ᠥᠪᠥᠷ ᠮᠣᠩᠭᠤᠯ ᠤᠨ ᠨᠡᠭᠦᠷᠡᠰᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠡᠮᠵᠢᠶ᠎ᠡ ᠪᠦᠬᠦ ᠤᠯᠤᠰ ᠲᠤ ᠲᠡᠷᠢᠭᠦᠯᠡᠪᠡ
ᠨᠡᠶᠢᠲᠡᠯᠡᠭᠰᠡᠨ ᠴᠠᠭ᠄
2018-08-22
     ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ 44292 ᠲᠦᠮᠡᠨ ᠲᠣᠨ ᠨᠡᠭᠦᠷᠡᠰᠦ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 2344 ᠲᠦᠮᠡᠨ ᠲᠣᠨ ᠨᠡᠮᠡᠭᠳᠡᠵᠦ᠂ 5.6%᠎ ᠪᠠᠷ ᠨᠡᠮᠡᠭᠳᠡᠵᠡᠢ︔ 4.75 ᠳ᠋ᠦᠩᠰᠢᠭᠤᠷ ᠲᠣᠨ ᠨᠡᠭᠦᠷᠡᠰᠦ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 12%᠎ ᠢᠶᠠᠷ ᠨᠡᠮᠡᠭᠳᠡᠪᠡ᠃ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠡᠮᠵᠢᠶ᠎ᠡ ᠨᠢ ᠴᠥᠮ ᠪᠦᠬᠦ ᠤᠯᠤᠰ ᠲᠤ ᠲᠡᠷᠢᠭᠦᠯᠡᠪᠡ᠃      ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠳᠤ ᠬᠦᠴᠦ ᠲᠠᠯᠪᠢᠵᠤ᠂ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠬᠤ ᠠᠯᠬᠤᠴᠠ ᠪᠠᠨ ᠲᠦᠷᠭᠡᠳᠬᠡᠨ᠂ ᠨᠡᠭᠦᠷᠡᠰᠦᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠪᠡᠶᠡᠯᠡᠭᠦᠯᠪᠡ᠃ 7 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠥᠪᠥᠷ ᠮᠣᠩᠭᠤᠯ ᠨᠢᠭᠡᠨᠲᠡ 15 ᠭᠠᠵᠠᠷ ᠤᠨ ᠡᠭᠦᠳᠡ ᠶᠢ ᠨᠢ ᠬᠠᠭᠠᠯᠭᠠᠵᠤ᠂ ᠦᠢᠯᠡᠳᠪᠦᠷᠢᠯᠡᠯ ᠤᠨ ᠴᠢᠳᠠᠪᠤᠷᠢ ᠶᠢ ᠵᠢᠯ ᠳᠤ 780 ᠲᠦᠮᠡᠨ ᠲᠣᠨ ᠪᠣᠯᠭᠠᠵᠤ᠂ ᠵᠢᠯ ᠤᠨ ᠡᠭᠦᠷᠭᠡ ᠶᠢᠨ ᠢᠶᠠᠨ 70%᠎ ᠶᠢ ᠨᠢ ᠪᠡᠶᠡᠯᠡᠭᠦᠯᠪᠡ᠃      1 — 6 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ 12798 ᠲᠦᠮᠡᠨ ᠲᠣᠨ ᠨᠡᠭᠦᠷᠡᠰᠦ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 646 ᠲᠦᠮᠡᠨ ᠲᠣᠨ ᠨᠡᠮᠡᠭᠳᠡᠵᠦ᠂ 5.3%᠎ ᠪᠠᠷ ᠨᠡᠮᠡᠭᠳᠡᠵᠡᠢ︔ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ 31494 ᠲᠦᠮᠡᠨ ᠲᠣᠨ ᠨᠡᠭᠦᠷᠡᠰᠦ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 1698 ᠲᠦᠮᠡᠨ ᠲᠣᠨ ᠨᠡᠮᠡᠭᠳᠡᠵᠦ᠂ 5.7%᠎ ᠪᠠᠷ ᠨᠡᠮᠡᠭᠳᠡᠵᠡᠢ︔ 1 — 6 ᠳ᠋ᠤᠭᠠᠷ ᠰᠠᠷ᠎ᠠ ᠳᠤ᠂ ᠥᠪᠥᠷ ᠮᠣᠩᠭᠤᠯ 4.75 ᠳ᠋ᠦᠩᠰᠢᠭᠤᠷ ᠲᠣᠨ ᠨᠡᠭᠦᠷᠡᠰᠦ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 12%᠎ ᠢᠶᠠᠷ ᠨᠡᠮᠡᠭᠳᠡᠪᠡ᠃ ᠣᠷᠣᠨ ᠤ ᠭᠠᠳᠠᠨ᠎ᠠ 2.6 ᠳ᠋ᠦᠩᠰᠢᠭᠤᠷ ᠲᠣᠨ ᠨᠡᠭᠦᠷᠡᠰᠦ ᠪᠣᠷᠣᠯᠠᠭᠤᠯᠵᠤ᠂ ᠪᠠᠷᠤᠭ ᠪᠥᠬᠦ ᠣᠷᠣᠨ ᠤ ᠶᠡᠷᠦᠩᠬᠡᠶ ᠪᠣᠷᠣᠯᠠᠭᠤᠯᠭ᠎ᠠ ᠶᠢᠨ 55%᠎ ᠶᠢ ᠡᠵᠡᠯᠡᠪᠡ᠃ ᠣᠷᠣᠨ ᠤ ᠳᠣᠲᠣᠷ᠎ᠠ 2.15 ᠳ᠋ᠦᠩᠰᠢᠭᠤᠷ ᠲᠣᠨ ᠨᠡᠭᠦᠷᠡᠰᠦ ᠪᠣᠷᠣᠯᠠᠭᠤᠯᠵᠤ᠂ ᠡᠭᠦᠨ ᠳᠤ᠂ ᠭᠠᠯ ᠴᠠᠬᠢᠯᠭᠠᠨ ᠳᠤ 9512 ᠲᠦᠮᠡᠨ ᠲᠣᠨ ᠨᠡᠭᠦᠷᠡᠰᠦ ᠬᠤᠷᠣᠭᠳᠠᠭᠤᠯᠵᠤ᠂ ᠠᠳᠠᠯᠢ ᠬᠤᠭᠤᠴᠠᠭᠠᠨ ᠤ ᠬᠢ ᠠᠴᠠ 12%᠎ ᠢᠶᠠᠷ ᠨᠡᠮᠡᠭᠳᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号