ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠬᠤᠷᠠᠯ ᠬᠤᠷᠠᠯᠳᠤᠭᠤᠯᠵᠤ ᠲᠦᠪ ᠤᠨ ᠲᠤᠭᠤᠷᠢᠨ ᠪᠠᠶᠢᠴᠠᠭᠠᠯᠳᠠ ᠶᠢᠨ ᠪᠤᠴᠠᠵᠤ ᠪᠠᠶᠢᠴᠠᠭᠠᠨ ᠦᠵᠡᠬᠦ ᠠᠵᠢᠯᠯᠠᠭᠠᠨ ᠤ ᠬᠠᠷᠢᠭᠤ ᠲᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠶᠢ ᠠᠬᠢᠭᠤᠯᠬᠤ ᠠᠵᠢᠯ ᠢ ᠰᠤᠳᠤᠯᠵᠠᠢ  ᠪᠦ᠋ ᠰᠢᠶᠤᠤ ᠯᠢᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2018/8/20
     8 ᠳ᠋ᠤᠭᠠᠷ ᠰᠠᠷ᠎ᠠ ᠶᠢᠨ 19 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠪ ᠤᠨ ᠲᠤᠭᠤᠷᠢᠨ ᠪᠠᠶᠢᠴᠠᠭᠠᠯᠳᠠ ᠶᠢᠨ ᠪᠤᠴᠠᠵᠤ ᠪᠠᠶᠢᠴᠠᠭᠠᠨ ᠦᠵᠡᠬᠦ ᠠᠵᠢᠯᠯᠠᠭᠠᠨ ᠤ ᠬᠠᠷᠢᠭᠤ ᠲᠤᠰᠬᠠᠬᠰᠠᠨ ᠰᠠᠨᠠᠯ ᠢᠶᠠᠷ ᠬᠠᠮᠢᠶ᠎ᠠ ᠪᠦᠬᠦᠢ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠤᠬᠰᠠᠨ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠦᠪ ᠤᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠬᠰᠠᠨ ᠰᠠᠨᠠᠯ ᠨᠢ ᠨᠠᠮ ᠤᠨ ᠲᠦᠪ ᠬᠤᠷᠢᠶ᠎ᠠ ᠶᠢᠨ ᠱᠠᠭᠠᠷᠳᠠᠯᠭ᠎ᠠ ᠶᠢ ᠲᠦᠯᠦᠭᠡᠯᠡᠵᠤ ᠪᠤᠢ᠂ ᠡᠷᠬᠡᠪᠰᠢ ︽ᠲᠦᠷᠪᠡᠨ ᠤᠬᠠᠮᠰᠠᠷ︾ ᠢᠶᠠᠨ ᠴᠢᠨᠠᠬᠰᠢᠳᠠ ᠳᠡᠭᠡᠭᠰᠢᠯᠡᠭᠦᠯᠵᠦ᠂ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠦᠨ᠂ ᠲᠦᠪ ᠤᠨ ᠲᠤᠭᠤᠷᠢᠨ ᠪᠠᠶᠢᠴᠠᠭᠠᠯᠳᠠ ᠶᠢᠨ ᠪᠤᠴᠠᠵᠤ ᠪᠠᠶᠢᠴᠠᠭᠠᠨ ᠦᠵᠡᠬᠦ ᠠᠵᠢᠯᠯᠠᠭᠠᠨ ᠤ ᠬᠠᠷᠢᠭᠤ ᠲᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠶᠢ ᠰᠠᠶᠢᠳᠤᠷ ᠠᠳᠬᠤᠬᠤ ᠪᠠᠷ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠤᠯᠭᠠᠬᠤ ᠬᠡᠷᠡᠭᠳᠡᠢ ᠬᠡᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠨᠠᠬᠰᠢᠳᠠ ᠲᠤᠪᠤᠶᠢᠯᠭᠠᠨ᠂ ᠴᠢᠩᠭ᠎ᠠ ᠪᠦᠭᠡᠳ ᠪᠤᠳᠠᠳᠠᠢ ᠰᠤᠷᠳᠠᠯ ᠢ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠭᠦ ᠳᠤ ︽ᠲᠠᠪᠤ ᠶᠢ ᠤᠶᠠᠯᠳᠤᠭᠤᠯᠬᠤ︾ ᠪᠠ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠦᠳᠦᠭᠡᠨ ᠪᠠᠶᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ᠂ ᠲᠦᠪ ᠤᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠬᠰᠠᠨ ᠰᠠᠨᠠᠯ ᠵᠢᠴᠢ ᠴᠡᠭᠴᠡᠯᠡᠨ ᠰᠠᠶᠢᠵᠢᠷᠠᠭᠤᠯᠬᠤ ᠲᠦᠰᠦᠯ ᠤᠨ ᠱᠠᠭᠠᠷᠳᠠᠯᠭ᠎ᠠ ᠲᠠᠢ ᠬᠠᠷᠭᠤᠭᠤᠯᠵᠤ᠂ ᠤᠯᠤᠰ ᠲᠦᠷᠦ ᠶᠢᠨ ᠲᠠᠯ᠎ᠠ᠂ ᠦᠵᠡᠯ ᠰᠠᠨᠠᠭᠠᠨ ᠤ ᠲᠠᠯ᠎ᠠ᠂ ᠠᠵᠢᠯ ᠤᠨ ᠲᠠᠯ᠎ᠠ ᠶᠢᠨ ᠵᠦᠷᠢᠶ᠎ᠠ ᠪᠤᠯᠤᠨ ᠬᠦᠷᠦᠯᠴᠡᠭᠦ ᠦᠭᠡᠢ ᠲᠠᠯ᠎ᠠ ᠪᠠᠨ ᠵᠦᠢᠯ ᠵᠤᠷᠪᠤᠰ ᠲᠠᠷᠠᠭᠠᠯᠠᠨ ᠡᠷᠢᠵᠤ᠂ ᠲᠡᠭᠦᠯᠳᠡᠷᠵᠢᠭᠦᠯᠭᠦ ᠴᠢᠬᠤᠯᠠᠳᠠᠢ ᠠᠷᠭ᠎ᠠ ᠬᠡᠮᠵᠢᠶ᠎ᠡ ᠪᠠᠨ ᠲᠦᠷᠭᠡᠨ ᠲᠡᠭᠦᠯᠳᠡᠷᠵᠢᠭᠦᠯᠵᠤ᠂ ᠰᠢᠢᠳᠪᠦᠷᠢᠯᠡᠭᠦ ᠴᠢᠬᠤᠯᠠᠳᠠᠢ ᠠᠰᠠᠭᠤᠳᠠᠯ ᠢ ᠲᠦᠷᠭᠡᠨ ᠰᠢᠢᠳᠪᠦᠷᠢᠯᠡᠵᠤ᠂ ᠴᠡᠭᠴᠡᠯᠡᠨ ᠰᠠᠶᠢᠵᠢᠷᠠᠭᠤᠯᠤᠬᠰᠠᠨ ᠦᠷ᠎ᠠ ᠪᠦᠳᠦᠮᠵᠢ ᠶᠢ ᠮᠦᠷᠳᠡᠵᠤ ᠦᠨᠡᠯᠡᠨ ᠲᠤᠬᠳᠠᠭᠠᠬᠤ ᠬᠡᠷᠡᠭᠳᠡᠢ᠃ ᠨᠢᠭᠡᠨᠳᠡ ᠪᠡᠶᠡᠯᠡᠭᠦᠯᠦᠭᠰᠡᠨ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠤᠴᠠᠵᠤ ᠪᠠᠶᠢᠴᠠᠭᠠᠨ ᠦᠵᠡᠵᠦ᠂ ᠴᠡᠭᠴᠡᠯᠡᠨ ᠰᠠᠶᠢᠵᠢᠷᠠᠭᠤᠯᠤᠬᠰᠠᠨ ᠦᠷ᠎ᠠ ᠪᠦᠳᠦᠭᠡᠯ ᠢᠶᠠᠨ ᠪᠠᠬᠢᠵᠢᠭᠦᠯᠭᠦ ᠬᠡᠷᠡᠭᠳᠡᠢ ᠬᠡᠪᠠ᠃      ᠬᠤᠷᠠᠯ ᠠᠴᠠ ᠱᠠᠭᠠᠷᠳᠠᠭᠰᠠᠨ ᠨᠢ᠂ ᠠᠵᠢᠯ ᠤᠨ ᠬᠠᠷᠢᠭᠤᠴᠠᠯᠭ᠎ᠠ ᠪᠠᠨ ᠴᠢᠨᠠᠬᠰᠢᠳᠠ ᠨᠡᠶᠢᠳᠡᠪᠦᠷᠢᠵᠢᠭᠤᠯᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠪᠦᠷᠢᠯᠳᠦᠭᠦᠨ ᠠᠵᠢᠯ ᠤᠨ ᠬᠤᠪᠢᠶᠠᠷᠢᠯᠠᠯᠳᠠ ᠶᠤᠰᠤᠭᠠᠷ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠴᠢᠨᠠᠬᠰᠢᠳᠠ ᠰᠠᠶᠢᠳᠤᠷ ᠠᠳᠬᠤᠬᠤ ᠬᠡᠷᠡᠭᠳᠡᠢ᠃ ᠡᠯ᠎ᠠ ᠰᠠᠯᠠᠭ᠎ᠠ ᠮᠦᠴᠢᠷ ᠤᠨ ᠭᠤᠤᠯᠯᠠᠨ ᠬᠠᠷᠢᠭᠤᠴᠠᠬᠤ ᠨᠦᠭᠦᠳ ᠨᠡᠶᠢᠳᠡᠪᠦᠷᠢᠵᠢᠭᠤᠯᠤᠯᠳᠠ ᠶᠢ ᠪᠡᠶᠠᠴᠢᠯᠡᠨ ᠠᠳᠬᠤᠬᠤ ᠬᠡᠷᠡᠭᠳᠡᠢ᠃ ᠡᠯ᠎ᠠ ᠠᠶᠢᠮᠠᠭ ᠬᠤᠳᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠨᠵᠡᠭᠡᠶᠢᠷᠡᠭᠦᠯᠭᠦ ᠶᠢ ᠦᠷᠭᠦᠯᠵᠢᠯᠡᠨ ᠰᠢᠮᠳᠠᠭᠤᠯᠵᠤ᠂ ᠦᠨᠡᠨ ᠬᠦ ᠲᠡᠭᠡᠳᠦ ᠲᠤᠤᠷᠠᠳᠤ ᠱᠠᠳᠤ ᠬᠤᠯᠪᠤᠭᠠᠯᠠᠨ ᠬᠦᠳᠡᠯᠦᠯᠴᠡᠵᠦ᠂ ᠲᠤᠭᠤᠰᠢᠳᠠᠢ ᠴᠡᠭᠴᠡᠯᠡᠨ ᠰᠠᠶᠢᠵᠢᠷᠠᠭᠤᠯᠬᠤ ᠶᠢ ᠪᠠᠳᠤᠯᠠᠬᠤ ᠬᠡᠷᠡᠭᠳᠡᠢ ᠬᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号