ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2018 ᠤᠨ ᠤ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-08-30
     8 ᠳ᠋ᠤᠭᠠᠷ ᠰᠠᠷ᠎ᠠ ᠶᠢᠨ 29᠎ ᠤ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠷᠤᠨ ᠤ ᠦᠨᠳᠦᠰᠦᠳᠡᠨ ᠤ ᠠᠵᠢᠯ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ᠂ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠲᠠ ᠪᠠ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠤᠳᠤᠬᠠᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠪᠠ᠃      ᠬᠤᠷᠠᠯ ᠠᠴᠠ ᠵᠢᠭᠠᠭᠰᠠᠨ ᠨᠢ᠂ ᠦᠪᠦᠷ ᠮᠤᠩᠭᠤᠯ ᠮᠠᠨ ᠤ ᠤᠯᠤᠰ ᠤᠨ ᠬᠠᠮᠤᠭ ᠤᠨ ᠡᠷᠳᠡ ᠪᠠᠶᠢᠭᠤᠯᠤᠭᠳᠠᠭᠰᠠᠨ ᠦᠪᠡᠷᠳᠡᠭᠡᠨ ᠵᠠᠰᠠᠬᠤ ᠤᠷᠤᠨ ᠪᠤᠯᠤᠬᠰᠠᠨ ᠤ ᠬᠤᠪᠢ ᠳᠤ ᠤᠯᠤᠰ ᠤᠨ ᠪᠦᠬᠦᠶᠢᠯᠡ ᠦᠨᠳᠦᠰᠦᠳᠡᠨ ᠤ ᠠᠵᠢᠯ ᠤᠨ ᠲᠤᠮᠳᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠤ ᠪᠠᠶᠢᠭ᠎ᠠ ᠶᠤᠮ᠃ ᠰᠢᠨ᠎ᠠ ᠴᠠᠭ ᠦᠶ᠎ᠠ ᠶᠢᠨ ᠰᠢᠨ᠎ᠠ ᠤᠨᠴᠠᠯᠢᠭ ᠲᠠᠢ ᠵᠤᠬᠢᠴᠠᠯᠳᠤᠨ᠂ ᠰᠠᠨᠠᠭᠠᠰᠢᠷᠠᠬᠤ ᠤᠬᠠᠮᠰᠠᠷ ᠢᠶᠠᠨ ᠲᠠᠬᠡᠭᠰᠢᠯᠡᠬᠦᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠤᠨ᠂ ᠦᠨᠳᠦᠰᠦᠳᠡᠨ ᠤ ᠪᠦᠯᠬᠦᠮᠳᠡᠯ ᠢ ᠬᠠᠮᠠᠭᠠᠯᠠᠵᠤ ᠠᠬᠢᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠦᠨᠳᠦᠰᠦᠳᠡᠨ ᠤ ᠤᠨᠤᠯ ᠪᠠ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠴᠢᠬᠤᠯᠠᠴᠢᠯᠠᠨ᠂ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠵᠤ᠂ ᠦᠨᠳᠦᠰᠦᠳᠡᠨ ᠤ ᠪᠦᠯᠬᠦᠮᠳᠡᠯ ᠢ ᠠᠬᠢᠭᠤᠯᠬᠤ ᠡᠭᠦᠳᠦᠯᠲᠡ ᠶᠢᠨ ᠠᠵᠢᠯ ᠤᠨ ᠲᠦᠪᠰᠢᠨ ᠢ ᠲᠡᠭᠡᠭᠰᠢᠯᠡᠭᠦᠯᠵᠤ᠂ ᠴᠦᠭᠡᠨ ᠲᠤᠭᠠᠳᠦ ᠦᠨᠳᠦᠰᠦᠳᠡᠨ ᠪᠠ ᠦᠨᠳᠦᠰᠦᠳᠡᠨ ᠲᠦᠪᠯᠡᠷᠡᠨ ᠰᠠᠭᠤᠷᠢᠰᠢᠬᠰᠠᠨ ᠭᠠᠵᠠᠷ ᠤᠷᠤᠨ ᠤ ᠲᠤᠬᠳᠠᠬᠰᠠᠨ ᠴᠠᠭ ᠲᠤ ᠪᠠᠨ ᠴᠢᠨᠡᠭᠡᠯᠢᠭ ᠨᠡᠶᠢᠭᠡᠮ ᠢ ᠪᠡᠶᠡᠯᠡᠭᠦᠯᠭᠦ ᠶᠢ ᠪᠠᠳᠤᠯᠠᠬᠤ ᠬᠡᠷᠡᠭᠳᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠠᠳᠠᠯᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠨ᠂ ᠠᠰᠠᠭᠤᠳᠠᠯ ᠢ ᠰᠢᠢᠳᠪᠦᠷᠢᠯᠡᠭᠦ᠂ ᠡᠭᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠰᠠᠭᠤᠷᠢ ᠵᠠᠰᠠᠯᠳᠠ ᠪᠤᠯᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠤ᠂ ᠭᠤᠤᠯᠳᠠᠯᠭ᠎ᠠ ᠲᠠᠢ ᠬᠦᠷᠢᠶ᠎ᠠ ᠪᠠ ᠭᠤᠤᠯᠳᠠᠯᠭ᠎ᠠ ᠲᠠᠢ ᠤᠯᠠᠨ ᠲᠦᠮᠡᠨ ᠎ ᠤ ᠵᠠᠬᠢᠳᠠᠯ ᠰᠤᠷᠪᠤᠯᠵᠢᠯᠠᠭ᠎ᠠ ᠶᠢᠨ ᠵᠦᠷᠢᠴᠡᠯ ᠢ ᠰᠢᠢᠳᠪᠦᠷᠢᠯᠡᠭᠦ ᠠᠵᠢᠯ ᠢ ᠰᠠᠶᠢᠲᠤᠷ ᠠᠳᠬᠤᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠮᠠᠨ ᠤ ᠤᠷᠤᠨ ᠪᠤᠯ ᠤᠯᠤᠰ ᠤᠨ ᠤᠮᠠᠷᠠᠰᠢ ᠨᠡᠭᠡᠭᠡᠯᠳᠡ ᠬᠢᠭᠦ ᠡᠮᠦᠨ᠎ᠠ ᠹᠷᠤᠨᠲ ᠪᠤᠯᠤᠨ᠎ᠠ᠂ ᠰᠠᠨᠠᠭᠠᠴᠢᠯᠠᠭ᠎ᠠ ᠠᠴᠠ ᠪᠠᠨ ᠨᠠᠮ ᠪᠠ ᠤᠯᠤᠰ ᠤᠨ ᠬᠦᠭᠵᠢᠯᠳᠡ ᠶᠢᠨ ᠶᠡᠭᠡ ᠲᠠᠯ᠎ᠠ ᠠᠴᠠ ︽ᠨᠢᠭᠡ ᠪᠦᠰᠡ ᠨᠢᠭᠡ ᠵᠠᠮ︾᠎ ᠢ ᠬᠠᠮᠳᠤ ᠪᠠᠷ ᠪᠦᠳᠦᠭᠡᠨ ᠪᠠᠶᠢᠭᠤᠯᠬᠤ ᠠᠵᠢᠯ ᠢ ᠲᠦᠯᠦᠪᠵᠢᠭᠦᠯᠦᠨ ᠠᠬᠢᠭᠤᠯᠵᠤ᠂ ᠵᠢᠷᠤᠭ ᠲᠦᠯᠦᠪᠯᠡᠭᠡ ᠶᠢ ᠰᠠᠶᠢᠲᠤᠷ ᠲᠦᠯᠦᠪᠵᠢᠭᠦᠯᠦᠨ᠂ ᠠᠵᠢᠯ ᠤᠨ ᠠᠷᠭ᠎ᠠ ᠬᠢᠳᠡᠯ ᠢᠶᠠᠨ ᠨᠠᠷᠢᠯᠢᠬᠵᠢᠭᠤᠯᠵᠤ᠂ ᠴᠢᠨᠠᠷ ᠰᠠᠶᠢᠲᠠᠢ ᠬᠦᠭᠵᠢᠯᠳᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠤᠷᠤᠰ ᠮᠤᠩᠭᠤᠯ ᠵᠢᠴᠢ ︽ᠨᠢᠭᠡ ᠪᠦᠰᠡ ᠨᠢᠭᠡ ᠵᠠᠮ︾ ᠲᠠᠭᠠᠤ ᠤᠯᠤᠰ ᠯᠤᠭ᠎ᠠ ᠶᠢᠨ ᠲᠦᠷᠦ ᠶᠢᠨ ᠪᠤᠳᠤᠯᠭ᠎ᠠ ᠶᠢᠨ ᠵᠤᠯᠭᠠᠯᠴᠠᠭ᠎ᠠ᠂ ᠠᠷᠠᠯᠵᠢᠶᠠᠨ ᠤ ᠶᠠᠪᠤᠯᠴᠠᠭ᠎ᠠ ᠪᠠ ᠰᠤᠶᠤᠯ ᠢᠷᠭᠡᠨᠰᠢᠯ ᠤᠨ ᠰᠤᠯᠢᠯᠴᠠᠭ᠎ᠠ ᠶᠢ ᠴᠢᠩᠭᠠᠳᠬᠠᠵᠤ᠂ ︽ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ︾᠎ ᠶᠢᠨ ᠤᠨᠤᠯᠵᠢᠬᠤᠨ ᠢ  ᠲᠠᠭᠠᠤ ᠤᠯᠤᠰ ᠲᠤ ᠨᠠᠶᠢᠳᠠᠪᠤᠷᠢᠵᠢᠭᠤᠯᠤᠨ ᠦᠷ᠎ᠡ ᠪᠦᠳᠦᠮᠵᠢ ᠭᠠᠷᠭᠠᠬᠤ ᠬᠡᠷᠡᠭᠳᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠤᠨᠤᠪᠴᠢᠳᠠᠢ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠰᠠᠭᠤᠷᠢ ᠪᠠᠨ ᠪᠠᠬᠢᠵᠢᠭᠦᠯᠦᠨ᠂ ᠤᠷᠮᠠᠰᠢᠭᠤᠯᠬᠤ ᠲᠤᠬᠳᠠᠴᠠ ᠶᠢ ᠲᠡᠭᠦᠯᠳᠡᠷᠵᠢᠭᠦᠯᠵᠤ᠂ ᠡᠨᠡ ᠵᠢᠯ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ ᠰᠠᠶᠢᠲᠤᠷ ᠪᠡᠶᠡᠯᠡᠭᠦᠯᠭᠦ ᠶᠢ ᠪᠠᠳᠤᠯᠠᠬᠤ ᠬᠡᠷᠡᠭᠳᠡᠢ᠃ ᠶᠠᠳᠠᠭᠤ ᠶᠢ ᠲᠡᠳᠭᠦᠭᠦ ᠬᠦᠷᠢᠶᠡᠨ ᠳᠠᠬᠢ ᠢᠯᠵᠠᠷᠠᠯ ᠪᠠ ᠰᠤᠷᠳᠠᠯ ᠤᠨ ᠠᠰᠠᠭᠤᠳᠠᠯ ᠤᠨ ᠲᠤᠬᠠᠢ ᠵᠠᠰᠠᠯᠳᠠ ᠶᠢ ᠦᠷᠭᠦᠯᠵᠢᠯᠡᠨ ᠠᠬᠢᠭᠤᠯᠵᠤ᠂ ᠶᠠᠳᠠᠭᠤ ᠶᠢ ᠲᠡᠳᠭᠦᠭᠦ ᠠᠵᠢᠯ ᠤᠨ ᠲᠤᠮᠳᠠᠬᠢ ᠬᠡᠯᠪᠡᠷᠢᠴᠢ ᠦᠵᠡᠯ᠂ ᠨᠤᠶᠠᠨᠴᠢ ᠰᠤᠷᠳᠠᠯ᠂ ᠬᠠᠷᠢᠭᠤᠴᠠᠯᠭ᠎ᠠ ᠦᠯᠦ ᠡᠭᠦᠷᠭᠡᠯᠡᠭᠦ ᠵᠡᠷᠭᠡ ᠠᠰᠠᠭᠤᠳᠠᠯ ᠢ ᠡᠷᠡᠰ ᠪᠠᠶᠢᠴᠠᠭᠠᠨ ᠰᠢᠢᠳᠪᠦᠷᠢᠯᠡᠵᠤ ᠬᠠᠷᠢᠭᠤᠴᠠᠯᠭ᠎ᠠ ᠨᠡᠭᠡᠮᠵᠢᠯᠡᠭᠦ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号