ᠬᠥᠯᠥᠨ ᠪᠤᠶᠢᠷ ᠬᠤᠲᠠ ︽ᠰᠢᠨ᠎ᠡ ᠠᠮᠢ ᠨᠠᠰᠤ ᠶᠢ ᠬᠠᠯᠠᠮᠵᠢᠯᠠᠵᠤ — ᠬᠡᠦᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ︾ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠪᠦᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2018/8/21
     2018 ᠣᠨ ᠤ 8 ᠳ᠋ᠤᠭᠠᠷ ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠩᠬ᠎ᠠ ᠵᠡᠷᠭᠡ ᠶᠢᠨ ᠡᠷᠡᠭᠦᠯ ᠬᠠᠮᠠᠭᠠᠯᠠᠯ ᠡᠷᠡᠭᠦᠯᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠠᠴᠠ ᠳᠡᠮᠵᠢᠭᠰᠡᠨ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠰᠢᠨ᠎ᠡ ᠠᠮᠢ ᠨᠠᠰᠤ ᠶᠢ ᠬᠠᠯᠠᠮᠵᠢᠯᠠᠵᠤ — ᠬᠡᠦᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ︾ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠵᠠᠯᠠᠨ ᠠᠶᠢᠯ ᠬᠤᠳᠠ ᠶᠢᠨ ᠴᠢᠩᠭᠢᠰ ᠬᠠᠭᠠᠨ ᠵᠣᠴᠢᠳ ᠤᠨ ᠪᠠᠭᠤᠳᠠᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠤᠭᠰᠠᠨ ᠶᠠᠪᠤᠳᠠᠯ ᠨᠢ᠂ ︽ᠰᠢᠨ᠎ᠡ ᠠᠮᠢ ᠨᠠᠰᠤ ᠶᠢ ᠬᠠᠯᠠᠮᠵᠢᠯᠠᠵᠤ — ᠬᠡᠦᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ︾ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠬᠥᠯᠥᠨ ᠪᠤᠶᠢᠷ ᠬᠤᠲᠠ ᠳᠤ ᠪᠦᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠤ ᠪᠤᠢ᠃ ᠲᠤᠰ ᠲᠦᠷᠦᠯ ᠵᠦᠢᠯ ᠨᠢ ᠪᠦᠬᠦ ᠬᠤᠲᠠ ᠶᠢᠨ 270 ᠡᠷᠦᠬᠡ ᠺᠠᠷᠲ ᠪᠠ ᠳᠠᠩᠰᠠ ᠲᠠᠢ ᠶᠠᠳᠠᠭᠤ ᠬᠦᠴᠢᠷᠳᠡᠯ ᠲᠠᠢ ᠭᠡᠷ ᠪᠦᠯᠢ ᠶᠢᠨ 0-36 ᠰᠠᠷ᠎ᠠ ᠲᠠᠢ  ᠨᠢᠯᠬ᠎ᠠ ᠬᠡᠦᠬᠡᠳ ᠲᠤ ᠭᠤᠷᠪᠠᠨ ᠵᠢᠯ ᠤᠨ ᠳᠣᠲᠣᠷ᠎ᠠ ᠰᠠᠷ᠎ᠠ ᠪᠦᠷᠢ ᠬᠤᠶᠠᠷ ᠯᠠᠰᠠ ᠨᠢᠯᠬ᠎ᠠ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠪᠣᠯᠣᠨ᠎ᠠ᠃      ᠎ ︽ᠰᠢᠨ᠎ᠡ ᠠᠮᠢ ᠨᠠᠰᠤ ᠶᠢ ᠬᠠᠯᠠᠮᠵᠢᠯᠠᠵᠤ — ᠬᠡᠦᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ︾ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠪᠦᠬᠦ ᠬᠤᠲᠠ ᠶᠢᠨ ᠨᠢᠯᠬ᠎ᠠ ᠬᠡᠦᠬᠡᠳ ᠤᠨ ᠰᠢᠮ᠎ᠡ ᠲᠡᠵᠢᠭᠡᠯ ᠤᠨ ᠪᠠᠶᠢᠳᠠᠯ ᠢ ᠰᠠᠶᠢᠵᠢᠷᠠᠭᠤᠯᠬᠤ ᠪᠠᠷ ᠪᠠᠷᠠᠬᠤ ᠦᠭᠡᠢ᠂ ᠨᠢᠯᠬ᠎ᠠ ᠨᠢᠷᠠᠢ ᠬᠡᠦᠬᠡᠳ ᠤᠨ ᠰᠢᠮ᠎ᠡ ᠲᠡᠵᠢᠭᠡᠯ ᠳᠤᠲᠠᠭᠳᠠᠬᠤ ᠵᠢᠴᠢ ᠬᠠᠮᠢᠶ᠎ᠠ ᠪᠦᠬᠦᠢ ᠡᠪᠡᠳᠴᠢᠨ ᠡᠮᠭᠡᠭ ᠡᠭᠦᠰᠬᠦ ᠶᠢ ᠡᠬᠢ ᠡᠭᠦᠰᠦᠯ ᠠᠴᠠ ᠨᠢ ᠪᠠᠭᠤᠷᠠᠭᠤᠯᠵᠤ᠂ ᠬᠡᠦᠬᠡᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠣᠯᠣᠨ᠎ᠠ︔ ᠲᠡᠭᠡᠬᠦ ᠮᠥᠷᠲᠡᠭᠡᠨ ᠶᠠᠳᠠᠭᠤ ᠬᠦᠴᠢᠷᠳᠡᠯ ᠲᠠᠢ ᠭᠡᠷ ᠪᠦᠯᠢ ᠳᠤ 0-36 ᠰᠠᠷ᠎ᠠ ᠲᠠᠢ ᠨᠢᠯᠬ᠎ᠠ ᠬᠡᠦᠬᠡᠳ ᠤᠨ ᠨᠠᠶᠢᠷᠠᠯᠭᠠᠲᠤ ᠰᠦᠨ ᠲᠠᠯᠬ᠎ᠠ ᠶᠢᠨ ᠳᠡᠮᠵᠢᠯᠭᠡ ᠦᠵᠡᠭᠦᠯᠵᠦ᠂ ᠡᠩ ᠤᠨ ᠭᠡᠷ ᠪᠦᠯᠢ ᠶᠢᠨ 0 — 3  ᠨᠠᠰᠤᠨ ᠤ ᠬᠡᠦᠬᠡᠳ ᠲᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ 50%᠎ ᠠᠴᠠ ᠳᠣᠣᠷ᠎ᠠ ᠨᠡᠶᠢᠲᠡ ᠶᠢᠨ ᠠᠰᠠᠷᠠᠮᠵᠢ ᠶᠢᠨ ᠦᠨ᠎ᠡ ᠪᠠᠷ ᠨᠠᠶᠢᠷᠠᠯᠭᠠᠲᠤ ᠰᠦᠨ ᠲᠠᠯᠬ᠎ᠠ ᠬᠠᠩᠭᠠᠵᠤ᠂ ᠬᠡᠦᠬᠡᠳ ᠤᠳ ᠲᠤ ᠴᠢᠨᠠᠷ ᠰᠠᠶᠢᠲᠠᠢ ᠠᠮᠤᠷ ᠲᠦᠪᠰᠢᠨ ᠰᠦᠨ ᠲᠠᠯᠬ᠎ᠠ ᠤᠤᠭᠤᠯᠭᠠᠬᠤ ᠪᠠᠷ ᠪᠠᠷᠠᠬᠤ ᠦᠭᠡᠢ᠂ ᠪᠠᠰᠠ ᠭᠡᠷ ᠪᠦᠯᠢ ᠶᠢᠨ ᠦᠷ᠎ᠡ ᠬᠡᠤᠬᠡᠳ ᠪᠤᠶᠢᠵᠢᠭᠤᠯᠬᠤ ᠠᠵᠤ ᠠᠬᠤᠶ ᠶᠢᠨ ᠳᠠᠷᠤᠭᠠᠰᠤ ᠶᠢ ᠨᠢ ᠪᠦᠲᠦᠮᠵᠢᠲᠡᠶ ᠬᠥᠩᠭᠡᠷᠡᠭᠦᠯᠬᠦ ᠪᠣᠯᠤᠨ᠎ᠠ᠃ ᠡᠨᠡ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ︽ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ︾᠎ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠮᠦᠨ᠂ ᠪᠠᠰᠠ ᠴᠤ ᠨᠢᠭᠡ ᠵᠦᠢᠯ ᠤᠨ ᠤᠳᠤ ᠦᠶ᠎ᠡ ᠳᠤ ᠵᠢᠳᠬᠦᠯ ᠭᠠᠷᠭᠠᠵᠤ᠂ ᠠᠯᠤᠰ ᠢᠷᠡᠭᠡᠳᠦᠢ ᠳᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠪᠣᠯᠬᠤ ᠪᠦᠭᠡᠳ ᠪᠥᠬᠦ ᠬᠤᠲᠠ ᠶᠢᠨ ᠲᠦᠷᠦᠯᠲᠡ ᠶᠢᠨ ᠬᠥᠮᠦᠨ ᠠᠮᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠬᠡᠦᠬᠡᠳ ᠪᠠᠭᠠᠴᠤᠳ ᠤᠨ ᠡᠷᠡᠭᠦᠯ ᠮᠡᠨᠳᠦ ᠶᠢ ᠪᠠᠲᠤᠯᠠᠬᠤ ᠳᠤ ᠲᠦᠢᠯ ᠤᠨ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号