ᠦᠬᠠᠶ ᠬᠤᠲᠠ ᠶᠢᠨ ᠠᠩᠬᠠᠳᠠᠭᠴᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠨᠢ ᠠᠩᠬ᠎ᠠ ᠬᠡᠪᠴᠢᠶᠡᠵᠢᠪᠡ
ᠨᠡᠶᠢᠲᠡᠯᠡᠭᠰᠡᠨ ᠴᠠᠭ᠄
2018/8/23
      ᠣᠶᠢᠷ᠎ᠠ ᠶᠢᠨ ᠵᠢᠯ ᠳᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠤᠨ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠳᠠᠭᠠᠯᠳᠤᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠲᠦᠷᠭᠡᠨ ᠬᠥᠭᠵᠢᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠢᠯᠡᠭᠡᠯᠲᠡ ᠶᠢᠨ ᠡᠳ᠋ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢ ᠪᠦᠷᠢᠨᠰᠢᠭᠦᠯᠬᠦ ᠪᠦᠳᠦᠭᠡᠨ ᠪᠠᠶᠢᠭᠤᠯᠤᠯᠲᠠ ᠨᠢ ᠡᠯᠧᠺᠲᠷᠣᠨ ᠬᠤᠳᠠᠯᠳᠤᠭᠠᠨ ᠤ ᠶᠠᠪᠤᠳᠠᠯ ᠪᠣᠯᠤᠨ ᠲᠦᠷᠭᠡᠨ ᠢᠯᠡᠭᠡᠯᠲᠡ ᠶᠢᠨ ᠡᠳ᠋ ᠪᠠᠷᠠᠭᠠᠨ ᠤ ᠭᠦᠢᠯᠭᠡᠭᠡ ᠶᠢᠨ ᠦᠢᠯᠡᠰ ᠤᠨ ᠬᠠᠮᠵᠢᠯᠴᠠᠨ ᠬᠥᠭᠵᠢᠬᠦ ᠶᠢᠨ ᠰᠠᠭᠤᠷᠢ ᠪᠣᠯᠪᠠ᠃ ᠥᠪᠥᠷ ᠮᠣᠩᠭᠤᠯ ᠤᠨ ᠢ ᠵᠢᠶᠠ ᠢᠳᠡᠭᠡᠨ ᠪᠠ ᠡᠮ ᠤᠨ ᠵᠦᠢᠯ ᠤᠨ ᠡᠳ᠋ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠶᠢᠨ ᠪᠦᠳᠦᠭᠡᠨ ᠪᠠᠶᠢᠭᠤᠯᠤᠭᠰᠠᠨ ᠥᠪᠥᠷ ᠮᠣᠩᠭᠤᠯ ᠤᠨ ᠢ ᠵᠢᠶᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠣᠯ ᠦᠬᠠᠶ ᠬᠤᠲᠠ ᠶᠢᠨ ᠠᠩᠬᠠᠳᠠᠭᠴᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠪᠣᠯᠣᠨ᠎ᠠ᠂ ᠣᠳᠣᠬᠠᠨ ᠳᠤ ᠱᠦᠨ ᠹᠧᠩ᠂ ᠶᠤᠸᠠᠨ ᠲᠦᠩ᠂ ᠵᠦᠩ ᠲᠦᠩ᠂ ᠶᠦᠨ ᠳ᠋ᠠ 5 ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠣᠷᠣᠵᠤ ᠰᠠᠭᠤᠷᠢᠰᠢᠵᠤ᠂ ᠲᠦᠷᠭᠡᠨ ᠢᠯᠡᠭᠡᠬᠦ ᠲᠥᠷᠥᠯ ᠵᠦᠢᠯ ᠤᠨ ᠲᠠᠯᠠᠪᠠᠶ ᠨᠢ ᠪᠠᠷᠤᠭ 5000 ᠲᠡᠭᠰᠢ ᠳᠥᠷᠪᠡᠯᠵᠢᠨ ᠮᠧᠲᠷ ᠪᠠᠶᠢᠵᠤ᠂ ᠬᠥᠮᠥᠷᠭᠡᠯᠡᠨ ᠬᠠᠳᠠᠭᠠᠯᠠᠬᠤ᠂ ᠬᠤᠪᠢᠶᠠᠨ ᠰᠠᠯᠭᠠᠵᠤ ᠥᠭᠬᠦ ᠴᠢᠳᠠᠪᠤᠷᠢ ᠶᠢ ᠦᠨᠳᠦᠰᠦᠨ ᠳᠡᠭᠡᠨ ᠪᠡᠶᠡᠯᠡᠭᠦᠯᠪᠡ᠃ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠬᠡᠪᠴᠢᠶ᠎ᠡ ᠨᠢ ᠪᠠᠭ᠎ᠠ᠂ ᠣᠷᠣᠵᠤ ᠰᠠᠭᠤᠷᠢᠰᠢᠬᠤ ᠠᠵᠤ ᠠᠬᠤᠶᠢᠯᠠᠯ ᠤᠨ ᠲᠤᠨᠤᠭ ᠲᠥᠬᠦᠭᠡᠷᠦᠮᠵᠢ ᠶᠢᠨ ᠠᠰᠢᠭᠯᠠᠯᠲᠠ ᠨᠢ ᠬᠢᠵᠠᠭᠠᠷᠯᠠᠭᠳᠠᠬᠤ ᠵᠡᠷᠭᠡ ᠨᠥᠬᠦᠴᠡᠯ ᠤᠨ ᠬᠢᠵᠠᠭᠠᠷᠯᠠᠯ ᠠᠴᠠ ᠪᠣᠯᠣᠭᠠᠳ᠂ ᠬᠦᠷᠢᠶᠡᠯᠡᠩ ᠲᠣᠭᠤᠷᠢᠭ ᠤᠨ ᠬᠤᠶᠠᠳᠠᠬᠢ ᠬᠤᠭᠤᠴᠠᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ 50 ᠮᠦ ᠭᠠᠵᠠᠷ ᠬᠡᠷᠡᠭᠯᠡᠬᠦ ᠪᠠᠷ ᠲᠥᠯᠥᠪᠯᠡᠵᠦ᠂ ᠡᠵᠡᠩᠨᠡᠯᠲᠡ ᠶᠢᠨ ᠲᠠᠯᠠᠪᠠᠶ ᠶᠢ ᠥᠷᠭᠡᠳᠬᠡᠬᠦ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠷᠢᠨᠰᠢᠭᠦᠯᠬᠦ᠂ ᠮᠡᠳᠡᠭᠡ ᠵᠠᠩᠭᠢᠵᠢᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠵᠡᠷᠭᠡ ᠪᠠᠷ ᠳᠠᠮᠵᠢᠭᠤᠯᠤᠨ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号