ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2018-08-17
       ︵2000 ᠤᠨ ᠤ 10 ᠳ᠋ᠤᠭᠠᠷ ᠰᠠᠷ᠎ᠠ ᠶᠢᠨ 16᠎ ᠤ ᠡᠳᠥᠷ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ ᠤᠨ 105 ᠲᠤᠭᠠᠲᠤ ᠪᠠᠷ ᠨᠠᠶᠢᠲᠡᠯᠡᠪᠡ 2018 ᠤᠨ ᠤ 1 ᠳ᠋ᠤᠭᠡᠷ ᠰᠠᠷ᠎ᠠ ᠶᠢᠨ 16᠎ ᠤ ᠡᠳᠥᠷ ᠤᠨ ︽ᠵᠠᠰᠠᠭ ᠤᠨ ᠤᠷᠳᠤᠨ ᠤ ᠬᠡᠰᠡᠭ ᠳᠥᠷᠢᠮ ᠲᠤᠭᠲᠠᠭᠠᠯ ᠳᠤ ᠵᠠᠰᠠᠪᠤᠷᠢ ᠤᠷᠤᠭᠤᠯᠬᠤ ᠲᠤᠬᠠᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠣᠭᠳᠠᠭᠠᠯ︾᠎ ᠢ ᠥᠨᠳᠥᠰᠥᠯᠡᠨ ᠵᠠᠰᠠᠪᠤᠷᠢ ᠤᠷᠤᠭᠤᠯᠪᠠ︶        ᠨᠢᠭᠡᠳᠥᠭᠡᠷ ᠪᠥᠯᠥᠭ  ᠶᠠᠷᠥᠩᠬᠡᠢ ᠳᠥᠷᠢᠮ      ᠨᠢᠭᠡᠳᠥᠭᠡᠷ ᠵᠥᠢᠯ  ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠬᠠᠮᠢᠶᠠᠷᠥᠯᠲᠠ ᠶᠢ ᠴᠢᠩᠭᠠᠳᠬᠠᠨ᠂ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠠᠵᠢᠯᠯᠠᠭᠠᠨ ᠢ ᠵᠢᠷᠤᠮᠵᠢᠭᠤᠯᠬᠤ ᠶᠢᠨ ᠲᠤᠰᠠᠲᠠ᠂ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠥᠨ᠎ᠡ ᠬᠠᠩᠰᠢ ᠶᠢᠨ ᠬᠠᠤᠯᠢ︾ ᠵᠠᠷᠭᠡ ᠬᠤᠯᠪᠤᠭᠳᠠᠯ ᠪᠥᠬᠦᠢ ᠬᠠᠤᠯᠢ ᠴᠠᠭᠠᠵᠠ᠂ ᠬᠠᠤᠯᠢ ᠲᠤᠭᠲᠠᠭᠠᠯ ᠢ ᠥᠨᠳᠥᠰᠥᠯᠡᠨ᠂ ᠥᠪᠡᠷᠲᠡᠭᠡᠨ ᠵᠠᠰᠠᠬᠤ ᠤᠷᠤᠨ ᠤ ᠪᠤᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠤᠭᠲᠠᠭᠠᠪᠠ᠃      ᠬᠤᠶᠠᠳᠤᠭᠠᠷ ᠵᠥᠢᠯ  ᠥᠪᠡᠷᠲᠡᠭᠡᠨ ᠵᠠᠰᠠᠬᠤ ᠤᠷᠤᠨ ᠤ ᠳᠤᠲᠤᠷ᠎ᠠ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠠᠵᠢᠯᠯᠠᠭ᠎ᠠ ᠶᠢ ᠡᠷᠬᠢᠯᠡᠭᠦ ᠳᠤ ᠡᠷᠭᠡᠪᠰᠢ ᠲᠤᠰ ᠠᠷᠭ᠎ᠠ ᠶᠢ ᠵᠢᠷᠤᠮᠯᠠᠬᠤ ᠬᠡᠷᠡᠭᠲᠡᠢ᠃      ᠭᠤᠷᠪᠠᠳᠤᠭᠠᠷ ᠵᠥᠢᠯ  ᠲᠤᠰ ᠠᠷᠭ᠎ᠠ ᠳᠤ ᠬᠡᠯᠡᠵᠤ ᠪᠠᠶᠢᠭ᠎ᠠ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠭᠡᠳᠡᠭ ᠪᠤᠯ ᠬᠠᠤᠯᠢ ᠶᠤᠰᠤᠭᠠᠷ ᠪᠠᠶᠢᠷᠢᠯᠠᠭᠤᠯᠤᠭᠰᠠᠨ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠨᠢ ᠤᠯᠤᠰ ᠤᠨ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠥᠢᠯᠡᠰ ᠤᠨ ᠨᠢᠭᠡᠴᠡ᠂ ᠨᠡᠶᠢᠭᠡᠮ ᠤᠨ ᠪᠥᠯᠬᠦᠮ ᠪᠤᠶᠤ ᠠᠷᠠᠳ ᠢᠷᠭᠡᠳ ᠤᠨ ᠨᠠᠶᠢᠳᠠᠯᠭ᠎ᠠ ᠪᠠᠷ ᠡᠳ᠋ ᠬᠥᠷᠥᠩᠭᠡ ᠪᠤᠳᠠᠰ ᠪᠡ ᠥᠢᠯᠡᠴᠢᠯᠡᠭᠡᠨ ᠤ ᠲᠥᠷᠥᠯ ᠵᠥᠢᠯ ᠳᠤ ᠥᠨ᠎ᠡ ᠬᠠᠩᠰᠢ ᠶᠢ ᠰᠢᠯᠭᠠᠨ ᠲᠤᠭᠲᠠᠭᠠᠬᠤ ᠪᠠ ᠥᠨ᠎ᠡ ᠬᠠᠩᠰᠢ ᠶᠢ ᠭᠡᠷᠡᠴᠢᠯᠡᠬᠦ ᠠᠵᠢᠯᠯᠠᠭ᠎ᠠ ᠶᠢ ᠵᠢᠭᠠᠵᠤ ᠪᠤᠢ᠃      ᠲᠤᠰ ᠠᠷᠭ᠎ᠠ ᠳᠤ ᠬᠡᠯᠡᠵᠤ ᠪᠠᠶᠢᠭ᠎ᠠ ᠥᠨ᠎ᠡ ᠬᠠᠩᠰᠢ ᠶᠢ ᠬᠢᠨᠠᠨ ᠲᠣᠭᠳᠠᠭᠠᠬᠤ ᠭᠡᠳᠡᠭ ᠪᠤᠯ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠨᠢ ᠬᠠᠤᠯᠢ ᠴᠠᠭᠠᠵᠠ ᠶᠢᠨ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠶᠢᠨ ᠨᠠᠶᠢᠳᠠᠯᠭ᠎ᠠ ᠶᠢ ᠬᠥᠯᠢᠶᠡᠨ ᠠᠪᠴᠥ ᠲᠡᠳᠡᠭᠡᠷ ᠤᠨ ᠡᠷᠡᠭᠦᠥ ᠶᠢᠨ ᠬᠡᠷᠡᠭ᠂ ᠢᠷᠭᠡᠨ ᠤ ᠬᠡᠷᠡᠭ᠂ ᠠᠵᠤ ᠠᠬᠤᠢ᠂ ᠵᠠᠰᠠᠭ ᠵᠠᠬᠢᠷᠭᠠᠨ ᠤ ᠬᠡᠷᠡᠭ ᠲᠤ ᠬᠤᠯᠪᠤᠭᠳᠠᠭᠰᠠᠨ ᠡᠳ᠋ ᠬᠥᠷᠥᠩᠭᠡ ᠪᠤᠳᠠᠰ ᠪᠤᠶᠤ ᠥᠢᠯᠡᠴᠢᠯᠡᠭᠡᠨ ᠤ ᠲᠥᠷᠥᠯ ᠵᠥᠢᠯ ᠤᠨ ᠥᠨ᠎ᠡ ᠬᠠᠩᠰᠢ ᠳᠤ ᠰᠢᠯᠭᠠᠨ ᠲᠤᠭᠲᠠᠭᠠᠯᠲᠠ ᠬᠢᠬᠦ ᠶᠢ ᠵᠢᠭᠠᠵᠤ ᠪᠤᠢ᠃       ᠲᠤᠰ ᠠᠷᠭ᠎ᠠ ᠳᠤ ᠬᠡᠯᠡᠵᠤ ᠪᠠᠶᠢᠭ᠎ᠠ ᠥᠨ᠎ᠡ ᠬᠠᠩᠰᠢ ᠶᠢ ᠭᠡᠷᠡᠴᠢᠯᠡᠬᠦ ᠭᠡᠳᠡᠭ ᠪᠤᠯ ᠬᠠᠤᠯᠢ ᠶᠤᠰᠤᠭᠠᠷ ᠪᠠᠶᠢᠷᠢᠯᠠᠭᠤᠯᠤᠭᠰᠠᠨ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠨᠢ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠤᠭᠴᠠ ᠪᠤᠶᠤ ᠠᠷᠠᠳ ᠢᠷᠭᠡᠳ ᠤᠨ ᠨᠠᠶᠢᠳᠠᠯᠭ᠎ᠠ ᠶᠢ ᠬᠥᠯᠢᠶᠡᠨ ᠠᠪᠴᠤ᠂ ᠲᠡᠳᠡᠨ ᠤ ᠥᠢᠯᠡᠳᠪᠥᠷᠢᠯᠡᠨ ᠡᠵᠡᠩᠨᠡᠬᠦ᠂ ᠭᠡᠷ᠎ᠡ ᠲᠤᠭᠲᠠᠬᠤ᠂ ᠪᠠᠷᠢᠴᠠᠭᠠᠯᠠᠵᠤ ᠳᠡᠨᠵᠢᠯᠡᠬᠤ᠂ ᠲᠥᠯᠥᠵᠤ ᠲᠥᠯᠥᠭᠦᠯᠬᠦ᠂ ᠪᠤᠳᠠᠰ ᠶᠠᠭᠤᠮ᠎ᠠ ᠶᠢᠨ ᠭᠠᠶᠢᠯᠢ ᠲᠤᠰᠢᠶ᠋ᠬᠤ᠂ ᠪᠤᠳᠠᠰ ᠤᠨ ᠥᠨ᠎ᠡ ᠬᠠᠶᠠᠯᠴᠠᠨ ᠬᠤᠳᠠᠯᠳᠤᠬᠤ᠂ ᠭᠥᠷᠥᠩᠭᠡ ᠶᠢ ᠥᠨᠡᠯᠡᠨ ᠵᠢᠱᠢᠬᠦ᠂ ᠡᠳ᠋ ᠬᠥᠷᠥᠩᠬᠡ ᠶᠢ ᠬᠤᠪᠢᠶᠠᠨ ᠲᠠᠰᠤᠯᠬᠤ᠂ ᠪᠠᠷᠢᠯᠭ᠎ᠠ ᠶᠢᠨ ᠥᠨ᠎ᠡ ᠬᠠᠩᠰᠢ ᠶᠢ ᠬᠢᠨᠠᠨ ᠪᠤᠳᠤᠬᠤ᠂ ᠡᠳ᠋ ᠭᠥᠷᠥᠩᠭᠡ ᠶᠢ ᠢᠯᠭᠠᠷᠠᠭᠤᠯᠵᠤ ᠬᠥᠷᠥᠩᠬᠡ ᠮᠥᠩᠬᠦ ᠶᠢ ᠪᠠᠶᠢᠴᠠᠭᠠᠨ ᠬᠠᠷᠭᠤᠭᠤᠯᠬᠤ ᠵᠡᠷᠭᠡ ᠠᠵᠢᠯᠯᠠᠭ᠎ᠠ ᠯᠤᠭ᠎ᠠ ᠬᠤᠯᠪᠤᠭᠳᠠᠭᠰᠠᠨ ᠡᠳ᠋ ᠬᠥᠷᠥᠩᠭᠡ ᠪᠤᠳᠠᠰ ᠪᠤᠶᠤ ᠥᠢᠯᠡᠴᠢᠯᠡᠭᠡᠨ ᠤ ᠲᠥᠷᠥᠯ ᠵᠥᠢᠯ ᠤᠨ ᠥᠨ᠎ᠡ ᠬᠠᠩᠰᠢ ᠳᠤ ᠭᠡᠷᠡᠴᠢᠯᠡᠭᠡ ᠬᠢᠬᠦ ᠶᠢ ᠵᠢᠭᠠᠵᠤ ᠪᠤᠢ᠃      ᠳᠥᠷᠪᠡᠳᠥᠭᠡᠷ ᠵᠥᠢᠯ  ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠠᠵᠢᠯᠯᠠᠭ᠎ᠠ ᠳᠤ ᠡᠷᠬᠡᠪᠰᠢ ᠬᠠᠤᠯᠢ ᠳᠤ ᠨᠡᠶᠢᠴᠡᠭᠰᠡᠨ᠂ ᠡᠷᠬᠡ ᠲᠡᠭᠰᠢ᠂ ᠤᠨᠤᠪᠴᠢᠲᠡᠢ᠂ ᠴᠠᠭ ᠲᠤᠬᠠᠢ ᠳᠤᠨᠢ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃      ᠲᠠᠪᠤᠳᠤᠭᠠᠷ ᠵᠥᠢᠯ  ᠬᠤᠰᠢᠭᠤ ᠰᠢᠶᠠᠨ ᠠᠴᠠ ᠳᠡᠭᠡᠭᠰᠢᠬᠢ ᠥᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠤᠷᠤᠨ ᠤ ᠳᠤᠲᠤᠷᠠᠬᠢ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠭᠡᠷᠡᠭᠲᠡᠢ᠃        ᠬᠤᠶᠠᠳᠤᠭᠠᠷ ᠪᠥᠯᠥᠭ  ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ      ᠵᠢᠷᠭᠤᠳᠤᠭᠠᠷ ᠵᠥᠢᠯ  ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠨᠢ ᠥᠨ᠎ᠡ ᠬᠠᠩᠰᠢ ᠶᠢ ᠰᠢᠯᠭᠠᠨ ᠪᠠᠶᠢᠴᠠᠭᠠᠬᠤ ᠠᠵᠢᠯ ᠢ ᠲᠤᠭᠲᠠᠭᠠᠯ ᠶᠤᠰᠤᠭᠠᠷ ᠱᠠᠳᠤ ᠬᠤᠪᠢᠶᠠᠨ ᠬᠠᠷᠢᠭᠤᠴᠠᠨ᠎ᠠ᠄      ︵ᠨᠢᠭᠡ︶ ᠥᠪᠡᠷᠲᠡᠭᠡᠨ ᠵᠠᠰᠠᠬᠤ ᠤᠷᠤᠨ ᠤ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠤᠷᠤᠨ ᠳᠤ ᠰᠠᠭᠤᠭ᠎ᠠ ᠤᠯᠤᠰ ᠤᠨ ᠨᠢᠭᠡᠴᠡ ᠪᠠ ᠥᠪᠡᠷᠲᠡᠭᠡᠨ ᠵᠠᠰᠠᠬᠤ ᠤᠷᠤᠨ ᠤ ᠬᠠᠷᠢᠶ᠎ᠠ ᠨᠢᠭᠡᠴᠡ ᠶᠢᠨ ᠨᠠᠶᠢᠳᠠᠭᠰᠠᠨ᠂ ᠵᠢᠴᠢ ᠠᠶᠢᠮᠠᠭ ᠬᠤᠲᠠ ᠠᠯᠤᠰᠯᠠᠭᠰᠠᠨ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠠᠵᠢᠯ ᠢ ᠬᠠᠷᠢᠭᠤᠴᠠᠨ᠎ᠠ᠃      ︵ᠬᠤᠶᠠᠷ︶ ᠠᠶᠢᠮᠠᠭ ᠬᠤᠲᠠ ᠶᠢᠨ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠨᠢ ᠠᠶᠢᠮᠠᠭ ᠬᠤᠲᠠ ᠶᠢᠨ ᠬᠠᠷᠢᠶ᠎ᠡ ᠪᠥᠬᠦᠢ ᠨᠢᠭᠡᠴᠡ ᠶᠢᠨ ᠨᠠᠶᠢᠳᠠᠭᠰᠠᠨ ᠪᠡ ᠬᠤᠰᠢᠭᠤ ᠰᠢᠶᠠᠨ ᠠᠯᠤᠰᠯᠠᠭᠰᠠᠨ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠠᠵᠢᠯ ᠢ ᠬᠠᠷᠢᠭᠤᠴᠠᠨ᠎ᠠ᠃      ︵ᠭᠤᠷᠪᠠ︶ ᠬᠤᠰᠢᠭᠤ ᠰᠢᠶᠠᠨ ᠤ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠨᠢ ᠬᠤᠰᠢᠭᠤ ᠰᠢᠶᠠᠨ ᠵᠢᠴᠢ ᠬᠤᠰᠢᠭᠤ ᠰᠢᠶᠠᠨ ᠠᠴᠠ ᠳᠤᠷᠤᠭᠰᠢᠬᠢ ᠨᠢᠭᠡᠴᠡ ᠪᠠ ᠠᠷᠠᠳ ᠢᠷᠭᠡᠳ ᠤᠨ ᠨᠠᠶᠢᠳᠠᠭᠰᠠᠨ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠠᠵᠢᠯ ᠢ ᠬᠠᠷᠢᠭᠤᠴᠠᠨ᠎ᠠ᠃      ᠳᠡᠭᠡᠳᠥ ᠱᠠᠲᠤᠨ ᠤ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠨᠢ ᠳᠤᠤᠷᠠᠳᠤ ᠱᠠᠲᠤᠨ ᠤ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠳᠠᠭᠠᠨ ᠨᠠᠶᠢᠳᠠᠵᠤ ᠥᠪᠡᠷ ᠤᠨ ᠬᠠᠷᠢᠭᠤᠴᠠᠵᠤ ᠪᠠᠶᠢᠭ᠎ᠠ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠠᠵᠢᠯ ᠢ ᠭᠥᠢᠴᠡᠳᠭᠡᠯᠬᠡᠵᠤ ᠪᠤᠯᠤᠨ᠎ᠠ᠃      ᠳᠤᠯᠤᠳᠤᠭᠠᠷ ᠵᠥᠢᠯ  ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠠᠵᠢᠯᠲᠠᠳ ᠤᠯᠤᠰ ᠤᠨ ᠪᠤᠶᠤ ᠥᠪᠡᠷᠲᠡᠭᠡᠨ ᠵᠠᠰᠠᠬᠤ ᠤᠷᠤᠨ ᠤ ᠥᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠤᠯᠪᠠᠰᠤᠷᠠᠭᠤᠯᠤᠯ ᠢ ᠬᠥᠷᠳᠡᠭᠰᠡᠨ ᠤ ᠳᠠᠷᠠᠭ᠎ᠠ᠂ ᠰᠠᠶ᠋ᠢ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠠᠵᠢᠯ ᠢ ᠡᠷᠬᠢᠯᠡᠵᠤ ᠪᠤᠯᠤᠨ᠎ᠠ᠃      ᠨᠠᠢᠮᠠᠳᠤᠭᠠᠷ ᠵᠥᠢᠯ  ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠠᠵᠢᠯᠲᠠᠳ ᠲᠤᠤᠷᠠᠬᠢ ᠲᠤᠭᠲᠠᠭᠠᠯ ᠢ ᠵᠥᠷᠢᠴᠡᠵᠤ ᠪᠤᠯᠬᠤ ᠥᠭᠡᠢ᠄      ︵ᠨᠢᠭᠡ︶ ᠬᠤᠶᠠᠷ ᠠᠴᠠ ᠳᠡᠭᠡᠭᠰᠢᠬᠢ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠳᠤ ᠬᠠᠮᠲᠤ ᠳᠤᠨᠢ ᠠᠵᠢᠯ ᠡᠷᠬᠢᠯᠡᠵᠤ ᠪᠤᠯᠬᠤ ᠥᠭᠡᠢ᠃      ︵ᠬᠤᠶᠠᠷ︶ ᠬᠤᠪᠢ ᠬᠥᠮᠥᠨ ᠤ ᠨᠡᠷ᠎ᠡ ᠪᠠᠷ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠨᠠᠶᠢᠳᠠᠯᠭ᠎ᠠ ᠶᠢ ᠬᠥᠯᠢᠶᠡᠨ ᠠᠪᠴᠤ ᠪᠤᠯᠬᠤ ᠥᠭᠡᠢ᠃      ︵ᠭᠤᠷᠪᠠ︶ ᠲᠤᠬᠠᠶᠢᠲᠠᠢ ᠬᠥᠮᠥᠨ ᠲᠠᠢ ᠰᠥᠯᠪᠡᠭᠡᠯᠳᠥᠵᠤ᠂ ᠬᠤᠳᠠᠯ ᠬᠠᠭᠤᠷᠮᠠᠭ ᠢᠶᠠᠷ ᠠᠵᠢᠯᠯᠠᠨ᠂ ᠥᠨ᠎ᠡ ᠬᠠᠩᠰᠢ ᠶᠢ ᠰᠢᠯᠭᠠᠨ ᠬᠡᠷᠡᠴᠢᠯᠡᠭᠰᠡᠨ ᠥᠨᠡᠨ ᠪᠤᠰᠤ ᠳ᠋ᠦᠩᠨᠡᠯᠲᠡ ᠭᠠᠷᠭᠠᠵᠤ ᠪᠤᠯᠬᠤ ᠥᠭᠡᠢ᠃      ᠶᠢᠰᠥᠳᠥᠭᠡᠷ ᠵᠥᠢᠯ  ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠠᠵᠢᠯᠲᠠᠳ ᠬᠢᠭᠡᠳ ᠲᠤᠬᠠᠶᠢᠲᠠᠢ ᠬᠥᠮᠥᠨ ᠨᠢ ᠰᠠᠳᠤᠨ ᠲᠥᠷᠥᠯ ᠤᠨ ᠬᠠᠷᠢᠴᠠᠭ᠎ᠠ᠂ ᠰᠢᠭᠤᠳ ᠠᠰᠢᠭ ᠬᠤᠤᠷ ᠤᠨ ᠬᠠᠷᠢᠴᠠᠭ᠎ᠠ ᠪᠤᠶᠤ ᠪᠤᠰᠤᠳ ᠬᠠᠷᠢᠴᠠᠭ᠎ᠠ ᠲᠠᠢ ᠪᠠᠶᠢᠵᠤ᠂ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠳ᠋ᠦᠩᠨᠡᠯᠲᠡ ᠶᠢᠨ ᠲᠥᠪ ᠭᠤᠤᠯᠴᠢ ᠴᠢᠨᠠᠷ ᠪᠠ ᠤᠨᠤᠪᠴᠢᠲᠤ ᠴᠢᠨᠠᠷ ᠢ ᠨᠥᠯᠥᠭᠡᠯᠡᠬᠦ ᠪᠤᠯᠤᠯᠴᠠᠭ᠎ᠠ ᠲᠠᠢ ᠪᠠᠶᠢᠪᠠᠯ ᠵᠠᠶᠢᠯᠠᠭᠤᠯᠬᠤ ᠬᠡᠷᠡᠭᠲᠡᠢ᠃      ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠠᠵᠢᠯᠲᠠᠳ ᠤᠨ ᠵᠠᠶᠢᠯᠠᠭᠤᠯᠬᠤ ᠶᠢ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠠᠴᠠ ᠲᠤᠭᠲᠠᠭᠠᠨ᠎ᠠ᠃ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠵᠠᠶᠢᠯᠠᠭᠤᠯᠬᠤ ᠶᠢ ᠲᠤᠰ ᠱᠠᠲᠤᠨ ᠤ ᠥᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠭᠲᠠᠭᠠᠨ᠎ᠠ᠃         ᠭᠤᠷᠪᠠᠳᠤᠭᠠᠷ ᠪᠥᠯᠥᠭ  ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠳᠡᠰ ᠳᠠᠷᠠᠭᠠᠯᠠᠯ ᠪᠠ ᠠᠷᠭ᠎ᠠ       ᠠᠷᠪᠠᠳᠤᠭᠠᠷ ᠵᠥᠢᠯ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠳᠤ᠂ ᠨᠠᠶᠢᠳᠠᠭᠰᠠᠨ ᠲᠠᠯ᠎ᠡ ᠨᠢ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠯᠤᠭ᠎ᠠ ᠪᠢᠴᠢᠭ ᠢᠶᠠᠷ ᠭᠡᠷ᠎ᠡ ᠲᠤᠭᠲᠠᠬᠤ ᠬᠡᠷᠡᠭᠲᠡᠢ᠃ ᠭᠡᠷ᠎ᠡ ᠶᠢᠨ ᠠᠭᠤᠯᠭ᠎ᠠ ᠳᠤ ᠶᠡᠷᠥ ᠳᠡᠭᠡᠨ ᠲᠤᠤᠷᠠᠬᠢ ᠮᠡᠳᠥ ᠠᠭᠤᠯᠭ᠎ᠠ ᠶᠢ ᠪᠠᠭᠲᠠᠭᠠᠨ᠎ᠠ᠄       ︵ᠨᠢᠭᠡ︶ ᠬᠤᠶᠠᠷ ᠲᠠᠯ᠎ᠠ ᠶᠢᠨ ᠲᠤᠬᠠᠶᠢᠲᠠᠢ ᠬᠥᠮᠥᠨ ᠤ ᠨᠡᠷᠡᠶᠢᠳᠥᠯ ᠪᠤᠶᠤ ᠤᠪᠤᠭ ᠨᠡᠷ᠎ᠡ᠂ ᠤᠷᠤᠨ ᠰᠠᠭᠤᠴᠠ ᠶᠢᠨ ᠬᠠᠶ᠋ᠢᠭ︔       ︵ᠬᠤᠶᠠᠷ︶ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠬᠠᠷᠠᠯᠲᠠᠲᠤ ᠠᠭᠤᠯᠭ᠎ᠠ ᠶᠢᠨ ᠨᠡᠷᠡᠶᠢᠳᠥᠯ᠂ ᠬᠡᠪ ᠪᠠᠷᠢᠮᠵᠢᠶ᠎ᠡ᠂ ᠲᠤᠭ᠎ᠠ ᠬᠡᠮᠵᠢᠶ᠎ᠡ ᠵᠡᠷᠭᠡ︔       ︵ᠭᠤᠷᠪᠠ︶ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠬᠠᠷᠠᠯᠲᠠ ᠪᠠ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠰᠠᠭᠤᠷᠢ ᠪᠠᠷᠢᠮᠵᠢᠶ᠎ᠠ ᠪᠤᠯᠬᠤ ᠡᠳᠥᠷ ᠬᠤᠭᠤᠴᠠᠭ᠎ᠠ︔       ︵ᠳᠥᠷᠪᠡ︶ ᠬᠤᠶᠠᠷ ᠲᠠᠯ᠎ᠠ ᠶᠢᠨ ᠲᠤᠬᠠᠶᠢᠲᠠᠢ ᠬᠥᠮᠥᠨ ᠤ ᠪᠤᠯᠵᠤᠭᠰᠠᠨ ᠪᠤᠰᠤᠳ ᠵᠥᠢᠯ᠃      ᠠᠷᠪᠠᠨ ᠨᠢᠭᠡᠳᠥᠭᠡᠷ ᠵᠥᠢᠯ  ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠨᠢ ᠨᠠᠶᠢᠳᠠᠯᠭ᠎ᠠ ᠬᠥᠯᠢᠶᠡᠭᠰᠡᠨ ᠤ ᠳᠠᠷᠠᠭ᠎ᠠ᠂ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠬᠢᠷᠢ ᠭᠡᠮ ᠲᠠᠢ ᠬᠥᠮᠥᠨ ᠢ ᠬᠤᠶᠠᠷ ᠠᠴᠠ ᠳᠡᠭᠡᠭᠰᠢ ᠶᠢ ᠵᠢᠭᠠᠨ ᠲᠤᠭᠲᠠᠭᠠᠵᠤ ᠥᠨ᠎ᠡ ᠬᠠᠩᠰᠢ ᠶᠢ ᠰᠢᠯᠭᠠᠨ ᠭᠡᠷᠡᠴᠢᠯᠡᠭᠦᠯᠬᠦ ᠬᠡᠷᠡᠭᠲᠡᠢ᠃ ᠤᠨᠴᠠᠭᠠᠢ ᠡᠳ᠋ ᠬᠥᠷᠥᠩᠭᠡ ᠪᠤᠳᠠᠰ ᠪᠠ ᠥᠢᠯᠡᠴᠢᠯᠡᠭᠡᠨ ᠤ ᠲᠥᠷᠥᠯ ᠵᠥᠢᠯ ᠳᠤ ᠥᠨ᠎ᠡ ᠬᠠᠩᠰᠢ ᠶᠢ ᠲᠤᠰᠬᠠᠶᠢᠯᠠᠨ ᠰᠢᠯᠭᠠᠨ ᠭᠡᠷᠡᠴᠢᠯᠡᠬᠦ ᠴᠢᠬᠤᠯᠠᠲᠠᠢ ᠪᠤᠯ ᠬᠤᠯᠪᠤᠭᠳᠠᠯ ᠪᠥᠬᠦᠢ ᠨᠢᠭᠡᠴᠡ ᠪᠡ ᠬᠤᠯᠪᠤᠭᠳᠠᠯ ᠪᠥᠬᠦᠢ ᠲᠤᠰᠬᠠᠢ ᠠᠵᠢᠯᠲᠠᠨ ᠢ ᠤᠷᠢᠨ ᠵᠠᠯᠠᠵᠤ ᠲᠤᠰᠬᠠᠢ ᠰᠢᠯᠭᠠᠨ ᠪᠠᠶᠢᠴᠠᠭᠠᠯᠲᠠ ᠬᠢᠯᠬᠡᠭᠦ ᠪᠤᠶᠤ ᠦᠨ᠎ᠠ ᠬᠠᠩᠰᠢ ᠶᠢ ᠰᠢᠯᠭᠠᠨ ᠭᠡᠷᠡᠴᠢᠯᠡᠬᠦ ᠳᠤ ᠤᠷᠤᠯᠴᠠᠭᠤᠯᠬᠤ ᠬᠡᠷᠡᠭᠲᠡᠢ᠃       ᠠᠷᠪᠠᠨ ᠬᠤᠶᠠᠳᠤᠭᠠᠷ ᠵᠥᠢᠯ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠨᠢ ᠳᠤᠤᠷᠠᠬᠢ ᠮᠡᠲᠥ ᠠᠷᠭ᠎ᠠ ᠪᠠᠷ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠬᠡᠷᠡᠭᠲᠡᠢ᠃       ︵ᠨᠢᠭᠡ︶ ᠤᠯᠤᠰ ᠠᠴᠠ ᠲᠤᠭᠲᠠᠭᠠᠭᠰᠠᠨ ᠥᠨ᠎ᠡ ᠳᠤ ᠬᠠᠷᠢᠶᠠᠯᠠᠭᠳᠠᠬᠤ ᠪᠤᠯ᠂ ᠤᠯᠤᠰ ᠤᠨ ᠲᠤᠭᠲᠠᠭᠠᠭᠰᠠᠨ ᠥᠨ᠎ᠡ ᠪᠠᠷ ᠲᠤᠭᠠᠴᠠᠨ ᠪᠤᠳᠤᠨ᠎ᠠ︔       ︵ᠬᠤᠶᠠᠷ︶ ᠤᠯᠤᠰ ᠠᠴᠠ ᠵᠢᠭᠠᠨ ᠵᠢᠯᠤᠭᠤᠳᠤᠭᠰᠠᠨ ᠥᠨ᠎ᠡ ᠳᠤ ᠬᠠᠷᠢᠶᠠᠯᠠᠭᠳᠠᠬᠤ ᠪᠤᠯ᠂ ᠲᠤᠭᠲᠠᠭᠠᠭᠰᠠᠨ ᠪᠡᠷᠢᠮᠵᠢᠶ᠎ᠠ ᠶᠢᠨ ᠥᠨ᠎ᠡ ᠪᠠᠷ ᠰᠠᠭᠤᠷᠢ ᠪᠤᠯᠭᠠᠨ᠂ ᠲᠤᠭᠲᠠᠭᠠᠭᠰᠠᠨ ᠬᠡᠪᠴᠢᠶ᠎ᠡ ᠶᠤᠰᠤᠭᠠᠷ ᠲᠤᠭᠠᠴᠠᠨ ᠪᠤᠳᠤᠨ᠎ᠠ︔       ︵ᠭᠤᠷᠪᠠ︶ ᠵᠠᠬ᠎ᠠ ᠳᠡᠯᠭᠡᠭᠦᠷ ᠢᠶᠠᠷ ᠲᠤᠬᠢᠷᠠᠭᠤᠯᠤᠭᠰᠠᠨ ᠥᠨ᠎ᠡ ᠳᠤ ᠬᠠᠷᠢᠶᠠᠯᠠᠭᠳᠠᠬᠤ ᠪᠤᠯ᠂ ᠵᠠᠬ᠎ᠠ ᠳᠡᠯᠭᠡᠭᠦᠷ ᠤᠨ ᠳᠤᠮᠳᠠᠴᠢ ᠥᠨ᠎ᠡ ᠶᠢᠨ ᠶᠤᠰᠤᠭᠠᠷ ᠲᠤᠭᠠᠴᠠᠨ ᠪᠤᠳᠤᠨ᠎ᠠ︔       ︵ᠳᠥᠷᠪᠡ︶ ᠳᠠᠭᠤᠰᠬᠠᠭᠠᠳᠤᠢ ᠬᠠᠭᠠᠰ ᠡᠳ᠋ᠰᠢᠭᠦᠯᠥᠭᠰᠡᠨ ᠪᠥᠲᠥᠭᠡᠭᠳᠡᠭᠦᠨ ᠪᠤᠯ᠂ ᠲᠠᠭᠤᠰᠬᠠᠭᠰᠠᠨ ᠬᠡᠮᠵᠢᠶ᠎ᠡ ᠪᠡ ᠥᠪᠡᠷ ᠤᠨ ᠥᠷᠳᠡᠭ ᠶᠤᠰᠤᠭᠠᠷ ᠲᠤᠭᠠᠴᠠᠨ ᠪᠤᠳᠤᠨ᠎ᠠ︔       ︵ᠲᠠᠪᠤ︶ ᠨᠢᠭᠡᠨᠲᠠ ᠬᠡᠷᠡᠭᠯᠡᠭᠰᠡᠨ ᠪᠤᠳᠠᠰ ᠪᠤᠯ᠂ ᠲᠡᠳᠡᠭᠡᠷ ᠤᠨ ᠶᠡᠷᠥᠩᠬᠡᠶᠢᠯᠡᠨ ᠰᠢᠨᠡᠳᠭᠡᠭᠰᠡᠨ ᠨᠤᠷᠮ᠎ᠠ᠂ ᠬᠠᠷᠠᠬᠠᠨ ᠥᠯᠡᠳᠡᠭᠳᠡᠵᠤ ᠪᠠᠶᠢᠭ᠎ᠠ ᠥᠨ᠎ᠡ ᠥᠷᠳᠡᠭ ᠪᠤᠶᠤ ᠥᠯᠡᠳᠡᠭᠳᠡᠯ ᠥᠨ᠎ᠡ ᠥᠷᠳᠡᠭ ᠤᠨ ᠶᠤᠰᠤᠭᠠᠷ ᠨᠤᠭᠤᠯᠤᠨ ᠪᠤᠳᠤᠨ᠎ᠠ︔       ︵ᠵᠢᠷᠭᠤᠭ᠎ᠠ︶ ᠳᠡᠨᠵᠢᠯᠡᠵᠤ ᠪᠠᠷᠢᠴᠠᠭᠠᠯᠠᠭᠰᠠᠨ ᠪᠤᠳᠠᠰ᠂ ᠬᠤᠪᠢᠷᠠᠭᠤᠯᠤᠨ ᠬᠤᠳᠠᠯᠳᠤᠭᠰᠠᠨ ᠪᠤᠶᠤ ᠥᠨ᠎ᠡ ᠬᠠᠶᠠᠯᠴᠠᠨ ᠬᠤᠳᠠᠯᠳᠤᠭᠰᠠᠨ ᠪᠤᠳᠠᠰ᠂ ᠡᠵᠡᠨ ᠥᠭᠡᠢ ᠪᠤᠳᠠᠰ ᠪᠤᠯ ᠵᠠᠬ᠎ᠠ ᠳᠡᠯᠭᠡᠭᠦᠷ ᠤᠨ ᠪᠠᠶᠢᠳᠠᠯ ᠲᠠᠢ ᠤᠶᠠᠯᠳᠤᠭᠤᠯᠤᠨ᠂ ᠵᠤᠬᠢᠰᠲᠠᠢ ᠬᠠᠷᠢᠴᠠᠯ ᠶᠤᠰᠤᠭᠠᠷ ᠨᠤᠭᠤᠯᠤᠨ ᠪᠤᠳᠤᠨ᠎ᠠ︔       ︵ᠳᠤᠯᠤᠭ᠎ᠠ︶ ᠭᠡᠨᠡᠳᠡᠯ ᠳᠤ ᠡᠪᠳᠡᠭᠳᠡᠭᠰᠡᠨ ᠪᠤᠳᠠᠰ ᠪᠤᠯ᠂ ᠡᠪᠳᠡᠭᠳᠡᠭᠰᠡᠨ ᠬᠡᠮᠵᠢᠶ᠎ᠡ ᠪᠠ ᠵᠠᠰᠠᠭᠰᠠᠨ ᠵᠠᠷᠤᠳᠠᠯ ᠶᠤᠰᠤᠭᠠᠷ ᠲᠤᠭᠠᠴᠠᠨ ᠪᠤᠳᠤᠨ᠎ᠠ︔       ︵ᠨᠠᠢᠮᠠ︶ ᠥᠢᠯᠡᠴᠢᠯᠡᠭᠡᠨ ᠤ ᠲᠥᠷᠥᠯ ᠵᠥᠢᠯ ᠪᠤᠯ᠂ ᠲᠤᠬᠠᠢ ᠶᠢᠨ ᠭᠠᠵᠠᠷ ᠤᠨ ᠵᠠᠬ᠎ᠠ ᠳᠡᠯᠭᠡᠭᠦᠷ ᠤᠨ ᠲᠡᠭᠰᠢᠳᠬᠡᠭᠰᠡᠨ ᠥᠢᠯᠡᠴᠢᠯᠡᠭᠡᠨ ᠤ ᠥᠨ᠎ᠡ ᠪᠠᠷ ᠲᠤᠭᠠᠴᠠᠨ ᠪᠤᠳᠤᠨ᠎ᠠ︔       ᠠᠷᠪᠠᠨ ᠭᠤᠷᠪᠠᠳᠤᠭᠠᠷ ᠵᠥᠢᠯ  ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠨᠢ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠶᠢ ᠪᠡᠶᠡᠯᠡᠭᠦᠯᠥᠭᠰᠡᠨ ᠤ ᠳᠠᠷᠠᠭ᠎ᠠ᠂ ᠨᠠᠶᠢᠳᠠᠭᠰᠠᠨ ᠲᠠᠯ᠎ᠠ ᠳᠤ ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠳ᠋ᠦᠩᠨᠡᠯᠲᠡ ᠶᠢ ᠪᠢᠴᠢᠵᠤ ᠥᠭᠬᠦ ᠬᠡᠷᠡᠭᠲᠡᠢ᠃ ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠳ᠋ᠦᠩᠨᠡᠯᠲᠡ ᠳᠤ ᠲᠤᠤᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠢ᠄       ︵ᠨᠢᠭᠡ︶ ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠪᠠᠶᠢᠭᠤᠯᠤᠮᠵᠢ ᠶᠢᠨ ᠨᠡᠷᠡᠶᠢᠳᠥᠯ᠂ ᠨᠠᠶᠢᠳᠠᠭᠰᠠᠨ ᠲᠠᠯ᠎ᠠ ᠶᠢᠨ ᠨᠡᠷᠡᠶᠢᠳᠥᠯ ᠪᠤᠶᠤ ᠤᠪᠤᠭ ᠨᠡᠷ᠎ᠡ︔       ︵ᠬᠤᠶᠠᠷ︶ ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠬᠡᠪᠴᠢᠶ᠎ᠡ ᠪᠠ ᠠᠭᠤᠯᠭ᠎ᠠ︔       ︵ᠭᠤᠷᠪᠠ︶ ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠪᠤᠳᠠᠰ ᠤᠨ ᠤᠳᠤᠬᠢ ᠪᠠᠶᠢᠳᠠᠯ ᠪᠠ ᠠᠬᠤᠢ ᠲᠠᠯᠠᠪᠤᠷ ᠲᠠᠬᠢ ᠪᠤᠳᠠᠳᠤ ᠪᠤᠳᠠᠰ ᠢ ᠬᠡᠮᠵᠢᠨ ᠰᠢᠯᠭᠠᠭᠰᠠᠨ ᠲᠤᠳᠤᠷᠬᠠᠶᠢᠯᠠᠯᠲᠠ︔       ︵ᠳᠥᠷᠪᠡ︶ ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠥᠨᠳᠥᠰᠥᠯᠡᠯ︔       ︵ᠲᠠᠪᠤ︶ ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠲᠠᠰ ᠳᠠᠷᠠᠭᠠᠯᠠᠯ᠂ ᠠᠷᠭ᠎ᠠ ᠪᠠ ᠳ᠋ᠦᠩᠨᠡᠯᠲᠡ︔       ︵ᠵᠢᠷᠭᠤᠭ᠎ᠠ︶ ᠲᠤᠳᠤᠷᠬᠠᠶᠢᠯᠠᠬᠤ ᠴᠢᠬᠤᠯᠠ ᠲᠠᠢ ᠪᠤᠰᠤᠳ ᠠᠰᠠᠭᠤᠳᠠᠯ︔       ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠳ᠋ᠦᠩᠨᠡᠯᠲᠡ ᠳᠤ ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠠᠵᠢᠯᠲᠠᠨ ᠪᠠ ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠭᠠᠷ ᠤᠨ ᠥᠰᠥᠭ ᠵᠢᠷᠤᠵᠤ ᠲᠠᠮᠠᠭ᠎ᠠ ᠲᠠᠷᠤᠬᠤ ᠶᠢᠨ ᠬᠠᠮᠲᠤ᠂ ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠪᠠᠶᠢᠭᠤᠯᠤᠮᠵᠢ ᠶᠢᠨ ᠲᠠᠮᠠᠭ᠎ᠠ ᠶᠢ ᠨᠡᠮᠡᠨ ᠳᠠᠷᠤᠨ᠎ᠠ᠃       ᠠᠷᠪᠠᠨ ᠳᠥᠷᠪᠡᠳᠥᠭᠡᠷ ᠵᠥᠢᠯ  ᠨᠠᠶᠢᠳᠠᠭᠰᠠᠨ ᠲᠠᠯ᠎ᠠ ᠠᠴᠠ ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠳ᠋ᠦᠩᠨᠡᠯᠲᠡ ᠳᠤ ᠤᠨᠳᠤᠤ ᠰᠠᠨᠠᠯ ᠲᠠᠢ ᠪᠤᠯ᠂ ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠳ᠋ᠦᠩᠨᠡᠯᠲᠡ ᠶᠢ ᠤᠯᠤᠭᠰᠠᠨ ᠤ ᠳᠠᠷᠠᠭ᠎ᠠ 15 ᠡᠳᠥᠷ ᠤᠨ ᠳᠤᠲᠤᠷ᠎ᠠ᠂ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠶᠢ ᠬᠠᠷᠢᠭᠤᠴᠠᠭᠰᠠᠨ ᠤᠤᠯ ᠤᠨ ᠪᠠᠶᠢᠭᠤᠯᠤᠮᠵᠢ ᠳᠤ ᠨᠥᠬᠦᠪᠥᠷᠢᠯᠡᠨ ᠰᠢᠯᠭᠠᠨ ᠬᠡᠷᠡᠴᠢᠯᠡᠭᠦᠯᠬᠦ ᠪᠤᠶᠤ ᠳᠠᠬᠢᠨ ᠰᠢᠯᠭᠠᠨ ᠭᠡᠷᠡᠴᠢᠯᠡᠭᠦᠯᠬᠦ ᠶᠢ ᠳᠤᠷᠠᠳᠤᠨ᠂ ᠪᠠᠰᠠ ᠳᠡᠭᠡᠳᠥ ᠨᠢᠭᠡ ᠱᠠᠲᠤᠨ ᠤ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠳᠤ ᠳᠠᠬᠢᠨ ᠬᠠᠷᠭᠤᠭᠤᠯᠵᠤ ᠲᠠᠰᠤᠯᠤᠨ ᠲᠤᠭᠲᠠᠭᠠᠯᠭᠠᠬᠤ ᠪᠠᠷ ᠰᠢᠭᠤᠳ ᠭᠤᠶᠤᠴᠢᠯᠠᠵᠤ ᠪᠤᠯᠤᠨ᠎ᠠ᠃       ᠠᠷᠪᠠᠨ ᠲᠠᠪᠤᠳᠤᠭᠠᠷ ᠵᠥᠢᠯ  ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠳ᠋ᠦᠩᠨᠡᠯᠲᠡ ᠪᠤᠯ ᠨᠠᠶᠢᠳᠠᠭᠰᠠᠨ ᠲᠠᠯ᠎ᠠ ᠠᠴᠠ ᠬᠠᠮᠢᠶ᠎ᠠ ᠪᠥᠬᠦᠢ ᠠᠵᠢᠯᠯᠠᠭ᠎ᠠ ᠶᠢ ᠡᠷᠬᠢᠯᠡᠬᠦ ᠥᠨ᠎ᠡ ᠬᠠᠩᠰᠢ ᠶᠢᠨ ᠭᠡᠷᠡᠴᠢ ᠮᠥᠨ᠃       ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠳ᠋ᠦᠩᠨᠡᠯᠲᠡ ᠨᠢ ᠬᠠᠤᠯᠢ ᠴᠠᠭᠠᠵᠠ ᠶᠢᠨ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ ᠬᠥᠨᠳᠡᠯᠡᠨ ᠠᠴᠠ ᠲᠠᠰᠤᠯᠬᠤ ᠪᠠᠶᠢᠭᠤᠯᠭ᠎ᠠ ᠪᠠᠷ ᠨᠤᠲᠠᠯᠠᠨ ᠵᠥᠪᠰᠢᠶᠡᠷᠡᠭᠦᠯᠥᠭᠰᠡᠨ ᠤ ᠳᠠᠷᠠᠭ᠎ᠠ᠂ ᠥᠨ᠎ᠡ ᠬᠠᠩᠰᠢ ᠶᠢ ᠮᠠᠭᠠᠳᠯᠠᠨ ᠲᠤᠭᠲᠠᠭᠠᠬᠤ ᠶᠢᠨ ᠥᠨᠳᠥᠰᠥᠯᠡᠯ ᠪᠤᠯᠭᠠᠨ᠎ᠠ᠃         ᠳᠥᠷᠪᠡᠳᠥᠭᠡᠷ ᠪᠥᠯᠥᠭ  ᠬᠠᠤᠯᠢ ᠶᠢᠨ ᠬᠠᠷᠢᠭᠤᠴᠠᠯᠭ᠎ᠠ       ᠠᠷᠪᠠᠨ ᠵᠢᠷᠭᠤᠳᠤᠭᠠᠷ ᠵᠥᠢᠯ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠠᠵᠢᠯᠲᠠᠳ ᠲᠤᠰ ᠠᠷᠭ᠎ᠠ ᠶᠢᠨ ᠨᠠᠢᠮᠠᠳᠤᠭᠠᠷ ᠵᠥᠢᠯ ᠤᠨ ᠲᠤᠭᠲᠠᠭᠠᠯ ᠠᠴᠠ ᠵᠥᠷᠢᠴᠡᠭᠰᠡᠨ ᠪᠤᠯ᠂ ᠬᠤᠰᠢᠭᠤ ᠰᠢᠶᠠᠨ ᠠᠴᠠ ᠳᠡᠭᠡᠭᠰᠢᠬᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠡᠷᠡᠮᠵᠢᠯᠡᠭᠦᠯᠵᠤ᠂ 500 ᠲᠥᠭᠦᠷᠢᠭ ᠠᠴᠠ 5000 ᠲᠥᠭᠦᠷᠢᠭ ᠢᠶᠠᠷ ᠲᠤᠷᠭᠠᠵᠤ ᠪᠤᠯᠤᠨ᠎ᠠ᠃       ᠠᠷᠪᠠᠨ ᠳᠤᠯᠤᠳᠤᠭᠠᠷ ᠵᠥᠢᠯ  ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠪᠠᠶᠢᠭᠤᠯᠤᠮᠵᠢ ᠨᠢ ᠲᠤᠭᠲᠠᠭᠠᠭᠰᠠᠨ ᠥᠨ᠎ᠡ ᠬᠠᠩᠰᠢ ᠶᠢ ᠰᠢᠯᠭᠠᠨ ᠭᠡᠷᠡᠴᠢᠯᠡᠬᠦ ᠳᠠᠰ ᠳᠠᠷᠠᠭᠠᠯᠠᠯ ᠵᠢᠴᠢ ᠠᠷᠭ᠎ᠠ ᠶᠤᠰᠤᠭᠠᠷ ᠥᠨ᠎ᠡ ᠬᠠᠩᠰᠢ ᠶᠢ ᠰᠢᠯᠭᠠᠨ ᠭᠡᠷᠡᠴᠢᠯᠡᠭᠰᠡᠨ ᠥᠭᠡᠢ ᠪᠤᠶᠤ ᠬᠤᠳᠠᠯ ᠬᠠᠭᠤᠷᠮᠠᠭ ᠰᠢᠯᠭᠠᠨ ᠭᠡᠷᠡᠴᠢᠯᠡᠭᠰᠡᠨ ᠳ᠋ᠦᠩᠨᠡᠯᠲᠡ ᠭᠠᠷᠭᠠᠭᠰᠠᠨ ᠪᠠᠶᠢᠪᠠᠯ᠂ ᠬᠤᠰᠢᠭᠤ ᠰᠢᠶᠠᠨ ᠠᠴᠠ ᠳᠡᠭᠡᠭᠰᠢᠬᠢ ᠥᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠥᠨ᠎ᠡ ᠬᠠᠩᠰᠢ ᠶᠢᠨ ᠰᠢᠯᠭᠠᠨ ᠬᠡᠷᠡᠴᠢᠯᠡᠭᠰᠡᠨ ᠳ᠋ᠦᠩᠨᠡᠯᠲᠡ ᠶᠢᠨ ᠬᠥᠴᠥᠨ ᠥᠭᠡᠢ ᠪᠠᠶᠢᠬᠤ ᠶᠢ ᠨᠡᠶᠢᠲᠡᠯᠡᠨ᠂ ᠵᠠᠷᠯᠢᠭᠳᠠᠵᠤ ᠪᠠᠶᠢᠭᠠᠳ ᠥᠨ᠎ᠡ ᠬᠠᠩᠰᠢ ᠶᠢ ᠲᠠᠬᠢᠨ ᠭᠡᠷᠡᠴᠢᠯᠡᠭᠦᠯᠵᠤ᠂ 5000 ᠲᠥᠭᠦᠷᠢᠭ ᠠᠴᠠ 15000 ᠲᠥᠭᠦᠷᠢᠭ ᠢᠶᠠᠷ ᠲᠤᠷᠭᠠᠵᠤ ᠪᠤᠯᠤᠨ᠎ᠠ︔ ᠨᠠᠶᠢᠳᠠᠭᠰᠠᠨ ᠲᠠᠯ᠎ᠠ ᠳᠤ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠤᠯ ᠲᠥᠯᠥᠬᠦ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠨ᠎ᠡ᠃       ᠠᠷᠪᠠᠨ ᠨᠠᠢᠮᠠᠳᠤᠭᠠᠷ ᠵᠥᠢᠯ  ᠲᠤᠬᠠᠶᠢᠲᠠᠢ ᠬᠥᠮᠥᠨ ᠨᠢ ᠵᠠᠰᠠᠭ ᠵᠠᠬᠢᠷᠭᠠᠨ ᠤ ᠰᠢᠳᠬᠡᠯ ᠲᠤᠷᠭᠠᠭᠤᠯᠢ ᠶᠢ ᠵᠥᠪᠰᠢᠶᠡᠷᠡᠬᠦ ᠥᠭᠡᠢ ᠪᠤᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠤᠶᠤ ᠵᠠᠰᠠᠭ ᠵᠠᠬᠢᠷᠭᠠᠨ ᠤ ᠵᠠᠭᠠᠯᠳᠤᠯᠭ᠎ᠠ ᠬᠢᠬᠦ ᠶᠢ ᠬᠠᠤᠯᠢ ᠶᠤᠰᠤᠭᠠᠷ ᠭᠤᠶᠤᠴᠢᠯᠠᠵᠤ ᠪᠤᠯᠤᠨ᠎ᠠ᠃ ᠬᠤᠭᠤᠴᠠᠭ᠎ᠠ ᠨᠢ ᠬᠡᠳᠥᠷᠡᠵᠤ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠭᠤᠶᠤᠴᠢᠯᠠᠭᠰᠠᠨ ᠥᠭᠡᠢ᠂ ᠵᠠᠰᠠᠭ ᠵᠠᠬᠢᠷᠭᠠᠨ ᠤ ᠵᠠᠭᠠᠯᠳᠤᠯᠭ᠎ᠠ ᠬᠢᠬᠦ ᠪᠠᠷ ᠳᠤᠷᠠᠳᠤᠭᠰᠠᠨ ᠥᠬᠡᠢ ᠮᠥᠷᠲᠡᠭᠡᠨ ᠰᠢᠳᠬᠡᠵᠤ ᠲᠤᠷᠭᠠᠬᠤ ᠲᠤᠭᠲᠠᠭᠠᠯ ᠢ ᠭᠥᠢᠴᠡᠳᠬᠡᠬᠦ ᠥᠭᠡᠢ ᠪᠤᠯ᠂ ᠲᠤᠭᠲᠠᠭᠠᠯ ᠭᠠᠷᠭᠠᠭᠰᠠᠨ ᠪᠠᠶᠢᠭᠤᠯᠭ᠎ᠠ ᠠᠴᠠ ᠠᠷᠠᠳ ᠤᠨ ᠰᠢᠬᠦᠭᠦ ᠬᠤᠷᠢᠶ᠎ᠠ ᠳᠤ ᠠᠯᠪᠠᠲᠠᠨ ᠭᠥᠢᠴᠡᠳᠬᠡᠯᠬᠡᠭᠦ ᠪᠠᠷ ᠭᠤᠶᠤᠴᠢᠯᠠᠬᠤ ᠬᠡᠷᠡᠭᠲᠡᠢ᠃          ᠲᠠᠪᠤᠳᠤᠭᠠᠷ ᠪᠥᠯᠥᠭ  ᠳᠠᠭᠠᠯᠳᠤᠭᠤᠯᠤᠯ ᠳᠥᠷᠢᠮ        ᠠᠷᠪᠠ ᠶᠢᠰᠥᠳᠥᠭᠡᠷ ᠵᠥᠢᠯ  ᠤᠯᠤᠰ ᠤᠨ ᠥᠮᠴᠢᠯᠡᠯᠲᠥ ᠡᠳ᠋ ᠬᠥᠷᠥᠩᠬᠡ ᠶᠢ ᠥᠨᠡᠯᠡᠨ ᠵᠢᠱᠢᠬᠦ ᠳᠤ᠂ ᠤᠯᠤᠰ ᠤᠨ ᠬᠤᠯᠪᠤᠭᠳᠠᠯ ᠪᠥᠬᠦᠢ ᠲᠤᠭᠲᠠᠭᠠᠯ ᠢᠶᠠᠷ ᠭᠥᠢᠴᠡᠳᠬᠡᠬᠦ ᠬᠡᠷᠡᠭᠲᠡᠢ᠃        ᠬᠤᠷᠢᠳᠤᠭᠠᠷ ᠵᠥᠢᠯ  ᠲᠤᠰ ᠠᠷᠭ᠎ᠠ ᠶᠢ ᠨᠡᠶᠢᠲᠡᠯᠡᠭᠰᠡᠨ ᠡᠳᠥᠷ ᠠᠴᠠ ᠡᠬᠢᠯᠡᠨ ᠬᠡᠷᠡᠭᠵᠢᠭᠦᠯᠥᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号