᠡᠷᠡᠭᠲᠡᠶ᠃      ᠳᠤᠰ ᠠᠷᠭ᠎ᠠ ᠳᠤ ᠬᠡᠯᠡᠵᠦ ᠪᠠᠶᠢᠭ᠎ᠠ ᠭᠠᠵᠠᠷ ᠳᠣᠣᠷᠠᠬᠢ ᠤᠰᠤ ᠭᠡᠳᠡᠭ ᠨᠢ ᠭᠠᠵᠠᠷ ᠤᠨ ᠭᠠᠳᠠᠷᠭᠤ ᠠᠴᠠ ᠳᠣᠷᠣᠭᠰᠢᠬᠢ ᠤᠰᠤ ᠠᠭᠤᠯᠵᠤ ᠪᠠᠶᠢᠭ᠎ᠠ ᠳᠠᠪᠬᠤᠷᠭ᠎ᠠ ᠳᠤ ᠬᠠᠳᠠᠭᠠᠯᠠᠭᠳᠠᠵᠤ ᠪᠠᠶᠢᠭ᠎ᠠ ᠤᠰᠤ ᠶᠢ ᠵᠢᠭᠠᠵᠤ ᠪᠤᠢ᠃      ᠭᠤᠷᠪᠠᠳᠤᠭᠠᠷ ᠵᠦᠢᠯ    ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠳᠤ ᠬᠠᠮᠠᠭᠠᠯᠠᠬᠤ ᠶᠢ ᠲᠡᠷᠢᠭᠦᠨ ᠳᠤ ᠪᠠᠶᠢᠯᠭᠠᠬᠤ᠂ ᠨᠢᠭᠡᠳᠦᠯᠲᠡᠶ ᠲᠥᠯᠥᠪᠵᠢᠭᠦᠯᠬᠦ᠂ ᠰᠠᠶᠢᠲᠤᠷ ᠭᠠᠮᠨᠠᠨ ᠠᠷᠪᠢᠯᠠᠬᠤ᠂ ᠶᠡᠷᠦᠩᠬᠡᠶᠢᠯᠡᠨ ᠠᠰᠢᠭᠯᠠᠬᠤ᠂ ᠬᠠᠮᠤᠭ ᠤᠨ ᠴᠢᠩᠭ᠎ᠠ ᠬᠠᠮᠢᠶᠠᠷᠬᠤ ᠵᠠᠷᠴᠢᠮ ᠢ ᠵᠢᠷᠤᠮᠯᠠᠬᠤ ᠬᠡᠷᠡᠭᠲᠡᠶ᠃      ᠳᠥᠷᠪᠡᠳᠦᠭᠡᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠶᠢᠨ ᠰᠢᠯᠭᠠᠨ ᠬᠢᠨᠠᠬᠤ ᠰᠢᠰᠲ᠋ᠧᠮᠵᠢ ᠎ ᠶᠢ ᠪᠠᠶᠢᠭᠤᠯᠵᠣ᠂ ᠭᠠᠵᠠᠷ ᠳᠣᠣᠷᠠᠬᠢ ᠤᠰᠤ ᠶᠢ ᠣᠷᠣᠯᠠᠭᠤᠯᠬᠤ ᠤᠰᠤᠨ ᠰᠤᠷᠪᠤᠯᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠭᠠᠵᠠᠷ ᠳᠣᠣᠷᠠᠬᠢ ᠤᠰᠤ ᠶᠢ ᠬᠠᠮᠠᠭᠠᠯᠬᠤ ᠪᠠ ᠠᠷᠪᠢᠯᠠᠬᠤ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠣᠯ᠂ ᠳᠡᠯᠭᠡᠷᠡᠭᠦᠯᠣᠯᠳᠠ ᠪᠠ ᠬᠡᠷᠡᠭᠯᠡᠯᠳᠠ ᠶᠢ ᠵᠣᠷᠢᠬᠵᠢᠭᠤᠯᠤᠨ ᠳᠡᠮᠵᠢᠬᠦ ᠬᠡᠷᠡᠭᠲᠡᠶ᠃      ᠲᠠᠪᠤᠳᠤᠭᠠᠷ ᠵᠦᠢᠯ    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠶᠢ ᠠᠪᠴᠤ᠂ ᠠᠮᠢᠳᠤᠷᠠᠯ ᠤᠨ ᠤᠤᠭᠤᠬᠤ ᠤᠰᠤᠨ ᠤ ᠪᠠᠷᠢᠮᠵᠢᠶ᠎ᠠ ᠳᠤ ᠨᠡᠶᠢᠴᠡᠭᠰᠡᠨ ᠭᠠᠵᠠᠷ ᠳᠣᠣᠷᠠᠬᠢ ᠤᠰᠤ ᠶᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠡᠩ ᠲᠡᠷᠢᠭᠦᠨ ᠳᠤ ᠬᠡᠷᠡᠭᠯᠡᠬᠦ ᠣᠰᠣ ᠪᠣᠯᠭᠠᠨ ᠬᠡᠷᠡᠭᠯᠡᠭᠦᠯᠭᠦ ᠶᠢ ᠦᠨᠡᠨ ᠬᠦ ᠪᠠᠲᠤᠯᠠᠬᠤ ᠬᠡᠷᠡᠭᠲᠡᠶ᠃      ᠵᠢᠷᠭᠤᠳᠤᠭᠠᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠱᠠᠳᠤ ᠬᠤᠪᠢᠶᠠᠨ ᠬᠠᠮᠢᠶᠠᠷᠬᠤ ᠡᠷᠬᠡ ᠮᠡᠳᠠᠯ ᠤᠨ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠲᠣᠳᠣᠷᠠᠬᠢ ᠭᠠᠵᠠᠷ ᠳᠣᠣᠷᠠᠬᠢ ᠤᠰᠤ ᠶᠢ ᠨᠢᠭᠡᠳᠦᠯᠲᠡᠶ ᠬᠠᠮᠢᠶᠠᠷᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠴᠢᠨ ᠲᠣᠭᠤᠷᠢᠨ ᠤ ᠬᠠᠮᠠᠭᠠᠯᠠᠯᠲᠠ᠂ ᠤᠯᠤᠰ ᠤᠨ ᠭᠠᠵᠡᠷ ᠰᠢᠷᠣᠢ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ‍ᠶᠢᠢᠡᠨ ᠬᠤᠪᠢᠶᠠᠷᠢᠯᠠᠯ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠲᠣᠳᠣᠷᠠᠬᠢ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠠᠰᠢᠭᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ᠳᠣᠯᠣᠳᠤᠭᠠᠷ ᠵᠦᠢᠯ    ᠶᠠᠮᠠᠷᠪᠠ ᠨᠢᠭᠡᠴᠨ ᠪᠠ ᠬᠤᠪᠢ ᠬᠥᠮᠦᠨ ᠴᠥᠮ ᠭᠠᠵᠠᠷ ᠳᠣᠣᠷᠠᠬᠢ ᠤᠰᠤ ᠶᠢ ᠬᠠᠮᠠᠭᠠᠯᠬᠤ ᠪᠠ ᠠᠷᠪᠢᠯᠠᠬᠤ ᠡᠭᠦᠷᠭᠡ ᠲᠠᠢ᠂ ᠭᠠᠵᠡᠷ ᠲᠣᠣᠷᠠᠬᠢ ᠣᠰᠣ ᠶᠢ ᠪᠣᠬᠢᠷᠳᠣᠭᠤᠯᠬᠤ᠂ ᠬᠠᠤᠯᠢ ᠠᠴᠠ ᠵᠥᠷᠢᠴᠡᠨ ᠨᠡᠭᠡᠭᠡᠬᠦ᠂ ᠡᠪᠳᠡᠭᠦ ᠪᠠ ᠪᠦᠷᠢᠯᠭᠡᠭᠦ ᠦᠢᠯᠨ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠢᠯᠡᠴᠢᠯᠡᠬᠦ ᠡᠷᠭᠡ ᠲᠠᠢ᠃      ᠬᠤᠶᠠᠳᠤᠭᠠᠷ ᠪᠦᠯᠦᠭ    ᠭᠠᠵᠠᠷ ᠳᠣᠣᠷᠠᠬᠢ ᠤᠰᠤᠨ ᠤ ᠲᠦᠯᠣᠪᠵᠢᠭᠦᠯᠭᠡ      ᠨᠠᠢᠮᠠᠳᠤᠭᠠᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠣ ᠭᠠᠵᠠᠷ ᠳᠣᠣᠷᠠᠬᠢ ᠤᠰᠤᠨ ᠤ ᠡᠬᠢ ᠰᠣᠷᠪᠣᠯᠵᠢ ᠶᠢ ᠪᠠᠶᠢᠴᠠᠭᠠᠨ ᠦᠨᠡᠯᠡᠭᠦ ᠶᠢ ᠵᠣᠬᠢᠶᠠᠨ ᠪᠠᠶᠢᠭᠤᠯᠤᠨ ᠥᠷᠨᠢᠭᠦᠯᠭᠦ ᠬᠡᠷᠩᠳᠠᠢ᠃      ᠶᠢᠰᠦᠳᠦᠭᠡᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠡᠭᠡᠳᠣ ᠨᠢᠭᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠠᠵᠠᠷ ᠳᠣᠣᠷᠠᠬᠢ ᠤᠰᠤᠨ ᠤ ᠲᠥᠯᠥᠪᠵᠢᠭᠦᠯᠭᠡ ᠶᠢ ᠦᠨᠳᠣᠰᠣᠯᠡᠨ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠭᠠᠵᠠᠷ ᠳᠣᠣᠷᠠᠬᠢ ᠤᠰᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠣ᠂ ᠠᠳᠠᠯᠢ ᠱᠠᠲᠤᠨ ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ᠂ ᠳᠡᠭᠡᠳᠣ ᠨᠢᠭᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠭᠤᠯᠣᠭᠠᠣᠨ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠠᠭᠠᠨ ᠮᠡᠳᠡᠭᠦᠯᠵᠣ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠭᠦ ᠬᠡᠷᠩᠳᠠᠢ᠃      ᠭᠠᠵᠠᠷ ᠳᠣᠣᠷᠠᠬᠢ ᠤᠰᠤᠨ ᠤ ᠲᠥᠯᠥᠪᠵᠢᠭᠦᠯᠭᠡ ᠨᠢ ᠰᠠᠪᠠ ᠭᠠᠵᠡᠷ᠂ ᠣᠷᠣᠨ ᠪᠦᠰᠡ ᠶᠢᠨ ᠤᠰᠤᠨ ᠤ ᠡᠬᠢ ᠰᠣᠷᠪᠣᠯᠵᠢ ᠶᠢᠨ ᠶᠡᠷᠣᠩᠬᠡᠢ ᠲᠥᠯᠥᠪᠵᠢᠭᠦᠯᠭᠡ ᠶᠢ ᠳᠠᠭᠠᠬᠤ ᠶᠢᠨ ᠬᠠᠮᠲᠤ᠂ ᠬᠥᠭᠵᠢᠭᠦᠯᠦᠯᠲᠡ ᠥᠭᠡᠷᠡᠴᠢᠯᠡᠯᠲᠡ᠂ ᠣᠷᠴᠢᠨ ᠲᠣᠭᠤᠷᠢᠨ ᠤ ᠬᠠᠮᠠᠭᠠᠯᠠᠯᠲᠠ᠂ ᠤᠯᠤᠰ ᠤᠨ ᠭᠠᠵᠡᠷ ᠰᠢᠷᠣᠢ ᠡᠬᠢ ᠪᠠᠶᠠᠯᠢᠭ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠨ ᠨᠠᠶᠢᠷᠠᠭᠤᠯᠤᠨ ᠵᠣᠬᠢᠶᠠᠭᠰᠠᠨ ᠬᠠᠮᠢᠶ᠎ᠠ ᠪᠦᠬᠦᠢ ᠲᠥᠯᠥᠪᠵᠢᠭᠦᠯᠭᠡ ᠯᠦᠭᠡ ᠵᠣᠬᠢᠴᠠᠯᠳᠣᠭᠰᠠᠨ ᠪᠠᠶᠢᠬᠤ ᠬᠡᠷᠡᠭᠲᠡᠶ᠃      ᠠᠷᠪᠠᠳᠤᠭᠠᠷ ᠵᠦᠢᠯ    ᠵᠥᠪᠰᠢᠶᠡᠷᠡᠭᠦᠯᠣᠭ᠍ᠰᠡᠨ ᠭᠠᠵᠠᠷ ᠳᠣᠣᠷᠠᠬᠢ ᠤᠰᠤᠨ ᠤ ᠲᠥᠯᠥᠪᠵᠢᠭᠦᠯᠭᠡ ᠨᠢ ᠭᠠᠵᠠᠷ ᠳᠣᠣᠷᠠᠬᠢ ᠤᠰᠤ ᠶᠢ ᠬᠠᠮᠠᠭᠠᠯᠠᠬᠤ᠂ ᠠᠷᠪᠢᠯᠠᠬᠤ᠂ ᠠᠰᠢᠭᠯᠠᠬᠤ ᠪᠠ ᠬᠠᠮᠢᠶᠠᠷᠬᠤ ᠶᠢᠨ ᠦᠨᠳᠦᠰᠦᠯᠡᠯ ᠪᠣᠯᠣᠨ᠎ᠠ᠃ ᠭᠠᠵᠠᠷ ᠳᠣᠣᠷᠠᠬᠢ ᠤᠰᠤᠨ ᠤ ᠲᠥᠯᠥᠪᠵᠢᠭᠦᠯᠭᠡ ᠶᠢ ᠬᠤᠪᠢᠷᠭᠠᠬᠤ ᠳᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠳᠡᠰ ᠳᠠᠷᠠᠭᠠᠯᠠᠯ ᠤᠨ ᠶᠣᠰᠣᠭᠠᠷ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃      ᠠᠷᠪᠠᠨ ᠨᠢᠭᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠣ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤᠨ ᠤ ᠴᠢᠳᠠᠮᠵᠢᠳᠦ ᠣᠷᠣᠨ ᠪᠠ ᠨᠡᠭᠡᠭᠡᠨ ᠮᠠᠯᠲᠠᠬᠤ ᠶᠢ ᠴᠠᠭᠠᠵᠠᠯᠠᠬᠤ ᠣᠷᠣᠨ᠂ ᠨᠡᠭᠡᠭᠡᠨ ᠮᠠᠯᠲᠠᠬᠤ ᠶᠢ ᠬᠢᠵᠠᠭᠠᠷᠯᠠᠬᠤ ᠣᠷᠣᠨ ᠢ ᠬᠤᠪᠢᠶᠠᠷᠢᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠣ ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ ᠬᠡᠷᠡᠭᠲᠡᠶ᠃      ᠭᠠᠵᠠᠷ ᠳᠣᠣᠷᠠᠬᠢ ᠤᠰᠤ ᠶᠢ ᠬᠠᠮᠠᠭᠠᠯᠬᠤ ᠪᠠ ᠨᠡᠭᠡᠭᠡᠨ ᠠᠰᠢᠭᠯᠠᠬᠤ ᠶᠠᠪᠣᠳᠠᠯ ᠢ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤᠨ ᠤ ᠴᠢᠳᠠᠮᠵᠢᠳᠦ ᠣᠷᠣᠨ ᠤ ᠬᠤᠪᠢᠶᠠᠷᠢᠯᠠᠯ ᠪᠠ ᠭᠠᠵᠠᠷ ᠳᠣᠣᠷᠠᠬᠢ ᠤᠰᠤ ᠶᠢ ᠬᠡᠳᠦ ᠮᠠᠯᠳᠠᠭᠰᠠᠨ ᠭᠠᠵᠠᠷ ᠣᠷᠣᠨ ᠤ ᠬᠠᠮᠢᠶᠠᠷᠤᠯᠲᠠ ᠶᠢᠨ  ᠱᠠᠭᠠᠷᠳᠠᠯᠭ᠎ᠠ  ᠳᠤ  ᠨᠡᠶᠢᠴᠡᠭᠦᠯᠣᠭ᠍ᠰᠡᠨ  ᠪᠠᠶᠢᠬᠤ  ᠬᠡᠷᠡᠭᠲᠡᠶ᠃      ᠠᠷᠪᠠᠨ ᠬᠤᠶᠠᠳᠤᠭᠠᠷ ᠵᠦᠢᠯ    ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠳᠤ ᠬᠤᠯᠪᠣᠭᠳᠠᠭᠰᠠᠨ ᠪᠤᠶᠤ ᠭᠠᠵᠠᠷ ᠳᠣᠣᠷᠠᠬᠢ ᠤᠰᠣᠨ ᠤ ᠬᠠᠮᠠᠭᠠᠯᠠᠯᠳᠠ ᠳᠤ ᠨᠥᠯᠥᠭᠡ ᠪᠣᠯᠵᠣ ᠮᠡᠳᠡᠬᠦ ᠡᠯ᠎ᠡ ᠳᠦᠷᠦᠯ ᠤᠨ ᠲᠥᠯᠥᠪᠵᠢᠭᠦᠯᠭᠡ ᠳᠤ᠂ ᠤᠰᠤᠨ ᠤ ᠡᠬᠢ ᠰᠣᠷᠪᠣᠯᠵᠢ ᠶᠢᠨ ᠨᠤᠲᠠᠯᠠᠯᠲᠠ ᠬᠢᠬᠦ ᠬᠡᠷᠡᠭᠲᠡᠶ᠃      ᠭᠤᠷᠪᠠᠳᠤᠭᠠᠷ ᠪᠦᠯᠦᠭ    ᠭᠠᠵᠠᠷ ᠳᠣᠣᠷᠠᠬᠢ ᠤᠰᠤᠨ ᠤ ᠬᠠᠮᠠᠭᠠᠯᠠᠯᠲᠠ      ᠠᠷᠪᠠᠨ ᠭᠤᠷᠪᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ ᠬᠡᠳᠦ ᠮᠠᠯᠳᠠᠭᠰᠠᠨ ᠭᠠᠵᠠᠷ ᠣᠷᠣᠨ ᠢ ᠵᠠᠰᠠᠬᠤ ᠲᠥᠯᠥᠪᠵᠢᠭᠦᠯᠭᠡ ᠪᠠ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ ᠬᠠᠮᠠᠭᠠᠯᠬᠤ ᠠᠵᠢᠯᠯᠠᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠭᠠᠵᠠᠷ ᠳᠣᠣᠷᠠᠬᠢ ᠤᠰᠤ ᠶᠢ ᠬᠡᠳᠦ ᠮᠠᠯᠳᠠᠭᠰᠠᠨ ᠭᠠᠵᠠᠷ ᠣᠷᠣᠨ ᠤ ᠪᠠᠶᠢᠭ᠎ᠠ ᠭᠠᠵᠡᠷ ᠤᠨ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠣᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠣᠨ᠎ᠠ᠃      ᠠᠷᠪᠠᠨ ᠳᠥᠷᠪᠡᠳᠦᠭᠡᠷ ᠵᠦᠢᠯ    ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠣᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠲᠣᠳᠣᠷᠠᠬᠢ ᠭᠠᠵᠠᠷ ᠳᠣᠣᠷᠠᠬᠢ ᠤᠰᠣᠨ ᠤ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠡᠷ ᠤᠨ ᠬᠠᠮᠠᠭᠠᠯᠠᠯᠳᠠ ᠶᠢᠨ ᠣᠷᠣᠨ ᠢ ᠵᠣᠬᠢᠶᠠᠨ ᠪᠠᠶᠢᠭᠤᠯᠣᠨ ᠬᠤᠪᠢᠶᠠᠷᠢᠯᠠᠨ ᠲᠣᠭᠳᠠᠭᠠᠵᠣ᠂ ᠳᠡᠭᠡᠳᠣ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠠᠭᠠᠨ ᠮᠡᠳᠡᠭᠦᠯᠵᠦ ᠵᠥᠪᠰᠢᠶᠡᠷᠡᠭᠦᠯᠦᠭᠡᠳ ᠬᠡᠷᠡᠭᠵᠢᠭᠦᠯᠭᠦ ᠬᠡᠷᠩᠳᠠᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠭᠠᠵᠠᠷ ᠳᠣᠣᠷᠠᠬᠢ ᠤᠰᠣᠨ ᠤ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠡᠷ ᠤᠨ ᠬᠠᠮᠠᠭᠠᠯᠠᠯᠲᠠ ᠶᠢᠨ ᠣᠷᠣᠨ ᠤ ᠵᠠᠭᠠᠭ ᠲᠤ ᠭᠠᠵᠠᠷ ᠵᠦᠢ ᠶᠢᠨ ᠵᠠᠭᠠᠭ ᠤᠨ ᠳᠡᠮᠳᠡᠭ ᠪᠠ ᠰᠡᠷᠡᠮᠵᠢᠯᠡᠭᠦᠯᠬᠦ ᠳᠡᠮᠳᠡᠭ ᠪᠠᠶᠢᠭᠤᠯᠬᠤ ᠬᠡᠷᠡᠭᠲᠡᠶ᠃      ᠠᠷᠪᠠᠨ ᠲᠠᠪᠤᠳᠤᠭᠠᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠦᠭᠡᠭᠡᠯ ᠤᠰᠤᠨ ᠤ ᠬᠤᠭᠤᠯᠠᠶ ᠶᠢᠨ ᠲᠣᠣᠷ ᠤᠨ ᠪᠦᠷᠭᠦᠴᠨ ᠶᠢᠨ ᠣᠷᠣᠨ ᠤ ᠲᠣᠳᠣᠷᠠᠬᠢ ᠥᠪᠡᠷ ᠲᠡᠭᠡᠨ ᠪᠡᠯᠡᠳᠬᠡᠭᠰᠡᠨ ᠬᠤᠳᠳᠤᠭ ᠢ ᠲᠥᠯᠥᠪᠯᠡᠭᠡ ᠲᠠᠢ ᠪᠠᠷ ᠬᠠᠭᠠᠬᠤ ᠬᠡᠷᠩᠳᠠᠢ᠃      ᠤᠰᠤᠨ ᠤ ᠴᠢᠨᠠᠷ ᠲᠤ ᠣᠨᠴᠣᠭᠤᠶ ᠱᠠᠭᠠᠷᠳᠠᠯᠭ᠎ᠠ ᠲᠠᠢ ᠠᠵᠤ ᠠᠬᠤᠶᠢᠯᠠᠯ ᠤᠳ ᠥᠪᠡᠷ ᠲᠡᠭᠡᠨ ᠪᠡᠯᠡᠳᠬᠡᠭᠰᠡᠨ ᠬᠤᠳᠳᠤᠭ ᠢ ᠬᠡᠷᠡᠭᠯᠡᠬᠦ ᠳᠤ᠂ ᠬᠠᠮᠢᠶᠠᠷᠤᠯᠲᠠ ᠶᠢᠨ ᠡᠷᠬᠡ ᠮᠡᠳᠠᠯ ᠲᠠᠢ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ‍ᠶᠢᠢᠡᠷ ᠵᠥᠪᠰᠢᠶᠡᠷᠡᠭᠦᠯᠬᠦ ᠬᠡᠷᠡᠭᠲᠡᠶ᠃      ᠠᠷᠪᠠᠨ ᠵᠢᠷᠭᠤᠳᠤᠭᠠᠷ ᠵᠦᠢᠯ    ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠪᠤᠶᠤ ᠪᠤᠰᠤᠳ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠬᠢᠭᠦ ᠳᠤ᠂ ᠪᠦᠲᠦᠮᠵᠢᠲᠡᠶ ᠰᠡᠷᠭᠡᠶᠢᠯᠡᠬᠦ ᠠᠷᠭ᠎ᠠ ᠬᠡᠮᠵᠢᠶ᠎ᠡ ᠶᠢ ᠠᠪᠴᠤ᠂ ᠭᠠᠵᠠᠷ ᠳᠣᠣᠷᠠᠬᠢ ᠤᠰᠤ ᠶᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠶ᠃      ᠠᠭᠤᠷᠬᠠᠶ ᠶᠢᠨ ᠪᠣᠯᠠᠭᠳᠠᠴᠨ ᠶᠢ ᠨᠡᠭᠡᠭᠡᠨ ᠮᠠᠯᠲᠠᠬᠤ᠂ ᠪᠠᠷᠢᠯᠭ᠎ᠠ ᠪᠠᠷᠢᠬᠤ ᠵᠡᠷᠭᠡ ᠤᠰᠤ ᠠᠭᠤᠯᠵᠣ ᠪᠦᠭᠦᠢ ᠳᠠᠪᠬᠤᠷᠭ᠎ᠠ ᠳᠤ ᠨᠥᠯᠥᠭᠡ ᠲᠠᠢ ᠦᠢᠯᠡᠳᠪᠦᠷᠢᠯᠡᠯ ᠤᠨ ᠠᠵᠢᠯᠯᠠᠭ᠎ᠠ ᠬᠢᠭᠦ ᠳᠤ᠂ ᠬᠠᠮᠠᠭᠠᠯᠠᠬᠤ ᠪᠠ ᠨᠦᠭᠦᠪᠣᠷᠢᠯᠡᠵᠣ ᠵᠠᠰᠠᠬᠤ ᠠᠷᠭ᠎ᠠ ᠬᠡᠮᠵᠢᠶ᠎ᠡ ᠠᠪᠴᠤ᠂ ᠭᠠᠵᠠᠷ ᠳᠣᠣᠷᠠᠬᠢ ᠤᠰᠤᠨ ᠳᠤ ᠡᠪᠳᠡᠯᠭᠡ ᠪᠣᠯᠬᠤ ᠶᠢ ᠪᠠᠭᠠᠰᠬᠠᠬᠤ ᠬᠡᠷᠡᠭᠲᠡᠶ᠃      ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠳᠠᠭᠠᠨ ᠤᠰᠤ ᠠᠭᠤᠯᠵᠤ ᠪᠦᠬᠦᠢ ᠠᠳᠠᠯᠢ ᠪᠤᠰᠤ ᠳᠠᠪᠬᠤᠷᠭ᠎ᠠ ᠶᠢᠨ ᠤᠰᠤ ᠶᠢ ᠵᠣᠭᠰᠣᠭᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠭᠦ ᠬᠡᠷᠩᠳᠠᠢ᠂ ᠤᠯᠠᠨ ᠳᠠᠪᠬᠤᠷᠭ᠎ᠠ ᠶᠢ ᠬᠤᠯᠢᠯᠳᠤᠭᠤᠯᠤᠨ ᠨᠡᠭᠡᠭᠡᠨ ᠮᠠᠯᠲᠠᠵᠤ ᠪᠣᠯᠬᠤ ᠦᠭᠡᠢ᠂ ᠳᠠᠯᠳᠠ ᠤᠰᠤ ᠪᠠ ᠳᠠᠷᠤᠯᠲᠠᠲᠤ ᠤᠰᠤ ᠶᠢ ᠬᠤᠯᠢᠯᠳᠤᠭᠤᠯᠤᠨ ᠨᠡᠭᠡᠭᠡᠨ ᠮᠠᠯᠲᠠᠵᠤ ᠪᠣᠯᠬᠤ ᠦᠭᠡᠢ᠃      ᠠᠷᠪᠠᠨ ᠳᠣᠯᠣᠳᠤᠭᠠᠷ ᠵᠦᠢᠯ    ᠨᠢᠭᠡᠴᠨ ᠪᠠ ᠬᠤᠪᠢ ᠬᠥᠮᠦᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠬᠥᠮᠦᠨ ᠤ ᠬᠦᠴᠦ ᠪᠠᠷ ᠡᠭᠡᠭᠦᠯᠦᠨ ᠴᠢᠳᠬᠤᠬᠤ᠂ ᠪᠣᠷᠣᠭᠠᠨ ᠤ ᠤᠰᠤ ᠶᠢ ᠨᠡᠪᠴᠢᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠣ᠂ ᠭᠠᠵᠠᠷ ᠳᠣᠣᠷᠠᠬᠢ ᠤᠰᠣᠨ ᠤ ᠪᠦᠲᠦᠮᠵᠢᠲᠡᠶ ᠨᠥᠬᠦᠪᠥᠷᠢᠯᠡᠯᠳᠠ ᠶᠢ ᠨᠡᠮᠡᠭᠳᠡᠭᠦᠯᠭᠦ ᠶᠢ ᠵᠣᠷᠢᠬᠵᠢᠭᠤᠯᠣᠨ ᠳᠡᠮᠵᠢᠨ᠎ᠠ᠃      ᠬᠤᠳᠠ ᠬᠥᠳᠡᠭᠡ ᠶᠢᠨ ᠭᠠᠵᠠᠷ ᠤᠨ ᠭᠠᠳᠠᠷᠭᠤ ᠶᠢ ᠬᠠᠳᠠᠭᠤᠷᠠᠭᠤᠯᠬᠤ ᠳᠤ ᠤᠰᠤ ᠨᠡᠪᠲᠡᠷᠡᠬᠦ ᠴᠢᠨᠠᠷ ᠢᠶᠠᠷ ᠴᠢᠩᠭ᠎ᠠ ᠪᠠᠷᠢᠯᠭ᠎ᠠ ᠶᠢᠨ ᠮᠠᠲ᠋ᠧᠷᠢᠶᠠᠯ ᠪᠠ ᠪᠦᠲᠦᠴᠡ ᠬᠡᠯᠪᠡᠷᠢ ᠶᠢ ᠬᠡᠷᠩᠯᠡᠨ᠂ ᠪᠣᠷᠣᠭᠠᠨ ᠤ ᠤᠰᠣ ᠶᠢ ᠨᠡᠪᠴᠢᠭᠦᠯᠣᠨ ᠭᠠᠵᠠᠷ ᠳᠣᠣᠷᠠᠬᠢ ᠤᠰᠤ ᠶᠢ ᠨᠥᠬᠦᠪᠥᠷᠢᠯᠡᠬᠦ ᠶᠢ ᠨᠡᠮᠡᠭᠳᠡᠭᠦᠯᠬᠦ ᠬᠡᠷᠡᠭᠲᠡᠶ᠃      ᠠᠷᠪᠠᠨ ᠨᠠᠢᠮᠠᠳᠤᠭᠠᠷ ᠵᠦᠢᠯ    ᠬᠥᠮᠦᠨ ᠤ ᠬᠦᠴᠦ ᠪᠠᠷ ᠡᠭᠡᠭᠦᠯᠦᠨ ᠴᠢᠳᠬᠤᠬᠤ ᠠᠷᠭ᠎ᠠ ᠬᠡᠯᠪᠡᠷᠢ ᠪᠠᠷ ᠭᠠᠵᠠᠷ ᠳᠣᠣᠷᠠᠬᠢ ᠤᠰᠤ ᠶᠢ ᠡᠭᠡᠭᠦᠯᠦᠨ ᠴᠢᠳᠬᠤᠬᠤ ᠳᠤ᠂ ᠡᠭᠡᠭᠦᠯᠦᠨ ᠴᠢᠳᠬᠤᠬᠤ ᠤᠰᠤᠨ ᠤ ᠴᠢᠨᠠᠷ ᠢ ᠤᠰᠤ ᠠᠭᠤᠯᠵᠤ ᠪᠦᠭᠦᠢ ᠳᠠᠪᠬᠤᠷᠭ᠎ᠠ ᠶᠢᠨ ᠭᠠᠵᠠᠷ ᠳᠣᠣᠷᠠᠬᠢ ᠤᠰᠤᠨ ᠤ ᠴᠢᠨᠠᠷ ᠪᠠ ᠭᠠᠵᠠᠷ ᠳᠣᠣᠷᠠᠬᠢ ᠤᠰᠤᠨ ᠤ ᠴᠢᠳᠠᠮᠵᠢᠳᠦ ᠣᠷᠣᠨ ᠤ ᠬᠠᠷᠠᠯᠳᠠ ᠪᠣᠯᠬᠤ ᠤᠰᠤᠨ ᠤ ᠴᠢᠨᠠᠷ ᠠᠴᠠ ᠴᠢᠨᠠᠷ ᠰᠠᠶᠢᠳᠠᠢ ᠪᠠᠶᠢᠯᠭᠠᠬᠤ ᠬᠡᠷᠩᠳᠠᠢ᠃      ᠭᠠᠵᠠᠷ ᠳᠣᠣᠷᠠᠬᠢ ᠤᠰᠤ ᠶᠢ ᠡᠭᠡᠭᠦᠯᠦᠨ ᠴᠢᠳᠬᠤᠬᠤ ᠳᠤ ᠬᠠᠶᠠᠭᠳᠠᠮᠠᠯ ᠪᠣᠬᠢᠷ ᠤᠰᠤ ᠬᠡᠷᠡᠭᠯᠡᠬᠦ ᠶᠢ ᠴᠠᠭᠠᠵᠠᠯᠠᠨ᠎ᠠ᠃      ᠠᠷᠪᠠ ᠶᠢᠰᠦᠳᠦᠭᠡᠷ ᠵᠦᠢᠯ    ᠭᠠᠵᠠᠷ ᠳᠣᠣᠷᠠᠬᠢ ᠤᠰᠤᠨ ᠤ ᠤᠤᠭᠤᠬᠤ ᠤᠰᠤᠨ ᠤ ᠤᠰᠤᠨ ᠰᠤᠷᠪᠤᠯᠵᠢ ᠎ ᠶᠢᠨ ᠭᠠᠵᠡᠷ ᠤᠨ ᠬᠠᠮᠠᠭᠠᠯᠠᠯᠳᠠ ᠶᠢᠨ ᠣᠷᠣᠨ᠂ ᠭᠠᠵᠠᠷ ᠳᠣᠣᠷᠠᠬᠢ ᠤᠰᠤ ᠶᠢ ᠬᠡᠳᠦ ᠮᠡᠯᠳᠠᠭᠰᠠᠨ ᠭᠠᠵᠠᠷ ᠣᠷᠣᠨ ᠵᠢᠴᠢ ᠭᠦᠨ ᠳᠠᠪᠬᠤᠷᠭ᠎ᠠ ᠶᠢᠨ ᠳᠠᠷᠤᠯᠲᠠᠲᠤ ᠤᠰᠤ ᠠᠭᠤᠯᠵᠤ ᠪᠦᠭᠦᠢ ᠳᠠᠪᠬᠤᠷᠭ᠎ᠠ ᠳᠤ ᠭᠠᠵᠠᠷ ᠤᠨ ᠰᠣᠷᠪᠣᠯᠵᠢ ᠶᠢᠨ ᠢᠯᠴᠢ ᠶᠢᠨ ᠬᠥᠭᠡᠷᠭᠡ ᠶᠢ ᠠᠰᠢᠭᠯᠠᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠴᠠᠭᠠᠵᠠᠯᠠᠨ᠎ᠠ᠃      ᠭᠠᠵᠠᠷ ᠤᠨ ᠰᠣᠷᠪᠣᠯᠵᠢ ᠶᠢᠨ ᠢᠯᠴᠢ ᠶᠢᠨ ᠬᠥᠭᠡᠷᠭᠡ ᠶᠢ ᠰᠢᠨ᠎ᠡ ᠪᠠᠷ ᠪᠠᠶᠢᠭᠤᠯᠬᠤ ᠳᠤ ᠪᠢᠲᠡᠭᠦᠦ ᠡᠷᠭᠢᠯᠳᠦᠭᠦᠯᠬᠦ ᠮᠡᠷᠭᠡᠵᠢᠯ ᠶᠢ ᠬᠡᠷᠩᠯᠡᠭᠦ ᠬᠡᠷᠩᠳᠠᠢ᠂ ᠨᠢᠭᠡᠨᠲᠡ ᠪᠠᠶᠢᠭᠤᠯᠤᠭᠰᠠᠨ ᠪᠣᠯᠪᠠᠴᠤ ᠬᠡᠷᠩᠯᠡᠭᠡᠳᠣᠢ ᠶᠢ ᠨᠢ ᠬᠤᠭᠤᠴᠠᠭ᠎ᠠ ᠬᠢᠵᠠᠭᠠᠷᠯᠠᠨ ᠮᠡᠷᠭᠡᠵᠢᠯ ᠤᠨ ᠥᠭᠡᠷᠡᠴᠢᠯᠡᠯᠲᠡ ᠬᠢᠬᠦ ᠬᠡᠷᠡᠭᠲᠡᠶ᠃      ᠳᠥᠷᠪᠡᠳᠦᠭᠡᠷ ᠪᠦᠯᠦᠭ    ᠭᠠᠵᠠᠷ ᠳᠣᠣᠷᠠᠬᠢ ᠤᠰᠤ ᠶᠢ ᠠᠰᠢᠭᠯᠠᠬᠤ      ᠬᠤᠷᠢᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠠᠴᠠ ᠭᠠᠵᠠᠷ ᠳᠣᠣᠷᠠᠬᠢ ᠤᠰᠤᠨ ᠳᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠤᠰᠤᠨ ᠲᠦᠪᠰᠢᠨ ᠢ ᠡᠵᠡᠮᠳᠡᠬᠦ ᠬᠠᠮᠢᠶᠠᠷᠤᠯᠲᠠ ᠶᠢ ᠬᠡᠷᠩᠵᠢᠭᠦᠯᠣᠨ᠎ᠠ᠃      ᠡᠯ᠎ᠡ ᠵᠠᠰᠠᠭ ᠵᠠᠬᠢᠷᠭᠠᠨ ᠤ ᠣᠷᠣᠨ ᠤ ᠲᠣᠳᠣᠷᠠᠬᠢ ᠣᠨ ᠤ ᠭᠠᠵᠠᠷ ᠳᠣᠣᠷᠠᠬᠢ ᠤᠰᠤ ᠶᠢ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ ᠶᠢ ᠪᠣᠯ ᠵᠥᠪᠰᠢᠶᠡᠷᠡᠭᠰᠡᠨ ᠭᠠᠵᠠᠷ ᠳᠣᠣᠷᠠᠬᠢ ᠤᠰᠤ ᠶᠢ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ ᠎ ᠶᠢᠨ ᠬᠢᠵᠠᠭᠠᠷᠯᠠᠬᠤ ᠭᠦᠢᠴᠡᠳᠬᠡᠯ ᠲᠤᠭ᠎ᠠ ᠠᠴᠠ ᠳᠠᠪᠠᠭᠤᠯᠵᠤ ᠪᠣᠯᠬᠤ ᠦᠭᠡᠢ᠃      ᠭᠠᠵᠠᠷ ᠳᠣᠣᠷᠠᠬᠢ ᠤᠰᠤ ᠶᠢ ᠬᠡᠳᠦ ᠮᠠᠯᠳᠠᠭᠰᠠᠨ ᠭᠠᠵᠠᠷ ᠣᠷᠣᠨ ᠪᠠ ᠭᠠᠵᠠᠷ ᠳᠣᠣᠷᠠᠬᠢ ᠤᠰᠤᠨ ᠤ ᠴᠢᠬᠤᠯᠠ ᠤᠰᠤᠨ ᠰᠤᠷᠪᠤᠯᠵᠢ ᠶᠢᠨ ᠣᠨ ᠤ ᠭᠠᠵᠠᠷ ᠳᠣᠣᠷᠠᠬᠢ ᠤᠰᠤ ᠶᠢ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ ᠶᠢ ᠪᠣᠯ ᠵᠥᠪᠰᠢᠶᠡᠷᠡᠭᠰᠡᠨ ᠭᠠᠵᠠᠷ ᠳᠣᠣᠷᠠᠬᠢ ᠤᠰᠤ ᠶᠢ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ ᠶᠢᠨ ᠬᠢᠵᠠᠭᠠᠷᠯᠠᠬᠤ ᠭᠦᠢᠴᠡᠳᠬᠡᠯ ᠲᠤᠭ᠎ᠠ ᠠᠴᠠ ᠳᠠᠪᠠᠭᠤᠯᠵᠤ ᠪᠣᠯᠬᠤ ᠦᠭᠡᠢ᠂ ᠭᠠᠵᠠᠷ ᠳᠣᠣᠷᠠᠬᠢ ᠤᠰᠤᠨ ᠤ ᠤᠰᠤᠨ ᠲᠦᠪᠰᠢᠨ ᠢ ᠣᠰᠣᠨ ᠲᠦᠪᠰᠢᠨ ᠤ ᠡᠵᠡᠮᠳᠡᠬᠦ ᠭᠦᠢᠴᠡᠳᠬᠡᠯ ᠲᠤᠭ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃      ᠬᠤᠷᠢᠨ ᠨᠢᠭᠡᠳᠦᠭᠡᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠡᠭᠡᠳᠣ ᠨᠢᠭᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠳᠠᠯᠤᠭᠰᠠᠨ ᠭᠠᠵᠠᠷ ᠳᠣᠣᠷᠠᠬᠢ ᠤᠰᠤ ᠶᠢ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ ᠶᠢᠨ ᠬᠢᠵᠠᠭᠠᠷᠯᠠᠬᠤ ᠭᠦᠢᠴᠡᠳᠬᠡᠯ ᠲᠤᠭ᠎ᠠ ᠶᠢ ᠦᠨᠳᠣᠰᠣᠯᠠᠵᠣ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠲᠣᠳᠣᠷᠠᠬᠢ ᠣᠨ ᠤ ᠭᠠᠵᠠᠷ ᠳᠣᠣᠷᠠᠬᠢ ᠤᠰᠤ ᠶᠢ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ ᠶᠢᠨ ᠬᠢᠵᠠᠭᠠᠷᠯᠠᠬᠤ ᠭᠦᠢᠴᠡᠳᠬᠡᠯ ᠲᠤᠭ᠎ᠠ ᠶᠢ ᠲᠣᠭᠲᠠᠭᠠᠬᠤ ᠬᠡᠷᠩᠳᠠᠢ᠃      ᠭᠠᠵᠠᠷ ᠳᠣᠣᠷᠠᠬᠢ ᠤᠰᠤ ᠶᠢ ᠬᠡᠳᠦ ᠮᠠᠯᠳᠠᠭᠰᠠᠨ ᠭᠠᠵᠠᠷ ᠣᠷᠣᠨ ᠤ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ ᠪᠠ ᠤᠰᠤᠨ ᠲᠦᠪᠰᠢᠨ ᠢ ᠡᠵᠡᠮᠳᠡᠬᠦ ᠭᠦᠢᠴᠡᠳᠬᠡᠯ ᠲᠤᠭ᠎ᠠ ᠶᠢ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠣᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠣ ᠵᠥᠪᠰᠢᠶᠡᠷᠡᠭᠦᠯᠬᠦ ᠬᠡᠷᠡᠭᠲᠡᠶ᠃      ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠡᠷ ᠵᠢᠴᠢ ᠭᠠᠵᠠᠷ ᠳᠣᠣᠷᠠᠬᠢ ᠤᠰᠤᠨ ᠤ ᠴᠢᠬᠤᠯᠠ ᠤᠰᠤᠨ ᠰᠤᠷᠪᠤᠯᠵᠢ ᠶᠢᠨ ᠭᠠᠵᠠᠷ ᠤᠨ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ ᠪᠠ ᠤᠰᠤᠨ ᠲᠦᠪᠰᠢᠨ ᠢ ᠡᠵᠡᠮᠳᠡᠬᠦ ᠭᠦᠢᠴᠡᠳᠬᠡᠯ ᠲᠤᠭ᠎ᠠ ᠶᠢ ᠪᠣᠯ ᠤᠰᠤ ᠲᠠᠲᠠᠬᠤ ᠶᠢ ᠵᠥᠪᠰᠢᠶᠡᠷᠡᠬᠦ ᠬᠠᠮᠢᠶᠠᠷᠣᠯᠳᠠ ᠶᠢᠨ ᠡᠷᠬᠡ ᠮᠡᠳᠠᠯ ᠲᠠᠢ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃      ᠬᠤᠷᠢᠨ ᠬᠤᠶᠠᠳᠤᠭᠠᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠢᠯᠪᠠᠷᠬᠠᠨ ᠳᠠᠪᠤᠰᠤᠵᠢᠵᠤ ᠬᠤᠵᠢᠷᠰᠢᠬᠤ ᠪᠠ ᠣᠰᠣ ᠲᠣᠨᠣᠵᠣ ᠭᠠᠮᠰᠢᠭ ᠭᠠᠷᠬᠤ ᠭᠠᠵᠠᠷ ᠣᠷᠣᠨ ᠳᠤ ᠠᠷᠭ᠎ᠠ ᠬᠡᠮᠵᠢᠶ᠎ᠡ ᠠᠪᠴᠤ᠂ ᠭᠠᠵᠠᠷ ᠳᠣᠣᠷᠠᠬᠢ ᠤᠰᠤᠨ ᠤ ᠲᠦᠪᠰᠢᠨ ᠢ ᠡᠵᠡᠮᠳᠡᠭᠦ ᠪᠠ ᠳᠣᠷᠣᠭᠰᠢᠯᠠᠭᠤᠯᠬᠤ ᠬᠡᠷᠡᠭᠲᠡᠶ᠃      ᠬᠤᠷᠢᠨ ᠭᠤᠷᠪᠠᠳᠤᠭᠠᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠭᠠᠵᠠᠷ ᠳᠣᠣᠷᠠᠬᠢ ᠤᠰᠤ ᠶᠢ ᠬᠡᠳᠦ ᠮᠠᠯᠳᠠᠭᠰᠠᠨ ᠭᠠᠵᠠᠷ ᠣᠷᠣᠨ ᠤ ᠭᠠᠵᠠᠷ ᠳᠣᠣᠷᠠᠬᠢ ᠤᠰᠤ ᠶᠢ ᠨᠡᠭᠡᠭᠡᠨ ᠮᠠᠯᠳᠠᠬᠤ ᠬᠡᠮᠵᠢᠶ᠎ᠡ ᠪᠠᠨ ᠲᠥᠯᠥᠪᠯᠡᠭᠡ ᠲᠠᠢ ᠪᠠᠷ ᠵᠢᠯ ᠳᠠᠷᠠᠭᠠᠯᠠᠨ ᠪᠠᠭᠠᠰᠬᠠᠵᠤ᠂ ᠮᠠᠯᠳᠠᠬᠤ ᠨᠦᠭᠦᠪᠣᠷᠢᠯᠡᠭᠦ ᠶᠢ ᠠᠯᠬᠤᠮ ᠠᠯᠬᠤᠮ ‍ᠶᠢᠢᠡᠷ ᠲᠡᠩᠴᠡᠭᠦᠷᠢᠰᠢᠭᠦᠯᠭᠦ ᠬᠡᠷᠡᠭᠲᠡᠶ᠃      ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠭᠦ ᠤᠰᠣ ᠨᠢ ᠭᠠᠵᠠᠷ ᠳᠣᠣᠷᠠᠬᠢ ᠤᠰᠤ ᠶᠢ ᠦᠨᠡᠨᠬᠦ ᠨᠡᠮᠡᠭᠳᠡᠭᠦᠯᠣᠨ ᠬᠡᠷᠡᠭᠯᠡᠬᠦ ᠴᠢᠬᠤᠯᠠ ᠲᠠᠢ ᠪᠣᠯ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠣᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠪᠤᠰᠤᠳ ᠤᠰᠤ ᠬᠡᠷᠡᠭᠯᠡᠵᠣ ᠪᠠᠶᠢᠭ᠎ᠠ ᠡᠷᠦᠬᠡ ᠎ ᠶᠢᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ ᠭᠠᠵᠠᠷ ᠳᠣᠣᠷᠠᠬᠢ ᠤᠰᠤ ᠶᠢ ᠬᠡᠳᠦ ᠮᠠᠯᠳᠠᠭᠰᠠᠨ ᠭᠠᠵᠠᠷ ᠣᠷᠣᠨ ᠤ ᠭᠠᠵᠠᠷ ᠳᠣᠣᠷᠠᠬᠢ ᠤᠰᠣ ᠠᠪᠬᠤ ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ ᠦᠭᠡᠢ ᠪᠠᠶᠢᠬᠤ ᠪᠠᠨ ᠦᠨᠡᠡᠭᠦ ᠪᠠᠲᠤᠯᠠᠬᠤ ᠬᠡᠷᠡᠭᠲᠡᠶ᠃      ᠬᠤᠷᠢᠨ ᠳᠥᠷᠪᠡᠳᠦᠭᠡᠷ ᠵᠦᠢᠯ    ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠣ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠭᠠᠵᠠᠷ ᠳᠣᠣᠷᠠᠬᠢ ᠤᠰᠤ ᠶᠢ ᠳᠤᠷ᠎ᠠ ᠪᠠᠷ ‍ᠶᠢᠢᠡᠨ ᠬᠡᠷᠡᠭᠯᠡᠬᠦ ᠶᠢ ᠴᠠᠭᠠᠵᠠᠯᠠᠨ᠎ᠠ᠃ ᠢᠳᠡᠭᠡᠨ᠂ ᠡᠮ ᠬᠢᠭᠦ ᠵᠡᠷᠭᠡ ᠳᠦᠷᠦᠯ ᠵᠦᠢᠯ ᠳᠤ ᠪᠣᠯ ᠬᠠᠮᠢᠶᠠᠷᠣᠯᠳᠠ ᠶᠢᠨ ᠡᠷᠬᠡ ᠮᠡᠳᠠᠯ ᠲᠠᠢ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠭᠠᠵᠠᠷ ᠳᠣᠣᠷᠠᠬᠢ ᠤᠰᠤ ᠶᠢ ᠳᠠᠳᠠᠨ ᠬᠡᠷᠡᠭᠯᠡᠵᠦ ᠪᠣᠯᠤᠨ᠎ᠠ᠃      ᠲᠠᠷᠢᠶᠠᠯᠠᠩ ᠮᠠᠯ ᠠᠵᠤ ᠠᠬᠤᠶ ᠶᠢᠨ ᠤᠰᠤᠯᠠᠯᠲᠠ ᠳᠤ ᠭᠦᠨ ᠳᠠᠪᠬᠤᠷᠭ᠎ᠠ ᠶᠢᠨ ᠳᠠᠷᠤᠯᠲᠠᠲᠤ ᠭᠠᠵᠠᠷ ᠳᠣᠣᠷᠠᠬᠢ ᠤᠰᠤ ᠶᠢ ᠨᠡᠭᠡᠭᠡᠨ ᠮᠠᠯᠳᠠᠬᠤ ᠶᠢ ᠴᠠᠭᠠᠵᠠᠯᠠᠨ᠎ᠠ᠃      ᠬᠤᠷᠢᠨ ᠲᠠᠪᠤᠳᠤᠭᠠᠷ ᠵᠦᠢᠯ    ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠦᠳᠤᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠰᠤᠨ ᠤ ᠡᠬᠢ ᠰᠣᠷᠪᠣᠯᠵᠢ ᠶᠢᠨ ᠨᠤᠲᠠᠯᠠᠯᠲᠠ ᠬᠢᠬᠦ ᠬᠡᠷᠡᠭᠲᠡᠶ᠃ ᠪᠥᠳᠥᠭᠡᠨ ᠪᠠᠶᠢᠭᠤᠯᠤᠯᠲᠠ ᠶᠢᠨ ᠲᠦᠷᠣᠯ ᠵᠦᠢᠯ ᠤᠨ ᠣᠰᠣᠨ ᠤ ᠡᠬᠢ ᠰᠣᠷᠪᠣᠯᠵᠢ ᠶᠢᠨ ᠨᠤᠲᠠᠯᠠᠯᠳᠠ ᠶᠢᠨ ᠮᠡᠳᠡᠭᠦᠯᠦᠯᠲᠡ ᠶᠢᠨ ᠪᠢᠴᠢᠭ ᠪᠤᠶᠤ ᠣᠰᠣᠨ ᠤ ᠡᠬᠢ ᠰᠣᠷᠪᠣᠯᠵᠢ ᠶᠢᠨ ᠨᠤᠲᠠᠯᠠᠯᠳᠠ ᠶᠢᠨ ᠮᠡᠳᠡᠭᠦᠯᠦᠯᠲᠡ ᠶᠢᠨ ᠬᠦᠰᠦᠨᠦᠭᠲᠦ ᠶᠢ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤᠨ ᠤ ᠡᠬᠢ ᠰᠣᠷᠪᠣᠯᠵᠢ ᠳᠤ ᠨᠤᠲᠠᠯᠠᠯᠲᠠ ᠬᠢᠬᠦ ᠶᠢᠨ ᠵᠣᠬᠢᠬᠤ ᠬᠢᠷᠢ ᠴᠢᠳᠠᠮᠵᠢ ᠲᠠᠢ ᠨᠢᠭᠡᠴᠡ ᠠᠴᠠ ᠨᠠᠶᠢᠷᠠᠭᠤᠯᠤᠨ ᠵᠣᠬᠢᠶᠠᠬᠤ ᠶᠢᠨ ᠬᠠᠮᠳᠣ᠂ ᠬᠠᠮᠢᠶᠠᠷᠣᠯᠳᠠ ᠶᠢᠨ ᠡᠷᠬᠡ ᠮᠡᠳᠠᠯ ᠲᠠᠢ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠣᠭᠡᠣᠨ᠂ ᠤᠰᠤ ᠲᠠᠲᠠᠬᠤ ᠵᠦᠪᠰᠢᠶᠡᠷᠡᠯ ᠤᠨ ᠬᠢᠨᠠᠨ ᠵᠥᠪᠰᠢᠶᠡᠷᠡᠭᠦᠯᠭᠦ ᠭᠠᠷᠳᠠᠮ ᠢ ᠬᠠᠤᠯᠢ ᠶᠣᠰᠣᠭᠠᠷ ᠭᠦᠢᠴᠡᠣᠡᠭᠡᠭᠦ ᠬᠡᠷᠡᠭᠲᠡᠶ᠃      ᠬᠤᠷᠢᠨ ᠵᠢᠷᠭᠤᠳᠤᠭᠠᠷ ᠵᠦᠢᠯ    ᠣᠰᠣᠨ ᠬᠤᠣᠡᠳᠤᠭ ᠤᠨ ᠪᠠᠷᠢᠯᠭ᠎ᠠ ᠳᠠᠭᠤᠰᠣᠭᠰᠠᠨ ᠤ ᠳᠠᠷᠠᠭ᠎ᠠ᠂ ᠣᠰᠣ ᠳᠠᠳᠠᠬᠤ ᠨᠢᠭᠡᠴᠨ ᠪᠣᠶᠣ ᠬᠤᠪᠢ ᠭᠦᠮᠣᠨ ᠨᠢ ᠣᠰᠣ ᠳᠠᠳᠠᠬᠤ ᠶᠢ ᠵᠦᠪᠰᠢᠶᠡᠷᠡᠭᠦ ᠬᠠᠮᠢᠶᠠᠷᠣᠯᠳᠠ ᠶᠢᠨ ᠡᠷᠭᠡ ᠮᠡᠳᠠᠯ ᠲᠠᠢ ᠣᠰᠣᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠣᠰᠣᠨ ᠬᠤᠣᠡᠳᠤᠭ ᠤᠨ ᠪᠠᠷᠢᠯᠭ᠎ᠠ ᠶᠢ ᠰᠢᠯᠭᠠᠨ ᠠᠪᠣᠭᠤᠯᠬᠤ ᠭᠤᠶᠣᠴᠢᠯᠠᠯ ᠢᠶᠠᠨ ᠲᠣᠰᠢᠶᠠᠬᠤ ᠶᠢᠨ ᠬᠠᠮᠳᠣ᠂ ᠲᠣᠣᠷᠠᠬᠢ ᠮᠠᠲ᠋ᠧᠷᠢᠶᠠᠯ ᠤᠳ ᠢ ᠲᠣᠰᠢᠶᠠᠬᠤ ᠬᠡᠷᠩᠳᠠᠢ᠄      ︵ᠨᠢᠭᠡ︶ ᠣᠰᠣᠨ ᠬᠤᠣᠡᠳᠤᠭ ᠤᠨ ᠪᠠᠷᠢᠯᠭ᠎ᠠ ᠶᠢᠨ ᠪᠠᠶᠢᠭ᠎ᠠ ᠪᠠᠶᠢᠷᠢ ᠶᠢᠨ ᠭᠠᠵᠡᠷ ᠵᠦᠢ ᠶᠢᠨ ᠪᠠᠶᠢᠷᠢᠰᠢᠯ᠂ ᠡᠷᠭᠦᠭᠳᠡᠴᠨ ᠪᠠ ᠬᠠᠪᠳᠠᠭᠠᠢ ᠪᠠᠶᠢᠷᠢ ᠶᠢᠨ ᠵᠢᠷᠤᠭ︔      ︵ᠬᠤᠶᠠᠷ︶ ᠳᠠᠩ ᠬᠤᠣᠡᠳᠤᠭ ᠤᠨ ᠪᠣᠳᠠᠳᠠᠢ ᠭᠦᠨ᠂ ᠬᠤᠣᠡᠳᠤᠭ ᠤᠨ ᠳ᠋ᠢᠶᠠᠮᠧᠲᠷ ᠪᠠ ᠣᠰᠣᠨ ᠤ ᠭᠠᠵᠡᠷ ᠰᠢᠨᠵᠢᠯᠡᠭᠡ ᠶᠢᠨ ᠥᠷᠥᠮᠳᠡᠯ ᠤᠨ ᠪᠠᠭᠠᠨᠠᠯᠢᠬ ᠵᠢᠷᠤᠭ︔      ︵ᠭᠤᠷᠪᠠ︶ ᠣᠰᠣ ᠳᠠᠳᠠᠭᠰᠠᠨ ᠲᠣᠷᠰᠢᠯᠳᠠ ᠶᠢᠨ ᠮᠡᠳᠡᠭᠦᠯᠣᠯᠳᠠ ᠪᠠ ᠣᠰᠣᠨ ᠤ ᠴᠢᠨᠠᠷ ᠢ ᠰᠢᠨᠵᠢᠯᠡᠵᠣ ᠰᠢᠯᠭᠠᠭᠰᠠᠨ ᠮᠡᠳᠡᠭᠦᠯᠣᠯᠳᠠ︔      ︵ᠲᠦᠷᠪᠠ︶ ᠣᠰᠣᠨ ᠬᠤᠣᠡᠳᠤᠭ ᠤᠨ ᠪᠠᠷᠢᠯᠭ᠎ᠠ ᠶᠢᠨ ᠣᠰᠣ ᠳᠠᠳᠠᠬᠤ ᠲᠦᠭᠦᠭᠡᠷᠣᠮᠵᠢ ᠶᠢᠨ ᠴᠢᠨᠠᠷ ᠴᠢᠳᠠᠯ ᠵᠢᠴᠢ ᠭᠡᠮᠵᠢᠯᠳᠠ ᠶᠢᠨ ᠲᠦᠭᠦᠭᠡᠷᠣᠮᠵᠢ ᠲᠣᠨᠣᠭᠯᠠᠵᠣ ᠣᠭᠰᠠᠷᠠᠭᠰᠠᠨ ᠪᠠᠶᠢᠳᠠᠯ︔      ︵ᠳᠠᠪᠤ︶ ᠣᠰᠣᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠩᠭᠠᠬᠤ ᠪᠠᠷ ᠱᠠᠭᠠᠷᠳᠠᠭᠰᠠᠨ ᠪᠣᠰᠣᠣᠨ ᠬᠤᠯᠪᠣᠭᠳᠠᠯ ᠪᠦᠭᠦᠢ ᠮᠠᠲ᠋ᠧᠷᠢᠶᠠᠯ᠃      ᠣᠰᠣᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠣᠰᠣ ᠳᠠᠳᠠᠬᠤ ᠨᠢᠭᠡᠴᠨ ᠪᠣᠶᠣ ᠬᠤᠪᠢ ᠭᠦᠮᠣᠨ ᠤ ᠲᠣᠰᠢᠶᠠᠭᠰᠠᠨ ᠣᠰᠣᠨ ᠬᠤᠣᠡᠳᠤᠭ ᠤᠨ ᠪᠠᠷᠢᠯᠭ᠎ᠠ ᠶᠢ ᠨᠢ ᠰᠢᠯᠭᠠᠨ ᠠᠪᠣᠭᠤᠯᠬᠤ ᠭᠤᠶᠣᠴᠢᠯᠠᠯ ᠢ ᠣᠯᠣᠭᠰᠠᠨ ᠡᠳᠣᠷ ᠠᠴᠠ ᠡᠬᠢᠯᠠᠨ 15 ᠡᠳᠣᠷ ᠤᠨ ᠲᠣᠳᠣᠷ᠎ᠠ᠂ ᠲᠣᠬᠠᠢ ᠶᠢᠨ ᠭᠠᠵᠡᠷ ᠲᠤᠨᠢ ᠭᠦᠷᠴᠣ ᠰᠢᠯᠭᠠᠨ ᠠᠪᠬᠤ ᠶᠢ ᠵᠣᠬᠢᠶᠠᠨ ᠪᠠᠶᠢᠭᠤᠯᠬᠤ ᠬᠡᠷᠩᠳᠠᠢ᠃      ᠬᠤᠷᠢᠨ ᠳᠣᠯᠣᠳᠤᠭᠠᠷ ᠵᠦᠢᠯ    ᠠᠭᠤᠷᠬᠠᠢ ᠶᠢᠨ ᠪᠣᠯᠠᠭᠳᠠᠴᠨ ᠶᠢ ᠨᠡᠭᠡᠭᠡᠨ ᠮᠠᠯᠳᠠᠬᠤ ᠪᠣᠶᠣ ᠭᠠᠵᠠᠷ ᠲᠣᠣᠷ᠎ᠠ ᠪᠠᠷᠢᠯᠭ᠎ᠠ ᠪᠦᠳᠣᠭᠡᠨ ᠪᠠᠶᠢᠭᠤᠯᠬᠤ ᠳᠤ ᠡᠷᠬᠡᠪᠰᠢ ᠰᠡᠶᠢᠷᠡᠭᠦᠯᠭᠦ ᠪᠠᠷ ᠤᠰᠤ ᠵᠠᠯᠠᠬᠤ ᠳᠤ ᠪᠣᠯ᠂ ᠬᠠᠮᠢᠶᠠᠷᠣᠯᠳᠠ ᠎ ᠶᠢᠨ ᠡᠷᠭᠡ ᠮᠡᠳᠠᠯ ᠲᠠᠢ ᠣᠰᠣᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠰᠡᠶᠢᠷᠡᠭᠦᠯᠭᠦ ᠪᠠᠷ ᠤᠰᠤ ᠵᠠᠯᠠᠬᠤ ᠲᠦᠰᠣᠯ ᠢᠶᠠᠨ ᠮᠡᠳᠡᠭᠦᠯᠣᠨ ᠭᠦᠷᠭᠡᠭᠦ ᠶᠢᠨ ᠬᠠᠮᠳᠣ᠂ ᠵᠦᠪᠰᠢᠶᠡᠷᠡᠭᠰᠡᠨ ᠰᠡᠶᠢᠷᠡᠭᠦᠯᠭᠦ ᠪᠠᠷ ᠤᠰᠤ ᠵᠠᠯᠠᠬᠤ ᠲᠦᠰᠣᠯ ᠤᠨ ᠶᠣᠰᠣᠭᠠᠷ ᠰᠡᠶᠢᠷᠡᠭᠦᠯᠦᠨ ᠬᠠᠳᠠᠭᠠᠵᠣ᠂ ᠡᠭᠡᠭᠦᠯᠣᠨ ᠬᠤᠷᠢᠶᠠᠵᠣ ᠠᠰᠢᠭᠯᠠᠬᠤ ᠪᠣᠶᠣ ᠳᠠᠳᠠᠵᠣ ᠭᠠᠳᠠᠭᠰᠢᠯᠠᠭᠤᠯᠬᠤ ᠬᠡᠷᠩᠳᠠᠢ᠂ ᠰᠡᠶᠢᠷᠡᠭᠦᠯᠭᠦ ᠣᠷᠣᠨ ᠢ ᠲᠣᠷ᠎ᠠ ᠪᠠᠷ ‍ᠶᠢᠢᠡᠨ ᠦᠷᠭᠡᠣᠡᠭᠡᠭᠦ ᠪᠠ ᠳᠠᠳᠠᠵᠣ ᠭᠠᠳᠠᠭᠰᠢᠯᠠᠭᠤᠯᠬᠤ ᠭᠠᠵᠡᠷ ᠢ ᠬᠤᠪᠢᠷᠭᠠᠵᠣ ᠪᠣᠯᠬᠤ ᠦᠭᠡᠢ᠃      ᠪᠦᠳᠣᠭᠡᠨ ᠪᠠᠶᠢᠭᠤᠯᠬᠤ ᠪᠣᠶᠣ ᠦᠢᠯᠡᠣᠡᠪᠣᠷᠢᠯᠡᠭᠦ ᠨᠢᠭᠡᠴᠨ ᠨᠢ ᠡᠭᠡᠭᠦᠯᠦᠨ ᠴᠢᠳᠬᠤᠵᠣ ᠣᠰᠣᠨ ᠰᠣᠷᠪᠣᠯᠵᠢ ᠎ ᠶᠢ ᠨᠦᠭᠦᠪᠣᠷᠢᠯᠡᠭᠦ ᠵᠢᠴᠢ ᠡᠭᠡᠭᠦᠯᠣᠨ ᠬᠤᠷᠢᠶᠠᠵᠣ ᠠᠰᠢᠭᠯᠠᠬᠤ ᠠᠷᠭ᠎ᠠ ᠭᠡᠮᠵᠢᠶ᠎ᠠ ᠠᠪᠬᠤ ᠬᠡᠷᠩᠳᠠᠢ᠃ ᠰᠡᠶᠢᠷᠡᠭᠦᠯᠭᠦ ᠪᠠᠷ ᠣᠰᠣ ᠵᠠᠯᠠᠭᠰᠠᠨ ᠠᠴᠠ ᠪᠣᠯᠵᠣ ᠭᠠᠵᠡᠷ ᠲᠣᠣᠷᠠᠬᠢ ᠣᠰᠣᠨ ᠲᠦᠪᠰᠢᠨ ᠢ ᠲᠣᠷᠣᠭᠰᠢᠯᠠᠭᠤᠯᠣᠭᠰᠠᠨ᠂ ᠤᠰᠤᠨ ᠰᠤᠷᠪᠤᠯᠵᠢ ᠶᠢ ᠰᠢᠷᠭᠢᠭᠡᠭᠰᠡᠨ ᠪᠤᠶᠤ ᠭᠠᠵᠠᠷ ᠤᠨ ᠭᠠᠳᠠᠷᠭᠤ ᠶᠢ ᠴᠥᠮᠥᠷᠡᠭᠦᠯᠵᠣ᠂ ᠪᠣᠰᠣᠣᠨ ᠤᠨ ᠠᠮᠢᠳᠣᠷᠠᠯ ᠪᠠ ᠦᠢᠯᠡᠣᠡᠪᠣᠷᠢᠯᠡᠯ ᠳᠤ ᠬᠤᠬᠢᠷᠠᠯ ᠣᠴᠠᠷᠠᠭᠤᠯᠣᠭᠰᠠᠨ ᠪᠣᠯ ᠪᠦᠳᠣᠭᠡᠨ ᠪᠠᠶᠢᠭᠤᠯᠣᠭᠰᠠᠨ ᠪᠣᠶᠣ ᠦᠢᠯᠡᠣᠡᠪᠣᠷᠢᠯᠡᠭᠰᠠᠨ ᠨᠢᠭᠡᠴᠨ ᠨᠢ ᠬᠠᠣᠯᠢ ᠶᠣᠰᠣᠭᠠᠷ ᠨᠦᠭᠦᠪᠣᠷᠢ ᠦᠭᠭᠦ ᠬᠡᠷᠡᠭᠳᠠᠢ᠃      ᠬᠤᠷᠢᠨ ᠨᠠᠢᠮᠠᠳᠤᠭᠠᠷ ᠵᠦᠢᠯ    ᠭᠠᠵᠠᠷ ᠳᠣᠣᠷᠠᠬᠢ ᠤᠰᠤᠨ ᠳᠤ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ ᠢ ᠬᠠᠤᠯᠢ ᠶᠣᠰᠣᠭᠠᠷ ᠬᠡᠷᠡᠭᠵᠢᠭᠦᠯᠬᠦ ᠬᠡᠷᠡᠭᠲᠡᠶ᠃      ᠭᠠᠵᠠᠷ ᠤᠨ ᠢᠯᠴᠢ ᠶᠢᠨ ᠤᠰᠤ᠂ ᠷᠠᠰᠢᠶᠠᠨ ᠳᠤ ᠠᠭᠤᠷᠬᠠᠢ ᠮᠠᠯᠲᠠᠬᠤ ᠵᠥᠪᠰᠢᠶᠡᠷᠡᠯ ᠤᠨ ᠳᠦᠷᠢᠮ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠬᠠᠮᠢᠶᠠᠷᠤᠯᠲᠠ ᠶᠢᠨ ᠳᠦᠷᠢᠮ ᠢ ᠵᠡᠷᠭᠡ ᠳᠤᠨᠢ ᠬᠠᠤᠯᠢ ᠶᠣᠰᠣᠭᠠᠷ ᠬᠡᠷᠡᠭᠵᠢᠭᠦᠯᠦᠨ᠎ᠡ᠃      ᠤᠰᠤ ᠲᠠᠲᠠᠬᠤ ᠵᠥᠪᠰᠢᠶᠡᠷᠡᠯ᠂ ᠠᠭᠤᠷᠬᠠᠶ ᠮᠠᠯᠲᠠᠬᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠡᠷᠬᠡ ᠮᠡᠳᠡᠯ᠂ ᠳᠡᠰ ᠳᠠᠷᠠᠭᠠᠯᠠᠯ᠂ ᠬᠢᠨᠠᠯᠳᠠ ᠳᠠᠯᠪᠢᠵᠣ ᠬᠠᠮᠢᠶᠠᠷᠬᠤ ᠪᠠ ᠤᠰᠤᠨ ᠤ ᠡᠬᠢ ᠰᠣᠷᠪᠣᠯᠵᠢ ᠶᠢᠨ ᠵᠠᠷᠣᠳᠠᠯ᠂ ᠠᠭᠤᠷᠬᠠᠶ ᠎ ᠶᠢᠨ ᠭᠠᠷᠤᠯᠲᠠ ᠶᠢᠨ ᠡᠬᠢ ᠪᠠᠶᠠᠯᠢᠭ ᠤᠨ ᠲᠦᠯᠣᠪᠣᠷᠢᠯᠡᠭᠦ ᠵᠠᠷᠣᠳᠠᠯ ᠵᠡᠷᠭᠡ ᠲᠥᠯᠥᠪᠦᠷᠢ ᠲᠠᠢ ᠬᠡᠷᠡᠭᠯᠡᠬᠦ ᠭᠠᠶᠢᠯᠢ ᠰᠦᠢᠳᠬᠡᠯ ᠤᠨ ᠲᠠᠲᠠᠪᠤᠷᠢᠯᠠᠨ ᠬᠠᠮᠢᠶᠠᠷᠬᠤ ᠶᠠᠪᠣᠳᠠᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠩᠵᠢᠭᠦᠯᠣᠨ᠎ᠠ᠃      ᠬᠤᠷᠢ ᠶᠢᠰᠣᠳᠣᠭᠡᠷ ᠵᠦᠢᠯ    ᠭᠠᠵᠡᠷ ᠲᠣᠣᠷᠠᠬᠢ ᠣᠰᠣᠨ ᠤ ᠡᠬᠢ ᠰᠣᠷᠪᠣᠯᠵᠢ ᠶᠢ ᠰᠢᠭᠤᠳ ᠲᠠᠲᠠᠵᠤ ᠬᠡᠷᠩᠯᠡᠨ ᠳᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠷᠬᠢᠯᠡᠵᠣ ᠪᠠᠶᠢᠪᠡᠯ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠬᠡᠷᠡᠭᠯᠡᠬᠦ ᠤᠰᠣᠨ ᠤ ᠬᠢᠵᠠᠭᠠᠷᠯᠠᠬᠤ ᠲᠤᠭ᠎ᠠ ᠶᠢᠨ ᠬᠡᠰᠡᠭ ᠠᠴᠠ ᠳᠠᠪᠠᠭᠰᠠᠨ ᠤᠰᠤᠨ ᠤ ᠡᠬᠢ ᠰᠣᠷᠪᠣᠯᠵᠢ ᠳᠤ ᠪᠣᠯ ᠤᠰᠤ ᠲᠠᠲᠠᠵᠣ ᠪᠠᠶᠢᠭ᠎ᠠ ᠨᠢᠭᠡᠴᠡ ᠪᠤᠶᠤ ᠬᠤᠪᠢ ᠬᠥᠮᠦᠨ ᠨᠢ ᠣᠰᠣ ᠳᠠᠳᠠᠬᠤ ᠠᠮᠠᠰᠠᠷ ᠪᠠᠶᠢᠭ᠎ᠠ ᠭᠠᠵᠠᠷ ᠤᠨ ᠣᠰᠣᠨ ᠤ ᠡᠬᠢ ᠰᠣᠷᠪᠣᠯᠵᠢ ᠎ ᠶᠢᠨ ᠵᠠᠷᠣᠳᠠᠯ ᠲᠠᠲᠠᠪᠤᠷᠢᠯᠠᠬᠤ ᠪᠠᠷᠢᠮᠵᠢᠶ᠎ᠠ ᠪᠠ ᠪᠣᠳᠠᠲᠠᠶ ᠤᠰᠣ ᠳᠠᠳᠠᠭᠰᠠᠨ ᠬᠡᠮᠵᠢᠶ᠎ᠠ ᠪᠠᠨ ᠦᠨᠳᠣᠰᠣᠯᠡᠨ ᠣᠰᠣᠨ ᠤ ᠡᠬᠢ ᠰᠣᠷᠪᠣᠯᠵᠢ ᠶᠢᠨ ᠵᠠᠷᠣᠳᠠᠯ ᠲᠤᠰᠢᠶᠠᠬᠤ ᠬᠡᠷᠡᠭᠲᠡᠶ︔ ᠲᠣᠭᠲᠠᠭᠠᠯ ᠳᠤ ᠨᠡᠶᠢᠴᠡᠭᠦ ᠲᠠᠷᠢᠶᠠᠯᠠᠩ ᠮᠠᠯ ᠠᠵᠤ ᠠᠬᠤᠶ ᠎ ᠶᠢᠨ ᠦᠢᠯᠡᠳᠪᠦᠷᠢᠯᠡᠯ ᠳᠤ ᠬᠡᠷᠡᠭᠯᠡᠬᠦ ᠤᠰᠤᠨ ᠤ ᠬᠢᠵᠠᠭᠠᠷᠯᠡᠬᠤ ᠲᠤᠭ᠎ᠠ ᠶᠢᠨ ᠳᠣᠲᠣᠷ᠎ᠠ ᠤᠰᠤ ᠲᠠᠲᠠᠬᠰᠠᠨ ᠪᠣᠯ ᠤᠰᠤᠨ ᠤ ᠡᠬᠢ ᠰᠣᠷᠪᠣᠯᠵᠢ ᠶᠢᠨ ᠵᠠᠷᠣᠳᠠᠯ ᠲᠤᠰᠢᠶᠠᠬᠤ ᠦᠭᠡᠢ᠃      ᠭᠤᠴᠢᠳᠣᠭᠠᠷ ᠵᠦᠢᠯ    ᠭᠠᠵᠠᠷ ᠳᠣᠣᠷᠠᠬᠢ ᠤᠰᠤ ᠶᠢ ᠲᠠᠲᠠᠨ ᠬᠡᠷᠡᠭᠯᠡᠵᠣ ᠪᠠᠶᠢᠭ᠎ᠠ ᠤᠰᠤ ᠲᠠᠲᠠᠵᠤ ᠬᠡᠷᠡᠭᠯᠡᠬᠦ ᠡᠷᠦᠬᠡ ᠨᠢ ᠬᠠᠤᠯᠢ ᠶᠣᠰᠣᠭᠠᠷ ᠬᠢᠨᠠᠨ ᠲᠣᠭᠳᠠᠭᠠᠯᠳᠠ ᠬᠢᠯᠭᠡᠵᠣ ᠬᠢᠷᠢ ᠲᠡᠩᠴᠡᠭᠰᠡᠨ ᠤᠰᠤ ᠲᠠᠲᠠᠬᠤ ᠬᠡᠮᠵᠢᠯᠲᠡ ᠶᠢᠨ ᠪᠡᠯᠡᠳᠬᠡᠮᠵᠢ ᠤᠭᠰᠠᠷᠠᠬᠤ ᠶᠢᠨ ᠬᠠᠮᠲᠤ᠂ ᠬᠡᠮᠵᠢᠭᠰᠡᠨ ᠤᠰᠤᠨ ᠤ ᠬᠡᠮᠵᠢᠶ᠎ᠡ ᠶᠣᠰᠣᠭᠠᠷ ᠤᠰᠤᠨ ᠤ ᠡᠬᠢ ᠰᠣᠷᠪᠣᠯᠵᠢ ᠶᠢᠨ ᠵᠠᠷᠣᠳᠠᠯ ᠲᠤᠰᠢᠶᠠᠬᠤ ᠬᠡᠷᠡᠭᠲᠡᠶ᠃ ᠲᠥᠯᠥᠪᠯᠡᠭᠡ ᠠᠴᠠ ᠳᠠᠪᠠᠭᠰᠠᠨ ᠪᠣᠶᠣ ᠲᠣᠭᠲᠠᠭᠰᠠᠨ ᠨᠣᠷᠮ᠎ᠠ ᠠᠴᠠ ᠳᠠᠪᠠᠭᠤᠯᠣᠨ ᠤᠰᠤ ᠲᠠᠲᠠᠵᠤ ᠬᠡᠷᠡᠭᠯᠡᠭᠰᠡᠨ ᠪᠣᠯ ᠲᠥᠯᠥᠪᠯᠡᠭᠡ ᠠᠴᠠ ᠳᠠᠪᠠᠭᠤᠯᠤᠭᠰᠠᠨ ᠪᠤᠶᠤ ᠲᠣᠭᠲᠠᠭᠰᠠᠨ ᠬᠡᠮᠵᠢᠶ᠎ᠠ ᠠᠴᠠ ᠳᠠᠪᠠᠭᠤᠯᠤᠭᠰᠠᠨ ᠬᠡᠰᠡᠭ ᠲᠤᠨᠢ ᠤᠰᠤᠨ ᠤ ᠡᠬᠢ ᠰᠣᠷᠪᠣᠯᠵᠢ ᠶᠢᠨ ᠵᠠᠷᠣᠳᠠᠯ ᠢ ᠨᠠᠶᠢᠯᠡᠭᠦᠯᠣᠨ ᠪᠣᠳᠣᠵᠣ ᠬᠤᠷᠢᠶᠠᠨ᠎ᠠ᠃      ᠭᠤᠴᠢᠨ ᠨᠢᠭᠡᠳᠣᠭᠡᠷ ᠵᠦᠢᠯ    ᠣᠨᠴᠣᠭᠤᠶ ᠭᠠᠩ ᠲᠠᠢ ᠵᠢᠯ ᠪᠠ ᠭᠡᠨᠡᠳᠲᠡ ᠶᠢᠨ ᠬᠡᠷᠡᠭ ᠵᠡᠷᠭᠡ ᠠᠴᠠ ᠪᠤᠯᠵᠤ ᠭᠠᠵᠠᠷ ᠳᠣᠣᠷᠠᠬᠢ ᠤᠰᠤ ᠶᠢ ᠳᠦᠷ ᠴᠠᠭ ᠲᠠᠲᠠᠵᠤ ᠬᠡᠷᠡᠭᠯᠡᠬᠦ ᠴᠢᠬᠤᠯᠠ ᠲᠠᠢ ᠪᠣᠯ᠂ ᠤᠰᠤ ᠲᠠᠲᠠᠬᠤ ᠨᠢᠭᠡᠴᠡ ᠪᠤᠶᠤ ᠬᠤᠪᠢ ᠬᠥᠮᠦᠨ ᠨᠢ ᠤᠰᠤᠨ ᠬᠤᠳᠳᠤᠭ ᠤᠨ ᠪᠠᠷᠢᠯᠭ᠎ᠠ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠣᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠭᠦ ᠴᠢᠨᠠᠷᠲᠠᠶ ᠳᠠᠩᠰᠠᠯᠠᠭᠤᠯᠬᠤ ᠭᠠᠷᠳᠠᠮ ᠭᠦᠢᠴᠡᠣᠡᠭᠡᠭᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠤᠰᠤᠨ ᠬᠤᠳᠳᠤᠭ ᠤᠨ ᠪᠠᠷᠢᠯᠭ᠎ᠠ ᠶᠢ ᠬᠡᠷᠡᠭᠯᠡᠭᠦᠯᠬᠦ ᠪᠠᠨ ᠵᠣᠭᠰᠣᠭᠠᠵᠤ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠣᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠳᠦᠯᠲᠡᠶ ᠪᠢᠲᠡᠭᠦᠮᠵᠢᠯᠡᠵᠦ ᠬᠠᠮᠢᠶᠠᠷᠬᠤ ᠬᠡᠷᠡᠭᠲᠡᠶ᠃      ᠲᠠᠪᠤᠳᠤᠭᠠᠷ ᠪᠦᠯᠦᠭ    ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ      ᠭᠤᠴᠢᠨ ᠬᠤᠶᠠᠳᠣᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠵᠠᠷ ᠳᠣᠣᠷᠠᠬᠢ ᠣᠰᠣᠨ ᠤ ᠬᠥᠳᠡᠯᠦᠩᠭᠦᠶ ᠬᠢᠨᠠᠨ ᠬᠡᠮᠵᠢᠬᠦ ᠥᠷᠲᠡᠭᠡ ᠲᠣᠣᠷ ᠤᠨ ᠨᠢᠭᠡᠳᠦᠯᠲᠡᠶ ᠲᠥᠯᠥᠪᠵᠢᠭᠦᠯᠭᠡ ᠪᠠ ᠮᠡᠷᠭᠡᠵᠢᠯ ᠤᠨ ᠪᠠᠷᠢᠮᠵᠢᠶ᠎ᠠ ᠲᠣᠭᠲᠠᠭᠠᠬᠤ ᠶᠢ ᠬᠠᠷᠢᠭᠤᠴᠠᠵᠣ ᠵᠣᠬᠢᠶᠠᠨ ᠪᠠᠶᠢᠭᠤᠯᠣᠨ᠎ᠠ᠃ ᠭᠠᠵᠠᠷ ᠳᠣᠣᠷᠠᠬᠢ ᠤᠰᠣᠨ ᠤ ᠬᠥᠳᠡᠯᠦᠩᠭᠦᠶ ᠬᠢᠨᠠᠨ ᠬᠡᠮᠵᠢᠬᠦ ᠥᠷᠲᠡᠭᠡ ᠲᠣᠣᠷ ᠤᠨ ᠪᠦᠳᠦᠭᠡᠨ ᠪᠠᠶᠢᠭᠤᠯᠬᠤ ᠪᠠ ᠬᠢᠨᠠᠨ ᠬᠡᠮᠵᠢᠭᠦ ᠶᠢ ᠱᠠᠳᠤ ᠬᠤᠪᠢᠶᠠᠨ ᠬᠠᠮᠢᠶᠠᠷᠬᠤ ᠵᠠᠷᠴᠢᠮ ᠤᠨ ᠶᠣᠰᠣᠭᠠᠷ ᠶᠠᠪᠤᠭᠳᠠᠭᠤᠯᠤᠨ᠎ᠠ᠃      ᠤᠯᠤᠰ ᠤᠨ ᠱᠠᠲᠤᠨ ᠤ ᠬᠢᠨᠠᠨ ᠬᠡᠮᠵᠢᠬᠦ ᠥᠷᠲᠡᠭᠡ ᠲᠣᠣᠷ ᠤᠨ ᠢᠵᠢ ᠪᠦᠷᠢᠳᠦᠭᠦᠯᠬᠦ ᠪᠡᠯᠡ ᠮᠥᠩᠭᠦ ᠪᠠ ᠠᠵᠢᠯᠯᠠᠭᠠᠨ ᠤ ᠵᠠᠷᠤᠳᠠᠯ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠢᠨᠠᠨ ᠬᠡᠮᠵᠢᠬᠦ ᠥᠷᠲᠡᠭᠡ ᠲᠣᠣᠷ ᠤᠨ ᠪᠦᠳᠦᠭᠡᠨ ᠪᠠᠶᠢᠭᠤᠯᠤᠯᠲᠠ ᠪᠠ ᠠᠵᠢᠯᠯᠠᠭᠠᠨ ᠤ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠣᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠦᠳᠦᠭᠡᠨ ᠪᠠᠶᠢᠭᠤᠯᠤᠭᠰᠠᠨ ᠬᠢᠨᠠᠨ ᠬᠡᠮᠵᠢᠬᠦ ᠥᠷᠲᠡᠭᠡ ᠲᠣᠣᠷ ᠪᠠ ᠳᠡᠳᠡᠭᠡᠷ ᠤᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠪᠠ ᠠᠵᠢᠯᠯᠠᠭᠠᠨ ᠤ ᠵᠠᠷᠤᠳᠠᠯ ᠢ ᠪᠣᠯ ᠠᠳᠠᠯᠢ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃      ᠭᠤᠴᠢᠨ ᠭᠤᠷᠪᠠᠳᠣᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠤᠰᠣᠨ ᠰᠢᠨᠵᠢᠯᠡᠭᠡ ᠶᠢᠨ ᠰᠠᠯᠠᠭ᠎ᠠ ᠮᠥᠴᠢᠷ ᠠᠴᠠ ᠤᠯᠤᠰ᠂ ᠥᠪᠡᠷᠲᠡᠭᠡᠨ ᠵᠠᠰᠠᠬᠤ ᠣᠷᠣᠨ ᠤ ᠬᠢᠨᠠᠨ ᠬᠡᠮᠵᠢᠬᠦ ᠥᠷᠲᠡᠭᠡ ᠲᠣᠣᠷ ᠤᠨ ᠤᠷᠳᠤ ᠬᠤᠭᠤᠴᠠᠭᠠᠨ ᠤ ᠬᠥᠳᠡᠯᠦᠩᠭᠦᠶ ᠬᠢᠨᠠᠨ ᠬᠡᠮᠵᠢᠭᠦ ᠶᠢ ᠬᠠᠷᠢᠭᠤᠴᠠᠨ᠎ᠠ᠃      ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠣᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠲᠥᠯᠥᠪᠵᠢᠭᠦᠯᠭᠡ ᠶᠢᠨ ᠶᠣᠰᠣᠭᠠᠷ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠥᠷᠲᠡᠭᠡ ᠲᠣᠣᠷ ᠢ ᠨᠢ ᠵᠣᠬᠢᠶᠠᠨ ᠪᠠᠶᠢᠭᠤᠯᠣᠨ ᠪᠦᠳᠣᠭᠡᠨ ᠪᠠᠶᠢᠭᠤᠯᠬᠤ ᠶᠢᠨ ᠬᠠᠮᠳᠣ᠂ ᠤᠷᠳᠤ ᠬᠤᠭᠤᠴᠠᠭᠠᠨ ᠤ ᠬᠥᠳᠡᠯᠦᠩᠭᠦᠶ ᠬᠢᠨᠠᠨ ᠬᠡᠮᠵᠢᠬᠦ ᠶᠢ ᠬᠠᠷᠢᠭᠤᠴᠠᠨ᠎ᠠ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠠᠵᠢᠯ ᠢ ᠥᠷᠨᠢᠭᠦᠯᠦᠨ᠎ᠡ᠃      ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠶᠢᠨ ᠠᠭᠤᠯᠭ᠎ᠠ ᠳᠤ ᠤᠰᠤᠨ ᠤ ᠬᠡᠮᠵᠢᠶ᠎ᠡ᠂ ᠤᠰᠤᠨ ᠲᠦᠪᠰᠢᠨ᠂ ᠤᠰᠤᠨ ᠤ ᠴᠢᠨᠠᠷ ᠪᠠ ᠤᠰᠤᠨ ᠤ ᠳᠤᠯᠠᠭᠠᠨ ᠵᠡᠷᠭᠡ ᠪᠠᠭᠲᠠᠨ᠎ᠠ᠃      ᠭᠤᠴᠢᠨ ᠲᠦᠷᠪᠡᠳᠣᠭᠡᠷ ᠵᠦᠢᠯ    ᠠᠭᠤᠷᠬᠠᠶ ᠶᠢᠨ ᠪᠤᠯᠠᠭᠳᠠᠴᠠ ᠨᠡᠭᠡᠭᠡᠨ ᠮᠠᠯᠲᠠᠬᠤ ᠪᠤᠶᠤ ᠭᠠᠵᠠᠷ ᠳᠣᠣᠷᠠᠬᠢ ᠪᠠᠷᠢᠯᠭ᠎ᠠ ᠶᠢ ᠪᠦᠳᠦᠭᠡᠠ ᠪᠠᠶᠢᠭᠤᠯᠬᠤ ᠳᠤ ᠡᠷᠬᠡᠪᠰᠢ ᠰᠡᠶᠢᠷᠡᠭᠦᠯᠭᠦ ᠪᠠᠷ ᠤᠰᠤ ᠵᠠᠯᠠᠬᠤ ᠵᠢᠴᠢ ᠭᠠᠵᠠᠷ ᠳᠣᠣᠷᠠᠬᠢ ᠤᠰᠤ ᠎ ᠶᠢ ᠲᠥᠪᠯᠡᠷᠡᠭᠦᠯᠦᠨ ᠨᠡᠭᠡᠭᠡᠨ ᠮᠠᠯᠲᠠᠬᠤ ᠳᠤ᠂ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠪᠡᠯᠡᠣᠡᠭᠡᠮᠵᠢ ᠣᠭᠰᠠᠷᠠᠬᠤ ᠎ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠥᠷᠲᠡᠭᠡ ᠲᠣᠣᠷ ᠲᠤ ᠵᠠᠯᠭᠠᠵᠣ ᠣᠷᠣᠭᠤᠯᠬᠤ ᠬᠡᠷᠩᠳᠠᠢ᠃      ᠭᠤᠴᠢᠨ ᠳᠠᠪᠣᠳᠣᠭᠠᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠠᠵᠠᠷ ᠳᠣᠣᠷᠠᠬᠢ ᠤᠰᠤᠨ ᠤ ᠴᠢᠨᠠᠷ ᠲᠤ ᠴᠢᠬᠤᠯᠨ ᠶᠡᠭᠡ ᠬᠤᠪᠢᠷᠠᠯᠲᠠ ᠭᠠᠷᠣᠭᠰᠠᠨ᠂ ᠡᠰᠡᠭᠦᠯ᠎ᠠ ᠪᠣᠬᠢᠷᠲᠤᠯ ᠤᠨ ᠡᠬᠢ ᠶᠢᠨ ᠪᠣᠬᠢᠷᠳᠣᠯ ᠤᠨ ᠠᠶᠣᠯᠳᠠᠢ ᠪᠣᠯᠣᠭᠰᠠᠨ ᠵᠢᠴᠢ ᠣᠷᠣᠨ ᠪᠦᠰᠨ ᠶᠢᠨ ᠭᠠᠵᠠᠷ ᠳᠣᠣᠷᠠᠬᠢ ᠤᠰᠤᠨ ᠤ ᠲᠦᠪᠰᠢᠨ ᠢᠯᠡᠷᠬᠡᠶ ᠳᠣᠷᠣᠭᠰᠢᠯᠠᠭᠰᠠᠨ ᠢ ᠣᠯᠵᠤ ᠮᠡᠳᠡᠪᠡᠯ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠳᠡᠭᠡᠳᠣ ᠨᠢᠭᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠴᠠᠭ ᠲᠤᠬᠠᠶ ᠳᠤᠨᠢ ᠠᠷᠭᠠᠴᠠᠨ ᠨᠥᠬᠦᠪᠥᠷᠢᠯᠡᠬᠦ ᠪᠠ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃      ᠭᠤᠴᠢᠨ ᠵᠢᠷᠭᠤᠳᠣᠭᠠᠷ ᠵᠦᠢᠯ    ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠣ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠮᠡᠳᠡᠭᠡᠯᠡᠨ ᠨᠡᠪᠲᠡᠷᠡᠭᠦᠯᠬᠦ ᠳᠦᠷᠢᠮ ᠢ ᠪᠠᠶᠢᠭᠤᠯᠵᠤ᠂ ᠭᠠᠵᠠᠷ ᠳᠣᠣᠷᠠᠬᠢ ᠤᠰᠣᠨ ᠤ ᠤᠰᠤ ᠳᠠᠳᠠᠬᠤ ᠵᠦᠪᠰᠢᠶᠡᠷᠡᠯ ᠢ ᠬᠢᠨᠠᠨ ᠵᠥᠪᠰᠢᠶᠡᠷᠡᠵᠣ ᠪᠠᠶᠢᠭ᠎ᠠ᠂ ᠨᠡᠭᠡᠭᠡᠨ ᠮᠠᠯᠳᠠᠵᠣ ᠪᠠᠶᠢᠭ᠎ᠠ ᠭᠡᠮᠵᠢᠶ᠎ᠠ᠂ ᠣᠰᠣᠨ ᠤ ᠴᠢᠨᠠᠷ᠂ ᠤᠰᠤᠨ ᠲᠦᠪᠰᠢᠨ ᠤ ᠬᠥᠳᠡᠯᠦᠩᠭᠦᠶ ᠪᠠᠶᠢᠳᠠᠯ ᠵᠢᠴᠢ ᠬᠤᠳᠳᠤᠭ ᠥᠷᠥᠮᠳᠡᠵᠣ ᠪᠠᠶᠢᠭ᠎ᠠ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠨ ᠨᠡᠪᠲᠡᠷᠡᠭᠦᠯᠭᠦ ᠬᠡᠷᠩᠳᠠᠢ᠃      ᠵᠢᠷᠭᠤᠳᠤᠭᠠᠷ ᠪᠦᠯᠦᠭ    ᠬᠠᠤᠯᠢ ᠴᠠᠭᠠᠵᠠ ᠶᠢᠨ ᠬᠠᠷᠢᠭᠤᠴᠠᠯᠭ᠎ᠠ      ᠭᠤᠴᠢᠨ ᠲᠣᠯᠣᠳᠣᠭᠠᠷ ᠵᠦᠢᠯ    ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠰᠣᠷᠪᠣᠯᠵᠢ ᠶᠢᠨ ᠵᠠᠷᠣᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ﹀᠎ ᠶᠢ ᠬᠡᠷᠩᠵᠢᠭᠦᠯᠭᠦ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠣᠳᠠᠳᠠᠢ ᠰᠢᠣᠡᠭᠡᠨ ᠲᠣᠷᠭᠠᠬᠤ ᠲᠣᠭᠳᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢᠶᠠᠷ ᠨᠢ ᠬᠡᠷᠩᠵᠢᠭᠦᠯᠣᠨ᠎ᠠ᠃      ᠭᠤᠴᠢᠨ ᠨᠠᠢᠮᠠᠳᠤᠭᠠᠷ ᠵᠦᠢᠯ    ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠣ ᠪᠠᠶᠢᠭᠠᠣᠨ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠬᠡᠷᠩᠳᠠᠢ︔ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠵᠠᠯᠠᠷᠠᠭᠤᠯᠬᠤ ᠦᠭᠡᠢ ᠪᠣᠯ᠂ 1 ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠭᠤᠭᠰᠢ ᠵᠣᠭᠤᠰ ‍ᠶᠢᠢᠡᠷ ᠲᠣᠷᠭᠠᠨ᠎ᠠ᠄      ︵ᠨᠢᠭᠡ︶ ᠬᠠᠮᠢᠶᠠᠷᠤᠯᠲᠠ ᠶᠢᠨ ᠡᠷᠬᠡ ᠮᠡᠳᠠᠯ ᠲᠠᠢ ᠣᠰᠣᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠣᠭᠡᠳᠣᠢ ᠪᠠᠷ ᠤᠰᠤᠨ ᠤ ᠴᠢᠨᠠᠷ ᠲᠤ ᠣᠨᠴᠣᠭᠤᠶ ᠱᠠᠭᠠᠷᠳᠠᠯᠭ᠎ᠠ ᠲᠠᠢ ᠠᠵᠤ ᠠᠬᠤᠶᠢᠯᠠᠯ ᠤᠳ ᠥᠪᠡᠷ ᠲᠡᠭᠡᠨ ᠪᠡᠯᠡᠳᠬᠡᠭᠰᠡᠨ ᠬᠤᠳᠳᠤᠭ ᠢᠶᠠᠨ ᠳᠤᠷ᠎ᠠ ᠪᠠᠷ ᠬᠡᠷᠡᠭᠯᠡᠭᠰᠡᠨ︔      ︵ᠬᠤᠶᠠᠷ︶ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠪᠡᠯᠡᠣᠡᠭᠡᠮᠵᠢ ᠶᠢ ᠱᠠᠭᠠᠷᠳᠠᠯᠭ᠎ᠠ ᠶᠣᠰᠣᠭᠠᠷ ᠣᠭᠰᠠᠷᠠᠭᠰᠠᠨ ᠦᠭᠡᠢ︔      ︵ᠭᠤᠷᠪᠠ︶ ᠣᠨᠴᠣᠭᠤᠶ ᠭᠠᠩ ᠲᠠᠢ ᠵᠢᠯ ᠪᠠ ᠭᠡᠨᠡᠳᠲᠡ ᠶᠢᠨ ᠬᠡᠷᠡᠭ ᠵᠡᠷᠭᠡ ᠠᠴᠠ ᠪᠤᠯᠵᠤ ᠭᠠᠵᠠᠷ ᠳᠣᠣᠷᠠᠬᠢ ᠤᠰᠤ ᠶᠢ ᠳᠦᠷ ᠴᠠᠭ ᠲᠠᠲᠠᠵᠤ ᠬᠡᠷᠡᠭᠯᠡᠭᠡᠣᠨ᠂ ᠪᠠᠴᠢᠮ ᠪᠠᠶᠢᠳᠠᠯ ᠢ ᠠᠷᠭᠠᠴᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠤᠰᠤᠨ ᠬᠤᠳᠳᠤᠭ ᠤᠨ ᠪᠠᠷᠢᠯᠭ᠎ᠠ ᠶᠢ ᠦᠷᠭᠦᠯᠵᠢᠯᠡᠨ ᠬᠡᠷᠡᠭᠯᠡᠭᠰᠡᠨ᠃      ᠳᠣᠯᠣᠳᠤᠭᠠᠷ ᠪᠦᠯᠦᠭ    ᠳᠠᠭᠠᠯᠳᠤᠭᠤᠯᠤᠯ ᠳᠦᠷᠢᠮ      ᠭᠤᠴᠢᠨ ᠶᠢᠰᠣᠳᠣᠭᠡᠷ ᠵᠦᠢᠯ    ᠲᠤᠰ ᠠᠷᠭ᠎ᠠ ᠳᠤ ᠬᠡᠯᠡᠵᠦ ᠪᠠᠶᠢᠭ᠎ᠠ ᠭᠠᠵᠠᠷ ᠳᠣᠣᠷᠠᠬᠢ ᠤᠰᠤᠨ ᠤ ᠴᠢᠬᠤᠯᠠ ᠤᠰᠤᠨ ᠰᠤᠷᠪᠤᠯᠵᠢ ᠶᠢᠨ ᠭᠠᠵᠠᠷ ᠭᠡᠳᠡᠭ ᠪᠣᠯ ᠡᠳᠦᠷ ᠤᠨ ᠤᠰᠤ ᠳᠠᠳᠠᠬᠤ ᠬᠡᠮᠵᠢᠶ᠎ᠡ ᠨᠢ 1 ᠲᠦᠮᠡᠨ ᠳᠡᠭᠰᠢ ᠲᠦᠷᠪᠡᠯᠵᠢᠨ ᠮᠧᠲᠷ ᠠᠴᠠ ᠳᠡᠭᠡᠭᠰᠢ ᠪᠠᠶᠢᠳᠠᠭ ᠭᠠᠵᠠᠷ ᠳᠣᠣᠷᠠᠬᠢ ᠤᠰᠤᠨ ᠤ ᠤᠰᠤᠨ ᠰᠤᠷᠪᠤᠯᠵᠢ ᠶᠢᠨ ᠭᠠᠵᠠᠷ ᠢ ᠵᠢᠭᠠᠵᠣ ᠪᠣᠢ᠃      ᠳᠥᠴᠢᠳᠣᠭᠡᠷ ᠵᠦᠢᠯ    ᠲᠤᠰ ᠠᠷᠭ᠎ᠠ ᠶᠢ 2013 ᠣᠨ ᠤ 10 ᠳ᠋ᠣᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号