ᠮᠠᠨᠵᠤᠤᠷ ᠬᠤᠳᠠ ᠤᠷᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭ ᠤᠨ ᠵᠢᠱᠢᠶ᠎ᠠ ᠶᠢᠨ ᠬᠦᠮᠦᠷᠭᠡ ᠪᠠᠶᠢᠭᠤᠯᠪᠠ
ᠨᠡᠶᠢᠲᠡᠯᠡᠭᠰᠡᠨ ᠴᠠᠭ᠄
2018/8/30
     ᠰᠤᠷᠪᠤᠯᠵᠢᠯᠠᠬᠴᠢ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠠᠴᠠ ᠤᠢᠢᠯᠠᠭᠠᠬᠰᠠᠨ ᠢᠶᠠᠷ᠂ ᠮᠠᠨᠵᠤᠤᠷ ᠬᠤᠳᠠ ᠭᠠᠳᠠᠭᠠᠳᠤ ᠳᠤ ᠬᠤᠯᠪᠤᠬᠳᠠᠬᠰᠠᠨ ᠬᠠᠤᠯᠢ ᠴᠠᠭᠠᠵᠠ ᠶᠢᠨ ᠦᠢᠯᠡᠴᠢᠯᠡᠭᠡᠨ ᠎ ᠤ ᠠᠵᠢᠯ ᠳᠤ ᠲᠤᠰᠬᠠᠢ ᠰᠡᠳᠦᠪᠳᠤ ᠪᠠᠶᠢᠷᠢᠯᠠᠭᠤᠯᠤᠯᠳᠠ ᠬᠢᠵᠦ᠂ ᠪᠦᠭᠦ ᠤᠷᠤᠨ ᠤ ᠠᠩᠬᠠᠳᠠᠬᠴᠢ ᠤᠷᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭ  ᠎ ᠤᠨ ᠵᠢᠱᠢᠶ᠎ᠠ ᠶᠢᠨ ᠬᠦᠮᠦᠷᠭᠡ ᠶᠢ ᠪᠠᠶᠢᠭᠤᠯᠪᠠ᠃ ᠮᠠᠨᠵᠤᠤᠷ ᠬᠤᠳᠠ ᠶᠢᠨ ᠬᠠᠤᠯᠢ ᠴᠠᠭᠠᠵᠠ ᠶᠢᠨ ᠲᠤᠪᠴᠢᠶ᠎ᠠ ᠲᠤᠰ ᠭᠠᠵᠠᠷ ᠤᠷᠤᠨ ᠤ ᠪᠠᠨ ᠲᠦᠯᠦᠭᠡᠯᠡᠭᠦ ᠴᠢᠨᠠᠷᠳᠠᠢ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭ ᠤᠨ ᠵᠢᠱᠢᠶ᠎ᠠ ᠶᠢᠨ ᠲᠤᠳᠤᠷ᠎ᠠ ᠠᠴᠠ ᠨᠡᠶᠢᠳᠡᠯᠢᠭ ᠢ ᠨᠢ ᠰᠤᠩᠭᠤᠵᠦ᠂ ᠲᠤᠰᠬᠠᠢ ᠮᠡᠷᠭᠡᠵᠢᠯ ᠤᠨ ᠤᠷᠴᠢᠭᠤᠯᠤᠬᠴᠢ ᠤᠷᠢᠨ ᠬᠢᠳᠠᠳ ᠬᠡᠯᠡ ᠪᠤᠯᠤᠨ ᠤᠷᠤᠰ ᠬᠡᠯᠡᠨ  ᠎ ᠤ ᠬᠠᠷᠢᠴᠠᠭᠤᠯᠤᠬᠰᠠᠨ ᠬᠡᠪᠯᠡᠯ ᠢ ᠨᠠᠶᠢᠷᠠᠭᠤᠯᠵᠦ᠂ ᠬᠡᠷᠡᠭ ᠤᠨ ᠵᠢᠱᠢᠶ᠎ᠠ ᠶᠢᠨ ᠬᠦᠮᠦᠷᠭᠡ ᠶᠢ ᠪᠠᠶᠢᠭᠤᠯᠵᠦ ᠲᠠᠭᠤᠰᠬᠠᠪᠠ᠃ ᠤᠷᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭ ᠤᠨ ᠵᠢᠱᠢᠶ᠎ᠡ ᠶᠢᠨ ᠬᠦᠮᠦᠷᠭᠡ ᠳᠤ᠂ ᠬᠠᠤᠯᠢᠴᠢ ᠭᠠᠳᠠᠭᠠᠳᠤ ᠳᠤ ᠬᠤᠯᠪᠤᠬᠳᠠᠬᠰᠠᠨ ᠬᠡᠷᠡᠭ ᠢ ᠤᠷᠤᠯᠠᠨ ᠭᠦᠢᠴᠡᠳᠭᠡᠭᠦ᠂ ᠭᠠᠳᠠᠭᠠᠳᠤ ᠳᠤ ᠬᠤᠯᠪᠤᠬᠳᠠᠬᠰᠠᠨ ᠠᠯᠪᠠᠨ ᠭᠡᠷᠡᠴᠢᠯᠡᠭᠡ ᠬᠢᠭᠦ᠂ ᠭᠠᠳᠠᠭᠠᠳᠤ ᠳᠤ ᠬᠤᠯᠪᠤᠬᠳᠠᠬᠰᠠᠨ ᠵᠦᠷᠢᠴᠡᠯ ᠵᠢᠭᠤᠷᠠᠭᠠᠨ ᠢ ᠵᠤᠬᠢᠴᠠᠭᠤᠯᠬᠤ᠂ ᠭᠠᠳᠠᠭᠠᠳᠤ ᠳᠤ ᠬᠤᠯᠪᠤᠬᠳᠠᠬᠰᠠᠨ ᠬᠠᠤᠯᠢ ᠴᠠᠭᠠᠵᠠ ᠶᠢᠨ ᠲᠤᠰᠠᠯᠠᠮᠵᠢ ᠵᠢᠴᠢ ᠪᠠᠶᠢᠡᠭᠭᠤ ᠲᠤᠬᠢᠶᠠᠯᠳᠤᠬᠤ ᠢᠷᠭᠡᠨ ᠤ ᠬᠡᠷᠡᠭ ᠤᠨ ᠵᠢᠭᠤᠷᠠᠭᠠᠨ᠂ ᠨᠡᠶᠢᠭᠡᠮ ᠲᠤᠭᠤᠷᠢᠭ ᠤᠨ ᠡᠷᠡᠭᠦᠦ ᠭᠦᠢᠴᠡᠳᠭᠡᠭᠰᠡᠳ ᠤᠨ ᠬᠠᠮᠢᠶᠠᠷᠤᠯᠳᠠ ᠵᠡᠷᠭᠡ 6 ᠲᠦᠷᠦᠯ ᠤᠨ ᠨᠡᠶᠢᠳᠡᠯᠢᠭ ᠬᠡᠷᠡᠭ ᠤᠨ ᠵᠢᠱᠢᠶ᠎ᠠ ᠶᠢ ᠪᠠᠭᠳᠠᠭᠠᠵᠦ᠂ ᠬᠡᠷᠡᠭ ᠤᠨ ᠵᠢᠱᠢᠶ᠎ᠠ ᠪᠦᠷᠢ ᠨᠢ ᠬᠡᠷᠡᠭ ᠤᠨ ᠪᠠᠶᠢᠳᠠᠯ ᠤᠨ ᠲᠦᠭᠦᠮ ᠲᠠᠨᠢᠯᠴᠠᠭᠤᠯᠭ᠎ᠠ᠂ ᠪᠠᠶᠢᠭᠤᠯᠤᠮᠵᠢ ᠶᠢᠨ ᠤᠷᠤᠯᠠᠨ ᠭᠦᠢᠴᠡᠳᠭᠡᠭᠦ ᠰᠠᠨᠠᠯ᠂ ᠬᠡᠷᠡᠭ ᠢ ᠰᠢᠢᠳᠪᠤᠷᠢᠯᠡᠭᠰᠡᠨ ᠦᠷ᠎ᠠ ᠳ᠋ᠦᠩ ᠵᠢᠴᠢ ᠬᠡᠷᠡᠭ ᠤᠨ ᠵᠢᠱᠢᠶ᠎ᠠ ᠶᠢᠨ ᠵᠠᠳᠠᠯᠤᠯᠳᠠ ᠵᠡᠷᠭᠡ ᠬᠡᠲᠦᠨ ᠬᠡᠰᠡᠭ ᠢᠶᠠᠷ ᠪᠦᠷᠢᠯᠳᠦᠵᠦ᠂ ᠮᠠᠲ᠋ᠧᠷᠢᠶᠠᠯ ᠬᠠᠶᠢᠬᠴᠢᠳ ᠲᠤ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠠᠰᠠᠭᠤᠳᠠᠯ ᠢᠶᠠᠨ ᠰᠢᠢᠳᠪᠤᠷᠢᠯᠡᠭᠦ ᠳᠤ ᠵᠢᠯᠤᠭᠤᠳᠬᠤ ᠦᠢᠯᠡᠳᠤᠯ ᠦᠵᠡᠬᠦᠯᠵᠤ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号