ᠵᠢᠯ ᠤᠨ ᠡᠬᠢᠨ ᠠᠴᠠ ᠨᠠᠭᠠᠰᠢ᠂ ᠲᠦᠩᠯᠢᠶᠣᠤ ᠬᠤᠳᠠ 10 ᠲᠦᠮᠡᠨ ᠤᠶᠤᠲᠠᠳ ᠲᠤ ᠠᠵᠢᠯ ᠣᠯᠭᠤᠬᠤ ᠪᠠ | ᠦᠢᠯᠡᠰ ᠴᠣᠭᠴᠠᠯᠠᠬᠤ ᠲᠥᠪᠯᠡᠷᠡᠩᠭᠦᠢ ᠲᠥᠯᠥᠪᠯᠡᠭᠡ ᠶᠢ ᠬᠡᠷᠡᠭᠵᠢᠭᠦᠯᠵᠦ᠂ ︽ᠳᠦᠷᠪᠡᠨ ᠨᠢᠭᠡ ᠪᠦᠯᠦᠭ︾ ᠢᠶᠠᠷ | ᠳᠠᠮᠵᠢᠭᠤᠯᠤᠨ ᠤᠶᠤᠲᠠᠳ ᠤᠨ ᠠᠵᠢᠯ ᠤᠯᠬᠤ ᠪᠠ ᠦᠢᠯᠡᠰ ᠴᠣᠭᠴᠠᠯᠠᠬᠤ ᠠᠵᠢᠯ ᠢ ᠪᠦᠲᠦᠮᠵᠢᠲᠡᠢ ᠠᠬᠢᠭᠤᠯᠪᠠ᠃ | ᠨᠢᠭᠡ ᠳᠤ ᠠᠵᠤ ᠠᠬᠤᠶᠢᠯᠠᠯ ᠨᠢᠭᠡ ᠪᠦᠯᠦᠭ ᠢ ᠡᠯᠰᠡᠨ ᠬᠡᠷᠡᠭᠯᠡᠪᠡ᠃ ᠤᠷᠢᠵᠤ ᠬᠡᠷᠡᠭᠯᠡᠬᠦ ᠴᠤᠭᠯᠠᠭᠠᠨ ᠢ | ᠪᠠᠶᠢᠩᠭᠤᠵᠢᠭᠤᠯᠤᠨ ᠡᠷᠬᠢᠯᠡᠵᠦ᠂ ︽ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ | ᠵᠥᠪᠳᠡᠯᠴᠡᠭᠡᠷ ᠵᠢᠴᠢ ᠴᠢᠳᠠᠪᠤᠷᠢᠲᠠᠨ ᠤ ᠡᠭᠦᠯᠡᠨ ᠦᠢᠯᠡᠴᠢᠯᠡᠭᠡ ᠰᠣᠯᠢᠯᠴᠠᠭ᠎ᠠ ᠶᠢᠨ ᠬᠠᠪᠤᠷ ᠤᠨ ᠶᠡᠭᠡ ᠬᠤᠷᠠᠯ︾᠂ ︽ | ᠸᠠᠨ ᠳ᠋ᠠ ᠠᠭᠤᠳᠠᠮ ᠲᠠᠯᠠᠪᠠᠢ ᠶᠢᠨ ᠠᠵᠢᠯᠲᠠᠨ ᠤᠷᠢᠨ ᠡᠯᠰᠡᠬᠦ ᠴᠤᠭᠯᠠᠭᠠᠨ︾᠂ ︽ᠰᠤᠷᠭᠠᠭᠤᠯᠢ ᠶᠢᠨ ᠬᠦᠷᠢᠶᠡᠨ ᠤ | ᠠᠵᠢᠯᠲᠠᠨ ᠤᠷᠢᠨ ᠡᠯᠰᠡᠬᠦ ᠴᠤᠭᠯᠠᠭᠠᠨ︾᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ | ᠤᠷᠢᠨ ᠡᠯᠰᠡᠬᠦ ᠭᠠᠷᠠᠭ︾ ᠵᠡᠷᠭᠡ ᠰᠢᠷᠢᠰ ᠠᠵᠢᠯᠯᠠᠭ᠎ᠠ ᠪᠠᠷ ᠳᠠᠮᠵᠢᠨ᠂ ᠠᠵᠤ ᠠᠬᠤᠶᠢᠯᠠᠯ ᠪᠣᠯᠤᠨ ᠶᠠᠳᠠᠭᠤ | ᠬᠦᠴᠢᠷᠳᠡᠯ ᠲᠠᠢ ᠤᠶᠤᠲᠠᠳ ᠤᠨ ᠠᠵᠢᠯ ᠡᠷᠢᠬᠦ ᠶᠢ ᠵᠣᠯᠭᠠᠭᠤᠯᠬᠤ ᠲᠠᠪᠴᠠᠩ ᠪᠠᠶᠢᠭᠤᠯᠵᠤ᠂ ᠨᠢᠭᠡ ᠪᠦᠯᠦᠭ ᠢ ᠨᠢ | ᠠᠵᠤ ᠠᠬᠤᠶᠢᠯᠠᠯ ᠳᠤ ᠠᠵᠢᠯ ᠣᠯᠭᠤᠪᠠ᠃ ᠡᠯ᠎ᠡ ᠲᠥᠷᠥᠯ ᠤᠨ ᠠᠵᠢᠯᠲᠠᠨ ᠤᠷᠢᠨ ᠡᠯᠰᠡᠬᠦ ᠴᠤᠭᠯᠠᠭᠠᠨ ᠢ ᠨᠡᠶᠢᠲᠡ | 50 ᠭᠠᠷᠤᠶ ᠲᠠᠯᠠᠪᠤᠷ ᠡᠷᠬᠢᠯᠡᠵᠦ᠂ 3.6 ᠲᠦᠮᠡᠨ ᠠᠵᠢᠯ ᠤᠨ ᠪᠠᠶᠢᠷᠢ ᠬᠠᠩᠭᠠᠵᠤ᠂ 1.62 ᠲᠦᠮᠡᠨ ᠬᠥᠮᠦᠨ ᠳᠤ | ᠠᠵᠢᠯ ᠣᠯᠭᠤᠪᠠ᠂ ᠡᠭᠦᠨ ᠳᠤ᠄ ᠶᠡᠭᠡ ᠰᠤᠷᠭᠠᠭᠤᠯᠢ ᠶᠢᠨ 7806 ᠣᠶᠣᠲᠠᠳ ᠲᠤ ᠠᠵᠢᠯ ᠣᠯᠭᠤᠵᠠᠢ᠃ | ᠬᠤᠶᠠᠷ ᠲᠤ ᠨᠢᠭᠡ ᠪᠦᠯᠦᠭ ᠨᠢ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠪᠠ᠃ ︽2018 ᠣᠨ ᠤ | ᠲᠦᠩᠯᠢᠶᠣᠣ ᠬᠤᠲᠠ ᠶᠢᠨ ᠤᠶᠤᠲᠠᠳ ᠲᠤ ᠠᠵᠢᠯ ᠣᠯᠭᠤᠬᠤ ᠵᠥᠪᠳᠡᠯᠴᠡᠭᠡᠷ ᠵᠢᠴᠢ ᠦᠢᠯᠡᠰ ᠴᠣᠭᠴᠠᠯᠠᠬᠤ ᠳᠤ | ᠬᠤᠯᠪᠣᠭᠠᠯᠠᠨ ᠣᠷᠣᠯᠴᠠᠬᠤ ᠲᠥᠷᠥᠯ ᠵᠦᠢᠯ ᠤᠨ ᠲᠠᠨᠢᠯᠴᠠᠭᠤᠯᠬᠤ ᠦᠵᠡᠭᠦᠯᠦᠯᠭᠡ ᠶᠢᠨ ᠴᠤᠭᠯᠠᠭᠠᠨ︾ ᠢ ᠢᠳᠡᠪᠬᠢᠲᠡᠶ | ᠪᠡᠯᠡᠳᠬᠡᠨ ᠡᠷᠬᠢᠯᠡᠵᠦ᠂ ︽ᠲᠥᠪᠯᠡᠷᠡᠩᠭᠦᠶ ᠮᠠᠶ᠋ᠢᠭ︾ ᠤᠨ ᠦᠢᠯᠡᠰ ᠴᠣᠭᠴᠠᠯᠠᠬᠤ ᠨᠡᠪᠴᠢᠭᠦᠯᠦᠭᠦᠷ ᠤᠨ 34 | ᠰᠠᠭᠤᠷᠢᠨ ᠭᠠᠵᠠᠷ ᠪᠠ ︽ᠲᠠᠷᠠᠬᠠᠢ ᠮᠠᠶ᠋ᠢᠭ︾ ᠤᠨ ᠦᠢᠯᠡᠰ ᠴᠣᠭᠴᠠᠯᠠᠬᠤ ᠨᠡᠪᠴᠢᠭᠦᠯᠦᠭᠦᠷ ᠤᠨ 1586 ᠲᠣᠤᠷ | ᠴᠢᠭ ᠪᠠᠶᠢᠭᠤᠯᠤᠨ᠂ ᠤᠶᠤᠲᠠᠳ ᠲᠤ ᠦᠢᠯᠡᠰ ᠴᠣᠭᠴᠠᠯᠠᠬᠤ ᠳᠤᠨᠢ ᠲᠠᠪᠴᠠᠩ ᠪᠠᠶᠢᠭᠤᠯᠵᠤ ᠥᠭᠴᠡᠢ᠃ 29 | ᠦᠢᠯᠡᠰ ᠴᠣᠭᠴᠠᠯᠠᠬᠤ ᠪᠦᠯᠬᠦᠮ ᠨᠡᠶᠢᠲᠡ ᠶᠢ ᠰᠤᠩᠭᠤᠵᠤ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ | ᠰᠢᠨ᠎ᠡ ᠶᠢ ᠡᠭᠦᠳᠬᠦ ᠤᠷᠤᠯᠳᠤᠭᠠᠨ ᠳᠤ ᠤᠷᠤᠯᠴᠠᠭᠤᠯᠪᠠ᠃ ᠡᠭᠦᠨ ᠤ ᠬᠠᠮᠲᠤ᠂ ᠦᠢᠯᠡᠰ ᠴᠣᠭᠴᠠᠯᠠᠬᠤ ᠬᠦᠰᠡᠯ | ᠵᠣᠷᠢᠯᠲᠠ ᠲᠠᠢ ᠤᠶᠤᠲᠠᠳ ᠲᠤ ᠦᠨ᠎ᠡ ᠲᠦᠯᠦᠪᠦᠷᠢ ᠦᠭᠡᠢ ᠪᠠᠷ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠢᠵᠦ᠂ | ᠨᠡᠶᠢᠳᠡ 471 ᠬᠥᠮᠦᠨ ᠢ ᠪᠣᠯᠪᠠᠰᠤᠷᠠᠭᠤᠯᠪᠠ︔ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢ 830 | ᠲᠦᠮᠡᠨ ᠲᠥᠭᠦᠷᠢᠭ ᠪᠠᠭᠤᠯᠭᠠᠵᠤ᠂ 414 ᠬᠥᠮᠦᠨ ᠠᠮᠵᠢᠯᠲᠠ ᠲᠠᠢ ᠪᠠᠷ ᠦᠢᠯᠡᠰ ᠴᠣᠭᠴᠠᠯᠠᠨ ᠂ 712 | ᠬᠥᠮᠥᠨ ᠤ ᠠᠵᠢᠯ ᠣᠯᠭᠤᠯᠲᠠ ᠶᠢ ᠳᠠᠶᠢᠴᠢᠯᠠᠪᠠ᠃ | ᠭᠤᠷᠪᠠ ᠳᠤ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠨᠢᠭᠡ ᠪᠦᠯᠦᠭ ᠢ ᠨᠢ ᠰᠢᠯᠭᠠᠨ ᠡᠯᠰᠡᠪᠡ᠃ | ᠠᠯᠪᠠᠳᠠᠨ ᠢ ᠰᠢᠯᠭᠠᠨ ᠡᠯᠰᠡᠬᠦ᠂ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠲᠣᠭᠲᠠᠴᠠ ᠶᠢ | ᠪᠦᠷᠢᠨᠰᠢᠭᠦᠯᠵᠦ᠂ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ︽ᠰᠠᠭᠠᠳ ᠥᠬᠡᠶ | ᠨᠡᠪᠲᠡᠷᠡᠬᠦ ᠵᠠᠮ︾ ᠢ ᠰᠢᠯᠤᠭᠤᠳᠬᠠᠵᠤ᠂ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠨ ᠡᠯᠰᠡᠬᠦ | ᠲᠥᠰᠦᠯ ᠪᠠ ᠠᠵᠢᠯ ᠤᠨ ᠪᠠᠶᠢᠷᠢ ᠶᠢᠨ ᠲᠥᠯᠥᠪᠯᠡᠭᠡ ᠶᠢ ᠲᠣᠭᠲᠠᠭᠠᠵᠤ᠂ ᠨᠡᠶᠢᠲᠡ 1700 ᠭᠠᠷᠤᠶ ᠬᠥᠮᠦᠨ ᠢ | ᠡᠯᠰᠡᠬᠦ ᠪᠣᠯᠪᠠ᠂ ᠵᠢᠱᠢᠯᠲᠡ ᠪᠠᠷ 9 ᠳ᠋ᠦ᠋ᠭᠡᠷ ᠰᠠᠷ᠎ᠠ ᠳᠤ ᠰᠢᠯᠭᠠᠨ᠎ᠠ᠃ ᠡᠭᠦᠨ ᠤ ᠬᠠᠮᠲᠤ᠂ ᠨᠠᠮ ᠵᠠᠰᠠᠭ ᠤᠨ | ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠳᠤ 342 ᠬᠥᠮᠥᠨ ᠳᠤ ᠠᠵᠢᠯ ᠣᠯᠭᠤᠨ᠎ᠠ᠂ ᠡᠭᠦᠨ ᠳᠤ᠂ | ᠠᠯᠪᠠᠲᠠᠨ ᠢᠶᠠᠷ 97 ᠬᠥᠮᠦᠨ ᠡᠯᠰᠡᠨ᠎ᠡ᠃ | ᠲᠦᠷᠪᠡ ᠳᠤ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠪᠠ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠬᠦ ᠪᠠᠷ ᠨᠢᠭᠡ ᠪᠦᠯᠦᠭ ᠢ ᠨᠢ ᠲᠣᠬᠢᠷᠠᠭᠤᠯᠪᠠ᠃ ︽ᠭᠤᠷᠪᠠ ᠶᠢ ᠳᠡᠮᠵᠢᠵᠦ | ᠨᠢᠭᠡ ᠶᠢ ᠲᠡᠳᠬᠦᠬᠦ︾ ᠵᠡᠷᠭᠡ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠲᠥᠯᠥᠪᠯᠡᠭᠡ ᠶᠢ | ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ 1070 ᠣᠶᠤᠲᠠᠨ ᠢ ᠡᠯᠰᠡᠨ ᠦᠨᠳᠦᠰᠦᠨ ᠱᠠᠲᠤᠨ ᠳᠤ | ᠦᠢᠯᠡᠴᠢᠯᠡᠭᠦᠯᠪᠡ᠂ ᠣᠳᠣᠬᠠᠨ ᠳᠤ ᠰᠢᠯᠭᠠᠯᠲᠠ ᠪᠠ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠪᠣᠯᠪᠠᠰᠤᠷᠠᠭᠤᠯᠤᠯ ᠤᠨ ᠠᠵᠢᠯ ᠨᠢᠭᠡᠨᠲᠡ ᠳᠠᠭᠤᠰᠤᠭᠰᠠᠨ ᠪᠠᠶᠢᠨ᠎ᠠ᠃ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ | ᠵᠢᠴᠢ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠶᠢᠨ ᠦᠢᠯᠡᠴᠢᠯᠡᠭᠡᠨ ᠤ ᠠᠵᠢᠯ ᠤᠨ | ᠪᠠᠶᠢᠷᠢ ᠶᠢ ᠶᠡᠬᠡᠪᠡᠷ ᠬᠤᠳᠠᠯᠳᠤᠨ ᠠᠪᠬᠤ ᠪᠠᠷ ᠳᠠᠮᠵᠢᠨ᠂ ᠵᠠᠮ ᠬᠠᠷᠢᠯᠴᠠᠭᠠᠨ ᠤ ᠠᠵᠢᠯ ᠤᠨ ᠬᠠᠪᠰᠤᠷᠤᠭᠴᠢ᠂ | ᠠᠮᠤᠷ ᠢ ᠬᠠᠮᠠᠭᠠᠯᠠᠭᠴᠢ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ | ᠬᠥᠭᠵᠢᠭᠦᠯᠵᠦ᠂ 1152 ᠤᠶᠤᠲᠠᠳ ᠲᠤ ᠠᠵᠢᠯ ᠣᠯᠭᠤᠪᠠ᠃ ᠡᠭᠦᠨ ᠳᠤ᠄ ᠮᠣᠩᠭᠤᠯ ᠢᠶᠠᠷ ᠬᠢᠴᠢᠶᠡᠯᠡᠭᠰᠡᠨ ᠪᠠ | ᠶᠠᠳᠠᠭᠤ ᠬᠦᠴᠢᠷᠳᠡᠯ ᠲᠠᠢ ᠬᠡᠷ ᠪᠦᠯᠢ ᠶᠢᠨ ᠤᠶᠤᠲᠠᠳ 215 ᠬᠥᠮᠦᠨ ᠪᠤᠢ᠃ | | |