ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠬᠤᠯᠪᠣᠭᠠᠯᠠᠨ ︽ᠵᠠᠬᠢᠳᠠᠯ ᠰᠤᠷᠪᠤᠯᠵᠢᠯᠠᠯ ᠤᠨ ᠵᠥᠷᠢᠴᠡᠯ ᠮᠠᠷᠭᠤᠯᠳᠤᠭᠠᠨ ᠢ ᠨᠠᠮᠳᠠᠭᠠᠬᠤ ᠠᠵᠢᠯ ᠳᠤ ᠠᠷᠠᠳ ᠤᠨ ᠡᠶᠡᠳᠡᠭᠦᠯᠬᠦ ᠶᠠᠪᠤᠳᠠᠯ ᠢ ᠣᠷᠣᠯᠴᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾᠎ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2018/8/23
     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠵᠥᠷᠢᠴᠡᠯ ᠮᠠᠷᠭᠤᠯᠳᠤᠭᠠᠨ ᠢ ᠣᠯᠠᠨ ᠲᠠᠯ᠎ᠠ ᠠᠴᠠ ᠨᠠᠮᠳᠠᠭᠠᠬᠤ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠰᠠᠨᠠᠯ︾᠂ ︽ᠵᠠᠬᠢᠳᠠᠯ ᠰᠤᠷᠪᠤᠯᠵᠢᠯᠠᠯ ᠤᠨ ᠬᠠᠤᠯᠢ ᠪᠠᠷ ᠵᠠᠰᠠᠵᠢᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠡᠷᠭᠡᠶᠢᠯᠡᠨ ᠨᠠᠮᠳᠠᠭᠠᠬᠤ ᠳᠤᠮᠳᠠᠬᠢ ᠠᠷᠠᠳ ᠤᠨ ᠡᠶᠡᠳᠡᠭᠦᠯᠬᠦ ᠶᠢᠨ ᠴᠢᠬᠤᠯᠠ ᠦᠢᠯᠡᠳᠦᠯ ᠢ ᠰᠠᠶᠢᠲᠤᠷ ᠪᠠᠳᠠᠷᠠᠭᠤᠯᠬᠤ ᠲᠤᠬᠠᠢ ᠪᠦᠬᠦ ᠤᠯᠤᠰ ᠤᠨ ᠠᠷᠠᠳ ᠤᠨ ᠡᠶᠡᠳᠡᠭᠦᠯᠬᠦ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠬᠤᠯᠪᠣᠭᠠᠯᠠᠵᠤ ︽ᠵᠠᠬᠢᠳᠠᠯ ᠰᠤᠷᠪᠤᠯᠵᠢᠯᠠᠯ ᠤᠨ ᠵᠥᠷᠢᠴᠡᠯ ᠮᠠᠷᠭᠤᠯᠳᠤᠭᠠᠨ ᠢ ᠨᠠᠮᠳᠠᠭᠠᠬᠤ ᠠᠵᠢᠯ ᠳᠤ ᠠᠷᠠᠳ ᠤᠨ ᠡᠶᠡᠳᠡᠭᠦᠯᠬᠦ ᠶᠠᠪᠤᠳᠠᠯ ᠢ ᠣᠷᠣᠯᠴᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾᠎ ᠢ ᠳᠠᠷᠤᠮᠠᠯᠯᠠᠨ ᠲᠠᠷᠬᠠᠭᠠᠵᠠᠢ᠃      ︽ᠰᠠᠨᠠᠯ︾᠎ ᠳᠤ᠂ ᠮᠠᠨ ᠤ ᠣᠷᠣᠨ ᠪᠣᠯ ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠲᠤ ᠪᠠᠶᠢᠷᠢᠯᠠᠨ᠂ ᠭᠤᠷᠪᠠᠨ ᠤᠮᠠᠷᠠᠲᠤ ᠶᠢ ᠠᠯᠤᠰᠯᠠᠵᠤ᠂ ᠭᠠᠳᠠᠭᠠᠳᠤ ᠳᠤ ᠪᠠᠨ ᠣᠷᠣᠰ ᠮᠣᠩᠭᠤᠯ ᠲᠠᠢ ᠵᠠᠯᠭᠠᠯᠳᠤᠨ᠂ ᠳᠣᠲᠣᠭᠠᠳᠤ ᠳᠤ ᠪᠠᠨ ᠨᠠᠢᠮᠠᠨ ᠮᠤᠵᠢ ᠣᠷᠣᠨ ᠲᠠᠢ ᠬᠤᠯᠪᠣᠯᠳᠤᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ︽ᠨᠢᠭᠡ ᠪᠦᠰᠡ ᠨᠢᠭᠡ ᠵᠠᠮ︾᠎ ᠤᠨ ᠴᠢᠬᠤᠯᠠ ᠬᠥᠭᠦᠷᠭᠡᠨ ᠪᠠᠬᠢᠯᠡᠯᠲᠡ ᠪᠠ ᠨᠡᠶᠢᠰᠯᠡᠯ ᠪᠡᠭᠡᠵᠢᠩ ᠢ ᠬᠦᠷᠢᠶᠡᠯᠡᠭᠰᠡᠨ ᠴᠢᠬᠤᠯᠠ ᠬᠤᠲᠠ ᠬᠠᠮᠠᠭᠠᠯᠠᠬᠤ ᠭᠤᠣᠯ ᠪᠣᠯᠬᠤᠷ᠂ ᠬᠢᠯᠢ ᠬᠢᠵᠠᠭᠠᠷ ᠤᠨ ᠦᠨᠳᠦᠰᠦᠲᠡᠨ ᠤ ᠣᠷᠣᠨ ᠤ ᠠᠮᠤᠷ ᠲᠦᠪᠰᠢᠨ ᠪᠠ ᠲᠣᠭᠲᠠᠭᠤᠨ ᠢ ᠪᠠᠲᠤᠯᠠᠬᠤ ᠡᠭᠦᠷᠭᠡ ᠲᠤᠶᠢᠯ ᠤᠨ ᠬᠦᠨᠳᠦ ᠪᠠᠶᠢᠳᠠᠭ᠃ ᠠᠷᠠᠳ ᠲᠦᠮᠡᠨ ᠤ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠨᠠᠮᠳᠠᠭᠠᠬᠤ ᠠᠵᠢᠯ ᠳᠤ ᠡᠶᠡᠳᠡᠭᠦᠯᠬᠦ ᠶᠠᠪᠤᠳᠠᠯ ᠢ ᠣᠷᠣᠯᠴᠠᠭᠤᠯᠬᠤ ᠪᠣᠯ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢᠨ ᠰᠢᠰᠲ᠋ᠧᠮᠵᠢ ᠶᠢ ᠤᠷᠲᠤᠳᠬᠠᠬᠤ ᠪᠦᠲᠦᠮᠵᠢᠲᠡᠢ ᠠᠴᠢᠶᠠᠯᠠᠭᠴᠢ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠤᠨ ᠪᠥᠭᠡᠮᠨᠡᠷᠡᠬᠦ ᠶᠢ ᠰᠡᠷᠭᠡᠶᠢᠯᠡᠬᠦ ᠪᠦᠲᠦᠮᠵᠢᠲᠡᠢ ᠠᠷᠭ᠎ᠠ ᠠᠪᠴᠢᠯ ᠪᠠ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠨᠠᠮᠳᠠᠭᠠᠬᠤ ᠠᠵᠢᠯ ᠳᠤ ᠠᠷᠠᠳ ᠤᠨ ᠡᠶᠡᠳᠡᠭᠦᠯᠬᠦ ᠶᠠᠪᠤᠳᠠᠯ ᠢ ᠣᠷᠣᠯᠴᠠᠭᠤᠯᠬᠤ ᠶᠢ ᠠᠬᠢᠭᠤᠯᠬᠤ ᠨᠢ᠂ ᠳᠣᠣᠷ᠎ᠠ ᠥᠪᠡᠷ ᠤᠨ ᠥᠷᠲᠡᠭ᠂ ᠥᠨᠳᠥᠷ ᠦᠷ᠎ᠡ ᠪᠦᠲᠦᠮᠵᠢᠲᠡᠢ ᠪᠠᠷ ᠵᠠᠬᠢᠳᠠᠯ ᠰᠤᠷᠪᠤᠯᠵᠢᠯᠠᠯ ᠤᠨ ᠵᠦᠢᠯᠡᠰ ᠢ ᠡᠶᠡᠳᠡᠭᠦᠯᠦᠨ ᠰᠢᠢᠳᠪᠦᠷᠢᠯᠡᠬᠦ ᠳᠤ ᠠᠰᠢᠭᠲᠠᠢ ᠪᠠᠶᠢᠵᠤ᠂ ᠨᠠᠮ ᠪᠠ ᠠᠷᠠᠳ ᠲᠦᠮᠡᠨ᠂ ᠺᠠᠳ᠋ᠷ ᠪᠠ ᠠᠷᠠᠳ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ ᠴᠢᠳᠠᠬᠤ ᠪᠠᠷ ᠪᠠᠷᠠᠬᠤ ᠦᠭᠡᠢ᠂ ᠡᠷᠬᠡ ᠶᠢ ᠬᠠᠮᠠᠭᠠᠯᠠᠬᠤ ᠪᠠ ᠲᠣᠭᠲᠠᠭᠤᠨ ᠢ ᠬᠠᠮᠠᠭᠠᠯᠠᠬᠤ ᠶᠢ ᠬᠠᠷᠢᠯᠴᠠᠨ ᠨᠢᠭᠡᠳᠦᠭᠦᠯᠬᠦ ᠶᠢ ᠪᠡᠶᠡᠯᠡᠭᠦᠯᠵᠦ ᠴᠢᠳᠠᠨ᠎ᠠ ᠭᠡᠵᠦ ᠵᠢᠭᠠᠵᠤ ᠭᠠᠷᠭᠠᠪᠠ᠃      ︽ᠰᠠᠨᠠᠯ︾᠎ ᠳᠤ᠂ ᠪᠦᠬᠦ ᠣᠷᠣᠨ ᠤ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠪᠠ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠳ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠳᠠᠬᠢ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ᠂ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠴᠢᠩᠭ᠎ᠠ ᠨᠢᠭᠲᠠᠷᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠠᠵᠢᠯ ᠤᠨ ᠣᠨᠣᠯᠵᠢᠬᠤᠨ ᠢ ᠪᠠᠷᠢᠮᠲᠠᠯᠠᠵᠤ᠂ ︽ᠹᠧᠩ ᠴᠢᠶᠣᠤ ᠶᠢᠨ ᠲᠤᠷᠰᠢᠯᠭ᠎ᠠ︾᠎ ᠶᠢ ᠵᠠᠯᠭᠠᠮᠵᠢᠯᠠᠨ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠯ ᠤᠨ ᠵᠦᠢᠯᠡᠰ ᠲᠠᠬᠢ ᠠᠷᠠᠳ ᠤᠨ ᠡᠶᠡᠳᠡᠭᠦᠯᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠲᠣᠣᠷ ᠰᠦᠯᠵᠢᠶ᠎ᠡ ᠶᠢ ᠪᠠᠶᠢᠭᠤᠯᠤᠨ᠂ ᠠᠷᠠᠳ ᠤᠨ ᠡᠶᠡᠳᠡᠭᠦᠯᠬᠦ ᠬᠢᠭᠡᠳ ᠵᠠᠬᠢᠳᠠᠯ ᠰᠤᠷᠪᠤᠯᠵᠢᠯᠠᠯ ᠢ ᠵᠣᠯᠭᠠᠯᠳᠤᠭᠤᠯᠵᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠤᠳᠤᠷᠢᠳᠤᠯᠭ᠎ᠠ ᠨᠢ ᠬᠦᠴᠦᠨ ᠲᠠᠢ᠂ ᠥᠪᠡᠷ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠭᠰᠡᠨ᠂ ᠠᠵᠢᠯ ᠪᠠᠨ ᠵᠣᠬᠢᠴᠠᠭᠤᠯᠤᠭᠰᠠᠨ᠂ ᠠᠵᠢᠯᠯᠠᠭᠠᠨ ᠨᠢ ᠥᠨᠳᠥᠷ ᠪᠦᠲᠦᠮᠵᠢᠲᠡᠢ ᠠᠵᠢᠯ ᠤᠨ ᠪᠠᠶᠢᠷᠢᠰᠢᠭᠤᠯᠤᠯ ᠢ ᠪᠦᠷᠢᠯᠳᠦᠭᠦᠯᠵᠦ  ᠂ ᠵᠥᠷᠢᠴᠡᠯ ᠎ ᠢ ᠴᠠᠭ ᠲᠤᠬᠠᠢ ᠳᠤ ᠨᠢ ᠲᠤᠬᠠᠢ ᠶᠢᠨ ᠭᠠᠵᠠᠷ ᠲᠤ ᠎ ᠨᠢ ᠬᠠᠤᠯᠢ ᠶᠣᠰᠣᠭᠠᠷ ᠨᠠᠮᠳᠠᠭᠠᠨ᠂ ᠡᠩ ᠤᠨ ᠵᠥᠷᠢᠴᠡᠯ ᠮᠠᠷᠭᠤᠯᠳᠤᠭᠠᠨ  ᠢ ᠲᠣᠰᠬᠤᠨ ᠰᠠᠭᠤᠴᠠ ᠠᠴᠠ ᠥᠯᠥ ᠭᠠᠷᠭᠠᠬᠤ᠂ ᠲᠥᠪᠡᠭ ᠪᠤᠳᠤᠯᠢᠶᠠᠨᠲᠠᠢ ᠵᠥᠷᠢᠴᠡᠯ ᠮᠠᠷᠭᠤᠯᠳᠤᠭᠠᠨ ᠢ ᠰᠢᠶᠠᠩ ᠪᠠᠯᠭᠠᠰᠤ ᠠᠴᠠ ᠥᠯᠥ ᠭᠠᠷᠭᠠᠬᠤ᠂ ᠵᠥᠷᠢᠴᠡᠯ ᠮᠠᠷᠭᠤᠯᠳᠤᠭᠠᠨ ᠢ ᠳᠡᠭᠡᠭᠰᠢ ᠥᠯᠥ ᠲᠤᠰᠢᠶᠠᠬᠤ ᠪᠠ ᠵᠠᠬᠢᠳᠠᠯ ᠰᠤᠷᠪᠤᠯᠵᠢᠯᠠᠯ ᠤᠨ ᠵᠥᠷᠢᠴᠡᠯ ᠮᠠᠷᠭᠤᠯᠳᠤᠭᠠᠨ ᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ ᠪᠡᠶᠡᠯᠡᠭᠦᠯᠵᠦ᠂ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠂ ᠦᠨᠳᠦᠰᠦᠨ ᠱᠠᠲᠤᠨ ᠤ ᠵᠠᠰᠠᠯᠲᠠ ᠬᠢᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢ ᠦᠨᠡᠨ ᠬᠦ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃      ︽ᠰᠠᠨᠠᠯ︾᠎ ᠳᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠲᠦᠮᠡᠨ ᠤ ᠡᠶᠡᠳᠡᠭᠦᠯᠬᠦ ᠬᠠᠤᠯᠢ︾᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠵᠠᠬᠢᠳᠠᠯ ᠰᠤᠷᠪᠤᠯᠵᠢᠯᠠᠯ ᠤᠨ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠮᠠᠷᠭᠤᠯᠳᠤᠭᠠᠨ ᠢ ᠠᠷᠠᠳ ᠤᠨ ᠡᠶᠡᠳᠡᠭᠦᠯᠬᠦ ᠠᠷᠭ᠎ᠠ ᠵᠠᠮ ᠳᠤ ᠤᠳᠤᠷᠢᠳᠤᠨ ᠣᠷᠣᠭᠤᠯᠵᠤ ᠪᠠᠶᠢᠭᠠᠳ ᠨᠠᠮᠳᠠᠭᠠᠬᠤ ᠲᠥᠷᠥᠯ ᠬᠡᠯᠪᠡᠷᠢ ᠶᠢ ᠬᠠᠤᠯᠢ ᠶᠣᠰᠣᠭᠠᠷ ᠵᠠᠭᠠᠭᠯᠠᠨ ᠲᠣᠭᠲᠠᠭᠠᠵᠤ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ᠂ ᠴᠤᠪᠤᠷᠠᠯ ᠪᠠ ᠠᠷᠭ᠎ᠠ ᠶᠣᠰᠣᠭᠠᠷ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠮᠠᠷᠭᠤᠯᠳᠤᠭᠠᠨ ᠢ ᠡᠶᠡᠳᠡᠭᠦᠯᠬᠦ ᠶᠢ ᠵᠢᠷᠤᠮᠵᠢᠭᠤᠯᠤᠨ᠂ ᠬᠠᠤᠯᠢ ᠶᠣᠰᠣᠭᠠᠷ ᠡᠶᠡᠳᠡᠭᠦᠯᠬᠦ ᠪᠠ ᠡᠷᠬᠡ ᠲᠡᠭᠰᠢ ᠲᠥᠪ ᠭᠤᠣᠯᠴᠢ ᠪᠠᠶᠢᠬᠤ ᠶᠢ ᠭᠦᠢᠴᠡᠳᠬᠡᠵᠦ᠂ ᠵᠥᠷᠢᠴᠡᠯ ᠮᠠᠷᠭᠤᠯᠳᠤᠭᠠᠨ ᠢ ᠪᠦᠲᠦᠮᠵᠢᠲᠡᠢ ᠬᠤᠪᠢᠶᠠᠷᠢᠯᠠᠨ ᠰᠠᠯᠭᠠᠬᠤ ᠪᠠ ᠴᠠᠭ ᠲᠤᠬᠠᠢ ᠳᠤ ᠨᠢ ᠨᠠᠮᠳᠠᠭᠠᠬᠤ ᠶᠢ ᠪᠡᠶᠡᠯᠡᠭᠦᠯᠬᠦ ᠬᠡᠷᠡᠭᠲᠡᠢ᠃ ᠵᠥᠷᠢᠴᠡᠯ ᠮᠠᠷᠭᠤᠯᠳᠤᠭᠠᠨ ᠢ ᠣᠯᠠᠨ ᠲᠠᠯ᠎ᠠ ᠠᠴᠠ ᠨᠠᠮᠳᠠᠭᠠᠬᠤ ᠲᠣᠭᠲᠠᠴᠠ ᠳᠠᠬᠢ ᠠᠷᠠᠳ ᠤᠨ ᠡᠶᠡᠳᠡᠭᠦᠯᠬᠦ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠮᠠᠷᠭᠤᠯᠳᠤᠭᠠᠨ ᠢ ᠨᠠᠮᠳᠠᠭᠠᠬᠤ ᠳᠤ ᠣᠷᠣᠯᠴᠠᠭᠤᠯᠬᠤ ᠬᠡᠷᠡᠭᠲᠡᠢ ᠭᠡᠵᠦ ᠱᠠᠭᠠᠷᠳᠠᠵᠠᠢ᠃      ︽ᠰᠠᠨᠠᠯ︾᠎ ᠳᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠪᠠ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠳ ᠵᠠᠬᠢᠳᠠᠯ ᠰᠤᠷᠪᠤᠯᠵᠢᠯᠠᠯ ᠤᠨ ᠵᠦᠢᠯᠡᠰ ᠤᠨ ᠠᠷᠠᠳ ᠲᠦᠮᠡᠨ ᠤ ᠡᠶᠡᠳᠡᠭᠦᠯᠬᠦ ᠵᠥᠪᠯᠡᠯ ᠢ ᠬᠠᠮᠲᠤ ᠪᠠᠷ ᠵᠣᠬᠢᠶᠠᠨ ᠪᠠᠶᠢᠭᠤᠯᠵᠤ᠂ ᠵᠠᠬᠢᠳᠠᠯ ᠰᠤᠷᠪᠤᠯᠵᠢᠯᠠᠯ ᠤᠨ ᠬᠦᠯᠢᠶᠡᠨ ᠠᠪᠴᠤ ᠠᠭᠤᠯᠵᠠᠬᠤ ᠲᠠᠯᠠᠪᠤᠷ ᠭᠠᠵᠠᠷ ᠲᠤ ᠠᠷᠠᠳ ᠤᠨ ᠡᠶᠡᠳᠡᠭᠦᠯᠬᠦ ᠠᠵᠢᠯ ᠤᠨ ᠲᠠᠰᠤᠭ ᠪᠠ ᠠᠷᠠᠳ ᠤᠨ ᠡᠶᠡᠳᠡᠭᠦᠯᠦᠭᠴᠢ ᠲᠣᠮᠢᠯᠠᠨ ᠰᠠᠭᠤᠯᠭᠠᠬᠤ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰ ᠱᠠᠲᠤᠨ ᠤ ᠪᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠤᠨ ᠠᠷᠠᠳ ᠤᠨ ᠡᠶᠡᠳᠡᠭᠦᠯᠬᠦ ᠵᠥᠪᠯᠡᠯ ᠢ ᠬᠠᠷᠢᠭᠤᠴᠠᠨ ᠵᠢᠯᠣᠭᠤᠳᠴᠤ᠂ ᠰᠤᠮᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠵᠠᠬᠢᠳᠠᠯ ᠰᠤᠷᠪᠤᠯᠵᠢᠯᠠᠯ ᠤᠨ ᠠᠷᠠᠳ ᠤᠨ ᠡᠶᠡᠳᠡᠭᠦᠯᠬᠦ ᠦᠢᠯᠡᠴᠢᠯᠡᠭᠡ ᠶᠢᠨ ᠴᠣᠩᠬᠤᠪᠴᠢ ᠪᠠ ᠰᠤᠮᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠠᠷᠠᠳ ᠤᠨ ᠡᠶᠡᠳᠡᠭᠦᠯᠬᠦ ᠵᠥᠪᠯᠡᠯ ᠤᠨ ᠬᠢᠨ ᠵᠠᠬᠢᠳᠠᠯ ᠰᠤᠷᠪᠤᠯᠵᠢᠯᠠᠯ ᠤᠨ ᠵᠥᠷᠢᠴᠡᠯ ᠮᠠᠷᠭᠤᠯᠳᠤᠭᠠᠨ ᠢ ᠬᠦᠯᠢᠶᠡᠨ ᠠᠪᠴᠤ ᠭᠦᠢᠴᠡᠳᠬᠡᠬᠦ᠂ ᠰᠢᠯᠵᠢᠭᠦᠯᠦᠨ ᠲᠤᠰᠢᠶᠠᠬᠤ᠂ ᠬᠠᠷᠢᠭᠤ ᠲᠤᠰᠬᠠᠬᠤ ᠪᠠ ᠲᠣᠭᠠᠯᠠᠨ ᠪᠦᠷᠢᠳᠬᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃      ︽ᠰᠠᠨᠠᠯ︾᠎ ᠳᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ᠂ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠪᠠ ᠵᠠᠬᠢᠳᠠᠯ ᠰᠤᠷᠪᠤᠯᠵᠢᠯᠠᠯ ᠤᠨ ᠵᠦᠢᠯᠡᠰ ᠤᠨ ᠠᠷᠠᠳ ᠤᠨ ᠡᠶᠡᠳᠡᠭᠦᠯᠬᠦ ᠵᠥᠪᠯᠡᠯ ᠤᠨ ᠬᠢᠨ ᠲᠤᠰ ᠲᠤᠰ ᠨᠢᠭᠡ ᠬᠠᠷᠢᠯᠴᠠᠭᠴᠢ ᠲᠣᠭᠲᠠᠭᠠᠨ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠮᠠᠷᠭᠤᠯᠳᠤᠭᠠᠨ ᠢ ᠣᠶᠢᠯᠠᠭᠠᠯᠴᠠᠨ ᠵᠣᠬᠢᠴᠠᠭᠤᠯᠬᠤ ᠳᠤ ᠠᠷᠠᠳ ᠤᠨ ᠡᠶᠡᠳᠡᠭᠦᠯᠬᠦ ᠶᠠᠪᠤᠳᠠᠯ ᠢ ᠣᠷᠣᠯᠴᠠᠭᠤᠯᠬᠤ ᠶᠢ ᠬᠠᠷᠢᠭᠤᠴᠠᠭᠤᠯᠬᠤ ᠬᠡᠷᠡᠭᠲᠡᠢ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ᠂ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠪᠠ ᠵᠠᠬᠢᠳᠠᠯ ᠰᠤᠷᠪᠤᠯᠵᠢᠯᠠᠯ ᠤᠨ ᠵᠦᠢᠯᠡᠰ ᠤᠨ ᠠᠷᠠᠳ ᠤᠨ ᠡᠶᠡᠳᠡᠭᠦᠯᠬᠦ ᠵᠥᠪᠯᠡᠯ ᠵᠡᠷᠭᠡ ᠨᠢ ᠠᠵᠢᠯ ᠤᠨ ᠵᠤᠷᠰᠢᠯᠲᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠤᠨ᠂ ᠪᠠᠶᠢᠳᠠᠯ ᠢᠶᠠᠨ ᠰᠣᠯᠢᠯᠴᠠᠵᠤ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠮᠠᠷᠭᠤᠯᠳᠤᠭᠠᠨ ᠤ ᠬᠠᠨᠳᠤᠰᠢ ᠶᠢ ᠵᠠᠳᠠᠯᠬᠤ ᠪᠠ ᠰᠤᠳᠤᠯᠤᠨ ᠮᠠᠭᠠᠳᠯᠠᠵᠤ᠂ ᠰᠡᠷᠭᠡᠶᠢᠯᠡᠬᠦ ᠬᠢᠭᠡᠳ ᠨᠠᠮᠳᠠᠭᠠᠬᠤ ᠠᠷᠭᠠᠴᠠᠭᠠᠬᠤ ᠪᠣᠳᠣᠯᠭ᠎ᠠ ᠪᠠ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ᠂ ᠠᠵᠢᠯ ᠢᠶᠠᠨ ᠵᠡᠷᠭᠡ ᠪᠠᠷ ᠥᠷᠨᠢᠭᠦᠯᠬᠦ ᠶᠢ ᠪᠡᠶᠡᠯᠡᠭᠦᠯᠬᠦ ᠬᠡᠷᠡᠭᠲᠡᠢ᠃ ᠬᠠᠤᠯᠢᠴᠢ᠂ ᠠᠯᠪᠠᠨ ᠭᠡᠷᠡᠴᠢᠯᠡᠭᠴᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠭᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡ ᠶᠢᠨ ᠠᠵᠢᠯᠲᠠᠳ᠂ ᠬᠠᠤᠯᠢ ᠴᠠᠭᠠᠵᠠ ᠶᠢᠨ ᠲᠤᠰᠠᠯᠠᠨ ᠳᠡᠮᠵᠢᠬᠦ ᠠᠵᠢᠯᠲᠠᠳ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠵᠠᠬᠢᠳᠠᠯ ᠰᠤᠷᠪᠤᠯᠵᠢᠯᠠᠯ ᠤᠨ ᠬᠡᠷᠡᠭ ᠢ ᠨᠠᠮᠳᠠᠭᠠᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠵᠠᠢ᠃      ︽ᠰᠠᠨᠠᠯ︾᠎ ᠳᠤ᠂ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ᠂ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠳ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠵᠠᠬᠢᠳᠠᠯ ᠰᠤᠷᠪᠤᠯᠵᠢᠯᠠᠯ ᠤᠨ ᠵᠥᠷᠢᠴᠡᠯ ᠮᠠᠷᠭᠤᠯᠳᠤᠭᠠᠨ ᠢ ᠨᠠᠮᠳᠠᠭᠠᠬᠤ ᠠᠵᠢᠯ ᠳᠤ ᠠᠷᠠᠳ ᠤᠨ ᠡᠶᠡᠳᠡᠭᠦᠯᠬᠦ ᠶᠠᠪᠤᠳᠠᠯ ᠢ ᠣᠷᠣᠯᠴᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠳᠡᠮᠵᠢᠭᠦᠯᠬᠦ ᠪᠠᠷ ᠴᠢᠷᠮᠠᠶᠢᠵᠤ᠂ ᠨᠢᠭᠡᠳᠦᠯᠲᠡᠢ ᠪᠠᠷ ᠤᠳᠤᠷᠢᠳᠬᠤ᠂ ᠵᠣᠬᠢᠴᠠᠭᠤᠯᠤᠨ ᠵᠣᠯᠭᠠᠯᠳᠤᠭᠤᠯᠬᠤ ᠪᠠ ᠪᠠᠲᠤᠯᠠᠨ ᠲᠤᠯᠭᠠᠭᠤᠷᠢᠯᠠᠬᠤ ᠶᠢ ᠴᠢᠩᠭᠠᠳᠬᠠᠬᠤ ᠬᠡᠷᠡᠭᠲᠡᠢ᠃ ᠭᠤᠣᠯ ᠤᠳᠤᠷᠢᠳᠤᠯᠭ᠎ᠠ ᠠᠴᠠ ᠲᠦᠷᠦᠭᠦᠯᠡᠨ ᠵᠣᠬᠢᠴᠠᠭᠤᠯᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠠᠬᠢᠭᠤᠯᠤᠨ ᠨᠠᠶᠢᠳᠠᠪᠤᠷᠢᠵᠢᠭᠤᠯᠬᠤ ᠶᠢ ᠰᠢᠭᠤᠳ ᠠᠳᠬᠤᠵᠤ᠂ ᠲᠤᠰᠬᠠᠢ ᠬᠥᠮᠥᠨ ᠲᠣᠭᠲᠠᠭᠠᠵᠤ ᠵᠣᠯᠭᠠᠯᠳᠤᠭᠤᠯᠬᠤ ᠠᠵᠢᠯ ᠢ ᠬᠠᠷᠢᠭᠤᠴᠠᠭᠤᠯᠬᠤ ᠬᠡᠷᠡᠭᠲᠡᠢ᠃ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠪᠠ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠳ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ ᠴᠢᠩᠭᠠᠳᠬᠠᠵᠤ᠂ ᠲᠤᠰ ᠵᠦᠢᠯ ᠤᠨ ᠠᠵᠢᠯ ᠤᠨ ᠪᠠᠶᠢᠳᠠᠯ ᠢ ᠰᠢᠯᠭᠠᠨ ᠬᠢᠨᠠᠬᠤ ᠬᠡᠪᠴᠢᠶᠡᠨ ᠳᠤ ᠪᠠᠨ ᠣᠷᠣᠭᠤᠯᠤᠨ᠂ ᠡᠯ᠎ᠡ ᠵᠦᠢᠯ ᠤᠨ ᠡᠭᠦᠷᠭᠡ ᠶᠢ ᠲᠤᠭᠤᠰᠢᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ