ᠬᠥᠪᠴᠢ ᠶᠢᠨ ᠡᠯᠡᠰᠦᠨ ᠳᠠᠬᠢ ᠤᠰᠤᠨ ᠤ ᠠᠮᠢ ᠠᠬᠤᠶ ᠶᠢᠨ ᠢᠨᠵᠧᠨᠧᠷᠢᠩ ᠪᠦᠬᠦ ᠤᠯᠤᠰ ᠤᠨ ᠭᠤᠤᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ ᠲᠥᠷᠥᠯ ᠵᠦᠢᠯ ᠪᠣᠯᠬᠤ ᠢᠶᠠᠷ ᠲᠣᠭᠲᠠᠭᠠᠭᠳᠠᠪᠠ
ᠨᠡᠶᠢᠲᠡᠯᠡᠭᠰᠡᠨ ᠴᠠᠭ᠄
2018/8/23
     ᠤᠰᠤᠨ ᠠᠰᠢᠭᠯᠠᠯᠲᠠ ᠶᠢᠨ ᠶᠠᠮᠤᠨ ᠤ ᠬᠢᠨᠠᠨ ᠬᠠᠷᠭᠤᠭᠤᠯᠤᠭ᠎ᠠ ᠪᠠᠷ ᠳᠠᠮᠵᠢᠨ᠂ ᠦᠢᠷ᠎ᠠ ᠳᠤ᠂ ᠣᠷᠳᠣᠰ ᠬᠤᠲᠠ ᠶᠢᠨ ᠬᠠᠩᠭᠢᠨ ᠬᠤᠰᠢᠭᠤᠨ ᠤ ᠬᠥᠪᠴᠢ ᠶᠢᠨ ᠡᠯᠡᠰᠦᠨ ᠤ ᠭᠤᠣᠯᠳᠠᠯᠭ᠎ᠠ ᠲᠠᠢ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠶᠢ ᠪᠠᠲᠤᠯᠠᠬᠤ ᠢᠨᠵᠧᠨᠧᠷᠢᠩ ᠨᠢ ︽ᠪᠦᠬᠦ ᠤᠯᠤᠰ ᠤᠨ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ 2018 ᠣᠨ ᠤ ᠬᠡᠷᠡᠭᠵᠢᠭᠦᠯᠬᠦ ᠲᠥᠰᠦᠯ︾᠎ ᠳᠤ ᠰᠤᠩᠭᠤᠭᠳᠠᠨ ᠣᠷᠣᠭᠠᠳ᠂ ᠲᠥᠪ ᠤᠨ 6524 ᠲᠦᠮᠡᠨ ᠲᠦᠬᠦᠷᠢᠭ ᠤᠨ ᠨᠥᠬᠦᠪᠦᠷᠢ ᠮᠥᠩᠭᠦ ᠬᠦᠷᠲᠡᠪᠡ᠃ ᠬᠠᠩᠭᠢᠨ ᠬᠤᠰᠢᠭᠤᠨ ᠤ ᠬᠥᠪᠴᠢ ᠶᠢᠨ ᠡᠯᠡᠰᠦᠨ ᠤ ᠤᠰᠤᠨ ᠤ ᠠᠮᠢ ᠠᠬᠤᠶ ᠶᠢᠨ ᠢᠨᠵᠧᠨᠧᠷᠢᠩ ᠨᠢ  ᠬᠦᠬᠡ ᠮᠣᠳᠣ ᠪᠠᠯᠭᠠᠰᠤ ᠶᠢᠨ ᠪᠠᠶᠠᠨ ᠥᠨᠳᠥᠷ ᠤᠨ ᠨᠤᠭᠤ ᠭᠠᠵᠠᠷ ᠲᠤ ᠪᠠᠶᠢᠷᠢᠯᠠᠳᠠᠭ᠂ ᠲᠥᠷᠥᠯ ᠵᠦᠢᠯ ᠨᠢ ᠬᠠᠲᠤᠨ ᠭᠤᠣᠯ ᠤᠨ ᠡᠮᠦᠨ᠎ᠡ ᠡᠷᠭᠢ ᠶᠢᠨ ᠶᠡᠷᠦᠩᠬᠡᠢ ᠭᠤᠣᠯ ᠰᠤᠪᠠᠭ ᠠᠴᠠ ᠰᠦᠩ ᠬᠠᠯᠢᠶ᠎ᠠ ᠤᠰᠤ ᠶᠢ ᠬᠥᠪᠴᠢ ᠡᠯᠡᠰᠦᠨ ᠳᠤ ᠲᠠᠲᠠᠵᠤ᠂ ᠳᠠᠬᠢᠭᠠᠳ ᠤᠰᠤ ᠲᠠᠲᠠᠷᠠᠭᠤᠯᠬᠤ ᠰᠤᠪᠠᠭ᠂ ᠬᠠᠲᠤᠨ ᠭᠤᠣᠯ ᠤᠨ ᠡᠮᠦᠨ᠎ᠡ ᠡᠷᠭᠢ ᠶᠢᠨ ᠶᠡᠷᠦᠩᠬᠡᠢ ᠭᠤᠣᠯ ᠰᠤᠪᠠᠭ ᠠᠴᠠ ᠬᠠᠲᠤᠨ ᠭᠤᠣᠯ ᠤᠷᠤᠭᠤ ᠤᠰᠤ ᠲᠠᠲᠠᠷᠠᠭᠤᠯᠵᠤ᠂ ᠬᠠᠲᠤᠨ ᠭᠤᠣᠯ — ᠬᠠᠲᠤᠨ ᠭᠤᠣᠯ ᠤᠨ ᠡᠮᠦᠨ᠎ᠡ ᠡᠷᠭᠢ ᠶᠢᠨ ᠶᠡᠷᠦᠩᠬᠡᠢ ᠭᠤᠣᠯ ᠰᠤᠪᠠᠭ — — ᠪᠠᠶᠠᠨ ᠥᠨᠳᠥᠷ ᠤᠨ ᠨᠤᠭᠤ ᠭᠠᠵᠠᠷ — ᠬᠠᠲᠤᠨ ᠭᠤᠣᠯ ᠤᠨ ᠡᠮᠦᠨ᠎ᠡ ᠡᠷᠭᠢ ᠶᠢᠨ ᠶᠡᠷᠦᠩᠬᠡᠢ ᠭᠤᠣᠯ ᠰᠤᠪᠠᠭ — — ᠬᠠᠲᠤᠨ ᠭᠤᠣᠯ ᠬᠦᠷᠲᠡᠯᠡᠬᠢ ᠤᠰᠤᠨ ᠡᠷᠭᠢᠯᠲᠡ ᠶᠢ ᠪᠣᠢ ᠪᠣᠯᠭᠠᠬᠤ ᠪᠣᠯᠣᠨ᠎ᠠ᠃ ᠡᠨᠡ  ᠤᠳᠠᠭ᠎ᠠ ᠪᠦᠬᠦ ᠤᠯᠤᠰ ᠤᠨ ᠭᠤᠣᠯ ᠮᠥᠷᠡᠨ ᠨᠠᠭᠤᠷ ᠴᠦᠬᠦᠷᠦᠮ ᠢ ᠬᠤᠯᠪᠣᠨ ᠨᠡᠪᠲᠡᠷᠡᠭᠦᠯᠬᠦ ᠲᠥᠷᠥᠯ ᠵᠦᠢᠯ ᠢᠶᠠᠷ ᠲᠣᠭᠲᠠᠭᠠᠭᠳᠠᠭᠰᠠᠨ ᠶᠠᠪᠤᠳᠠᠯ ᠨᠢ᠂ ᠲᠦᠷᠦᠯ ᠵᠦᠢᠯ ᠳᠤ ᠨᠡᠩ ᠰᠠᠶᠢᠨ ᠤᠰᠤ ᠲᠠᠲᠠᠬᠤ ᠪᠠ ᠤᠰᠤ ᠲᠠᠲᠠᠷᠠᠭᠤᠯᠬᠤ ᠳᠤ ᠪᠠᠲᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠪᠦᠬᠦ᠋ᠢᠯᠡ ᠪᠠᠷᠢᠯᠭ᠎ᠠ ᠳᠠᠭᠤᠰᠤᠭᠰᠠᠨ ᠳᠠᠷᠠᠭ᠎ᠠ᠂ 36 ᠲᠡᠭᠰᠢ ᠳᠥᠷᠪᠡᠯᠵᠢᠨ ᠺᠢᠯᠣᠮᠧᠲᠷ ᠨᠤᠭᠤ ᠭᠠᠵᠠᠷ ᠢ ᠬᠠᠮᠠᠭᠠᠯᠠᠨ᠂ ᠨᠤᠭᠤ ᠭᠠᠵᠠᠷ ᠤᠨ ᠤᠰᠤᠨ ᠭᠠᠳᠠᠷᠭᠤ ᠶᠢᠨ ᠲᠠᠯᠠᠪᠠᠶ ᠶᠢ 8.5 ᠲᠡᠭᠰᠢ ᠳᠥᠷᠪᠡᠯᠵᠢᠨ ᠺᠢᠯᠣᠮᠧᠲᠷ ᠰᠡᠷᠭᠦᠭᠡᠬᠦ ᠪᠣᠯᠣᠨ᠎ᠠ᠃ ᠡᠭᠦᠨ ᠤ ᠬᠠᠮᠲᠤ᠂ ᠪᠠᠶᠠᠨ ᠦᠨᠳᠦᠷ ᠤᠨ ᠨᠤᠭᠤ ᠭᠠᠵᠠᠷ ᠤᠨ ᠮᠠᠭᠤ ᠤᠰᠤ᠂ ᠨᠠᠭᠤᠷ ᠤᠨ ᠤᠰᠤᠨ ᠤ ᠲᠠᠲᠠᠭᠤᠷᠠᠯ ᠵᠡᠷᠭᠡ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠡᠯᠡᠰᠦ ᠮᠠᠩᠬᠠᠨ ᠳᠠᠬᠢ ᠨᠠᠭᠤᠷ ᠪᠦᠷᠢᠳᠦ ᠶᠢ ᠰᠡᠷᠭᠦᠭᠡᠵᠦ᠂ ᠲᠤᠬᠠᠶ ᠶᠢᠨ ᠭᠠᠵᠠᠷ ᠤᠨ ᠤᠰᠤᠨ ᠤ ᠠᠮᠢ ᠠᠬᠤᠶ ᠶᠢᠨ ᠣᠷᠴᠢᠨ  ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠠᠵᠤ ᠠᠬᠤᠶ ᠶᠢᠨ ᠬᠥᠭᠵᠢᠯᠲᠡ ᠳᠤ ᠪᠠᠲᠤᠯᠠᠭ᠎ᠠ ᠬᠠᠩᠭᠠᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号