ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2018 ᠣᠨ ᠤ 11 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/8/20
     8 ᠳ᠋ᠤᠭᠠᠷ ᠰᠠᠷ᠎ᠠ ᠶᠢᠨ 17᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠤᠷᠤᠨ ᠨᠤᠳᠤᠭ ᠤᠨ ᠪᠡᠯᠡ ᠲᠣᠬᠢᠷᠠᠭᠤᠯᠭ᠎ᠠ ᠶᠢᠨ ᠲᠠᠪᠴᠠᠩ ᠺᠤᠮᠫᠠᠨᠢ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠭᠦ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ ᠪᠤᠯᠤᠨ ᠦᠪᠡᠷᠳᠡᠭᠡᠨ ᠵᠠᠰᠠᠬᠤ ᠤᠷᠤᠨ ᠤ ᠲᠤᠰ ᠱᠠᠲᠤᠨ ᠤ ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠰᠤᠳᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠬᠦᠯᠦᠰᠦ ᠶᠢ ᠦᠷᠢᠳᠦᠭᠰᠡᠨ ᠠᠰᠠᠭᠤᠳᠠᠯ ᠢ ᠵᠠᠰᠠᠬᠰᠠᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠳ ᠲᠦᠪ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ ᠵᠠᠰᠠᠭ ᠤᠨ ᠤᠷᠳᠤᠨ ᠤ ᠪᠡᠯᠡ ᠲᠣᠬᠢᠷᠠᠭᠤᠯᠭ᠎ᠠ ᠶᠢᠨ ᠲᠠᠪᠴᠠᠩ ᠲᠠᠪᠴᠠᠩ ᠺᠤᠮᠫᠠᠨᠢ ᠶᠢᠨ ᠦᠨᠳᠦᠰᠦᠨ ᠪᠠᠶᠢᠳᠠᠯ ᠢ ᠲᠦᠷᠭᠡᠨ ᠤᠶᠢᠯᠠᠭᠠᠵᠤ᠂ ᠵᠠᠰᠠᠭ ᠤᠨ ᠤᠷᠳᠤᠨ ᠪᠤᠯᠤᠨ ᠵᠠᠬ᠎ᠠ ᠲᠡᠯᠭᠡᠭᠦᠷ ᠤᠨ ᠡᠭᠦᠷᠭᠡ ᠴᠢᠳᠠᠪᠬᠢ ᠶᠢᠨ ᠵᠠᠭᠠᠭ ᠬᠢᠵᠠᠭᠠᠷ ᠢ ᠲᠤᠳᠤᠷᠬᠠᠶᠢᠯᠠᠨ᠂ ᠪᠡᠯᠡ ᠲᠣᠬᠢᠷᠠᠭᠤᠯᠭ᠎ᠠ ᠶᠢᠨ ᠲᠠᠪᠴᠠᠩ ᠺᠤᠮᠫᠠᠨᠢ ᠶᠢᠨ ᠵᠠᠬ᠎ᠠ ᠲᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠤᠨ ᠬᠦᠭᠵᠢᠭᠦ ᠶᠢ ᠲᠦᠷᠦᠯ ᠬᠤᠪᠢᠶᠠᠨ ᠠᠬᠢᠭᠤᠯᠬᠤ ᠬᠡᠷᠡᠭᠳᠡᠢ ᠬᠡᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠬᠦᠯᠦᠰᠦ ᠶᠢᠨ ᠠᠰᠠᠭᠤᠳᠠᠯ ᠢ ᠰᠢᠢᠳᠪᠦᠷᠢᠯᠡᠭᠦ ᠨᠢ ᠦᠷᠭᠡᠨ ᠤᠯᠠᠨ ᠮᠠᠯᠴᠢᠨ ᠲᠠᠷᠢᠶᠠᠴᠢᠨ ᠤ ᠦᠨᠳᠦᠰᠦᠨ ᠠᠰᠢᠭ ᠲᠤᠰᠠ ᠲᠠᠢ ᠬᠤᠯᠪᠤᠬᠳᠠᠵᠤ᠂ ᠨᠡᠶᠢᠭᠡᠮ ᠤᠨ ᠲᠦᠪ ᠭᠤᠤᠯᠴᠢ ᠰᠢᠳᠤᠷᠭᠤ ᠶᠤᠰᠤ ᠬᠢᠭᠡᠳ ᠡᠶ᠎ᠡ ᠵᠤᠬᠢᠴᠠᠩᠭᠤᠢ ᠲᠤᠬᠳᠠᠭᠤᠨ ᠪᠠᠶᠢᠳᠠᠯ ᠲᠠᠢ ᠬᠤᠯᠪᠤᠬᠳᠠᠵᠤ ᠪᠤᠢ᠃ ᠡᠯ᠎ᠠ ᠭᠠᠵᠠᠷ ᠤᠷᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠦᠨ᠂ ︽ᠲᠦᠷᠪᠡᠨ ᠤᠬᠠᠮᠰᠠᠷ︾᠎ ᠢᠶᠠᠨ ᠳᠡᠭᠡᠭᠰᠢᠯᠡᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠬᠦᠯᠦᠰᠦ ᠶᠢ ᠦᠷᠢᠳᠦᠭᠰᠡᠨ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠬᠡᠷᠡᠭᠳᠡᠢ᠃ ᠠᠵᠢᠯ ᠤᠨ ᠠᠷᠭ᠎ᠠ ᠬᠡᠮᠵᠢᠶ᠎ᠡ ᠪᠣᠯᠣᠨ ᠬᠠᠮᠢᠶ᠎ᠠ ᠪᠦᠬᠦᠢ ᠲᠦᠷᠢᠮ ᠢᠶᠠᠨ ᠴᠢᠭᠯᠡᠭᠦᠯᠦᠯᠳᠦ ᠴᠢᠨᠠᠷ ᠲᠠᠢ ᠪᠠᠷ ᠪᠥᠷᠢᠨᠰᠢᠭᠦᠯᠵᠦ᠂ ᠬᠤᠷᠢᠬᠯᠠᠵᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠬᠦᠯᠦᠰᠦ ᠶᠢ ᠦᠷᠢᠳᠦᠭᠦ ᠠᠰᠠᠭᠤᠳᠠᠯ ᠢ ᠡᠬᠢ ᠡᠭᠦᠰᠦᠯ ᠠᠴᠠ ᠨᠢ ᠰᠡᠷᠬᠡᠶᠢᠯᠡᠬᠦ ᠬᠡᠷᠡᠭᠳᠡᠢ ᠬᠡᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠬᠠᠮᠢᠶᠠᠷᠤᠯᠳᠠ ᠶᠢᠨ ᠲᠦᠷᠢᠮ ᠢ ᠠᠬᠢᠭᠤᠯᠤᠨ ᠪᠥᠷᠢᠨᠰᠢᠭᠦᠯᠬᠦ ᠪᠤᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠎ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠴᠢᠬᠤᠯᠠ ᠦᠭᠡᠷᠡᠴᠢᠯᠡᠯᠳᠡ ᠶᠢᠨ ᠡᠭᠦᠷᠭᠡ ᠪᠤᠯᠤᠨ᠎ᠠ᠃ ᠡᠯ᠎ᠠ ᠱᠠᠳᠤᠨ ᠤ ᠵᠠᠰᠠᠭ ᠤᠨ ᠤᠷᠳᠤᠨ ᠵᠢᠴᠢ ᠲᠡᠭᠦᠨ ᠤ ᠰᠠᠯᠠᠭ᠎ᠠ ᠮᠦᠴᠢᠷ ᠤᠳ ︽ᠬᠠᠤᠯᠢ ᠠᠴᠠ ᠤᠯᠭᠤᠬᠰᠠᠨ ᠦᠭᠡᠢ ᠡᠷᠭᠡ ᠶᠢ ᠦᠯᠦ ᠬᠡᠷᠡᠭᠵᠢᠭᠦᠯᠵᠤ᠂ ᠬᠠᠤᠯᠢ ᠳᠤ ᠲᠤᠬᠳᠠᠬᠰᠠᠨ ᠡᠭᠦᠷᠭᠡ ᠬᠠᠷᠢᠭᠤᠴᠠᠯᠭ᠎ᠠ ᠪᠠᠨ ᠵᠠᠪᠠᠯ ᠬᠦᠢᠴᠡᠳᠭᠡᠭᠦ︾ ᠵᠠᠷᠴᠢᠮ ᠎ ᠢ ᠪᠠᠷᠢᠮᠲᠠᠯᠠᠬᠤ ᠬᠡᠷᠡᠭᠲᠡᠢ᠂ ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠠᠴᠠ ᠭᠠᠳᠠᠨ᠎ᠠ ᠪᠤᠰᠤᠳ ᠵᠠᠰᠠᠭ ᠵᠠᠬᠢᠷᠭᠠᠨ ᠎ ᠤ ᠡᠷᠭᠡ ᠲᠤᠰᠢᠶᠠᠯ ᠢ ᠲᠤᠬᠳᠠᠭᠠᠬᠤ ᠪᠠ ᠬᠡᠷᠡᠭᠵᠢᠭᠦᠯᠵᠤ ᠪᠤᠯᠬᠤ ᠦᠭᠡᠢ᠂ ᠡᠷᠭᠡ ᠮᠡᠳᠡᠯ ᠢ ᠲᠤᠷ᠎ᠠ ᠪᠠᠷ ᠢᠶᠠᠨ ᠬᠤᠪᠢᠷᠠᠭᠤᠯᠵᠤ ᠪᠤᠯᠬᠤ ᠦᠭᠡᠢ᠂ ᠨᠢᠭᠡᠨᠳᠡ ᠬᠦᠴᠦᠨ ᠦᠭᠡᠢ ᠪᠤᠯᠭᠠᠬᠰᠠᠨ᠂ ᠲᠤᠷᠤᠬᠰᠢ ᠲᠠᠯᠪᠢᠬᠰᠠᠨ ᠡᠷᠭᠡ ᠮᠡᠳᠡᠯ ᠎ ᠤᠨ ᠵᠦᠢᠯᠡᠰ ᠢ ᠬᠡᠯᠪᠡᠷᠢ ᠶᠢ ᠨᠢ ᠬᠤᠪᠢᠷᠠᠭᠤᠯᠤᠨ ᠬᠡᠷᠡᠭᠵᠢᠭᠦᠯᠵᠤ ᠪᠤᠯᠬᠤ ᠦᠭᠡᠢ᠂ ᠦᠯᠡᠳᠡᠭᠡᠵᠦ ᠪᠦᠬᠦᠢ ᠡᠷᠭᠡ ᠮᠡᠳᠡᠯ ᠤᠨ ᠵᠦᠢᠯᠡᠰ ᠤᠨ ᠴᠣᠪᠣᠷᠠᠯ ᠢ ᠨᠢ ᠴᠢᠨᠠᠬᠰᠢᠳᠠ ᠰᠢᠯᠢᠳᠡᠭᠵᠢᠭᠦᠯᠵᠤ ᠳᠡᠰ ᠳᠠᠷᠠᠭᠠᠯᠠᠯ ᠢ ᠨᠢ ᠲᠦᠭᠦᠮᠴᠢᠯᠡᠨ ᠬᠢᠵᠠᠭᠠᠷ ᠴᠠᠭ ᠢ ᠨᠢ ᠪᠤᠭᠤᠨᠢᠰᠬᠠᠵᠤ᠂ ᠵᠠᠰᠠᠭ ᠵᠠᠬᠢᠷᠭᠠᠨ ᠤ ᠡᠷᠭᠡ ᠲᠤᠰᠢᠶᠠᠯ ᠢ ᠬᠡᠷᠡᠭᠵᠢᠭᠦᠯᠭᠦ ᠦᠷ᠎ᠠ ᠠᠰᠢᠭ ᠪᠤᠯᠤᠠ ᠵᠢᠷᠤᠮᠵᠢᠭᠰᠡᠨ ᠲᠦᠪᠰᠢᠨ ᠢ ᠲᠡᠭᠡᠭᠰᠢᠯᠡᠭᠦᠯᠭᠦ ᠬᠡᠷᠡᠭᠳᠡᠢ᠃ ᠡᠭᠦᠨ ᠤ ᠬᠠᠮᠳᠤ᠂ ᠬᠠᠤᠯᠢ ᠴᠠᠭᠠᠵᠠ ᠬᠠᠤᠯᠢ ᠲᠦᠷᠢᠮ ᠳᠤ ︽ᠲᠤᠬᠳᠠᠭᠠᠬᠰᠠᠨ᠂ ᠵᠠᠰᠠᠪᠤᠷᠢ ᠤᠷᠤᠭᠤᠯᠤᠬᠰᠠᠨ᠂ ᠬᠦᠴᠦᠨ ᠦᠭᠡᠢ ᠪᠤᠯᠭᠠᠬᠰᠠᠨ︾ ᠵᠢᠴᠢ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢ ᠲᠤᠬᠢᠷᠠᠭᠤᠯᠤᠬᠰᠠᠨ ᠪᠠ ᠡᠷᠭᠡ ᠮᠡᠳᠡᠯ ᠤᠨ ᠵᠦᠢᠯᠡᠰ ᠢ ᠨᠡᠮᠡᠵᠤ ᠬᠠᠰᠤᠬᠰᠠᠨ ᠪᠠᠶᠢᠳᠠᠯ ᠢ ᠦᠨᠳᠦᠰᠦᠯᠡᠨ᠂ ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠴᠠᠭ ᠲᠤᠬᠠᠢ ᠳᠤᠨᠢ ᠬᠦᠳᠡᠯᠦᠩᠭᠦᠢ ᠪᠠᠷ ᠲᠤᠬᠢᠷᠠᠭᠤᠯᠵᠤ᠂ ᠨᠡᠶᠢᠭᠡᠮ ᠨᠡᠶᠢᠳᠡ ᠳᠤ ᠨᠡᠶᠢᠳᠡᠯᠡᠭᠦ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号