ᠬᠢᠩᠭᠠᠨ ᠠᠶᠢᠮᠠᠭ᠄ ᠪᠠᠷᠭᠤ ᠶᠢᠨ ᠳᠠᠪᠠᠭ᠎ᠠ ᠶᠢᠨ ᠨᠦᠬᠡᠨ ᠵᠠᠮ ᠢ ᠤᠷᠢᠳᠴᠢᠯᠠᠨ ᠨᠡᠪᠲᠡᠷᠡᠭᠦᠯᠪᠡ
ᠨᠡᠶᠢᠲᠡᠯᠡᠭᠰᠡᠨ ᠴᠠᠭ᠄
2018/8/22
     8 ᠳ᠋ᠤᠭᠠᠷ ᠰᠠᠷ᠎ᠠ ᠶᠢᠨ 15᠎ ᠤ ᠡᠳᠦᠷ᠂ ᠤᠯᠤᠰ ᠤᠨ ᠵᠠᠰᠠᠮᠠᠯ ᠵᠠᠮ ᠤᠨ 302 ᠱᠤᠭᠤᠮ ᠤᠨ ᠬᠤᠢ ᠴᠥᠨ ᠠᠴᠠ ᠷᠠᠰᠢᠶᠠᠨ ᠬᠥᠷᠬᠦ ᠵᠠᠰᠠᠮᠠᠯ ᠵᠠᠮ ᠤᠨ ᠰᠠᠠᠴᠠ ᠠᠴᠠ ᠷᠠᠰᠢᠶᠠᠨ ᠬᠦᠷᠬᠦ ᠬᠡᠰᠡᠭ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠭᠤ ᠶᠢᠨ ᠳᠠᠪᠠᠭ᠎ᠠ ᠶᠢᠨ ᠨᠦᠬᠡᠨ ᠵᠠᠮ ᠢ ᠠᠮᠵᠢᠯᠲᠠᠲᠠᠢ ᠨᠡᠪᠲᠡᠷᠡᠭᠦᠯᠵᠦ᠂ ᠵᠢᠱᠢᠭᠰᠡᠨ ᠠᠴᠠ ᠨᠢ 15 ᠡᠳᠦᠷ ᠤᠷᠢᠳᠴᠢᠯᠠᠪᠠ᠃ ᠨᠦᠬᠡᠨ ᠵᠠᠮ ᠢ ᠤᠷᠢᠳᠴᠢᠯᠠᠨ ᠨᠡᠪᠲᠡᠷᠡᠭᠦᠯᠦᠭᠰᠡᠨ ᠶᠠᠪᠤᠳᠠᠯ ᠨᠢ᠂ ᠤᠯᠤᠰ ᠤᠨ ᠵᠠᠰᠠᠮᠠᠯ ᠵᠠᠮ ᠤᠨ 302 ᠱᠤᠭᠤᠮ ᠤᠨ ᠠᠯᠳᠠᠷ ᠠᠴᠠ ᠰᠠᠠᠴᠠ ᠬᠦᠷᠬᠦ ᠬᠡᠰᠡᠭ ᠤᠨ ᠭᠤᠣᠯ ᠴᠣᠭᠴᠠ ᠶᠢᠨ ᠪᠠᠷᠢᠯᠭ᠎ᠠ ᠶᠢ ᠬᠤᠭᠤᠴᠠᠭ᠎ᠠ ᠶᠣᠰᠣᠭᠠᠷ ᠳᠠᠭᠤᠰᠬᠠᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠪᠠᠷᠭᠤ ᠶᠢᠨ ᠳᠠᠪᠠᠭ᠎ᠠ ᠶᠢᠨ ᠨᠦᠬᠡᠨ ᠵᠠᠮ ᠪᠣᠯ ᠤᠯᠤᠰ ᠤᠨ ᠵᠠᠰᠠᠮᠠᠯ ᠵᠠᠮ ᠎ ᠤᠨ 302 ᠱᠤᠭᠤᠮ ᠤᠨ ᠠᠵᠢᠯ ᠤᠨ ᠬᠤᠭᠤᠴᠠᠭ᠎ᠠ ᠪᠠᠷ ᠬᠠᠮᠤᠭ ᠤᠨ ᠤᠷᠲᠤ᠂ ᠪᠠᠷᠢᠯᠭ᠎ᠠ ᠶᠢᠨ ᠬᠦᠴᠢᠷᠳᠡᠯ ᠬᠠᠮᠤᠭ ᠤᠨ ᠶᠡᠭᠡ ᠬᠢᠵᠠᠭᠠᠷᠯᠠᠬᠤ ᠴᠢᠨᠠᠷᠲᠠᠶ ᠪᠠᠷᠢᠯᠭ᠎ᠠ ᠶᠢᠨ ᠬᠡᠰᠡᠭ ᠪᠣᠯᠣᠨ᠎ᠠ᠂ ᠪᠦᠬᠦ ᠣᠷᠳᠣ ᠨᠢ 1770 ᠮᠧᠲᠷ ᠪᠠᠶᠢᠵᠤ᠂ ᠤᠷᠲᠤ ᠨᠦᠬᠡᠨ ᠵᠠᠮ ᠳᠤ ᠲᠣᠭᠠᠴᠠᠭᠳᠠᠬᠤ ᠪᠦᠭᠡᠳ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠦᠨ᠎ᠡ ᠨᠢ 1.28 ᠳ᠋ᠦᠩᠰᠢᠭᠤᠷ ᠲᠥᠭᠦᠷᠢᠭ ᠲᠤ ᠬᠦᠷᠪᠡ᠃ ᠲᠤᠰ ᠨᠦᠬᠡᠨ ᠵᠠᠮ ᠢ ᠨᠡᠪᠲᠡᠷᠡᠭᠦᠯᠦᠭᠰᠡᠨ ᠶᠠᠪᠤᠳᠠᠯ ᠎ ᠨᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠭᠤᠤᠯ ᠱᠤᠭᠤᠮ ᠤᠨ ᠵᠠᠰᠠᠮᠠᠯ ᠵᠠᠮ ᠤᠨ ᠲᠣᠣᠷ ᠤᠨ ᠪᠠᠶᠢᠷᠢᠯᠠᠭᠤᠯᠤᠯᠲᠠ ᠶᠢ ᠪᠦᠷᠢᠨᠰᠢᠭᠦᠯᠵᠦ᠂ ᠤᠯᠤᠰ ᠤᠨ ᠵᠠᠰᠠᠮᠠᠯ ᠵᠠᠮ ᠤᠨ 302 ᠱᠤᠭᠤᠮ ᠤᠨ ᠵᠥᠭᠡᠭᠡᠪᠦᠷᠢ ᠶᠢᠨ ᠴᠢᠳᠠᠮᠵᠢ ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠢᠩᠭᠠᠨ ᠠᠶᠢᠮᠠᠭ ᠤᠨ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠥᠯᠬᠢᠨ ᠠᠬᠢᠭᠤᠯᠵᠤ᠂ ᠣᠷᠣᠨ ᠨᠤᠲᠤᠭ ᠤᠨ ᠵᠢᠭᠤᠯᠴᠢᠯᠠᠯ ᠤᠨ ᠦᠢᠯᠡᠰ ᠢ ᠠᠬᠢᠭᠤᠯᠤᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠥᠷᠭᠡᠳᠬᠡᠬᠦ ᠵᠡᠷᠭᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号