ᠥᠪᠥᠷ ᠮᠣᠩᠭᠤᠯ ᠤᠨ ᠣᠯᠠᠨ ᠤᠯᠤᠰ ᠤᠨ ᠮᠣᠷᠢᠨ ᠮᠡᠷᠭᠡᠵᠢᠯ ᠤᠨ ᠨᠠᠶᠢᠷ ᠨᠢ 9 ᠳ᠋ᠦ᠋ᠭᠡᠷ ᠰᠠᠷ᠎ᠠ ᠳᠤ ᠡᠬᠢᠯᠡᠵᠦ 5000 ᠮᠣᠷᠢ ᠤᠷᠤᠯᠴᠠᠬᠤ ᠪᠤᠯᠤᠨ᠎ᠠ
ᠨᠡᠶᠢᠲᠡᠯᠡᠭᠰᠡᠨ ᠴᠠᠭ᠄
2018/8/2
     7 ᠳ᠋ᠤᠭᠠᠷ ᠰᠠᠷ᠎ᠠ ᠶᠢᠨ 31᠎ ᠤ ᠡᠳᠦᠷ ᠬᠤᠷᠠᠯᠳᠤᠭᠰᠠᠨ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠮᠣᠷᠢᠨ ᠮᠡᠷᠭᠡᠵᠢᠯ ᠤᠨ ᠨᠠᠶᠢᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠮᠣᠷᠢᠨ ᠮᠡᠷᠭᠡᠵᠢᠯ ᠤᠨ ᠨᠠᠶᠢᠷ ᠨᠢ ︽ᠤᠯᠤᠰ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠰᠣᠳᠣᠨ ᠪᠦᠲᠦᠭᠡᠯ ᠤᠨ ᠤᠷᠤᠯᠳᠤᠭᠠᠨ︾᠎ ᠤ ᠠᠩᠬᠠᠳᠤᠭᠠᠷ ᠪᠦᠯᠦᠭ ᠲᠤ ᠰᠣᠩᠭᠤᠭᠳᠠᠭᠰᠠᠨ ᠴᠤᠷ ᠤᠨ ᠭᠠᠭᠴᠠ ᠮᠤᠷᠢᠨ ᠮᠡᠷᠭᠡᠵᠢᠯ ᠤᠨ ᠪᠡᠶ᠎ᠡ ᠶᠢᠨ ᠲᠠᠮᠢᠷ ᠤᠨ ᠳᠦᠷᠦᠯ ᠵᠦᠢᠯ ᠪᠤᠯᠤᠨ᠎ᠠ᠂ ᠡᠬᠢᠯᠡᠬᠦ ᠶᠣᠰᠣᠯᠠᠯ ᠨᠢ 9 ᠳ᠋ᠦ᠋ᠭᠡᠷ ᠰᠠᠷ᠎ᠠ ᠶᠢᠨ 21᠎ ᠤ ᠡᠳᠦᠷ ᠶᠠᠪᠤᠭᠳᠠᠨ᠎ᠠ᠃ ᠡᠨᠡ ᠵᠢᠯ ᠤᠨ ᠮᠣᠷᠢᠨ ᠮᠡᠷᠭᠡᠵᠢᠯ ᠤᠨ ᠨᠠᠶᠢᠷ ᠨᠢ ᠥᠩᠭᠡᠷᠡᠭᠰᠡᠨ ᠤ  ᠰᠠᠭᠤᠷᠢᠨ ᠳᠡᠭᠡᠷ᠎ᠡ ᠪᠠᠨ ᠦᠷᠭᠦᠯᠵᠢᠯᠡᠨ ᠳᠡᠰ ᠳᠡᠪᠰᠢᠭᠦᠯᠵᠦ᠂ ᠤᠷᠤᠯᠳᠤᠭᠠᠨ ᠤ ᠬᠡᠪᠴᠢᠶᠡᠨ ᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ 9 ᠬᠤᠲᠠ 3 ᠠᠶᠢᠮᠠᠭ ᠢ ᠲᠠᠲᠠᠨ ᠪᠦᠬᠦ ᠲᠠᠯ᠎ᠠ ᠪᠠᠷ ᠤᠷᠤᠯᠴᠠᠭᠤᠯᠵᠤ᠂ ᠨᠡᠶᠢᠲᠡ 300 ᠭᠠᠷᠤᠢ ᠲᠠᠯᠠᠪᠤᠷ ᠡᠷᠬᠢᠯᠡᠵᠦ᠂ 1000 ᠭᠠᠷᠤᠢ ᠲᠠᠮᠢᠷᠴᠢᠨ ᠤᠷᠤᠯᠴᠠᠵᠤ᠂ 5000 ᠢᠯᠡᠭᠦᠦ ᠮᠣᠷᠢ ᠤᠷᠤᠯᠳᠤᠭᠠᠨ ᠳᠤ ᠤᠷᠤᠯᠴᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠲᠤᠭ᠎ᠠ 10000 ᠲᠦᠮᠡᠨ ᠬᠦᠮᠦᠨ ᠤᠳᠠᠭ᠎ᠠ ᠶᠢ ᠳᠠᠪᠠᠭ᠋ᠤ ᠪᠥᠭᠡᠳ ᠵᠠᠭᠤᠨ ᠲᠦᠮᠡᠨ ᠮᠣᠷᠢᠨ ᠮᠡᠷᠭᠡᠵᠢᠯ ᠳᠤ ᠪᠠᠭ᠋ᠠᠲᠠᠶ ᠬᠦᠮᠦᠰ ᠤᠨ ᠠᠩᠬᠠᠷᠤᠯ ᠢ ᠲᠠᠲᠠᠬᠤ ᠪᠤᠯᠤᠨ᠎ᠠ᠃ 7 ᠳ᠋ᠤᠭᠠᠷ ᠰᠠᠷ᠎ᠠ ᠶᠢᠨ 24᠎ ᠤ ᠡᠳᠦᠷ᠂ ᠲᠤᠰ ᠤᠷᠤᠯᠳᠤᠭᠠᠨ ᠤ ᠠᠯᠪᠠᠨ ᠤᠬᠠᠭᠤᠯᠭ᠎ᠠ ᠶᠢᠨ ᠬᠠᠷᠠᠭᠠᠨ ᠳᠠᠪᠲᠠᠮᠵᠢ ᠨᠢᠭᠡᠨᠲᠡ ᠨᠢᠦ᠋ ᠶᠣᠷᠺ ᠤᠨ ᠴᠠᠭ ᠦᠶ᠎ᠡ ᠶᠢᠨ ᠥᠷᠭᠡᠨ ᠲᠠᠯᠠᠪᠠᠢ ᠶᠢᠨ ᠲᠤᠮᠤ ᠬᠦᠰᠢᠭᠡᠨ ᠳᠤ ᠪᠦᠬᠦ ᠲᠠᠯ᠎ᠠ ᠪᠠᠷ ᠭᠠᠷᠤᠭᠰᠠᠨ ᠪᠦᠭᠡᠳ ᠤᠷᠤᠯᠳᠤᠭᠠᠨ ᠳᠠᠭᠤᠰᠬᠤ ᠪᠣᠯᠲᠠᠯ᠎ᠠ ᠦᠷᠭᠦᠯᠵᠢᠯᠡᠨ᠎ᠡ᠂ ᠡᠨᠡ ᠨᠢ ᠤᠯᠤᠰ ᠤᠨ ᠳᠤᠲᠤᠭᠠᠳᠤ ᠶᠢᠨ ᠮᠣᠷᠢᠨ ᠮᠡᠷᠭᠡᠵᠢᠯ ᠤᠨ ᠬᠥᠳᠡᠯᠭᠡᠭᠡᠨ ᠠᠩᠬ᠎ᠠ ᠤᠳᠠᠭ᠎ᠠ ᠨᠢᠦ᠋ ᠶᠣᠷᠺ ᠤᠨ ᠴᠠᠭ ᠦᠶ᠎ᠡ ᠶᠢᠨ ᠥᠷᠭᠡᠨ ᠲᠠᠯᠠᠪᠠᠢ ᠶᠢᠨ ᠲᠤᠮᠤ ᠬᠦᠰᠢᠭᠡᠨ ᠳᠤ ᠭᠠᠷᠴᠤ ᠪᠠᠶᠢᠭ᠎ᠠ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号