︽ᠨᠤᠭᠤᠭᠠᠨ ᠪᠠᠮᠪᠠᠢ 2018︾ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠤ ᠬᠢᠨᠠᠯᠲᠠ ᠲᠠᠯᠪᠢᠨ ᠪᠠᠶᠢᠴᠠᠭᠠᠬᠤ ᠲᠤᠰᠬᠠᠢ ᠲᠦᠷᠦᠯ ᠤᠨ ᠠᠵᠢᠯᠯᠠᠭ᠎ᠠ ᠶᠢᠨ ᠲᠤᠭᠤᠷᠢᠨ ᠪᠠᠶᠢᠴᠠᠭᠠᠬᠤ ᠳᠤᠭᠤᠶᠢᠯᠠᠩ ᠦᠪᠦᠷ ᠮᠤᠩᠭᠤᠯ ᠳᠤ ᠤᠷᠤᠵᠤ ᠰᠠᠭᠤᠪᠠ
ᠨᠡᠶᠢᠲᠡᠯᠡᠭᠰᠡᠨ ᠴᠠᠭ᠄
2018/8/29
     ᠠᠮᠢ ᠠᠬᠤᠢ ᠤᠷᠴᠢᠨ ᠲᠤᠭᠤᠷᠢᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠬ ᠤᠨ ᠶᠠᠮᠤᠨ᠂ ᠤᠰᠤᠨ ᠠᠰᠢᠬᠯᠠᠯᠲᠠ ᠶᠢᠨ ᠶᠠᠮᠤᠨ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠵᠡᠷᠭᠡ 5 ᠰᠠᠯᠠᠭ᠎ᠠ ᠮᠦᠴᠢᠷ ᠬᠠᠮᠲᠤᠷᠠᠨ ᠪᠦᠷᠢᠯᠳᠦᠭᠰᠡᠨ ᠲᠤᠰᠬᠠᠢ ᠲᠦᠷᠦᠯ ᠤᠨ ᠠᠵᠢᠯᠯᠠᠭᠠᠨ ᠤ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠦᠪᠦᠷ ᠮᠤᠩᠭᠤᠯ ᠳᠤ ᠢᠷᠡᠵᠤ᠂ ᠮᠠᠨ ᠤ ᠤᠷᠤᠨ ᠳᠤ 10 ᠡᠳᠦᠷ ᠤᠨ ᠬᠤᠭᠤᠴᠠᠭ᠎ᠠ ᠲᠠᠢ ︽ᠨᠤᠭᠤᠭᠠᠨ ᠪᠠᠮᠪᠠᠢ 2018︾ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠤ ᠬᠢᠨᠠᠯᠲᠠ ᠲᠠᠯᠪᠢᠨ ᠪᠠᠶᠢᠴᠠᠭᠠᠬᠤ ᠲᠤᠰᠬᠠᠢ ᠲᠦᠷᠦᠯ ᠤᠨ ᠠᠵᠢᠯᠯᠠᠭ᠎ᠠ ᠦᠷᠨᠢᠭᠦᠯᠬᠦ ᠪᠠᠷ ᠪᠠᠶᠢᠨ᠎ᠠ᠃      ᠲᠤᠰ ᠤᠳᠠᠭᠠᠨ ᠤ ᠲᠤᠭᠤᠷᠢᠨ ᠪᠠᠶᠢᠴᠠᠭᠠᠬᠤ ᠠᠵᠢᠯ ᠨᠢ ᠪᠦᠬᠦ ᠤᠯᠤᠰ ᠲᠤ ᠨᠡᠶᠢᠲᠡ 12 ᠲᠤᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ 31 ᠮᠤᠵᠢ ︵ᠦᠪᠡᠷᠲᠡᠭᠡᠨ ᠵᠠᠰᠠᠬᠤ ᠤᠷᠤᠨ᠂ ᠬᠤᠲᠠ︶᠎ ᠳᠤ ᠪᠦᠷᠬᠦᠭᠦᠯᠦᠨ ᠲᠤᠭᠤᠷᠢᠨ ᠪᠠᠶᠢᠴᠠᠭᠠᠵᠤ᠂ ᠲᠤᠭᠤᠷᠢᠨ ᠪᠠᠶᠢᠴᠠᠭᠠᠬᠤ ᠪᠠᠷ ᠳᠠᠮᠵᠢᠨ᠂ ᠤᠷᠤᠨ ᠨᠤᠲᠤᠬ ᠤᠨ ᠡᠯ᠎ᠡ ᠱᠠᠲᠤᠨ ᠤ ᠵᠠᠰᠠᠬ ᠤᠨ ᠤᠷᠳᠤᠨ ᠪᠠ ᠬᠤᠯᠪᠤᠬᠳᠠᠯ ᠪᠦᠬᠦᠢ ᠰᠠᠯᠠᠭ᠎ᠠ ᠮᠦᠴᠢᠷ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠠᠵᠢᠯ ᠢ ᠤᠯᠠᠮ ᠴᠢᠨᠠᠬᠰᠢᠲᠠ ᠴᠢᠩᠭᠠᠳᠬᠠᠬᠤ ᠶᠢ ᠰᠢᠮᠳᠠᠭᠤᠯᠵᠤ᠂ ᠬᠠᠷᠢᠭᠤᠴᠠᠯᠭ᠎ᠠ ᠶᠢ ᠪᠤᠲᠠᠲᠠᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠲᠠᠢ ᠬᠤᠯᠪᠤᠬᠳᠠᠬᠰᠠᠨ ᠬᠠᠤᠯᠢ ᠳᠦᠷᠢᠮ ᠠᠴᠠ ᠵᠦᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ︽ᠨᠤᠭᠤᠭᠠᠨ ᠪᠠᠮᠪᠠᠢ 2018︾ ᠲᠤᠰᠬᠠᠢ ᠲᠦᠷᠦᠯ ᠤᠨ ᠠᠵᠢᠯᠯᠠᠭ᠎ᠠ ᠶᠢᠨ ᠪᠤᠲᠠᠲᠠᠢ ᠠᠮᠵᠢᠯᠲᠠ ᠤᠯᠬᠤ ᠶᠢ ᠠᠬᠢᠭᠤᠯᠤᠨ᠎ᠡ᠃      ᠲᠤᠭᠤᠷᠢᠨ ᠪᠠᠶᠢᠴᠠᠭᠠᠬᠤ ᠭᠤᠤᠯᠳᠠᠯᠭ᠎ᠠ      ᠪᠦᠬᠦ ᠤᠷᠤᠨ ᠳᠤ ᠪᠦᠬᠦᠨ ᠢ ᠬᠠᠮᠤᠷᠤᠬᠰᠡᠨ ᠲᠤᠭᠤᠷᠢᠨ ᠪᠠᠶᠢᠴᠠᠭᠠᠯᠲᠠ ᠶᠢ ᠦᠷᠨᠢᠬᠦᠯᠵᠤ  ᠂ ᠭᠤᠤᠯᠳᠠᠯᠭ᠎ᠠ ᠎ ᠨᠢ᠄ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠴᠤᠬᠤᠯᠠᠪᠤᠷᠢ ᠦᠭᠬᠦᠭᠰᠡᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ︔ ᠪᠤᠰᠤᠳ ᠲᠦᠪ ᠤᠨ ᠤᠳᠤᠷᠢᠳᠬᠤ ᠨᠦᠬᠦᠳ ᠤᠨ ᠴᠤᠬᠤᠯᠠᠪᠤᠷᠢ ᠦᠭᠴᠤ ᠦᠡᠭᠭᠡᠷᠡᠭᠰᠡᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ︔ ᠵᠠᠭᠤᠴᠢᠯᠠᠭᠤᠷ ᠤᠨ ᠬᠢᠨ ᠤ ᠮᠡᠳᠡᠭᠡᠯᠡᠭᠰᠡᠨ ᠪᠠ ᠬᠢᠨᠡᠨ ᠪᠤᠳᠤᠵᠤ ᠵᠠᠷᠯᠡᠨ ᠮᠡᠳᠡᠭᠳᠡᠭᠰᠡᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ︔ ᠠᠰᠠᠭᠤᠳᠠᠯ ᠳᠤᠪᠤᠶᠢᠮ᠎ᠠ ᠪᠤᠰᠤᠳ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠤᠨ᠎ᠡ᠃      ᠲᠤᠭᠤᠷᠢᠨ ᠪᠠᠶᠢᠴᠠᠭᠠᠬᠤ ᠠᠭᠤᠯᠭ᠎ᠠ      2017 ᠤᠨ ᠠᠴᠠ ᠨᠠᠭᠠᠰᠢ ᠰᠢᠨ᠎ᠡ ᠪᠠᠷ ᠨᠡᠮᠡᠭᠳᠡᠭᠰᠡᠨ ᠬᠠᠤᠯᠢ ᠲᠤᠬᠳᠠᠭᠠᠯ ᠢ ᠵᠦᠷᠢᠴᠡᠭᠰᠡᠨ ᠠᠰᠠᠭᠤᠳᠠᠯ ᠎ ᠤᠨ ᠲᠤᠬᠠᠢ ᠬᠠᠷᠭᠤᠭᠤᠯᠤᠨ ᠪᠠᠶᠢᠴᠠᠭᠠᠵᠤ ᠴᠡᠭᠴᠡᠯᠡᠨ ᠵᠠᠰᠠᠬᠰᠡᠨ ᠪᠠᠶᠢᠳᠠᠯ︔ ︽ᠨᠤᠭᠤᠭᠠᠨ ᠪᠠᠮᠪᠠᠢ 2018︾ ᠲᠤᠰᠬᠠᠢ ᠲᠦᠷᠦᠯ ᠤᠨ ᠠᠵᠢᠯᠯᠠᠭᠠᠨ ᠤ ᠴᠡᠭᠴᠡᠯᠡᠨ ᠵᠠᠰᠠᠬᠰᠡᠨ ᠪᠠᠶᠢᠳᠠᠯ ᠤᠨ ︽ᠪᠤᠴᠠᠨ ᠪᠠᠶᠢᠴᠠᠭᠠᠬᠤ︾ ᠠᠵᠢᠯ︔ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠵᠠᠭᠠᠭ ᠬᠠᠶᠢᠵᠤ ᠲᠠᠮᠳᠡᠭ ᠪᠤᠰᠬᠠᠬᠤ᠂ ᠪᠠᠶᠢᠭᠤᠯᠤᠮᠵᠢ ᠶᠢᠨ ᠪᠠᠶᠢᠭᠤᠯᠤᠯᠲᠠ᠂ ᠬᠦᠮᠦᠨ ᠤ ᠪᠠᠳᠤᠯᠠᠭ᠎ᠠ ᠪᠠ ᠪᠡᠯᠡ ᠮᠦᠡᠭᠭᠦ ᠶᠢᠨ ᠪᠠᠳᠤᠯᠠᠭ᠎ᠠ ᠵᠡᠷᠭᠡ ᠪᠠᠶᠢᠳᠠᠯ︔ ︽ᠨᠤᠭᠤᠭᠠᠨ ᠪᠠᠮᠪᠠᠢ 2018︾ ᠲᠤᠰᠬᠠᠢ ᠵᠦᠢᠯ ᠤᠨ ᠠᠵᠢᠯᠯᠠᠭᠠᠨ ᠤ ᠠᠰᠠᠭᠤᠳᠠᠯ ᠤᠨ ᠨᠠᠷᠢᠨ ᠲᠠᠩᠰᠡ ᠪᠠᠶᠢᠭᠤᠯᠬᠤ ᠪᠠ ᠳ᠋ᠤᠭᠠᠷ ᠬᠠᠰᠤᠬᠤ ᠲᠦᠷᠢᠮ ᠤᠨ ᠭᠡᠷᠡᠭᠵᠢᠭᠦᠯᠦᠭᠰᠨᠨ ᠪᠠᠶᠢᠳᠠᠯ᠃      ᠲᠤᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠤᠤᠷᠠᠬᠢ ᠢᠯᠡᠴᠢᠯᠡᠨ ᠮᠡᠳᠡᠬᠦᠯᠬᠦ ᠤᠳᠠᠰᠤ ᠪᠠ ᠬᠠᠷᠢᠯᠴᠠᠬᠤ ᠠᠷᠭ᠎ᠠ ᠬᠡᠯᠪᠡᠷᠢ ᠶᠢ ᠨᠡᠶᠢᠲᠡᠯᠡᠵᠦ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠤᠯᠢ ᠲᠤᠬᠳᠠᠭᠠᠯ ᠠᠴᠠ ᠵᠦᠷᠢᠴᠡᠭᠰᠡᠨ ᠠᠰᠠᠭᠤᠳᠠᠯ ᠳᠤ ᠬᠤᠯᠪᠤᠬᠳᠠᠬᠰᠡᠨ ᠰᠦᠪᠡᠭᠴᠢ ᠶᠢ ᠴᠤᠭᠯᠠᠭᠤᠯᠵᠤ ᠪᠠᠶᠢᠨ᠎ᠠ᠃      ᠢᠯᠡᠴᠢᠯᠡᠨ ᠮᠡᠳᠡᠬᠦᠯᠬᠦ ᠤᠳᠠᠰᠤ᠄ 010 — 66556315᠂ 66556317 ︵ᠠᠵᠢᠯᠯᠠᠬᠤ ᠡᠳᠦᠷ 9᠄ 00 — 17᠄ 00︶      ᠹᠠᠺᠰ᠄ 010 — 66556314      ᠢᠮᠧᠯ᠄ reserve@mep.gov.cn      ᠴᠠᠭᠠᠰᠤᠨ ᠮᠠᠲ᠋ᠧᠷᠢᠶᠠᠯ ᠢᠯᠡᠭᠡᠬᠦ ᠰᠢᠤᠳᠠᠨ ᠬᠠᠶ᠋ᠢᠭ᠄ ᠪᠡᠭᠡᠵᠢᠩ ᠬᠤᠳᠠ ᠶᠢᠨ ᠪᠠᠷᠠᠭᠤᠨ ᠬᠤᠳᠠ ᠲᠤᠭᠤᠷᠢᠭ ᠎ ᠤᠨ ᠰᠢ ᡁᠢ ᠮᠧᠨ ᠤ ᠡᠮᠤᠨ᠎ᠡ ᠪᠠᠭ᠎ᠠ ᠵᠠᠭᠡᠯᠢ ᠶᠢᠨ 115 ᠨᠤᠮᠧᠷ᠂ ᠠᠮᠢ ᠠᠬᠤᠢ ᠤᠷᠴᠢᠨ ᠲᠤᠭᠤᠷᠢᠨ ᠤ ᠶᠠᠮᠤᠨ ᠤ ᠠᠮᠢ ᠠᠬᠤᠢ ᠶᠢᠨ ᠵᠤᠷᠭᠠᠨ ᠤ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠭᠠᠵᠠᠷ ︵ᠰᠢᠤᠳᠠᠨ ᠨᠤᠮᠧᠷ᠄ 100035︶
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号