ᠥᠪᠥᠷ ᠮᠣᠩᠭᠤᠯ᠄ ᠰᠦᠯᠵᠢᠶᠡᠨ ᠳᠡᠭᠡᠷ᠎ᠡ ᠰᠢᠯᠵᠢᠭᠦᠯᠦᠨ ᠳᠠᠮᠵᠢᠭᠤᠯᠬᠤ ᠵᠡᠷᠭᠡ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ  ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ
ᠨᠡᠶᠢᠲᠡᠯᠡᠭᠰᠡᠨ ᠴᠠᠭ᠄
2018/8/3
     7 ᠳ᠋ᠤᠭᠠᠷ ᠰᠠᠷ᠎ᠠ ᠶᠢᠨ 31᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠷᠳᠤᠰ ᠬᠤᠳᠠ ᠳᠤ ︽ᠰᠡᠯᠡᠮ᠎ᠡ ᠰᠦᠯᠵᠢᠶ᠎ᠡ 2018︾ ᠲᠤᠰᠬᠠᠶ ᠠᠵᠢᠯᠯᠠᠭᠠᠨ ᠤ ᠳᠠᠶᠢᠴᠢᠯᠠᠯᠲᠠ ᠶᠢᠨ ᠬᠤᠷᠠᠯ ᠬᠢᠪᠡ᠃      ᠬᠤᠷᠠᠯ ᠠᠴᠠ ᠳᠤᠷᠠᠳᠤᠨ ᠭᠠᠷᠭᠠᠭᠰᠠᠨ ᠨᠢ᠂ ᠥᠪᠥᠷ ᠮᠣᠩᠭᠤᠯ ᠰᠦᠯᠵᠢᠶᠡᠨ ᠳᠡᠭᠡᠷᠡᠬᠢ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠭᠰᠠᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠦᠯᠵᠢᠶᠡᠨ ᠳᠡᠭᠡᠷᠡᠬᠢ ᠳᠠᠭᠤᠤ ᠬᠥᠭᠵᠢᠮ᠂ ᠰᠣᠨᠢᠨ ᠮᠡᠳᠡᠭᠡ᠂ ᠺᠠᠷᠲ᠋ᠣᠨ ᠵᠢᠷᠤᠭ᠂ ᠣᠬᠤᠷ ᠸᠢᠳᠢᠣ᠋᠂ ᠰᠦᠯᠵᠢᠶᠡᠨ ᠰᠢᠭᠤᠳ ᠨᠡᠪᠲᠡᠷᠡᠭᠦᠯᠭᠡ ᠵᠡᠷᠭᠡ ᠪᠠᠷ ᠭᠤᠣᠯᠳᠠᠯᠭ᠎ᠠ ᠪᠣᠯᠭᠠᠨ ᠴᠡᠭᠴᠡᠯᠡᠨ ᠵᠠᠰᠠᠵᠤ᠂ ᠲᠣᠣᠷ ᠰᠦᠯᠵᠢᠶ᠎ᠡ ᠶᠢ ᠠᠰᠢᠭᠯᠠᠨ ᠡᠷᠬᠡ ᠣᠯᠣᠭᠠᠳᠤᠢ ᠰᠣᠨᠢᠨ ᠮᠡᠳᠡᠭᠡᠨ ᠤ ᠵᠣᠬᠢᠶᠠᠯ ᠪᠦᠲᠦᠭᠡᠯ ᠢ ᠰᠢᠯᠵᠢᠭᠦᠯᠦᠨ ᠳᠠᠮᠵᠢᠭᠤᠯᠬᠤ ᠵᠡᠷᠭᠡ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠪᠡ᠃      ᠥᠪᠥᠷ ᠮᠣᠩᠭᠤᠯ ᠤᠨ ᠰᠦᠯᠵᠢᠶᠡᠨ ᠳᠡᠭᠡᠷᠡᠬᠢ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠬᠤ ᠦᠢᠯᠡ ᠠᠵᠢᠯᠯᠠᠭ᠎ᠠ ᠳᠤ ᠴᠣᠬᠢᠯᠲᠠ ᠥᠭᠬᠦ ︽ᠰᠡᠯᠡᠮ᠎ᠡ ᠰᠦᠯᠵᠢᠶ᠎ᠡ 2018︾ ᠲᠤᠰᠬᠠᠶ ᠠᠵᠢᠯᠯᠠᠭᠠᠨ ᠨᠢ ᠬᠡᠷᠡᠭ ᠶᠠᠪᠤᠳᠠᠯ ᠢ ᠪᠠᠶᠢᠴᠠᠭᠠᠨ ᠰᠢᠶᠳᠪᠦᠷᠢᠯᠡᠬᠦ ᠪᠠᠷ ᠴᠢᠬᠤᠯᠠ ᠭᠠᠷᠳᠠᠴᠠ ᠪᠣᠯᠭᠠᠵᠤ᠂ ᠦᠨᠳᠦᠰᠦᠲᠡᠨ ᠤ ᠰᠣᠶᠣᠯ ᠤᠨ ᠰᠦᠯᠵᠢᠶᠡᠨ ᠤ ᠬᠡᠪᠯᠡᠯ ᠤᠨ ᠡᠷᠬᠡ ᠶᠢᠨ ᠬᠠᠮᠠᠭᠠᠯᠠᠯᠲᠠ ᠶᠢ ᠳᠣᠪᠤᠶᠢᠯᠭᠠᠨ᠂ ᠸᠢᠴᠠᠲ ᠪᠢᠴᠢᠯ ᠪᠦᠷᠭᠡ ᠪᠣᠯᠣᠨ ᠰᠣᠨᠢᠨ ᠮᠡᠳᠡᠭᠡᠨ ᠤ ᠬᠡᠷᠡᠭᠯᠡᠯᠲᠡ ᠶᠢᠨ ᠪᠠᠭᠠᠵᠢ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ᠂ ᠰᠦᠯᠵᠢᠶᠡᠨ ᠰᠢᠭᠤᠳ ᠨᠡᠪᠲᠡᠷᠡᠭᠦᠯᠭᠡ ᠵᠡᠷᠭᠡ ᠲᠠᠪᠴᠠᠩ ᠤᠨ ᠬᠡᠪᠯᠡᠯ ᠤᠨ ᠡᠷᠬᠡ ᠶᠢᠨ ᠤᠯᠠᠮᠵᠢᠯᠠᠬᠤ ᠡᠮᠬᠢ ᠵᠢᠷᠤᠮ ᠢ ᠭᠤᠣᠯᠳᠠᠯᠭ᠎ᠠ ᠲᠠᠢ ᠳᠦᠷᠢᠮᠵᠢᠭᠦᠯᠵᠦ᠂ ᠰᠦᠯᠵᠢᠶᠡᠨ ᠳᠡᠭᠡᠷᠡᠬᠢ ᠰᠢᠯᠵᠢᠭᠦᠯᠦᠨ ᠳᠠᠮᠵᠢᠭᠤᠯᠤᠯᠲᠠ᠂ ᠬᠡᠪᠯᠡᠯ ᠬᠤᠯᠠᠭᠠᠶᠢᠯᠠᠭᠰᠠᠨ ᠴᠥᠷᠬᠡᠯᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠬᠠᠤᠯᠢ ᠪᠤᠰᠤ ᠪᠠᠷ ᠤᠯᠠᠮᠵᠢᠯᠠᠨ ᠲᠠᠷᠬᠠᠭᠠᠭᠰᠠᠨ ᠵᠣᠬᠢᠶᠠᠯ ᠪᠦᠲᠦᠭᠡᠯ ᠤᠨ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠳᠤ ᠦᠷᠭᠦᠯᠵᠢᠯᠡᠨ ᠴᠣᠬᠢᠯᠲᠠ ᠥᠭᠴᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠤᠨ ᠵᠣᠬᠢᠶᠠᠯ ᠪᠦᠲᠦᠭᠡᠯ ᠤᠨ ᠡᠷᠬᠡ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠩ ᠡᠷᠡᠭᠦᠯ ᠰᠠᠷᠠᠭᠤᠯ ᠰᠦᠯᠵᠢᠶᠡᠨ ᠤ ᠬᠡᠪᠯᠡᠯ ᠤᠨ ᠡᠷᠬᠡ ᠶᠢᠨ ᠣᠷᠴᠢᠨ ᠨᠥᠬᠦᠴᠡᠯ ᠢ ᠪᠤᠢ ᠪᠣᠯᠭᠠᠬᠤ ᠪᠣᠯᠣᠨ᠎ᠠ᠃      ᠲᠤᠰᠬᠠᠶ ᠠᠵᠢᠯᠯᠠᠭᠠᠨ ᠤ ᠬᠤᠭᠤᠴᠠᠭᠠᠨ ᠳᠤ᠂ ᠥᠪᠥᠷ ᠮᠣᠩᠭᠤᠯ ᠤᠨ ᠡᠯ᠎ᠡ ᠱᠠᠲᠤᠨ ᠤ ᠬᠡᠪᠯᠡᠯ ᠤᠨ ᠡᠷᠬᠡ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠲᠣᠤᠷ ᠰᠦᠯᠵᠢᠶ᠎ᠡ ᠶᠢᠨ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠭᠰᠠᠨ ᠬᠡᠷᠡᠭ ᠢ ᠬᠦᠴᠦ ᠪᠠᠨ ᠲᠥᠪᠯᠡᠷᠡᠭᠦᠯᠦᠨ᠂ ᠲᠦᠷᠭᠡᠨ ᠪᠠᠶᠢᠴᠠᠭᠠᠨ ᠰᠢᠢᠳᠪᠦᠷᠢᠯᠡᠨ᠎ᠡ᠃ ᠠᠷᠠᠳ ᠣᠯᠠᠨ ᠤ ᠰᠠᠨᠠᠯ ᠶᠡᠬᠡᠲᠡᠶ᠂ ᠨᠡᠶᠢᠭᠡᠮ ᠤᠨ ᠬᠤᠣᠷ ᠬᠥᠨᠥᠭᠡᠯ ᠢᠶᠠᠷ ᠶᠡᠭᠡ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠭᠰᠠᠨ ᠰᠦᠯᠵᠢᠶ᠎ᠡ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠶᠢ ᠵᠣᠯᠭᠠᠯᠳᠤᠭᠤᠯᠬᠤ ᠲᠣᠭᠲᠠᠴᠠ ᠶᠢ ᠦᠨᠳᠦᠰᠦᠯᠡᠨ ᠴᠠᠭ ᠲᠤᠬᠠᠶ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠭᠦᠯᠦᠨ᠎ᠡ᠃      ᠲᠤᠰᠬᠠᠶ ᠠᠵᠢᠯᠯᠠᠭᠠᠨ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠬᠡᠷᠡᠭ ᠤᠨ ᠰᠦᠪᠡᠭᠴᠢ ᠢᠳᠡᠪᠬᠢᠲᠡᠶ ᠬᠠᠩᠭᠠᠬᠤ ᠶᠢ ᠵᠣᠷᠢᠭᠵᠢᠭᠤᠯᠵᠤ᠂ ᠥᠢᠯᠡ ᠪᠠᠶᠢᠳᠠᠯ ᠨᠢ ᠬᠠᠷ᠎ᠠ ᠬᠤᠣᠷᠲᠠᠢ ᠬᠠᠤᠯᠢ ᠵᠥᠷᠢᠴᠡᠨ ᠶᠠᠯ᠎ᠠ ᠬᠢᠭᠰᠡᠳ ᠢ ᠡᠷᠡᠰ ᠢᠯᠡᠴᠢᠯᠡᠨ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠢᠨᠲ᠋ᠧᠷ ᠰᠦᠯᠵᠢᠶᠡᠨ ᠤ ᠠᠵᠤ ᠠᠬᠤᠶᠢᠯᠠᠯ ᠢ ᠡᠷᠡᠰ ᠢᠯᠡᠴᠢᠯᠡᠨ᠎ᠡ᠃ ᠢᠯᠡᠴᠢᠯᠡᠨ ᠮᠡᠳᠡᠭᠦᠯᠬᠦ ᠤᠲᠠᠰᠤ᠄ 0471 — 4590190 ᠢᠯᠡᠴᠢᠯᠡᠨ ᠮᠡᠳᠡᠭᠦᠯᠬᠦ ᠢᠮᠧᠯ᠄ nmgbqjbqc@163.com
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号