ᠪᠦᠬᠦ ᠤᠷᠤᠨ ᠤ ᠤᠯᠤᠰ ᠤᠨ ᠦᠮᠴᠢᠯᠡᠯ ᠤᠨ ᠠᠵᠦ ᠠᠬᠤᠶᠢᠯᠠᠯ ᠠᠴᠠ ᠡᠷᠬᠢᠯᠡᠭᠰᠡᠨ ᠨᠡᠶᠢᠭᠡᠮ ᠤᠨ ᠡᠬᠦᠷᠬᠡ ᠴᠢᠳᠠᠪᠬᠢ ᠶᠢ ᠰᠠᠯᠭᠠᠬᠤ ᠪᠡ ᠳᠡᠤᠬᠡ ᠶᠢᠨ ᠦᠯᠡᠳᠡᠭᠳᠡᠯ ᠠᠰᠠᠭᠤᠳᠠᠯ ᠤᠳ ᠢ ᠰᠢᠢᠳᠪᠤᠷᠢᠯᠡᠬᠦ ᠳᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/8/20

     8 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠪᠦᠬᠦ ᠤᠷᠤᠨ ᠤ ᠤᠯᠤᠰ ᠤᠨ ᠦᠮᠴᠢᠯᠡᠯ ᠤᠨ ᠠᠵᠦ ᠠᠬᠤᠶᠢᠯᠠᠯ ᠠᠴᠠ ᠡᠷᠬᠢᠯᠡᠭᠰᠡᠨ ᠨᠡᠶᠢᠭᠡᠮ ᠤᠨ ᠡᠬᠦᠷᠬᠡ ᠴᠢᠳᠠᠪᠬᠢ ᠶᠢ ᠰᠠᠯᠭᠠᠬᠤ ᠪᠡ ᠳᠡᠤᠬᠡ ᠶᠢᠨ ᠦᠯᠡᠳᠡᠭᠳᠡᠯ ᠠᠰᠠᠭᠤᠳᠠᠯ ᠤᠳ ᠢ ᠰᠢᠢᠳᠪᠤᠷᠢᠯᠡᠬᠦ ᠳᠧᠯᠸᠢᠰ ᠳ᠋ᠢᠶᠠᠩᠬᠤᠸᠠ ᠬᠤᠷᠠᠯ ᠬᠢᠵᠦ᠂ ᠤᠯᠤᠰ ᠤᠨ ᠦᠮᠴᠢᠯᠡᠯ ᠤᠨ ᠠᠵᠦ ᠠᠬᠤᠶᠢᠯᠠᠯ ᠠᠴᠠ ᠡᠷᠬᠢᠯᠡᠭᠰᠡᠨ ᠨᠡᠶᠢᠭᠡᠮ ᠤᠨ ᠡᠬᠦᠷᠬᠡ ᠴᠢᠳᠠᠪᠬᠢ ᠶᠢ ᠰᠠᠯᠭᠠᠬᠤ ᠪᠡ ᠳᠡᠤᠬᠡ ᠶᠢᠨ ᠦᠯᠡᠳᠡᠭᠳᠡᠯ ᠠᠰᠠᠭᠤᠳᠠᠯ ᠤᠳ ᠢ ᠰᠢᠢᠳᠪᠤᠷᠢᠯᠡᠬᠦ ᠠᠵᠢᠯ ᠢ ᠳᠤᠰᠬᠠᠢ ᠰᠡᠳᠦᠪ ᠪᠤᠯᠭᠠᠨ ᠰᠤᠳᠤᠯᠵᠦ᠂ ᠳᠠᠷᠠᠭᠠᠴᠢ ᠶᠢᠨ ᠠᠯᠬᠤᠮ ᠤᠨ ᠠᠵᠢᠯ ᠤᠨ ᠡᠬᠦᠷᠬᠡ ᠶᠢ ᠳᠤᠬᠢᠷᠠᠭᠤᠯᠤᠨ ᠪᠠᠶᠢᠷᠢᠯᠠᠭᠤᠯᠪᠠ᠃
     ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠵᠠᠩ ᠱᠤᠤ ᠴᠦᠨ ᠬᠤᠷᠠᠯ ᠳᠤ ᠤᠷᠤᠯᠴᠠᠵᠦ ᠶᠠᠷᠢᠶ᠎ᠠ ᠳᠠᠯᠪᠢᠪᠠ᠃
     ᠵᠠᠩ ᠱᠤᠤ ᠴᠦᠨ ᠵᠢᠭᠠᠭᠰᠠᠨ ᠨᠢ᠂ ᠤᠯᠤᠰ ᠤᠨ ᠦᠮᠴᠢᠯᠡᠯ ᠤᠨ ᠠᠵᠦ ᠠᠬᠤᠶᠢᠯᠠᠯ ᠠᠴᠠ ᠡᠷᠬᠢᠯᠡᠭᠰᠡᠨ ᠨᠡᠶᠢᠭᠡᠮ ᠤᠨ ᠡᠬᠦᠷᠬᠡ ᠴᠢᠳᠠᠪᠬᠢ ᠶᠢ ᠰᠠᠯᠭᠠᠬᠤ ᠪᠡ ᠳᠡᠤᠬᠡ ᠶᠢᠨ ᠦᠯᠡᠳᠡᠭᠳᠡᠯ ᠠᠰᠠᠭᠤᠳᠠᠯ ᠤᠳ ᠢ ᠰᠢᠢᠳᠪᠤᠷᠢᠯᠡᠬᠦ ᠪᠤᠯ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ᠂ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠪᠡ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠴᠢᠬᠤᠯᠠ ᠭᠠᠷᠳᠠᠴᠠ᠂ ᠮᠦᠨ ᠴᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠳᠡᠭᠰᠢ ᠪᠤᠯᠭᠠᠬᠤ ᠪᠦᠳᠦᠮᠵᠢᠳᠡᠢ ᠠᠷᠭ᠎ᠠ ᠵᠠᠮ ᠮᠦᠨ᠃ ᠡᠨᠡ ᠬᠦ ᠠᠵᠢᠯ ᠨᠢᠳᠦᠨᠦᠨ ᠠᠴᠠ ᠡᠬᠢᠯᠡᠨ ᠶᠠᠪᠤᠬᠳᠠᠬᠰᠡᠨ ᠠᠴᠠ ᠨᠠᠰᠢ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠳ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠠᠭ᠎ᠠ ᠭᠠᠷᠭᠠᠵᠦ᠂ ᠬᠦᠴᠢᠷ ᠢ ᠳᠤᠭᠤᠯᠤᠨ ᠪᠡᠷᠬᠡ ᠶᠢ ᠳᠠᠪᠠᠵᠦ᠂ ᠶᠡᠭᠡ ᠬᠡᠮᠵᠢᠶᠡᠨ ᠤ ᠳᠤᠪᠤᠶᠢᠮ᠎ᠠ ᠦᠷ᠎ᠠ ᠪᠦᠳᠦᠮᠵᠢ ᠲᠠᠢ ᠠᠵᠢᠯ ᠢ ᠬᠢᠵᠦ᠂ ᠡᠯ᠎ᠠ ᠳᠦᠷᠦᠯ ᠤᠨ ᠠᠵᠢᠯ ᠤᠷᠤᠬᠰᠢᠳᠠᠢ ᠠᠬᠢᠵᠦ᠂ ᠱᠠᠳᠤᠴᠢ ᠴᠢᠨᠠᠷᠳᠠᠢ ᠠᠮᠵᠢᠯᠳᠡ ᠪᠦᠳᠦᠮᠵᠢ ᠤᠯᠵᠠᠢ ᠭᠡᠪᠡ᠃
     ᠵᠠᠩ ᠱᠤᠤ ᠴᠦᠨ ᠴᠢᠬᠤᠯᠠᠴᠢᠯᠠᠭᠰᠠᠨ ᠨᠢ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠪᠤᠯᠤᠨ ᠬᠤᠯᠪᠤᠬᠳᠠᠯ ᠪᠦᠬᠦᠢ ᠠᠵᠦ ᠠᠬᠤᠶᠢᠯᠠᠯ ᠡᠷᠬᠡᠪᠰᠢ ᠤᠯᠤᠰ ᠳᠦᠷᠦ ᠶᠢᠨ ᠵᠤᠬᠰᠤᠴᠠ ᠪᠠᠨ ᠳᠡᠬᠡᠭᠰᠢᠯᠡᠬᠦᠯᠵᠦ᠂ ᠦᠵᠡᠯ ᠰᠠᠨᠠᠭ᠎ᠠ ᠪᠠᠨ ᠨᠢᠬᠡᠳᠬᠡᠵᠦ᠂ ᠳᠠᠨᠢᠯᠳᠠ ᠪᠠᠨ ᠳᠡᠬᠡᠭᠰᠢᠯᠡᠬᠦᠯᠵᠦ᠂ ᠲᠤᠯᠭᠠᠮ᠎ᠠ ᠰᠡᠳᠬᠢᠯᠬᠡ ᠪᠠᠨ ᠴᠢᠩᠭᠠᠷᠠᠭᠤᠯᠵᠦ᠂ ᠬᠦᠯᠢᠶᠡᠵᠤ ᠰᠠᠭᠤᠬᠤ ᠦᠬᠡᠢ᠂ ᠬᠠᠷᠠᠵᠤ ᠰᠠᠭᠤᠬᠤ ᠦᠬᠡᠢ᠂ ᠠᠶᠤᠵᠦ ᠡᠮᠢᠶᠡᠬᠦ ᠦᠬᠡᠢ ᠪᠠᠷ ᠴᠠᠬ ᠤᠨ ᠱᠠᠭᠠᠷᠳᠠᠯᠭ᠎ᠠ ᠪᠤᠯᠤᠨ ᠰᠢᠯᠵᠢᠬᠦᠯᠦᠨ ᠳᠤᠰᠢᠶᠠᠬᠤ ᠪᠠᠷᠢᠮᠵᠢᠶ᠎ᠠ ᠶᠤᠰᠤᠭᠠᠷ᠂ ᠡᠯ᠎ᠠ ᠳᠦᠷᠦᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠳᠤᠳᠠᠢ ᠠᠳᠬᠤᠬᠤ ᠬᠡᠷᠡᠭᠳᠡᠢ᠃ ᠨᠢᠬᠡ ᠳᠤ ᠲᠤᠯᠭᠠᠮ᠎ᠠ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠳᠡᠢ᠃ ᠬᠤᠶᠠᠷ ᠲᠤ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠬᠤ ᠬᠡᠷᠡᠭᠳᠡᠢ᠃ ᠭᠤᠷᠪᠠ ᠳᠤ ᠠᠰᠠᠭᠤᠳᠠᠯ ᠢ ᠦᠨᠡᠨ ᠬᠦ ᠰᠢᠢᠳᠪᠤᠷᠢᠯᠡᠬᠦ ᠬᠡᠷᠡᠭᠳᠡᠢ᠃ ᠳᠦᠷᠪᠡ ᠳᠤ ᠠᠵᠢᠯ ᠤᠨ ᠨᠡᠶᠢᠯᠡᠯ ᠬᠦᠴᠦ ᠶᠢ ᠪᠦᠷᠢᠯᠳᠦᠬᠦᠯᠬᠦ ᠬᠡᠷᠡᠭᠳᠡᠢ᠃ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠪᠤᠯᠤᠨ ᠬᠤᠯᠪᠤᠬᠳᠠᠯ ᠪᠦᠬᠦᠢ ᠠᠵᠦ ᠠᠬᠤᠶᠢᠯᠠᠯ ᠡᠷᠬᠡᠪᠰᠢ ᠬᠦᠴᠢᠷ ᠢ ᠰᠦᠷᠦᠨ᠂ ᠠᠵᠢᠯ ᠢᠶᠠᠨ ᠳᠦᠷᠬᠡᠳᠬᠡᠵᠦ᠂ ᠰᠢᠨ᠎ᠠ ᠡᠬᠦᠷᠬᠡᠯᠡᠯ᠂ ᠰᠢᠨ᠎ᠠ ᠵᠢᠳᠬᠦᠯ ᠴᠢᠷᠮᠠᠶᠢᠯᠠᠭ᠎ᠠ ᠪᠠᠷ ᠢᠶᠠᠨ ᠠᠵᠢᠯ ᠢᠶᠠᠨ ᠠᠬᠢᠭᠤᠯᠤᠨ ᠰᠢᠨ᠎ᠠ ᠦᠷ᠎ᠠ ᠪᠦᠳᠦᠮᠵᠢ ᠤᠯᠵᠦ᠂ ᠡᠯ᠎ᠠ ᠳᠦᠷᠦᠯ ᠤᠨ ᠠᠵᠢᠯ ᠤᠨ ᠡᠬᠦᠷᠬᠡ ᠶᠢ ᠳᠤᠬᠳᠠᠬᠰᠠᠨ ᠴᠠᠬ ᠬᠤᠭᠤᠴᠠᠭᠠᠨ ᠳᠤ ᠪᠡᠶᠡᠯᠡᠬᠦᠯᠬᠦ ᠶᠢ ᠦᠨᠡᠨ ᠬᠦ ᠪᠠᠳᠤᠯᠠᠬᠤ ᠬᠡᠷᠡᠭᠳᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ