ᠬᠥᠯᠥᠨ ᠪᠤᠶᠢᠷ ᠬᠤᠲᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠡᠳ᠋ ᠤᠨ ᠵᠠᠰᠠᠭ ᠠᠴᠠ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2018/8/2
       ᠬᠥᠯᠥᠨ ᠪᠤᠶᠢᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠬᠤᠲᠠ ᠬᠥᠳᠡᠭᠡ ᠶᠢᠨ ᠣᠷᠣᠯᠭ᠎ᠠ ᠶᠢ ᠨᠡᠮᠡᠭᠳᠡᠭᠦᠯᠬᠦ  ᠬᠡᠳᠦᠨ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾᠎ ᠤᠨ ᠵᠣᠷᠢᠭ ᠰᠠᠨᠠᠭ᠎ᠠ ᠶᠢ ᠢᠳᠡᠪᠬᠢᠲᠡᠶ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ 2018 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠪᠠᠷᠢᠮᠵᠢᠶ᠎ᠠ ᠶᠢ 128 ᠲᠥᠭᠦᠷᠢᠭ ᠥᠰᠬᠡᠵᠡᠢ᠂ ᠲᠤᠬᠠᠶᠢᠯᠠᠪᠠᠯ ᠤᠤᠯ ᠤᠨ ᠬᠥᠮᠦᠨ ᠪᠦᠷᠢ ᠰᠠᠷ᠎ᠠ ᠳᠤ 110 ᠲᠥᠭᠦᠷᠢᠭ ᠪᠠᠶᠢᠭᠰᠠᠨ ᠤ ᠰᠠᠭᠤᠷᠢᠨ ᠳᠡᠭᠡᠷ᠎ᠡ 18 ᠲᠥᠭᠦᠷᠢᠭ ᠥᠰᠬᠡᠪᠡ᠃ ᠣᠳᠣᠬᠠᠨ ᠪᠣᠯᠲᠠᠯ᠎ᠠ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ 2018 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠥᠷᠢ ᠮᠥᠩᠭᠦ ᠶᠢ 16054.26 ᠲᠦᠮᠡᠨ ᠲᠥᠭᠦᠷᠢᠭ ᠪᠠᠭᠤᠯᠭᠠᠵᠠᠢ᠂ ᠡᠭᠦᠨ ᠳᠤ᠄ ᠲᠥᠪ ᠤᠨ ᠡᠳ᠋ ᠤᠨ ᠵᠠᠰᠠᠭ ᠤᠨ ᠨᠥᠬᠦᠪᠥᠷᠢ ᠮᠥᠩᠭᠦ 10238 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠥᠷᠢ ᠮᠥᠩᠭᠦ 3687 ᠲᠦᠮᠡᠨ ᠲᠥᠭᠦᠷᠢᠭ᠂ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠮᠥᠩᠭᠦ 2163.26 ᠲᠥᠭᠦᠷᠢᠭ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号