ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠪᠠᠶᠢᠷᠢᠰᠢᠭᠤᠯᠤᠯ ᠤᠨ ᠪᠥᠲᠥᠴᠡ ᠶᠢ ᠲᠤᠬᠢᠷᠠᠭᠤᠯᠤᠨ ᠰᠢᠯᠢᠳᠡᠭᠵᠢᠭᠦᠯᠵᠥ ᠤᠯᠤᠰ ᠤᠨ ᠥᠮᠴᠢᠯᠡᠯᠲᠥ ᠬᠥᠷᠥᠩᠭᠡ ᠶᠢ ᠬᠥᠴᠥᠷᠭᠡᠭᠵᠢᠭᠦᠯᠥᠨ ᠰᠢᠯᠢᠳᠡᠭᠵᠢᠭᠦᠯᠵᠥ ᠪᠤᠵᠠᠭᠠᠶᠢᠷᠠᠭᠤᠯᠬᠤ ᠲᠤᠬᠠᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2018-08-30
                   ᠥᠪᠥᠷ ᠵᠠᠰᠠᠭ ᠠᠯᠪᠠᠨ ᠲᠠᠷᠬᠠᠭᠠᠭᠰᠠᠨ ﹇2018﹈ 17 ᠳ᠋ᠤᠭᠠᠷ ᠲᠤᠭᠠᠳᠤ                                                   2 ᠳ᠋ᠤᠭᠠᠷ ᠰᠠᠷ᠎ᠠ ᠶᠢᠨ 28᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠥᠢᠯᠡᠰ ᠤᠨ ᠨᠢᠭᠡᠴᠡ ᠳᠤ᠄      ᠤᠯᠤᠰ ᠤᠨ ᠥᠮᠴᠢᠯᠡᠯᠲᠤ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠥᠨ ᠪᠥᠲᠥᠴᠡ ᠶᠢ ᠲᠤᠬᠢᠷᠠᠭᠤᠯᠬᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠠᠬᠢᠨ ᠪᠠᠶᠢᠭᠤᠯᠬᠤ ᠶᠢ ᠲᠥᠷᠭᠡᠳᠬᠡᠬᠦ ᠲᠤᠬᠠᠢ ᠨᠠᠮ ᠤᠨ ᠠᠷᠪᠠ ᠶᠢᠰᠥᠳᠥᠭᠡᠷ ᠶᠡᠭᠡ ᠬᠤᠷᠠᠯ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠤᠷᠤᠨ ᠤ ᠤᠯᠤᠰ ᠤᠨ ᠥᠮᠴᠢᠯᠡᠯᠲᠥ ᠬᠥᠷᠥᠩᠭᠡ ᠶᠢᠨ ᠲᠤᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠤᠨ᠂ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠶᠢᠨ ᠲᠤᠰᠠᠲᠠ᠂ ︽ᠲᠥᠪ ᠤᠨ ᠠᠵᠤ ᠠᠬᠤᠶᠢᠯᠠᠯ ᠤᠨ ᠪᠥᠲᠥᠴᠡ ᠶᠢ ᠲᠤᠬᠢᠷᠠᠭᠤᠯᠬᠤ ᠪᠠ ᠲᠠᠬᠢᠨ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠠᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2016﹈ 56 ᠳ᠋ᠤᠭᠠᠷ ᠲᠤᠭᠠᠲᠤ︶᠎ ᠤᠨ ᠵᠤᠷᠢᠭ ᠰᠠᠨᠠᠭ᠎ᠠ ᠶᠢ ᠥᠨᠳᠥᠰᠥᠯᠡᠨ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠥᠪᠰᠢᠶᠡᠷᠡᠭᠦᠯᠥᠭᠡᠳ᠂ ᠡᠳᠥᠭᠡ ᠳᠤᠤᠷᠠᠬᠢ ᠮᠡᠳᠥ ᠰᠠᠨᠠᠯ ᠢ ᠳᠤᠷᠠᠳᠪᠠ᠃      ᠨᠢᠭᠡ᠂ ᠵᠢᠯᠤᠭᠤᠳᠬᠤ ᠥᠵᠡᠯ ᠰᠠᠨᠠᠭ᠎ᠠ      ᠨᠠᠮ ᠤᠨ ᠠᠷᠪᠠ ᠶᠢᠰᠥᠳᠥᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠥᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠥᠬᠦᠢ ᠨᠡᠶᠢᠭᠡᠮ ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠥᠲᠥᠴᠡ ᠶᠢᠨ ᠴᠢᠨᠠᠷᠲᠠᠢ ᠥᠭᠡᠷᠡᠴᠢᠯᠡᠯᠲᠠ ᠶᠢ ᠲᠥᠯᠬᠢᠨ ᠠᠬᠢᠭᠤᠯᠬᠤ ᠪᠠᠷ ᠭᠤᠤᠯ ᠱᠤᠭᠤᠮ ᠪᠤᠯᠭᠠᠨ᠂ ᠶᠠᠰᠤ ᠴᠢᠨᠠᠷ ᠢ ᠨᠢᠭᠡᠳᠥᠭᠡᠷ ᠲᠤ᠂ ᠥᠷ᠎ᠡ ᠠᠰᠢᠭ ᠢ ᠲᠠᠷᠢᠭᠦᠨ ᠳᠤ ᠪᠠᠶᠢᠯᠭᠠᠬᠤ ᠶᠢ ᠪᠠᠷᠢᠮᠲᠠᠯᠠᠵᠤ᠂ ᠶᠠᠰᠤ ᠴᠢᠨᠠᠷ ᠤᠨ ᠬᠤᠪᠢᠰᠤᠯᠲᠠ᠂ ᠥᠷ᠎ᠡ ᠠᠰᠢᠭ ᠤᠨ ᠬᠤᠪᠢᠰᠤᠯᠲᠠ᠂ ᠬᠥᠳᠡᠯᠭᠡᠬᠦ ᠬᠥᠴᠥᠨ ᠤ ᠬᠤᠪᠢᠰᠤᠯᠲᠠ ᠶᠢ ᠢᠳᠡᠪᠬᠢᠲᠡᠢ ᠠᠬᠢᠭᠤᠯᠵᠤ᠂ ᠤᠯᠤᠰ ᠤᠨ ᠥᠮᠴᠢᠯᠡᠯᠲᠥ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠥᠨ ᠪᠥᠲᠥᠴᠡ ᠶᠢ ᠲᠤᠬᠢᠷᠠᠭᠤᠯᠬᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠳᠠᠬᠢᠨ ᠪᠠᠶᠢᠭᠤᠯᠬᠤ ᠡᠷᠴᠢᠮ ᠢ ᠴᠢᠩᠭᠠᠷᠠᠭᠤᠯᠤᠨ᠂ ᠤᠯᠤᠰ ᠤᠨ ᠥᠮᠴᠢᠯᠡᠯᠲᠥ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠥᠷᠭᠡᠳᠬᠡᠨ ᠪᠤᠶᠢᠵᠢᠭᠤᠯᠵᠤ᠂ ᠤᠯᠤᠰ ᠤᠨ ᠥᠮᠴᠢᠯᠡᠯᠲᠥ ᠬᠥᠷᠥᠩᠭᠡ ᠶᠢ ᠬᠥᠴᠥᠷᠭᠡᠭᠵᠢᠭᠦᠯᠥᠨ ᠰᠢᠯᠢᠳᠡᠭᠵᠢᠭᠦᠯᠬᠦ ᠪᠠ ᠪᠤᠵᠠᠭᠠᠶᠢᠷᠠᠭᠤᠯᠵᠤ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠳᠠᠬᠢ ᠤᠯᠤᠰ ᠤᠨ ᠥᠮᠴᠢᠯᠡᠯᠲᠥ ᠬᠥᠷᠥᠩᠭᠡ ᠶᠢᠨ ᠲᠤᠯᠭᠠᠭᠤᠷᠢᠯᠠᠨ ᠳᠠᠭᠠᠭᠤᠯᠬᠤ ᠥᠢᠯᠡᠳᠥᠯ ᠢ ᠥᠨᠡᠨᠬᠦ ᠪᠠᠳᠠᠷᠠᠭᠤᠯᠤᠨ᠂ ᠪᠥᠬᠦ ᠤᠷᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠥᠵᠡᠰᠭᠦᠯᠡᠩᠲᠥ ᠰᠠᠶᠢᠠᠬᠨ ᠥᠪᠥᠷ ᠮᠤᠩᠭᠤᠯ ᠢ ᠪᠥᠲᠥᠭᠡᠨ ᠪᠠᠶᠢᠭᠤᠯᠬᠤ ᠶᠢᠨ ᠲᠥᠯᠥᠭᠡ ᠨᠠᠩ ᠶᠡᠭᠡ ᠰᠢᠨ᠎ᠡ ᠬᠤᠪᠢ ᠨᠡᠮᠡᠷᠢ ᠪᠠᠨ ᠥᠵᠡᠭᠦᠯᠥᠶ᠎ᠡ᠃      ᠬᠤᠶᠠᠷ᠂ ᠥᠨᠳᠥᠰᠥᠨ ᠵᠠᠷᠴᠢᠮ      — ᠶᠡᠭᠡ ᠲᠠᠯ᠎ᠠ ᠳᠤ ᠥᠢᠯᠡᠴᠢᠯᠡᠬᠦ ᠶᠢ ᠪᠠᠷᠢᠮᠲᠠᠯᠠᠬᠤ ᠬᠡᠷᠡᠭᠲᠡᠢ᠃ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠪᠠᠶᠢᠷᠢᠰᠢᠭᠤᠯᠤᠯ ᠤᠨ ᠪᠥᠲᠥᠴᠡ ᠶᠢ ᠰᠢᠯᠢᠳᠡᠭᠵᠢᠭᠦᠯᠥᠨ᠂ ᠤᠯᠤᠰ ᠪᠠ ᠥᠪᠡᠷᠲᠡᠭᠡᠨ ᠵᠠᠰᠠᠬᠤ ᠤᠷᠤᠨ ᠤ ᠭᠥᠭᠵᠢᠯᠲᠡ ᠶᠢᠨ ᠬᠠᠷᠠᠯᠲᠠ ᠳᠤ ᠥᠢᠯᠡᠴᠢᠯᠡᠵᠤ᠂ ᠤᠯᠤᠰ ᠪᠠ ᠥᠪᠡᠷᠲᠡᠭᠡᠨ ᠵᠠᠰᠠᠬᠤ ᠤᠷᠤᠨ ᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠤᠯᠤᠰ ᠤᠨ ᠠᠵᠤ ᠥᠢᠯᠡᠰ ᠤᠨ ᠲᠥᠷᠥ ᠶᠢᠨ ᠪᠤᠳᠤᠯᠭ᠎ᠠ ᠶᠢ ᠲᠤᠤᠱᠯᠠᠭᠤᠯᠵᠤ᠂ ᠬᠥᠷᠥᠩᠭᠡ ᠮᠥᠩᠬᠦ ᠶᠢ ᠬᠠᠮᠢᠶᠡᠷᠬᠤ ᠪᠠᠷ ᠭᠤᠤᠯ ᠪᠤᠯᠭᠠᠨ ᠤᠯᠤᠰ ᠤᠨ ᠥᠮᠴᠢᠯᠡᠯᠲᠥ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠯᠤᠰ ᠤᠨ ᠥᠮᠴᠢᠯᠡᠯᠲᠥ ᠬᠥᠷᠥᠩᠭᠡ ᠮᠥᠩᠬᠦ ᠶᠢ ᠰᠢᠯᠢᠳᠡᠭᠵᠢᠭᠦᠯᠥᠨ ᠲᠤᠬᠢᠷᠠᠭᠤᠯᠬᠤ ᠶᠢ ᠲᠠᠰᠤᠷᠠᠯᠲᠠ ᠥᠭᠡᠢ ᠲᠥᠯᠬᠢᠨ ᠠᠬᠢᠭᠤᠯᠬᠤ ᠭᠡᠷᠡᠭᠲᠡᠢ᠃      — ᠵᠠᠬ᠎ᠠ ᠳᠡᠯᠬᠡᠭᠦᠷ ᠤᠨ ᠠᠵᠤ ᠠᠬᠤᠢ ᠶᠢᠨ ᠵᠢᠮ᠎ᠡ ᠶᠤᠰᠤ ᠪᠡ ᠠᠵᠤ ᠠᠬᠤᠶᠢᠯᠠᠯ ᠤᠨ ᠬᠥᠭᠵᠢᠯᠲᠡ ᠶᠢᠨ ᠵᠢᠮ᠎ᠡ ᠶᠤᠰᠤ ᠶᠢ ᠵᠢᠷᠤᠮᠯᠠᠬᠤ ᠶᠢ ᠪᠠᠷᠢᠮᠲᠠᠯᠠᠬᠤ ᠭᠡᠷᠡᠭᠲᠡᠢ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠪᠠᠶᠢᠷᠢ ᠰᠠᠭᠤᠷᠢ ᠶᠢ ᠬᠥᠨᠳᠥᠳᠬᠡᠵᠤ᠂ ᠭᠤᠤᠯᠯᠠᠬᠤ ᠠᠵᠤ ᠥᠢᠯᠡᠰ ᠢᠶᠠᠷ ᠭᠤᠤᠯ ᠪᠤᠯᠭᠠᠨ᠂ ᠭᠠᠵᠠᠷ ᠤᠷᠤᠨ ᠠᠵᠤ ᠥᠢᠯᠡᠰ ᠠᠵᠤ ᠠᠬᠤᠶᠢᠯᠠᠯ ᠳᠤᠨᠢ ᠲᠤᠬᠢᠷᠠᠭᠤᠯᠵᠤ᠂ ᠤᠷᠤᠭᠤᠯᠵᠤ ᠪᠤᠯᠬᠤ ᠮᠥᠷᠲᠡᠭᠡᠨ ᠪᠤᠴᠠᠭᠠᠨ ᠭᠠᠷᠭᠠᠵᠤ ᠪᠤᠯᠬᠤ᠂ ᠴᠢᠬᠤᠯᠠ ᠵᠥᠢᠯ ᠢ ᠬᠢᠵᠤ ᠴᠢᠬᠤᠯᠠ ᠪᠤᠰᠤ ᠵᠥᠢᠯ ᠢ ᠬᠢᠬᠦ ᠥᠭᠡᠢ ᠪᠠᠶᠢᠬᠤ ᠬᠡᠷᠡᠭᠲᠡᠢ᠃      — ᠥᠭᠡᠷᠡᠴᠢᠯᠡᠯᠲᠠ ᠯᠦᠭᠡ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ᠃ ᠪᠥᠲᠥᠴᠡ ᠶᠢ ᠰᠢᠯᠢᠳᠡᠭᠵᠢᠭᠦᠯᠥᠨ ᠳᠠᠬᠢᠨ ᠪᠠᠶᠢᠭᠤᠯᠤᠨ ᠡᠮᠬᠢᠯᠡᠬᠦ ᠳᠤᠮᠳᠠ ᠠᠵᠤ ᠠᠬᠤᠶᠢᠯᠠᠯ ᠤᠨ ᠲᠤᠳᠤᠭᠠᠲᠤ ᠶᠢᠨ ᠥᠭᠡᠷᠡᠴᠢᠡᠯᠯᠲᠠ ᠶᠢ ᠭᠥᠨᠵᠡᠭᠡᠶᠢᠷᠡᠭᠦᠯᠥᠨ᠂ ᠤᠳᠤ ᠥᠶ᠎ᠡ ᠶᠢᠨ ᠠᠵᠤ ᠠᠬᠤᠶᠢᠯᠠᠯ ᠤᠨ ᠳᠥᠷᠢᠮ ᠢ ᠲᠥᠷᠭᠡᠳᠬᠡᠨ ᠲᠡᠭᠦᠯᠳᠡᠷᠵᠢᠭᠦᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠭᠰᠠᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠥᠨᠵᠡᠭᠡᠢ ᠬᠡᠷᠡᠭᠵᠢᠭᠦᠯᠥᠨ᠂ ᠬᠥᠭᠵᠢᠯᠲᠡ ᠶᠢᠨ ᠰᠢᠨ᠎ᠡ ᠬᠥᠳᠡᠯᠭᠡᠭᠡᠨ ᠤ ᠡᠨᠧᠷᠭᠢ ᠶᠢ ᠲᠥᠷᠭᠡᠳᠬᠡᠨ ᠪᠤᠶᠢᠵᠢᠭᠤᠯᠵᠤ᠂ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠭᠥᠭᠵᠢᠯᠲᠡ ᠶᠢᠨ ᠶᠠᠰᠤ ᠴᠢᠨᠠᠷ ᠪᠠ ᠥᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠥᠨ᠂ ᠲᠡᠷᠢᠭᠦᠨ ᠵᠡᠷᠭᠡ ᠶᠢᠨ ᠤᠯᠤᠰ ᠤᠨ ᠥᠮᠴᠢᠯᠡᠯᠲᠥ ᠠᠵᠤ ᠠᠬᠤᠶᠢᠯᠠᠯ ᠢ ᠪᠤᠶᠢᠵᠢᠭᠤᠯᠤᠨ᠎ᠠ᠃      — ᠬᠠᠤᠯᠢ ᠶᠤᠰᠤ ᠪᠠᠷ ᠵᠢᠷᠤᠮᠵᠢᠭᠤᠯᠤᠨ ᠲᠠᠰ ᠲᠠᠷᠠᠭᠠᠯᠠᠯ ᠲᠠᠢ ᠬᠡᠷᠡᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠬᠠᠤᠯᠢ ᠴᠠᠭᠠᠵᠠ ᠬᠠᠤᠯᠢ ᠲᠤᠭᠲᠠᠭᠠᠯ ᠪᠠ ᠬᠤᠯᠪᠤᠭᠳᠠᠯ ᠪᠥᠬᠦᠢ ᠲᠥᠷᠥ ᠶᠢᠨ ᠪᠤᠳᠤᠯᠭ᠎ᠠ ᠶᠢᠨ ᠶᠤᠰᠤᠭᠠᠷ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠪᠠᠶᠢᠷᠢᠰᠢᠯᠠᠭᠤᠯᠤᠯᠲᠠ ᠶᠢ ᠰᠢᠯᠢᠳᠡᠭᠵᠢᠭᠦᠯᠤᠨ᠂ ᠪᠥᠲᠥᠴᠡ ᠶᠢ ᠲᠤᠬᠢᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠᠷ ᠳᠠᠬᠢᠨ ᠪᠠᠶᠢᠭᠤᠯᠬᠤ ᠶᠢ ᠲᠥᠯᠬᠢᠨ ᠠᠬᠢᠭᠤᠯᠵᠤ᠂ ᠡᠯ᠎ᠡ ᠲᠥᠷᠥᠯ ᠤᠨ ᠬᠤᠪᠢ ᠶᠢᠨ ᠡᠵᠡᠨ᠂ ᠠᠪᠴᠠᠭᠠᠨ ᠤ ᠬᠥᠮᠥᠨ ᠪᠠ ᠠᠵᠢᠯᠲᠠᠨ ᠠᠵᠢᠯᠴᠢᠨ ᠵᠡᠷᠭᠡ ᠬᠠᠮᠢᠶ᠎ᠠ ᠪᠥᠬᠦᠢ ᠲᠠᠯ᠎ᠠ ᠶᠢᠨ ᠡᠷᠭᠡ ᠠᠰᠢᠭ ᠤᠨ ᠬᠠᠷᠢᠴᠠᠭ᠎ᠠ ᠶᠢ ᠲᠤᠬᠢᠳᠠᠢ ᠰᠠᠶᠢᠲᠥᠷ ᠰᠢᠢᠳᠪᠥᠷᠢᠯᠡᠭᠦ ᠬᠡᠷᠡᠭᠲᠡᠢ᠃ ᠤᠯᠤᠰ ᠤᠨ ᠥᠮᠴᠢᠯᠡᠯᠲᠥ ᠡᠳ᠋ ᠬᠥᠷᠥᠩᠭᠡ ᠶᠢᠨ ᠠᠷᠠᠯᠵᠢᠶ᠎ᠡ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠤᠯᠤᠰ ᠤᠨ ᠥᠮᠴᠢᠯᠡᠯᠲᠥ ᠡᠳ᠋ ᠬᠥᠷᠥᠩᠭᠡ ᠶᠢᠨ ᠭᠡᠭᠡᠭᠳᠡᠬᠦ ᠶᠢ ᠪᠥᠲᠥᠮᠵᠢᠲᠡᠢ ᠬᠤᠷᠢᠭᠯᠠᠬᠤ ᠭᠡᠷᠡᠭᠲᠡᠢ᠃      — ᠰᠢᠰᠲ᠋ᠧᠮ ᠢᠶᠠᠷ ᠨᠢ ᠠᠷᠭ᠎ᠠ ᠰᠥᠪᠡᠭᠴᠢᠯᠡᠨ ᠨᠢᠭᠡᠳᠥᠯᠲᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠬᠠᠷᠠᠯᠲᠠ ᠶᠢᠨ ᠤᠳᠤᠷᠢᠳᠤᠮᠵᠢ ᠪᠠ ᠠᠰᠠᠭᠤᠳᠠᠯ ᠤᠨ ᠤᠳᠤᠷᠢᠳᠤᠮᠵᠢ ᠶᠢ ᠳᠤᠪᠤᠶᠢᠯᠭᠠᠨ᠂ ᠥᠭᠡᠷᠡᠴᠢᠯᠡᠯᠲᠠ᠂ ᠬᠥᠭᠵᠢᠯᠲᠡ᠂ ᠲᠤᠭᠲᠠᠭᠤᠨ ᠤ ᠬᠠᠷᠢᠴᠠᠭ᠎ᠠ ᠶᠢ ᠰᠠᠶᠢᠲᠤᠷ ᠰᠢᠢᠳᠪᠤᠷᠢᠯᠡᠵᠤ᠂ ᠠᠷᠭ᠎ᠠ ᠰᠥᠪᠡᠭᠴᠢᠯᠡᠨ ᠪᠠᠶᠢᠷᠢᠯᠠᠭᠤᠯᠬᠤ ᠶᠢ ᠴᠢᠩᠭᠠᠳᠬᠠᠨ᠂ ᠪᠠᠬᠢᠵᠢᠭᠦᠯᠥᠨ ᠪᠤᠵᠠᠭᠠᠶᠢᠷᠠᠭᠤᠯᠬᠤ᠂ ᠰᠢᠨ᠎ᠡ ᠶᠢ ᠡᠭᠦᠳᠥᠨ ᠬᠥᠭᠵᠢᠭᠦᠯᠬᠦ᠂ ᠲᠠᠬᠢᠨ ᠪᠠᠶᠢᠭᠤᠯᠤᠨ ᠨᠡᠶᠢᠯᠡᠭᠦᠯᠬᠦ ᠪᠠ ᠢᠯᠭᠠᠷᠠᠭᠤᠯᠤᠨ ᠪᠤᠴᠠᠭᠠᠬᠤ ᠵᠡᠷᠭᠡ ᠠᠵᠢᠯ ᠢ ᠨᠢᠭᠡᠳᠥᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ᠃      ᠭᠤᠷᠪᠠ᠂ ᠭᠤᠤᠯ ᠬᠠᠷᠠᠯᠲᠠ      2020 ᠤᠨ ᠪᠤᠯᠲᠠᠯ᠎ᠠ᠂ ᠥᠪᠡᠷᠲᠡᠭᠡᠨ ᠵᠠᠰᠠᠬᠤ ᠤᠷᠤᠨ ᠤ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠪᠠᠶᠢᠯᠳᠤᠬᠤ ᠪᠤᠳᠤᠯᠭ᠎ᠠ ᠶᠢᠨ ᠤᠷᠤᠨ ᠪᠠᠶᠢᠷᠢ ᠶᠢᠨ ᠲᠤᠭᠲᠠᠭᠠᠯᠲᠠ ᠶᠢ ᠨᠠᠩ ᠲᠤᠳᠤᠷᠬᠠᠢ ᠪᠤᠯᠭᠠᠵᠤ᠂ ᠭᠤᠤᠯ ᠥᠢᠯᠡᠰ ᠤᠨ ᠳᠠᠪᠠᠭᠤᠯᠢᠭ ᠪᠠᠶᠢᠳᠠᠯ ᠢ ᠨᠡᠩ ᠳᠤᠪᠤᠶᠢᠮ᠎ᠠ ᠪᠤᠯᠭᠠᠵᠤ᠂ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠭᠦᠯᠬᠦ ᠠᠯᠬᠤᠴᠠ ᠶᠢ ᠲᠠᠰᠤᠷᠠᠯᠲᠠ ᠥᠭᠡᠢ ᠲᠥᠷᠭᠡᠳᠬᠡᠵᠤ᠂ ᠠᠰᠢᠭ ᠤᠯᠵᠠᠪᠤᠷᠢ ᠤᠯᠬᠤ ᠴᠢᠳᠠᠪᠤᠷᠢ ᠬᠢᠬᠡᠳ ᠲᠥᠭᠰᠢᠭᠦᠷᠢ ᠲᠠᠢ ᠲᠡᠮᠡᠴᠡᠬᠦ ᠴᠢᠳᠡᠪᠤᠷᠢ ᠪᠠᠨ ᠥᠷᠭᠦᠯᠵᠢᠯᠡᠨ ᠳᠡᠭᠡᠭᠰᠢᠯᠡᠭᠦᠯᠥᠨ᠎ᠡ︔ ᠥᠪᠡᠷᠲᠡᠭᠡᠨ ᠵᠠᠰᠠᠬᠤ ᠤᠷᠤᠨ ᠤ ᠤᠯᠤᠰ ᠤᠨ ᠥᠮᠴᠢᠯᠡᠯᠲᠥ ᠠᠵᠤ ᠠᠬᠤᠢ ᠶᠢᠨ ᠪᠠᠶᠢᠷᠢᠰᠢᠭᠤᠯᠤᠯ ᠤᠨ ᠪᠥᠲᠥᠴᠡ ᠶᠢ ᠵᠥᠢ ᠶᠤᠰᠤᠨ ᠤ ᠬᠠᠨᠳᠤᠰᠢ ᠲᠠᠢ ᠪᠣᠯᠭᠠᠵᠤ᠂ ᠤᠯᠤᠰ ᠤᠨ ᠥᠮᠴᠢᠯᠡᠯᠲᠥ ᠬᠥᠷᠥᠩᠭᠡ ᠮᠥᠩᠬᠦ ᠶᠢᠨ ᠲᠤᠬᠢᠷᠠᠭᠤᠯᠤᠯᠲᠠ ᠶᠢᠨ ᠥᠷ᠎ᠡ ᠠᠰᠢᠭ ᠢ ᠪᠥᠲᠥᠮᠵᠢᠲᠡᠢ ᠳᠡᠭᠡᠭᠰᠢᠯᠡᠭᠦᠯᠥᠨ᠎ᠡ᠃ 2025 ᠤᠨ ᠪᠤᠯᠲᠠᠯ᠎ᠠ᠂ ᠥᠪᠡᠷᠲᠡᠭᠡᠨ ᠵᠠᠰᠠᠬᠤ ᠤᠷᠤᠨ ᠤ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠴᠢᠳᠠᠪᠬᠢ ᠥᠢᠯᠡᠳᠥᠯ ᠢ ᠪᠥᠲᠥᠮᠵᠢᠲᠡᠢ ᠪᠠᠷ ᠪᠠᠳᠠᠷᠠᠭᠤᠯᠤᠨ᠂ ᠰᠢᠨ᠎ᠡ ᠶᠢ ᠡᠭᠦᠳᠬᠦ ᠴᠢᠳᠠᠪᠤᠷᠢ ᠪᠠᠨ ᠢᠯᠡᠳᠲᠡ ᠳᠡᠭᠡᠭᠰᠢᠯᠡᠭᠦᠯᠥᠨ᠂ ᠭᠥᠭᠵᠢᠯᠲᠡ ᠶᠢᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠵᠥ᠂ ᠤᠯᠤᠰ ᠤᠨ ᠳᠤᠲᠤᠷ᠎ᠠ ᠰᠢᠨ᠎ᠡ ᠶᠢ ᠡᠭᠦᠳᠬᠦ ᠴᠢᠳᠠᠪᠤᠷᠢ ᠪᠠ ᠥᠷᠢᠰᠥᠯᠳᠥᠭᠡᠨ ᠤ ᠬᠥᠴᠥᠨ ᠢᠶᠠᠷ ᠨᠡᠯᠢᠶᠡᠳ ᠬᠥᠴᠥᠷᠭᠡᠭ ᠨᠢᠭᠡ ᠪᠥᠯᠥᠭ ᠲᠡᠷᠢᠭᠦᠨ ᠤ ᠠᠵᠤ ᠠᠬᠤᠶᠢᠯᠠᠯ ᠢ ᠪᠤᠶᠢᠵᠢᠭᠤᠯᠤᠨ᠎ᠠ︔ ᠤᠯᠤᠰ ᠤᠨ ᠥᠮᠴᠢᠯᠡᠯᠲᠥ ᠠᠵᠤ ᠠᠬᠤᠢ ᠶᠢᠨ ᠪᠠᠶᠢᠷᠢᠰᠢᠭᠤᠯᠤᠯ ᠤᠨ ᠪᠥᠲᠥᠴᠡ ᠶᠢ ᠨᠡᠩ ᠰᠢᠯᠢᠳᠡᠭᠵᠢᠭᠦᠯᠥᠨ᠂ ᠤᠯᠤᠰ ᠤᠨ ᠥᠮᠴᠢᠯᠡᠯᠲᠥ ᠬᠥᠷᠥᠩᠬᠡ ᠮᠥᠩᠬᠦ ᠶᠢᠨ ᠲᠤᠬᠢᠷᠠᠭᠤᠯᠤᠯᠲᠠ ᠶᠢᠨ ᠥᠷ᠎ᠡ ᠠᠰᠢᠭ ᠢ ᠢᠯᠡᠳᠲᠡ ᠳᠡᠭᠡᠭᠰᠢᠯᠡᠭᠦᠯᠥᠨ᠎ᠡ᠃      — ᠴᠢᠳᠠᠪᠬᠢ ᠶᠢᠨ ᠥᠢᠯᠡᠳᠥᠯ ᠢ ᠪᠥᠲᠥᠮᠵᠢᠲᠡᠢ ᠪᠠᠳᠠᠷᠠᠭᠤᠯᠤᠨ᠎ᠠ᠃ ᠡᠨᠧᠷᠭᠢ᠂ ᠬᠢᠮᠢ ᠶᠢᠨ ᠠᠵᠤ ᠥᠢᠯᠡᠳᠪᠥᠷᠢ᠂ ᠥᠩᠭᠡᠲᠥ ᠲᠡᠮᠦᠷᠯᠢᠭ ᠵᠡᠷᠭᠡ ᠤᠯᠠᠮᠵᠢᠯᠠᠯᠲᠤ ᠠᠵᠤ ᠥᠢᠯᠡᠰ ᠢ ᠰᠢᠯᠢᠳᠡᠭᠵᠢᠭᠦᠯᠥᠨ ᠳᠡᠰ ᠳᠡᠪᠰᠢᠬᠦᠯᠭᠦ ᠲᠠᠯ᠎ᠠ ᠪᠠᠷ᠂ ᠬᠥᠴᠥᠨ ᠵᠥᠢᠯ ᠢ ᠨᠡᠶᠢᠯᠡᠭᠦᠯᠤᠨ᠂ ᠡᠬᠢ ᠪᠠᠶᠠᠯᠢᠭ ᠢ ᠡᠮᠬᠢᠯᠡᠵᠤ᠂ ᠬᠤᠯᠪᠤᠭᠳᠠᠬᠤ ᠠᠵᠤ ᠥᠢᠯᠡᠰ ᠤᠨ ᠬᠥᠭᠵᠢᠯᠲᠡ ᠶᠢ ᠠᠬᠢᠭᠤᠯᠬᠤ ᠬᠦᠳᠦᠴᠢ ᠨᠢᠷᠤᠭᠤᠪᠴᠢ ᠥᠢᠯᠡᠳᠥᠯ ᠢ ᠪᠠᠳᠠᠷᠠᠭᠤᠯᠤᠨ᠎ᠠ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠮᠤᠩᠭᠤᠯ ᠬᠢᠲᠠᠳ ᠡᠮ ᠡᠮᠨᠡᠯᠭᠡ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠤᠯᠤᠭᠰᠠᠨ ᠠᠵᠤ ᠥᠢᠯᠡᠰ ᠤᠨ ᠬᠥᠭᠵᠢᠯᠲᠡ ᠶᠢᠨ ᠲᠠᠯ᠎ᠠ ᠪᠠᠷ᠂ ᠳᠠᠭᠠᠭᠤᠯᠤᠨ ᠳᠠᠶᠢᠴᠢᠯᠠᠬᠤ ᠥᠢᠯᠡᠳᠥᠯ ᠢ ᠪᠠᠳᠠᠷᠠᠭᠤᠯᠤᠨ᠎ᠠ︔ ᠤᠰᠤᠨ ᠠᠰᠢᠭᠯᠠᠯᠲᠠ᠂ ᠲᠡᠮᠥᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ ᠴᠠᠬᠢᠯᠭᠠᠨ ᠲᠤᠤᠷ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠠᠲᠤᠯᠠᠬᠤ ᠴᠢᠳᠠᠪᠬᠢ ᠶᠢ ᠢᠯᠡᠳᠲᠡ ᠳᠡᠭᠡᠭᠰᠢᠯᠡᠭᠦᠯᠥᠨ᠎ᠡ︔ ᠠᠷᠠᠳ ᠤᠨ ᠠᠮᠢᠳᠤᠷᠠᠯ ᠢ ᠪᠠᠳᠤᠯᠠᠬᠤ᠂ ᠨᠡᠶᠢᠭᠡᠮ ᠤᠨ ᠥᠢᠯᠡᠴᠢᠯᠡᠭᠡ᠂ ᠤᠯᠠᠨ ᠨᠡᠶᠢᠲᠡ ᠶᠢᠨ ᠪᠥᠲᠥᠭᠡᠭᠳᠡᠭᠦᠨ ᠢ ᠬᠠᠩᠭᠠᠬᠤ ᠪᠡ ᠥᠢᠯᠡᠴᠢᠯᠡᠭᠡᠨ ᠤ ᠲᠠᠯ᠎ᠠ ᠪᠠᠷ᠂ ᠤᠯᠤᠰ ᠲᠥᠷᠥ ᠶᠢᠨ ᠬᠠᠷᠢᠭᠤᠴᠠᠯᠭ᠎ᠠ ᠪᠡ ᠨᠡᠶᠢᠭᠡᠮ ᠤᠨ ᠬᠠᠶᠢᠭᠤᠴᠠᠯᠭ᠎ᠠ ᠪᠠᠨ ᠨᠡᠩ ᠰᠠᠶᠢᠨ ᠢᠶᠠᠷ ᠭᠥᠢᠴᠡᠳᠬᠡᠨ᠎ᠡ᠃      — ᠡᠬᠢ ᠪᠠᠶᠠᠯᠢᠭ ᠤᠨ ᠲᠤᠬᠢᠷᠠᠭᠤᠯᠤᠯᠲᠠ ᠶᠢ ᠨᠡᠩ ᠵᠤᠬᠢᠰᠲᠠᠢ ᠪᠤᠯᠭᠠᠨ᠎ᠠ᠃ ᠡᠬᠢ ᠪᠠᠶᠠᠯᠢᠭ ᠤᠨ ᠲᠤᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠰᠢᠢᠳᠪᠥᠷᠢᠯᠡᠬᠦ ᠴᠢᠨᠠᠷᠲᠠᠢ ᠥᠢᠯᠡᠳᠥᠯ ᠢ ᠪᠠᠳᠠᠷᠠᠭᠤᠯᠤᠨ᠂ ᠡᠬᠢ ᠪᠠᠶᠠᠯᠢᠭ ᠤᠨ ᠲᠤᠬᠢᠷᠠᠭᠤᠯᠤᠯᠲᠠ ᠶᠢᠨ ᠥᠷ᠎ᠡ ᠠᠰᠢᠭ ᠢ ᠳᠡᠭᠡᠭᠰᠢᠯᠡᠭᠦᠯᠥᠨ᠎ᠡ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠳᠠᠬᠢᠨ ᠪᠠᠶᠢᠭᠤᠯᠬᠤ᠂ ᠰᠢᠨ᠎ᠡ ᠶᠢ ᠡᠭᠦᠳᠥᠨ ᠬᠠᠮᠲᠤᠷᠠᠯᠴᠠᠬᠤ᠂ ᠬᠤᠴᠤᠷᠤᠩᠭᠤᠢ ᠥᠢᠯᠡᠳᠪᠥᠷᠢᠯᠡᠯ ᠤᠨ ᠴᠢᠳᠠᠪᠤᠷᠢ ᠶᠢ ᠰᠢᠯᠢᠳᠡᠭᠵᠢᠭᠦᠯᠵᠥ᠂ ᠥᠯᠡᠭᠦᠥ ᠥᠢᠯᠡᠳᠪᠥᠷᠢᠯᠡᠯ ᠤᠨ ᠴᠢᠳᠠᠪᠤᠷᠢ ᠶᠢ ᠰᠢᠢᠳᠪᠥᠷᠢᠯᠡᠬᠦ᠂ ᠥᠷ᠎ᠡ ᠠᠰᠢᠭ ᠢᠶᠠᠷ ᠳᠤᠤᠷ᠎ᠠ ᠪᠤᠶᠤ ᠥᠷ᠎ᠡ ᠠᠰᠢᠭ ᠥᠭᠡᠢ ᠡᠳ᠋ ᠬᠥᠷᠥᠩᠭᠡ ᠶᠢ ᠰᠢᠢᠳᠪᠥᠷᠢᠯᠡᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠤᠯᠤᠰ ᠤᠨ ᠥᠮᠴᠢᠯᠡᠯᠲᠥ ᠬᠥᠷᠥᠩᠭᠡ ᠮᠥᠩᠬᠦ ᠶᠢ ᠤᠷᠤᠭᠤᠯᠵᠤ ᠪᠤᠴᠠᠭᠠᠵᠤ ᠪᠤᠯᠬᠤ ᠪᠡ ᠵᠤᠬᠢᠰᠲᠠᠢ ᠰᠢᠯᠵᠢᠭᠦᠯᠵᠤ ᠪᠤᠯᠬᠤ ᠲᠤᠭᠲᠠᠴᠠ ᠶᠢ ᠪᠤᠢ ᠪᠤᠯᠭᠠᠨ᠎ᠠ᠃ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠭᠤᠯᠲᠥ ᠲᠤᠬᠢᠷᠠᠭᠤᠯᠤᠯᠲᠠ ᠶᠢ ᠲᠥᠷᠭᠡᠳᠬᠡᠨ ᠠᠬᠢᠭᠤᠯᠵᠤ᠂ ᠠᠵᠤ ᠥᠢᠯᠡᠰ ᠤᠨ ᠬᠡᠯᠬᠢᠶ᠎ᠡ ᠶᠢᠨ ᠲᠡᠬᠡᠷ᠎ᠠ ᠲᠤᠤᠷᠠᠳᠤ ᠲᠠᠯ᠎ᠠ ᠶᠢᠨ ᠡᠬᠢ ᠪᠠᠶᠠᠯᠢᠭ ᠤᠨ ᠲᠤᠬᠢᠷᠠᠭᠤᠯᠤᠯᠲᠠ ᠶᠢ ᠲᠠᠰᠤᠷᠠᠯᠲᠠ ᠥᠭᠡᠢ ᠰᠢᠯᠢᠳᠡᠭᠵᠢᠭᠦᠯᠥᠨ᠂ ᠥᠷᠳᠡᠭ ᠤᠨ ᠬᠡᠯᠬᠢᠶ᠎ᠡ ᠶᠢ ᠳᠤᠮᠳᠠ ᠳᠤᠤᠷ᠎ᠠ ᠲᠠᠰ ᠠᠴᠠ ᠳᠤᠮᠳᠠ ᠳᠡᠭᠡᠳᠥ ᠳᠡᠰ ᠲᠡᠰᠢ ᠬᠤᠪᠢᠷᠠᠭᠤᠯᠬᠤ ᠨᠢ ᠢᠯᠡᠳᠲᠡ ᠠᠬᠢᠴᠠ ᠲᠠᠢ ᠪᠤᠯᠵᠤ᠂ ᠪᠥᠬᠦᠯᠢ ᠴᠤᠭᠴᠠ ᠶᠢᠨ ᠥᠷᠢᠰᠥᠯᠳᠥᠭᠡᠨ ᠤ ᠬᠥᠴᠥᠨ ᠢ ᠶᠡᠬᠡᠪᠡᠷ ᠳᠡᠭᠡᠭᠰᠢᠯᠡᠭᠦᠯᠥᠨ᠎ᠡ︔ ᠠᠵᠤ ᠠᠬᠤᠶᠢᠯᠠᠯ ᠤᠨ ᠬᠤᠭᠤᠷᠤᠨᠳᠤᠬᠢ ᠬᠥᠨᠳᠡᠯᠡᠨ ᠢᠶᠠᠷ ᠡᠮᠬᠢᠯᠡᠨ ᠨᠡᠶᠢᠯᠡᠭᠦᠯᠬᠦ ᠶᠢ ᠥᠨᠳᠥᠰᠥᠨ ᠳᠡᠭᠡᠨ ᠪᠡᠶᠡᠯᠡᠭᠦᠯᠥᠨ᠂ ᠬᠠᠮᠵᠢᠯᠴᠠᠨ ᠡᠵᠡᠩᠨᠡᠬᠦ ᠲᠠᠪᠴᠠᠩ ᠤᠨ ᠪᠠᠶᠢᠭᠤᠯᠤᠯᠲᠠ ᠶᠢ ᠲᠥᠷᠭᠡᠳᠬᠡᠨ ᠠᠬᠢᠭᠤᠯᠵᠤ᠂ ᠠᠳᠠᠯᠢ ᠴᠢᠨᠠᠷᠯᠢᠭ ᠡᠵᠡᠩᠨᠡᠯᠲᠡ᠂ ᠳᠤᠤᠷ᠎ᠠ ᠬᠡᠮᠵᠢᠶᠡᠨ ᠤ ᠲᠠᠪᠬᠤᠷᠳᠠᠭᠰᠠᠨ ᠪᠠᠶᠢᠭᠤᠯᠤᠯᠲᠠ᠂ ᠡᠮᠬᠢ ᠵᠠᠮᠪᠠᠷᠠᠭ᠎ᠠ ᠥᠭᠡᠢ ᠥᠷᠢᠰᠥᠯᠳᠥᠭᠡᠨ ᠵᠡᠷᠭᠡ ᠠᠰᠠᠭᠤᠳᠠᠯ ᠢ ᠪᠥᠲᠥᠮᠵᠢᠲᠡᠢ ᠰᠢᠢᠳᠪᠥᠷᠢᠯᠡᠨ᠂ ᠤᠯᠤᠰ ᠤᠨ ᠥᠮᠴᠢᠯᠡᠯᠲᠥ ᠡᠳ᠋ ᠬᠥᠷᠥᠩᠭᠡ ᠶᠢᠨ ᠪᠡᠯᠡ ᠤᠷᠤᠭᠤᠯᠤᠯᠲᠠ ᠶᠢᠨ ᠺᠤᠮᠫᠠᠨᠢ᠂ ᠤᠯᠤᠰ ᠤᠨ ᠥᠮᠴᠢᠯᠡᠯᠲᠥ ᠡᠳ᠋ ᠬᠥᠷᠥᠩᠬᠡ ᠶᠢᠨ ᠡᠵᠡᠩᠨᠡᠯᠲᠡ ᠶᠢᠨ ᠺᠤᠮᠫᠠᠨᠢ᠂ ᠤᠯᠤᠰ ᠤᠨ ᠥᠮᠴᠢᠯᠡᠯᠲᠥ ᠲᠤᠮᠤ ᠬᠡᠯᠪᠡᠷᠢ ᠶᠢᠨ ᠠᠵᠤ ᠦᠢᠯᠡᠰ ᠤᠨ ᠪᠥᠯᠥᠭᠯᠡᠯ ᠵᠡᠷᠭᠡ ᠭᠤᠷᠪᠠᠨ ᠲᠥᠷᠥᠯ ᠤᠨ ᠠᠵᠤ ᠠᠬᠤᠶᠢᠯᠠᠯ ᠰᠠᠶᠢᠨ ᠲᠠᠯ᠎ᠠ ᠶᠢ ᠨᠢ ᠠᠪᠴᠥ ᠲᠤᠳᠠᠭᠳᠠᠯ ᠲᠠᠢ ᠲᠠᠯ᠎ᠠ ᠪᠠᠨ ᠨᠥᠬᠦᠪᠥᠷᠢᠯᠡᠵᠤ᠂ ᠬᠠᠷᠢᠯᠴᠠᠨ ᠠᠬᠢᠭᠤᠯᠤᠨ᠂ ᠬᠠᠮᠵᠢᠯᠴᠠᠨ ᠬᠥᠭᠵᠢᠭᠰᠡᠨ ᠲᠥᠯᠥᠪ ᠪᠠᠶᠢᠳᠠᠯ ᠢ ᠪᠤᠢ ᠪᠣᠯᠭᠠᠨ᠎ᠠ᠃      — ᠬᠥᠭᠵᠢᠯᠲᠡ ᠶᠢᠨ ᠶᠠᠰᠤ ᠴᠢᠨᠠᠷ ᠥᠷ᠎ᠡ ᠠᠰᠢᠭ ᠢ ᠲᠠᠰᠤᠷᠠᠯᠲᠠ ᠥᠭᠡᠢ ᠳᠡᠭᠡᠭᠰᠢᠯᠡᠭᠦᠯᠦᠨ᠎ᠡ᠃ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠪᠠᠶᠢᠯᠳᠤᠬᠤ ᠪᠤᠳᠤᠯᠭ᠎ᠠ ᠶᠢ ᠨᠠᠩ ᠲᠤᠳᠤᠷᠬᠠᠢ ᠪᠣᠯᠭᠠᠵᠤ᠂ ᠭᠤᠤᠯᠯᠠᠬᠤ ᠥᠢᠯᠡᠰ ᠤᠨ ᠳᠠᠪᠠᠭᠤᠯᠢᠭ ᠢ ᠨᠡᠩ ᠳᠤᠪᠤᠶᠢᠮ᠎ᠠ ᠪᠣᠯᠭᠠᠨ᠎ᠠ︔ ᠡᠳ᠋ ᠬᠥᠷᠥᠩᠭᠡ ᠶᠢᠨ ᠥᠷᠢᠲᠥᠬᠦ ᠨᠤᠷᠮ᠎ᠠ ᠶᠢ ᠨᠡᠩ ᠵᠤᠬᠢᠰᠲᠠᠢ ᠪᠣᠯᠭᠠᠵᠤ᠂ ᠤᠯᠵᠠᠪᠤᠷᠢ ᠶᠢᠨ ᠬᠢᠷᠢ ᠬᠡᠮᠵᠢᠶ᠎ᠡ ᠶᠢ ᠨᠡᠩ ᠲᠣᠭᠲᠠᠪᠤᠷᠢᠲᠠᠢ ᠪᠣᠯᠭᠠᠨ᠎ᠠ︔ ᠠᠵᠤ ᠠᠬᠤᠶᠢᠯᠠᠯ ᠤᠨ ᠵᠠᠰᠠᠯᠲᠠ ᠶᠢ ᠨᠡᠩ ᠵᠢᠷᠤᠮᠵᠢᠭᠤᠨ ᠪᠣᠯᠭᠠᠵᠤ᠂ ᠡᠵᠡᠩᠨᠡᠬᠦ ᠲᠤᠭᠲᠠᠴᠠ ᠶᠢ ᠨᠡᠩ ᠢᠯᠡᠭᠦᠦ ᠠᠮᠢᠳᠤᠯᠢᠬᠵᠢᠭᠤᠯᠤᠨ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠤᠨ᠎ᠠ︔ ᠬᠢᠨᠠᠨ ᠬᠠᠮᠢᠶᠠᠷᠬᠤ ᠳᠥᠷᠢᠮ ᠲᠤᠭᠲᠠᠭᠠᠯ ᠢ ᠨᠡᠩ ᠢᠯᠡᠭᠦᠦ ᠲᠡᠭᠦᠯᠳᠡᠷᠵᠢᠭᠦᠯᠵᠦ᠂ ᠲᠥᠭᠰᠢᠭᠦᠷᠢ ᠶᠢ ᠡᠵᠡᠮᠳᠡᠬᠦ ᠴᠢᠳᠠᠪᠤᠷᠢ ᠪᠠᠨ ᠲᠠᠰᠤᠷᠠᠯᠲᠠ ᠥᠭᠡᠢ ᠳᠡᠭᠡᠭᠰᠢᠯᠡᠭᠦᠯᠵᠦ᠂ ᠤᠯᠤᠰ ᠤᠨ ᠡᠳ᠋ ᠬᠥᠷᠥᠩᠭᠡ ᠶᠢᠨ ᠥᠷᠳᠡᠭ ᠢᠶᠠᠨ ᠪᠠᠲᠤᠯᠠᠬᠤ ᠥᠷᠳᠡᠭ ᠢᠶᠠᠨ ᠨᠡᠮᠡᠭᠳᠡᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃      ᠳᠥᠷᠪᠡ᠂ ᠭᠤᠤᠯᠳᠠᠯᠭ᠎ᠠ ᠲᠠᠢ ᠡᠭᠦᠷᠭᠡ      ︵ᠨᠢᠭᠡ︶ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠢ ᠪᠠᠬᠢᠵᠢᠭᠦᠯᠦᠨ ᠪᠤᠵᠠᠭᠠᠶᠢᠷᠠᠭᠤᠯᠬᠤ ᠶᠢ ᠲᠥᠯᠬᠢᠨ ᠠᠬᠢᠭᠤᠯᠤᠨ᠎ᠠ᠃ ᠬᠤᠳᠠᠯᠳᠤᠭ᠎ᠠ ᠶᠢᠨ ᠥᠷᠢᠰᠥᠯᠳᠥᠭᠡᠨ ᠤ ᠲᠥᠷᠥᠯ ᠤᠨ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠳᠤ ᠪᠤᠯ᠂ ᠮᠡᠳᠡᠭᠡ ᠵᠠᠩᠬᠢᠵᠢᠯᠲᠠ᠂ ᠤᠶᠤᠨᠴᠢᠯᠠᠯᠲᠠ ᠵᠡᠷᠭᠡ ᠠᠷᠭ᠎ᠠ ᠪᠠᠷᠢᠯ ᠪᠠ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠠᠰᠢᠭᠯᠠᠨ᠂ ᠰᠢᠯᠢᠳᠡᠭᠵᠢᠭᠦᠯᠥᠨ ᠳᠡᠰ ᠳᠡᠪᠰᠢᠭᠦᠯᠬᠦ ᠠᠯᠬᠤᠴᠠ ᠶᠢ ᠲᠥᠷᠭᠡᠳᠬᠡᠨ᠎ᠡ︔ ᠠᠵᠤ ᠠᠬᠤᠶᠢᠯᠠᠯ ᠤᠨ ᠪᠠᠶᠢᠭᠤᠯᠤᠯ ᠪᠠ ᠲᠤᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠤᠨ᠂ ᠡᠬᠢ ᠪᠠᠶᠠᠯᠢᠭ ᠤᠨ ᠲᠤᠬᠢᠷᠠᠭᠤᠯᠤᠯᠲᠠ ᠶᠢ ᠰᠢᠯᠢᠳᠡᠭᠵᠢᠭᠦᠯᠵᠥ᠂ ᠲᠠᠬᠢᠨ ᠪᠠᠶᠢᠭᠤᠯᠵᠤ ᠡᠮᠬᠢᠯᠡᠬᠦ ᠡᠷᠴᠢᠮ ᠪᠠ ᠰᠤᠳᠤᠯᠤᠨ ᠨᠡᠭᠡᠭᠡᠬᠦ ᠤᠷᠤᠭᠤᠯᠤᠯᠲᠠ ᠪᠠᠨ ᠨᠡᠮᠡᠭᠳᠡᠭᠦᠯᠥᠨ᠂ ᠰᠢᠨᠵᠢᠯᠡᠬᠦ ᠤᠬᠠᠭᠠᠨ ᠮᠡᠷᠭᠡᠵᠢᠯ ᠪᠡ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠠᠯᠬᠤᠴᠠ ᠪᠠᠨ ᠲᠥᠷᠭᠡᠳᠬᠡᠵᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠥᠷᠭᠦᠯᠵᠢᠯᠡᠨ ᠲᠥᠯᠬᠢᠨ ᠠᠬᠢᠭᠤᠯᠤᠨ᠎ᠠ︔ ᠬᠤᠯᠢᠮᠠᠭ ᠥᠮᠴᠢᠯᠡᠯᠳᠤ ᠠᠵᠤ ᠠᠬᠤᠢ ᠶᠢ ᠬᠥᠭᠵᠢᠭᠦᠯᠥᠨ᠂ ᠪᠥᠯᠥᠭᠯᠡᠯ ᠤᠨ ᠳᠠᠪᠬᠤᠷᠭ᠎ᠠ ᠳᠠᠬᠢ ᠬᠤᠯᠢᠮᠠᠭ ᠥᠮᠴᠢᠯᠡᠯᠳᠤ ᠥᠭᠡᠷᠡᠴᠢᠯᠡᠯᠲᠠ ᠥᠷᠨᠢᠭᠦᠯᠬᠦ ᠶᠢ ᠰᠥᠪᠡᠭᠴᠢᠯᠡᠵᠤ᠂ ᠳᠦᠷᠢᠮ ᠢ ᠥᠭᠡᠷᠡᠴᠢᠯᠡᠨ ᠰᠲ᠋ᠤᠺ ᠤᠨ ᠵᠠᠬ᠎ᠠ ᠳᠤ ᠭᠠᠷᠬᠤ ᠡᠷᠴᠢᠮ ᠢᠶᠠᠨ ᠴᠢᠩᠭᠠᠷᠠᠭᠤᠯᠤᠨ᠂ ᠪᠥᠬᠦᠯᠢ ᠴᠤᠭᠴᠠ ᠪᠠᠷ ᠰᠲ᠋ᠤᠺ ᠤᠨ ᠵᠠᠬ᠎ᠠ ᠳᠤ ᠭᠠᠷᠬᠤ ᠶᠢ ᠬᠦᠴᠦᠯᠡᠨ ᠠᠬᠢᠭᠤᠯᠵᠤ᠂ ᠪᠥᠯᠥᠭᠯᠡᠯ ᠤᠨ ᠬᠠᠷᠢᠶ᠎ᠠ ᠪᠦᠬᠦᠢ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠪᠤᠰᠤ ᠬᠥᠷᠥᠩᠭᠡ ᠮᠥᠩᠬᠦ ᠶᠢ ᠤᠷᠤᠭᠤᠯᠬᠤ ᠪᠤᠶᠤ ᠬᠠᠷᠢᠴᠠᠯᠠᠰᠢᠭᠦᠢ ᠬᠤᠪᠢ ᠣᠷᠣᠭᠤᠯᠤᠯᠲᠠ ᠶᠢ ᠡᠷᠬᠡᠰᠢᠶᠡᠬᠦ᠂ ᠬᠠᠷᠢᠴᠠᠩᠭᠤᠢ ᠬᠤᠪᠢ ᠣᠷᠣᠭᠤᠯᠤᠯᠲᠠ ᠶᠢ ᠡᠷᠬᠡᠰᠢᠶᠡᠬᠦ᠂ ᠬᠤᠪᠢ ᠣᠷᠣᠬᠤ ᠠᠷᠭ᠎ᠠ ᠪᠠᠷ ᠤᠯᠤᠰ ᠤᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠤᠷᠤᠭᠤᠯᠬᠤ ᠶᠢ ᠵᠤᠷᠢᠬᠵᠢᠭᠤᠯᠤᠨ᠎ᠠ᠃ ᠨᠠᠶᠢᠲᠡ ᠶᠢᠨ ᠠᠰᠠᠷᠠᠮᠵᠢ ᠶᠢᠨ ᠲᠥᠷᠥᠯ ᠤᠨ ᠤᠷᠤᠨ ᠤ ᠬᠠᠷᠢᠶ᠎ᠡ ᠪᠥᠬᠦᠢ ᠤᠯᠤᠰ ᠤᠨ ᠦᠮᠴᠢᠯᠡᠯᠲᠦ ᠠᠵᠤ ᠠᠬᠤᠶᠢᠯᠠᠯ ᠳᠤ ᠪᠤᠯ᠂ ᠤᠯᠤᠰ ᠤᠨ ᠥᠮᠴᠢᠯᠡᠯ ᠤᠨ ᠬᠥᠷᠥᠩᠭᠡ ᠮᠥᠩᠬᠦ ᠶᠢᠨ ᠣᠷᠣᠭᠤᠯᠤᠯᠲᠠ ᠪᠠᠨ ᠨᠡᠮᠡᠭᠳᠡᠭᠦᠯᠵᠤ᠂ ᠵᠠᠬ᠎ᠠ ᠳᠡᠯᠭᠡᠭᠦᠷ ᠤᠨ ᠲᠤᠭᠲᠠᠴᠠ ᠶᠢ ᠢᠳᠡᠪᠬᠢᠲᠡᠢ ᠪᠠᠷ ᠲᠠᠲᠠᠨ ᠣᠷᠣᠭᠤᠯᠵᠤ᠂ ᠨᠥᠬᠦᠴᠡᠯ ᠪᠦᠷᠢᠯᠳᠦᠭᠦᠯᠦᠭᠰᠡᠨ ᠨᠢ ᠪᠡᠯᠡ ᠤᠷᠤᠭᠤᠯᠬᠤ ᠭᠤᠤᠯ ᠴᠤᠭᠴᠠ ᠶᠢᠨ ᠤᠯᠠᠨ ᠡᠰᠢᠵᠢᠯ ᠢ ᠬᠡᠷᠡᠭᠵᠢᠭᠦᠯᠥᠨ᠂ ᠥᠢᠯᠡᠴᠢᠯᠡᠭᠡ ᠬᠤᠳᠠᠯᠳᠤᠨ ᠠᠪᠬᠤ᠂ ᠤᠨᠴᠠᠭᠠᠢ ᠵᠥᠪᠰᠢᠶᠡᠷᠡᠨ ᠡᠵᠡᠩᠨᠡᠭᠦᠯᠬᠦ᠂ ᠨᠠᠶᠢᠳᠠᠨ ᠤᠷᠤᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠤᠯᠤᠰ ᠤᠨ ᠥᠮᠴᠢᠯᠡᠯ ᠤᠨ ᠪᠤᠰᠤ ᠠᠵᠤ ᠠᠬᠤᠶᠢᠯᠠᠯ ᠶᠢ ᠲᠠᠲᠠᠨ ᠣᠷᠣᠭᠤᠯᠵᠤ ᠡᠵᠡᠩᠨᠡᠯᠲᠡ ᠳᠤ ᠣᠷᠣᠯᠴᠠᠬᠤ ᠶᠢ ᠵᠤᠷᠢᠬᠵᠢᠭᠤᠯᠵᠤ᠂ ᠤᠯᠠᠨ ᠨᠡᠶᠢᠲᠡ ᠶᠢᠨ ᠥᠢᠯᠡᠴᠢᠯᠡᠭᠡ ᠶᠢᠨ ᠴᠢᠨᠠᠷ ᠴᠢᠨᠰᠠᠭ᠎ᠠ ᠪᠡ ᠥᠷ᠎ᠡ ᠪᠥᠲᠥᠮᠵᠢ ᠶᠢ ᠲᠠᠰᠤᠷᠠᠯᠲᠠ ᠥᠭᠡᠢ ᠳᠡᠭᠡᠭᠰᠢᠯᠡᠭᠦᠯᠦᠨ᠂ ᠨᠡᠶᠢᠭᠡᠮ ᠤᠨ ᠥᠷ᠎ᠡ ᠠᠰᠢᠭ ᠢ ᠬᠠᠮᠤᠭ ᠤᠨ ᠶᠡᠭᠡ ᠪᠠᠷ ᠪᠡᠶᠡᠯᠡᠭᠦᠯᠥᠨ᠂ ᠪᠠᠲᠤᠯᠠᠭ᠎ᠠ ᠶᠢᠨ ᠴᠢᠳᠠᠪᠬᠢ ᠶᠢ ᠲᠠᠰᠤᠷᠠᠯᠲᠠ ᠥᠭᠡᠢ ᠪᠠᠬᠢᠵᠢᠭᠦᠯᠥᠨ᠎ᠡ᠃ ᠤᠨᠴᠠᠭᠠᠢ ᠲᠤᠭᠲᠠᠭᠰᠠᠨ ᠴᠢᠳᠠᠪᠬᠢ ᠶᠢᠨ ᠲᠥᠷᠥᠯ ᠤᠨ ᠤᠷᠤᠨ ᠤ ᠬᠠᠷᠢᠶ᠎ᠠ ᠪᠥᠬᠦᠢ ᠠᠵᠤ ᠠᠬᠤᠶᠢᠯᠠᠯ ᠳᠤ ᠪᠤᠯ᠂ ᠠᠶᠠᠨᠳᠠᠭᠠᠨ ᠭᠠᠭᠴᠠᠭᠠᠷ ᠡᠵᠡᠮᠰᠢᠭᠰᠡᠨ ᠲᠥᠷᠥᠯ ᠵᠥᠢᠯ ᠳᠤ ᠬᠠᠷᠢᠶᠠᠯᠠᠭᠳᠠᠬᠤ ᠶᠢ ᠨᠢ᠂ ᠠᠳᠠᠯᠢ ᠪᠤᠰᠤ ᠠᠵᠢᠯ ᠲᠥᠷᠥᠯ ᠤᠨ ᠤᠨᠴᠠᠯᠢᠭ ᠢ ᠨᠢ ᠥᠨᠳᠥᠰᠥᠯᠡᠨ ᠥᠷᠢᠰᠥᠯᠳᠥᠭᠡᠨ ᠤ ᠴᠢᠨᠠᠷᠲᠠᠢ ᠲᠣᠬᠠᠶᠢᠯᠠᠭᠰᠠᠨ ᠠᠵᠢᠯ ᠢ ᠳᠠᠰ ᠳᠠᠷᠠᠭᠠᠯᠠᠯ ᠲᠠᠢ ᠴᠢᠯᠦᠭᠡᠲᠡᠢ ᠲᠠᠯᠪᠢᠵᠤ᠂ ᠤᠯᠠᠨ ᠨᠡᠶᠢᠲᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠵᠠᠬ᠎ᠠ ᠳᠡᠯᠭᠡᠭᠦᠷᠴᠢᠯᠡᠯᠲᠠ ᠶᠢ ᠠᠬᠢᠭᠤᠯᠤᠨ᠎ᠠ︔ ᠤᠯᠤᠰ ᠤᠨ ᠥᠮᠴᠢᠯᠡᠯ ᠤᠨ ᠪᠥᠬᠦ ᠪᠡᠯᠡ ᠶᠢ ᠬᠡᠷᠡᠭᠵᠢᠭᠦᠯᠬᠦ ᠴᠢᠬᠤᠯᠠᠲᠠᠢ ᠪᠤᠯ᠂ ᠤᠯᠤᠰ ᠤᠨ ᠥᠮᠴᠢᠯᠡᠯ ᠤᠨ ᠪᠤᠰᠤᠳ ᠬᠥᠷᠥᠩᠬᠡ ᠮᠥᠩᠬᠦ ᠶᠢ ᠢᠳᠡᠪᠬᠢᠲᠡᠢ ᠤᠷᠤᠭᠤᠯᠤᠨ ᠰᠲ᠋ᠣᠺ ᠤᠨ ᠡᠷᠭᠡ ᠶᠢᠨ ᠤᠯᠠᠨ ᠡᠰᠢᠵᠢᠯ ᠢ ᠭᠡᠷᠡᠭᠵᠢᠭᠦᠯᠥᠨ᠎ᠡ︔ ᠤᠨᠴᠠᠭᠠᠢ ᠲᠤᠬᠠᠶᠢᠯᠠᠭᠰᠠᠨ ᠠᠵᠢᠯ ᠲᠥᠷᠥᠯ ᠳᠤ ᠬᠠᠷᠢᠶᠠᠯᠠᠭᠳᠠᠬᠤ ᠶᠢ ᠨᠢ᠂ ᠨᠡᠶᠢᠭᠡᠮ ᠤᠨ ᠥᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠤᠨ ᠥᠷ᠎ᠡ ᠠᠰᠢᠭ ᠪᠠ ᠠᠵᠤ ᠠᠬᠤᠢ ᠶᠢᠨ ᠥᠷ᠎ᠡ ᠠᠰᠢᠭ ᠤᠨ ᠬᠠᠷᠢᠯᠴᠠᠨ ᠨᠢᠭᠡᠳᠬᠦ ᠶᠢ ᠪᠡᠶᠡᠯᠡᠭᠦᠯᠥᠨ᠎ᠡ᠃ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ᠂ ᠲᠡᠮᠥᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ ᠴᠠᠬᠢᠯᠭᠠᠨ ᠲᠤᠤᠷ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠳᠤ ᠤᠷᠤᠯᠴᠠᠬᠤ ᠶᠢ ᠳᠡᠮᠵᠢᠵᠦ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠥᠷᠢᠶ᠎ᠡ ᠭᠡᠪᠴᠢᠶ᠎ᠡ ᠳᠠᠬᠢ ᠤᠯᠤᠰ ᠤᠨ ᠥᠮᠴᠢᠯᠡᠯᠲᠥ ᠠᠵᠤ ᠠᠬᠤᠢ ᠶᠢᠨ ᠪᠠᠲᠤᠯᠠᠬᠤ ᠴᠢᠳᠠᠪᠬᠢ ᠶᠢ ᠨᠢ ᠪᠠᠳᠠᠷᠠᠭᠤᠯᠤᠨ᠎ᠠ᠃      ︵ᠬᠤᠶᠠᠷ︶ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠰᠢᠨ᠎ᠡ ᠶᠢ ᠡᠭᠦᠳᠥᠨ ᠬᠥᠭᠵᠢᠬᠦ ᠶᠢ ᠲᠥᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠤᠷᠤᠨ ᠤ ᠡᠬᠢ ᠪᠠᠶᠠᠯᠢᠭ ᠪᠡ ᠤᠷᠤᠨ ᠪᠠᠶᠢᠷᠢ ᠶᠢᠨ ᠳᠠᠪᠠᠭᠤᠯᠢᠭ ᠲᠤ ᠲᠥᠰᠢᠭᠯᠡᠨ᠂ ᠤᠯᠤᠰ ᠤᠨ ᠥᠮᠴᠢᠯᠡᠯᠲᠥ ᠬᠦᠷᠦᠩᠭᠡ ᠮᠥᠩᠭᠦ ᠶᠢᠨ ᠴᠡᠪᠡᠷ ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠥᠢᠯᠡᠳᠪᠥᠷᠢ᠂ ᠥᠩᠭᠡᠲᠥ ᠲᠡᠮᠦᠷᠯᠢᠭ ᠥᠢᠯᠡᠳᠪᠥᠷᠢᠯᠡᠨ ᠪᠤᠯᠪᠠᠰᠤᠷᠠᠭᠤᠯᠬᠤ᠂ ᠲᠣᠮᠣ ᠳ᠋ᠠᠶᠢᠲ᠋ᠠ ᠶᠢᠨ ᠡᠭᠦᠯᠡᠨ ᠪᠤᠳᠤᠯᠲᠠ᠂ ᠮᠤᠩᠭᠤᠯ ᠬᠢᠲᠠᠳ ᠡᠮ ᠡᠮᠨᠡᠯᠭᠡ᠂ ᠡᠷᠡᠭᠦᠯ ᠮᠡᠨᠳᠥ ᠨᠠᠰᠥᠵᠢᠯ᠂ ᠵᠢᠭᠤᠯᠴᠢᠯᠠᠯ ᠵᠡᠷᠭᠡ ᠠᠵᠤ ᠥᠢᠯᠡᠰ ᠲᠠᠬᠢ ᠪᠠᠶᠢᠷᠢᠰᠢᠭᠤᠯᠤᠯ ᠤᠨ ᠡᠷᠴᠢᠮ ᠢᠶᠠᠨ ᠴᠢᠩᠭᠠᠷᠠᠭᠤᠯᠤᠨ᠎ᠠ᠃ ᠤᠯᠤᠰ ᠤᠨ ᠥᠮᠴᠢᠯᠡᠯᠲᠥ ᠭᠥᠷᠥᠩᠭᠡ ᠶᠢᠨ ᠪᠡᠯᠡ ᠤᠷᠤᠭᠤᠯᠤᠯᠲᠠ᠂ ᠡᠵᠡᠩᠨᠡᠯᠲᠡ ᠶᠢᠨ ᠺᠤᠮᠫᠠᠨᠢ ᠶᠢ ᠲᠠᠬᠢᠨ ᠥᠭᠡᠷᠡᠴᠢᠯᠡᠨ ᠪᠠᠶᠢᠭᠤᠯᠵᠤ᠂ ᠬᠤᠶᠠᠷ ᠲᠥᠷᠥᠯ ᠤᠨ ᠺᠤᠮᠫᠠᠨᠢ ᠶᠢ ᠪᠥᠲᠥᠮᠵᠢᠲᠡᠢ ᠡᠵᠡᠩᠨᠡᠬᠦ ᠵᠠᠭᠪᠤᠷ ᠢ ᠰᠥᠪᠡᠭᠴᠢᠯᠡᠨ᠂ ᠬᠥᠷᠥᠩᠭᠡ ᠮᠥᠩᠬᠦ ᠡᠮᠬᠢᠯᠡᠬᠦ᠂ ᠪᠡᠯᠡ ᠤᠷᠤᠭᠤᠯᠵᠤ ᠪᠡᠯᠡ ᠨᠡᠶᠢᠯᠡᠭᠦᠯᠬᠦ᠂ ᠠᠵᠤ ᠥᠢᠯᠡᠰ ᠪᠤᠶᠢᠵᠢᠭᠤᠯᠬᠤ ᠶᠢ ᠥᠷᠨᠢᠭᠦᠯᠬᠦ ᠪᠠᠷ ᠳᠠᠮᠵᠢᠭᠤᠯᠤᠨ᠂ ᠠᠵᠤ ᠥᠢᠯᠡᠰ ᠤᠨ ᠪᠥᠯᠥᠭᠯᠡᠯ ᠪᠡ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠤᠯᠤᠰ ᠤᠨ ᠥᠮᠴᠢᠯᠡᠯᠲᠥ ᠬᠥᠷᠥᠩᠬᠡ ᠮᠥᠩᠬᠦ ᠶᠢᠨ ᠪᠠᠶᠢᠷᠢᠰᠢᠭᠤᠯᠤᠯ ᠤᠨ ᠪᠥᠲᠥᠴᠡ ᠶᠢ ᠰᠢᠯᠢᠳᠡᠭᠵᠢᠭᠦᠯᠥᠨ᠂ ᠤᠯᠤᠰ ᠤᠨ ᠥᠮᠴᠢᠯᠡᠯᠲᠥ ᠬᠥᠷᠥᠩᠬᠡ ᠮᠥᠩᠭᠦ ᠶᠢᠨ ᠴᠢᠳᠠᠪᠬᠢ ᠶᠢ ᠶᠠᠬᠡᠰᠬᠡᠨ᠎ᠡ︔ ᠰᠲ᠋ᠣᠺ ᠤᠨ ᠡᠷᠭᠡ ᠶᠢᠨ ᠠᠵᠢᠯᠯᠠᠭᠠᠨ᠂ ᠥᠷᠳᠡᠭ ᠤᠨ ᠬᠠᠮᠢᠶᠠᠷᠤᠯᠲᠠ᠂ ᠲᠡᠰ ᠳᠠᠷᠠᠭᠠᠯᠠᠯ ᠲᠠᠢ ᠣᠷᠣᠭᠤᠯᠬᠤ ᠪᠠ ᠪᠤᠴᠠᠭᠠᠨ ᠭᠠᠷᠬᠤ ᠪᠠᠷ ᠳᠠᠮᠵᠢᠭᠤᠯᠤᠨ᠂ ᠤᠯᠤᠰ ᠤᠨ ᠥᠮᠴᠢᠯᠡᠯᠲᠥ ᠬᠥᠷᠥᠩᠭᠡ ᠮᠥᠩᠬᠦ ᠶᠢᠨ ᠵᠤᠬᠢᠰᠲᠡᠢ ᠡᠷᠭᠢᠯᠳᠥᠬᠦ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠢᠳᠡᠪᠬᠢᠲᠡᠢ ᠪᠠᠶᠢᠭᠤᠯᠤᠨ᠂ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠢ ᠬᠦᠲᠦᠯᠦᠨ ᠵᠢᠯᠣᠭᠤᠳᠴᠤ ᠪᠠᠶᠢᠭᠠᠳ ᠬᠡᠷᠡᠭᠯᠡᠭᠡᠨ ᠤ ᠰᠠᠭᠤᠷᠢ ᠰᠤᠳᠤᠯᠤᠯ ᠪᠡ ᠮᠡᠷᠭᠡᠵᠢᠯ ᠤᠨ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠠᠵᠢᠯ ᠲᠥᠷᠥᠯ ᠢᠶᠠᠷ ᠢᠶᠠᠨ ᠬᠠᠮᠲᠤᠷᠠᠯᠴᠠᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠂ ᠠᠵᠤ ᠥᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠤᠳᠤᠯᠭ᠎ᠠ ᠶᠢᠨ ᠡᠪᠰᠡᠯ ᠪᠠᠶᠢᠭᠤᠯᠤᠯᠲᠠ ᠶᠢ ᠠᠬᠢᠭᠤᠯᠵᠤ᠂ ᠨᠡᠭᠡᠭᠡᠯᠲᠠ ᠲᠠᠢ ᠪᠥᠭᠡᠳ ᠥᠨᠳᠥᠷ ᠪᠥᠲᠥᠮᠵᠢᠲᠡᠢ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠬᠤ ᠪᠡ ᠲᠡᠭᠦᠯᠳᠡᠷᠵᠢᠭᠦᠯᠥᠨ᠂ ᠤᠤᠯ ᠤᠨ ᠪᠡ ᠨᠡᠶᠢᠯᠡᠯᠳᠦᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠤ᠂ ᠥᠪᠡᠷᠲᠡᠭᠡᠨ ᠵᠠᠰᠠᠬᠤ ᠤᠷᠤᠨ ᠤ ᠬᠤᠪᠤᠷ ᠰᠢᠷᠤᠢ᠂ ᠪᠠᠯ ᠴᠢᠯᠠᠭᠤ ᠵᠡᠷᠭᠡ ᠳᠡᠭᠡᠳᠥ ᠳᠡᠰ ᠤᠨ ᠠᠵᠤ ᠥᠢᠯᠡᠰ ᠤᠨ ᠬᠡᠯᠬᠢᠶ᠎ᠡ ᠪᠥᠲᠥᠭᠡᠭᠳᠡᠭᠦᠨ ᠢ ᠰᠤᠳᠤᠯᠤᠨ ᠨᠡᠭᠡᠭᠡᠬᠦ ᠪᠡ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠶᠢ ᠴᠢᠩᠭᠠᠳᠬᠠᠨ᠎ᠠ᠃      ︵ᠭᠤᠷᠪᠠ︶ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠠᠬᠢᠨ ᠪᠠᠶᠢᠭᠤᠯᠤᠨ ᠡᠮᠬᠢᠯᠡᠬᠦ ᠶᠢ ᠲᠥᠯᠬᠢᠨ ᠠᠬᠢᠭᠤᠯᠤᠨ᠎ᠠ᠃ ᠡᠨᠧᠷᠭᠢ᠂ ᠪᠤᠯᠤᠤᠠ ᠲᠡᠮᠥᠷ᠂ ᠬᠤᠪᠤᠷ ᠰᠢᠷᠤᠢ᠂ ᠵᠠᠮ ᠬᠠᠷᠢᠯᠴᠠᠭ᠎ᠠ ᠵᠡᠷᠭᠡ ᠬᠥᠷᠢᠶ᠎ᠡ ᠬᠡᠪᠴᠢᠶ᠎ᠡ ᠶᠢᠨ ᠠᠵᠤ ᠥᠢᠯᠡᠰ ᠤᠨ ᠬᠡᠯᠬᠢᠶ᠎ᠡ ᠶᠢᠨ ᠲᠡᠬᠡᠷ᠎ᠠ ᠲᠤᠤᠷᠠᠳᠤ ᠲᠠᠯ᠎ᠠ ᠶᠢᠨ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠢ ᠳᠠᠬᠢᠨ ᠪᠠᠶᠢᠭᠤᠯᠬᠤ ᠶᠢ ᠳᠡᠮᠵᠢᠵᠦ᠂ ᠠᠵᠤ ᠥᠢᠯᠡᠰ ᠤᠨ ᠪᠥᠬᠦ ᠬᠡᠯᠬᠢᠶ᠎ᠡ ᠶᠢᠨ ᠥᠷᠢᠰᠥᠯᠳᠥᠭᠡᠨ ᠤ ᠳᠠᠪᠠᠭᠤᠯᠢᠭ ᠢ ᠪᠤᠢ ᠪᠤᠯᠭᠠᠵᠤ᠂ ᠬᠠᠮᠵᠢᠯᠴᠠᠬᠤ ᠥᠢᠯᠡᠴᠢᠯᠡᠭᠡ ᠶᠢᠨ ᠥᠢᠯᠡᠳᠥᠯ ᠢ ᠨᠡᠩ ᠰᠠᠶᠢᠨ ᠢᠶᠠᠷ ᠪᠠᠳᠠᠷᠠᠭᠤᠯᠤᠨ᠎ᠠ᠃ ᠲᠤᠰᠬᠠᠶᠢᠵᠢᠭᠰᠠᠨ ᠡᠮᠬᠢᠯᠡᠭᠡ ᠶᠢ ᠲᠥᠯᠬᠢᠨ ᠠᠬᠢᠭᠤᠯᠵᠤ᠂ ᠬᠡᠪᠴᠢᠶ᠎ᠡ ᠪᠠᠷ ᠪᠠᠭ᠎ᠠ᠂ ᠠᠵᠤ ᠥᠢᠯᠡᠰ ᠤᠨ ᠲᠥᠪᠯᠡᠷᠡᠯ ᠤᠨ ᠬᠡᠮᠵᠢᠶ᠎ᠡ ᠪᠠᠷ ᠳᠤᠤᠷ᠎ᠠ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠢ ᠵᠤᠬᠢᠬᠤ ᠬᠡᠮᠵᠢᠶ᠎ᠡ ᠪᠠᠷ ᠤᠯᠤᠰ ᠤᠨ ᠥᠮᠴᠢᠯᠡᠯᠲᠥ ᠭᠥᠷᠥᠩᠭᠡ ᠮᠥᠩᠬᠦ ᠶᠢᠨ ᠪᠡᠯᠡ ᠤᠷᠤᠭᠤᠯᠤᠯᠲᠠ᠂ ᠡᠵᠡᠩᠨᠡᠯᠲᠡ ᠶᠢᠨ ᠺᠤᠮᠫᠠᠨᠢ ᠲᠠᠰᠢ ᠲᠥᠪᠯᠡᠷᠡᠭᠦᠯᠥᠨ᠎ᠡ︔ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠳ ᠤᠨ ᠬᠤᠭᠤᠷᠤᠨᠳᠤ ᠪᠠᠨ ᠡᠳ᠋ ᠬᠥᠷᠥᠩᠭᠡ ᠪᠠᠨ ᠲᠠᠬᠢᠨ ᠨᠡᠶᠢᠯᠡᠭᠦᠯᠬᠦ᠂ ᠰᠲ᠋ᠣᠺ ᠤᠨ ᠡᠷᠭᠡ ᠶᠢᠨ ᠬᠠᠮᠲᠤᠷᠠᠯᠴᠠᠭ᠎ᠠ᠂ ᠡᠳ᠋ ᠬᠥᠷᠥᠩᠭᠡ ᠪᠠᠨ ᠰᠤᠯᠢᠯᠴᠠᠬᠤ᠂ ᠲᠥᠯᠥᠪᠥᠷᠢ ᠥᠭᠡᠢ ᠰᠠᠯᠭᠠᠨ ᠰᠢᠯᠵᠢᠭᠦᠯᠬᠦ᠂ ᠪᠠᠶᠢᠯᠳᠤᠬᠤ ᠪᠤᠳᠤᠯᠭ᠎ᠠ ᠶᠢᠨ ᠬᠤᠯᠪᠤᠭᠠᠯᠠᠯ᠂ ᠬᠠᠮᠲᠤᠷᠠᠨ ᠨᠡᠭᠡᠭᠡᠨ ᠬᠥᠭᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠬᠢ ᠪᠠᠶᠠᠯᠢᠭ ᠢ ᠳᠠᠪᠠᠭᠤᠯᠢᠭ ᠠᠵᠤ ᠠᠬᠤᠶᠢᠯᠠᠯ ᠲᠡᠰᠢ ᠲᠥᠪᠯᠡᠷᠡᠭᠦᠯᠬᠦ᠂ ᠳᠠᠪᠠᠭᠤᠯᠢᠭ ᠠᠵᠤ ᠠᠬᠤᠶᠢᠯᠠᠯ ᠤᠨ ᠭᠤᠤᠯ ᠥᠢᠯᠡᠰ ᠲᠡᠰᠢ ᠲᠥᠪᠯᠡᠷᠡᠭᠦᠯᠬᠦ ᠶᠢ ᠳᠡᠮᠵᠢᠨ᠎ᠡ︔ ᠴᠠᠬᠢᠯᠭᠠᠨ ᠬᠥᠴᠥ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠭᠥᠷᠢᠶ᠎ᠡ ᠬᠡᠪᠴᠢᠶ᠎ᠡ ᠶᠢᠨ ᠬᠠᠮᠢᠶ᠎ᠠ ᠪᠥᠬᠦᠢ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠬᠠᠮᠲᠤᠪᠠᠷ ᠪᠡᠯᠡ ᠭᠠᠷᠭᠠᠨ ᠬᠤᠪᠢᠴᠠᠭᠠᠲᠤ ᠳᠥᠷᠢᠮ ᠤᠨ ᠲᠤᠰᠬᠠᠶᠢᠵᠢᠭᠰᠠᠨ ᠲᠠᠪᠴᠠᠩ ᠪᠠᠶᠢᠭᠤᠯᠬᠤ ᠶᠢ ᠳᠡᠮᠵᠢᠨ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠵᠠᠬ᠎ᠠ ᠳᠡᠯᠭᠡᠭᠦᠷ ᠢ ᠬᠠᠮᠲᠤᠷᠠᠨ ᠨᠡᠭᠡᠭᠡᠨ ᠬᠥᠭᠵᠢᠭᠦᠯᠬᠦ ᠶᠢ ᠪᠡᠶᠡᠯᠡᠭᠦᠯᠥᠨ᠎ᠡ︔ ᠭᠠᠵᠠᠷ ᠰᠢᠷᠤᠢ᠂ ᠠᠭᠤᠷᠬᠠᠢ ᠶᠢᠨ ᠭᠠᠷᠤᠯᠲᠠ᠂ ᠤᠰᠤᠨ ᠤ ᠡᠬᠢ ᠰᠤᠷᠪᠤᠯᠵᠢ᠂ ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠢ ᠵᠡᠷᠭᠡ ᠤᠯᠤᠰ ᠤᠨ ᠥᠮᠴᠢᠯᠡᠯᠲᠥ ᠡᠬᠢ ᠪᠠᠶᠠᠯᠢᠭ ᠤᠨ ᠬᠦᠷᠦᠩᠭᠡ ᠮᠥᠩᠭᠦ ᠶᠢ ᠵᠥᠢ ᠵᠤᠬᠢᠰᠲᠡᠢ ᠡᠷᠭᠢᠯᠳᠦᠭᠦᠯᠦᠨ ᠲᠤᠬᠢᠷᠠᠭᠤᠯᠤᠯᠲᠠ ᠶᠢ ᠰᠢᠯᠢᠳᠡᠭᠵᠢᠬᠦᠯᠭᠦ ᠶᠢ ᠠᠬᠢᠭᠤᠯᠤᠨ᠂ ᠡᠬᠢ ᠪᠠᠶᠠᠯᠢᠭ ᠢ ᠲᠤᠬᠢᠷᠠᠭᠤᠯᠬᠤ ᠥᠷ᠎ᠡ ᠪᠥᠲᠥᠮᠵᠢ ᠶᠢ ᠳᠡᠭᠡᠭᠰᠢᠯᠡᠭᠦᠯᠥᠨ᠎ᠡ᠃ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠳᠤᠳᠤᠭᠠᠲᠤ ᠶᠢᠨ ᠡᠬᠢ ᠪᠠᠶᠠᠯᠢᠭ ᠤᠨ ᠡᠮᠬᠢᠯᠡᠭᠡ ᠶᠢ ᠲᠥᠯᠬᠢᠨ ᠠᠬᠢᠭᠤᠯᠵᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠠᠪᠬᠤᠷᠭ᠎ᠠ ᠳᠠᠰ ᠢ ᠪᠠᠭᠠᠰᠬᠠᠬᠤ᠂ ᠬᠠᠤᠯᠢ ᠶᠢᠨ ᠡᠷᠭᠡᠲᠡᠨ ᠤ ᠡᠷᠥᠬᠡ ᠶᠢᠨ ᠲᠤᠭ᠎ᠠ ᠶᠢ ᠬᠠᠰᠤᠵᠤ᠂ ᠭᠤᠷᠪᠠᠳᠤᠭᠠᠷ ᠲᠠᠰ ᠠᠴᠠ ᠳᠤᠷᠤᠭᠰᠢᠬᠢ ᠠᠵᠤ ᠠᠬᠤᠶᠢᠯᠠᠯ ᠢ ᠢᠯᠭᠠᠷᠠᠭᠤᠯᠤᠨ ᠡᠮᠬᠢᠯᠡᠵᠤ᠂ ᠬᠠᠮᠢᠶᠠᠷᠤᠨ ᠡᠷᠬᠡᠰᠢᠶᠡᠬᠦ ᠵᠠᠭᠪᠤᠷ ᠬᠢᠬᠡᠳ ᠵᠤᠬᠢᠶᠠᠨ ᠪᠠᠶᠢᠭᠤᠯᠤᠯᠳᠠ ᠶᠢᠨ ᠪᠦᠷᠢᠯᠳᠦᠴᠡ ᠶᠢ ᠲᠤᠬᠢᠷᠠᠭᠤᠯᠬᠤ ᠪᠠ ᠴᠤᠪᠤᠷᠠᠯ ᠢ ᠳᠠᠬᠢᠨ ᠡᠭᠦᠳᠬᠦ ᠶᠢ ᠠᠬᠢᠭᠤᠯᠤᠨ᠂ ᠠᠵᠤ ᠠᠬᠤᠶᠢᠯᠠᠯ ᠤᠨ ᠠᠵᠢᠯᠯᠠᠭᠠᠨ ᠤ ᠥᠷ᠎ᠡ ᠠᠰᠢᠭ ᠪᠡ ᠬᠥᠭᠵᠢᠯᠲᠡ ᠶᠢᠨ ᠠᠮᠢᠵᠢᠷᠠᠯ ᠤᠨ ᠬᠥᠴᠥᠨ ᠢ ᠳᠡᠭᠡᠭᠰᠢᠯᠡᠭᠦᠯᠥᠨ᠎ᠡ᠃      ︵ᠳᠥᠷᠪᠡ︶ ᠤᠷᠤᠨ ᠤ ᠬᠠᠷᠢᠶ᠎ᠡ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠢ ᠴᠠᠭ ᠲᠤᠬᠠᠢ ᠳᠤᠨᠢ ᠢᠯᠭᠠᠷᠠᠭᠤᠯᠤᠨ ᠪᠤᠴᠠᠭᠠᠨ ᠭᠠᠷᠭᠠᠬᠤ ᠶᠢ ᠲᠥᠯᠬᠢᠨ ᠠᠬᠢᠭᠤᠯᠤᠨ᠎ᠠ᠃ ᠥᠯᠡᠭᠦᠥ ᠦᠢᠯᠡᠳᠪᠦᠷᠢᠯᠡᠯ ᠤᠨ ᠴᠢᠳᠠᠪᠤᠷᠢ ᠶᠢ ᠶᠡᠬᠡᠪᠡᠷ ᠪᠠᠭᠠᠰᠬᠠᠨ᠂ ᠬᠡᠮᠵᠢᠶ᠎ᠡ ᠶᠢ ᠨᠢ ᠪᠠᠭᠠᠰᠬᠠᠨ ᠰᠤᠯᠢᠬᠤ ᠵᠠᠷᠴᠢᠮ ᠢᠶᠠᠷ ᠰᠢᠨ᠎ᠡ ᠪᠠᠷ ᠨᠡᠮᠡᠭᠳᠡᠬᠦ ᠦᠢᠯᠡᠳᠪᠦᠷᠢᠯᠡᠯ ᠤᠨ ᠴᠢᠳᠠᠪᠤᠷᠢ ᠶᠢᠨ ᠲᠥᠷᠥᠯ ᠵᠥᠢᠯ ᠤᠨ ᠪᠡᠯᠡ ᠤᠷᠤᠭᠤᠯᠤᠯᠲᠠ ᠶᠢ ᠴᠢᠩᠭ᠎ᠠ ᠡᠵᠡᠮᠳᠡᠨ᠎ᠡ︔ ᠥᠭᠴᠦᠭᠡ ᠶᠡᠬᠡᠲᠡᠢ ᠠᠵᠤ ᠠᠬᠤᠶᠢᠯᠠᠯ ᠳᠤ ᠪᠤᠯ᠂ ᠡᠳ᠋ ᠬᠥᠷᠥᠩᠭᠡ ᠶᠢᠨ ᠥᠨᠳᠥᠷ ᠥᠭᠴᠢᠭᠡᠲᠥ ᠨᠤᠷᠮ᠎ᠡ ᠶᠢ ᠬᠡᠷᠡᠭᠵᠢᠬᠦᠯᠬᠦ ᠥᠭᠡᠢ ᠵᠠᠷᠴᠢᠮ ᠢᠶᠠᠷ ᠪᠡᠯᠡ ᠤᠷᠤᠭᠤᠯᠤᠯᠲᠠ ᠶᠢᠨ ᠬᠡᠪᠴᠢᠶ᠎ᠡ ᠶᠢ ᠴᠢᠩᠭ᠎ᠠ ᠡᠵᠡᠮᠳᠡᠨ᠎ᠡ᠃ ᠤᠷᠲᠤ ᠬᠤᠭᠤᠴᠠᠭ᠎ᠠ ᠪᠠᠷ ᠠᠯᠳᠠᠭᠳᠠᠯ ᠲᠠᠢ ᠪᠡ ᠠᠯᠳᠠᠭᠳᠠᠯ ᠢᠶᠠᠨ ᠡᠷᠬᠢᠭᠦᠯᠬᠦ ᠪᠤᠯᠤᠯᠴᠠᠭ᠎ᠠ ᠥᠭᠡᠢ ᠠᠵᠤ ᠠᠬᠤᠶᠢᠯᠠᠯ ᠪᠤᠶᠤ ᠥᠷ᠎ᠡ ᠠᠰᠢᠭ ᠢᠶᠠᠷ ᠲᠤᠤᠷ᠎ᠠ ᠪᠠ ᠥᠷ᠎ᠡ ᠠᠰᠢᠭ ᠥᠭᠡᠢ ᠡᠳ᠋ ᠬᠥᠷᠥᠩᠭᠡ ᠶᠢ ᠢᠯᠭᠠᠷᠠᠭᠤᠯᠬᠤ ᠡᠷᠴᠢᠮ ᠢ ᠨᠡᠮᠡᠭᠳᠡᠭᠦᠯᠥᠨ᠂ ᠡᠳ᠋ ᠬᠥᠷᠥᠩᠭᠡ ᠶᠢ ᠲᠠᠬᠢᠨ ᠪᠠᠶᠢᠭᠤᠯᠬᠤ᠂ ᠲᠠᠮᠫᠤᠷᠠᠯ ᠢ ᠳᠠᠭᠤᠰᠬᠠᠨ ᠪᠤᠳᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠦᠯᠵᠢᠯᠡᠨ ᠠᠯᠳᠠᠭᠳᠠᠯ ᠲᠠᠢ ᠮᠥᠷᠲᠡᠭᠡᠨ ᠪᠠᠶᠢᠷᠢᠰᠢᠭᠤᠯᠤᠯ ᠤᠨ ᠪᠥᠲᠥᠴᠡ ᠶᠢᠨ ᠲᠤᠬᠢᠷᠠᠭᠤᠯᠤᠯᠲᠠ ᠬᠢᠬᠦ ᠬᠠᠨᠳᠤᠰᠢ ᠳᠤ ᠨᠡᠶᠢᠴᠡᠬᠦ ᠥᠭᠡᠢ ᠠᠵᠤ ᠠᠬᠤᠶᠢᠯᠠᠯ ᠢ ᠪᠤᠴᠠᠭᠠᠨ ᠭᠠᠷᠭᠠᠬᠤ ᠠᠰᠠᠭᠤᠳᠠᠯ ᠢ ᠰᠢᠢᠳᠪᠥᠷᠢᠯᠡᠨ᠎ᠡ︔ ᠦᠮᠴᠢᠯᠡᠬᠦ ᠡᠷᠭᠡ ᠶᠢ ᠰᠢᠯᠵᠢᠭᠦᠯᠬᠦ᠂ ᠡᠳ᠋ ᠬᠥᠷᠥᠩᠭᠡ ᠶᠢ ᠪᠡᠯᠡᠨ ᠮᠥᠩᠬᠦ ᠪᠠᠷ ᠬᠤᠪᠢᠷᠠᠭᠤᠯᠬᠤ᠂ ᠲᠥᠯᠥᠪᠥᠷᠢ ᠥᠭᠡᠢ ᠰᠠᠯᠭᠠᠨ ᠰᠢᠯᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷ᠎ᠡ ᠠᠰᠢᠭ ᠥᠭᠡᠢ ᠮᠥᠷᠲᠡᠭᠡᠨ ᠬᠤᠶᠢᠰᠢᠳᠠ ᠥᠢᠯᠡᠳᠪᠥᠷᠢᠯᠡᠨ ᠡᠵᠡᠩᠨᠡᠬᠦ ᠳᠤ ᠰᠠᠶᠢᠵᠢᠷᠠᠬᠤ ᠬᠠᠨᠳᠤᠰᠢ ᠦᠭᠡᠢ ᠥᠷ᠎ᠡ ᠠᠰᠢᠭ ᠢᠶᠠᠷ ᠲᠤᠤᠷ᠎ᠠ ᠪᠤᠶᠤ ᠥᠷ᠎ᠡ ᠠᠰᠢᠭ ᠥᠭᠡᠢ ᠡᠳ᠋ ᠬᠥᠷᠥᠩᠭᠡ ᠶᠢ ᠰᠢᠢᠳᠪᠥᠷᠢᠯᠡᠨ᠎ᠡ᠃ ︽ᠥᠭᠦᠰᠢᠷᠡᠮᠡᠯ ᠠᠵᠤ ᠠᠬᠤᠶᠢᠯᠠᠯ︾᠎ ᠢ ᠰᠢᠢᠳᠪᠥᠷᠢᠡᠯᠬᠦ ᠡᠷᠴᠢᠮ ᠢᠶᠠᠨ ᠴᠢᠩᠭᠠᠷᠠᠭᠤᠯᠤᠨ᠂ 2018 ᠤᠨ ᠤ ᠵᠢᠯ ᠤᠨ ᠰᠡᠭᠦᠯᠴᠢ ᠪᠤᠯᠲᠠᠯ᠎ᠠ᠂ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠵᠢᠴᠢ ᠲᠡᠳᠡᠭᠡᠷ ᠤᠨ ᠬᠠᠷᠢᠶᠠᠲᠥ ︽ᠥᠭᠦᠰᠢᠷᠡᠮᠡᠯ ᠠᠵᠤ ᠠᠬᠤᠶᠢᠯᠠᠯ︾᠎ ᠢ ᠰᠢᠢᠳᠪᠥᠷᠢᠯᠡᠭᠦ ᠠᠵᠢᠯ ᠢ ᠴᠢᠷᠮᠠᠶᠢᠨ ᠪᠡᠶᠡᠯᠡᠭᠦᠯᠥᠨ᠎ᠡ᠃ ᠬᠥᠭᠵᠢᠯᠲᠡ ᠶᠢᠨ ᠳᠠᠪᠠᠭᠤᠯᠢᠭ ᠥᠭᠡᠢ ᠡᠵᠡᠭᠨᠡᠯᠲᠡ ᠶᠢᠨ ᠭᠤᠤᠯ ᠪᠤᠰᠤ ᠲᠤᠬᠠᠶᠢᠯᠠᠭᠰᠠᠨ ᠠᠵᠢᠯ ᠢ ᠪᠤᠴᠠᠭᠠᠨ ᠭᠠᠷᠭᠠᠵᠤ᠂ ᠠᠵᠤ ᠠᠬᠤᠶᠢᠯᠠᠯ ᠤᠨ ᠭᠤᠤᠯ ᠦᠢᠯᠡᠰ ᠯᠦᠭᠡ ᠬᠠᠷᠢᠯᠴᠠᠨ ᠨᠥᠬᠦᠪᠥᠷᠢᠯᠡᠬᠦ ᠴᠢᠨᠠᠷ᠂ ᠬᠠᠮᠵᠢᠯᠴᠠᠬᠤ ᠴᠢᠨᠠᠷ ᠥᠬᠡᠢ ᠥᠷ᠎ᠡ ᠠᠰᠢᠭ ᠢᠶᠠᠷ ᠳᠣᠣᠷ᠎ᠠ ᠲᠤᠬᠠᠶᠢᠯᠠᠭᠰᠠᠨ ᠠᠵᠢᠯ ᠪᠡ ᠡᠳ᠋ ᠬᠥᠷᠥᠩᠭᠡ ᠳᠠᠬᠢ ᠢᠯᠭᠠᠷᠠᠭᠤᠯᠤᠨ ᠪᠤᠴᠠᠭᠠᠨ ᠭᠠᠷᠭᠠᠬᠤ ᠡᠷᠴᠢᠮ ᠢᠶᠠᠨ ᠴᠢᠩᠭᠠᠷᠠᠭᠤᠯᠤᠨ᠂ ᠤᠯᠤᠰ ᠤᠨ ᠥᠮᠴᠢᠯᠡᠯᠲᠥ ᠡᠳ᠋ ᠬᠥᠷᠥᠩᠬᠡ ᠶᠢᠨ ᠬᠡᠯᠪᠡᠷᠢ ᠶᠢ ᠬᠤᠪᠢᠷᠠᠭᠤᠯᠬᠤ ᠶᠢ ᠪᠡᠶᠡᠯᠡᠭᠦᠯᠵᠤ᠂ ᠪᠡᠯᠡᠨ ᠮᠥᠩᠭᠦ ᠪᠠᠷ ᠬᠤᠪᠢᠷᠠᠭᠤᠯᠤᠭᠰᠠᠨ ᠤᠯᠤᠰ ᠤᠨ ᠦᠮᠴᠢᠯᠡᠯᠲᠦ ᠬᠥᠷᠥᠩᠭᠡ ᠶᠢ ᠬᠤᠯᠪᠤᠭᠳᠠᠯ ᠪᠥᠬᠦᠢ ᠱᠠᠭᠠᠷᠳᠠᠯᠭ᠎ᠠ ᠶᠤᠰᠤᠭᠠᠷ ᠠᠵᠢᠯᠲᠠᠨ ᠠᠵᠢᠯᠴᠢᠨ ᠢ ᠲᠤᠬᠢᠷᠠᠭᠤᠯᠬᠤ᠂ ᠲᠡᠤᠬᠡ ᠶᠢᠨ ᠥᠯᠡᠳᠡᠭᠳᠡᠯ ᠠᠰᠠᠭᠤᠳᠠᠯ ᠢ ᠰᠢᠢᠳᠪᠥᠷᠢᠯᠡᠬᠦ ᠳᠤ ᠬᠡᠷᠡᠭᠯᠡᠬᠦ ᠠᠴᠠ ᠭᠠᠳᠠᠨ᠎ᠠ᠂ ᠤᠯᠤᠰ ᠤᠨ ᠥᠮᠴᠢᠯᠡᠯᠲᠥ ᠭᠥᠷᠥᠩᠭᠡ ᠶᠢᠨ ᠲᠥᠪᠯᠡᠷᠡᠬᠦ ᠳᠤ ᠨᠡᠩ ᠬᠡᠷᠡᠭᠴᠡᠭᠡ ᠪᠦᠬᠦᠢ ᠬᠥᠷᠢᠶ᠎ᠡ ᠴᠠᠷᠠᠭ᠎ᠠ ᠪᠡ ᠠᠵᠢᠯ ᠲᠥᠷᠥᠯ ᠳᠤ ᠲᠥᠪᠯᠡᠷᠡᠭᠦᠯᠥᠨ ᠤᠷᠤᠭᠤᠯᠤᠨ᠎ᠠ᠃ ᠠᠵᠤ ᠠᠬᠤᠶᠢᠯᠠᠯ ᠤᠨ ᠨᠡᠶᠢᠭᠡᠮ ᠤᠨ ᠦᠢᠯᠡᠰ ᠡᠷᠬᠢᠯᠡᠬᠦ ᠡᠭᠦᠷᠭᠡ ᠴᠢᠳᠠᠪᠬᠢ ᠶᠢ ᠰᠠᠯᠭᠠᠬᠤ ᠪᠡ ᠲᠡᠤᠬᠡ ᠶᠢᠨ ᠥᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢ ᠲᠦᠷᠭᠡᠳᠬᠡᠵᠦ᠂ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠡᠷ ᠪᠦᠯᠢᠳᠡᠨ ᠤ ᠲᠤᠭᠤᠷᠢᠭ ᠤᠨ ︽ᠭᠤᠷᠪᠠ ᠶᠢ ᠬᠠᠩᠭᠠᠬᠤ ᠪᠡ ᠨᠢᠭᠡ ᠠᠳᠠᠯ ᠠᠬᠤᠢ︾᠎ ᠶᠢ ᠴᠠᠭ ᠲᠤᠬᠠᠢ ᠳᠤᠨᠢ ᠰᠠᠯᠭᠠᠨ ᠲᠤᠰᠢᠶᠠᠵᠤ᠂ ᠨᠡᠶᠢᠭᠡᠮᠴᠢᠯᠡᠭᠰᠡᠨ ᠬᠠᠮᠢᠶᠠᠷᠤᠯᠲᠠ ᠶᠢ ᠪᠡᠶᠡᠯᠡᠭᠦᠯᠥᠨ᠎ᠡ︔ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠡᠷᠬᠢᠯᠡᠭᠰᠡᠨ ᠡᠮᠴᠢᠯᠡᠭᠡ᠂ ᠰᠤᠷᠭᠠᠨ ᠬᠥᠮᠥᠵᠢᠯ᠂ ᠬᠤᠲᠠ ᠶᠢᠨ ᠶᠠᠪᠤᠳᠠᠯ᠂ ᠭᠠᠯ ᠰᠡᠷᠭᠡᠶᠢᠯᠡᠯᠲᠡ᠂ ᠨᠡᠶᠢᠭᠡᠮ ᠲᠤᠭᠤᠷᠢᠭ ᠤᠨ ᠬᠠᠮᠢᠶᠠᠷᠤᠯᠲᠠ ᠵᠡᠷᠭᠡ ᠤᠯᠠᠨ ᠨᠡᠶᠢᠲᠡ ᠶᠢᠨ ᠥᠢᠯᠡᠴᠢᠯᠡᠭᠡᠨ ᠤ ᠪᠠᠶᠢᠭᠤᠯᠤᠮᠵᠢ ᠳᠤ ᠪᠣᠯ᠂ ᠤᠯᠠᠨ ᠵᠥᠢᠯ ᠤᠨ ᠠᠷᠭ᠎ᠠ ᠮᠠᠶ᠋ᠢᠭ ᠢ ᠠᠪᠴᠤ ᠲᠥᠷᠥᠯ ᠬᠤᠪᠢᠶᠠᠨ ᠰᠠᠯᠭᠠᠨ᠎ᠠ︔ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠲᠤ ᠨᠡᠶᠢᠭᠡᠮᠴᠢᠯᠡᠭᠰᠡᠨ ᠬᠠᠮᠢᠶᠠᠷᠤᠯᠲᠠ ᠶᠢ ᠨᠢᠭᠡᠳᠥᠯᠲᠡᠢ ᠬᠡᠷᠡᠭᠵᠢᠭᠦᠯᠥᠨ᠎ᠡ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠳ ᠤᠷᠤᠨ ᠤ ᠬᠠᠷᠢᠶ᠎ᠠ ᠪᠥᠬᠦᠢ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠪᠠᠶᠢᠷᠢᠰᠢᠭᠤᠯᠤᠯ ᠤᠨ ᠪᠦᠲᠦᠴᠡ ᠶᠢ ᠰᠢᠯᠢᠳᠡᠭᠵᠢᠭᠦᠯᠬᠦ ᠨᠢ ᠪᠥᠬᠦ ᠤᠷᠤᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠶᠢᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠥ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠥᠨᠡᠨᠬᠦ ᠴᠢᠩᠭᠠᠳᠬᠠᠨ᠂ ᠡᠭᠦᠷᠭᠡ ᠠᠵᠢᠯ ᠤᠨ ᠬᠤᠪᠢᠶᠠᠷᠢᠯᠠᠯ ᠢᠶᠠᠨ ᠲᠤᠳᠤᠷᠬᠠᠶᠢᠯᠠᠨ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠥᠲᠥᠮᠵᠢᠲᠡᠢ ᠠᠷᠭ᠎ᠠ ᠬᠡᠮᠵᠢᠶ᠎ᠡ ᠠᠪᠴᠥ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠠ ᠶᠢ ᠢᠳᠡᠪᠬᠢᠲᠡᠢ ᠳᠡᠮᠵᠢᠬᠦ ᠬᠡᠷᠡᠭᠲᠡᠢ᠃ ᠥᠪᠡᠷᠲᠡᠭᠡᠨ ᠵᠠᠰᠠᠬᠤ ᠤᠷᠤᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠵᠥᠪᠯᠡᠯ ᠨᠢ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠤᠷᠤᠨ ᠤ ᠬᠠᠷᠢᠶ᠎ᠠ ᠪᠥᠬᠦᠢ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠪᠠᠶᠢᠷᠢᠰᠢᠭᠤᠯᠤᠯ ᠤᠨ ᠪᠥᠲᠥᠴᠡ ᠶᠢ ᠰᠢᠯᠢᠳᠡᠭᠵᠢᠭᠦᠯᠬᠦ ᠪᠤᠳᠠᠳᠠᠢ ᠲᠦᠰᠦᠯ ᠢ ᠳᠤᠷᠠᠳᠤᠨ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠥᠪᠰᠢᠶᠡᠷᠡᠭᠦᠯᠥᠭᠰᠡᠨ ᠤ ᠳᠠᠷᠠᠭ᠎ᠠ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠤᠷᠤᠨ ᠤ ᠬᠠᠷᠢᠶ᠎ᠠ ᠪᠥᠬᠦᠢ ᠤᠯᠤᠰ ᠤᠨ ᠦᠮᠴᠢᠯᠡᠯᠲᠦ ᠠᠵᠤ ᠠᠬᠤᠶᠢᠯᠠᠯ ᠨᠢ ᠪᠤᠳᠠᠳᠠᠢ ᠲᠠᠢ ᠪᠠᠨ ᠤᠶᠠᠯᠳᠤᠭᠤᠯᠤᠨ ᠲᠤᠰ ᠠᠵᠤ ᠠᠬᠤᠶᠢᠯᠠᠯ ᠤᠨ ᠪᠥᠲᠥᠴᠡ ᠶᠢ ᠲᠤᠬᠢᠷᠠᠭᠤᠯᠬᠤ ᠪᠠ ᠲᠠᠬᠢᠨ ᠪᠠᠶᠢᠭᠤᠯᠬᠤ ᠪᠤᠳᠠᠳᠠᠢ ᠭᠡᠷᠡᠭᠵᠢᠭᠦᠯᠬᠦ ᠲᠥᠰᠥᠯ ᠢ ᠳᠤᠷᠠᠳᠤᠨ᠂ ᠥᠪᠡᠷᠲᠡᠭᠡᠨ ᠵᠠᠰᠠᠬᠤ ᠤᠷᠤᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠵᠥᠪᠯᠡᠯ ᠳᠤ ᠳᠠᠩᠰᠠᠯᠠᠭᠤᠯᠤᠭᠰᠠᠨ ᠤ ᠳᠠᠷᠠᠭ᠎ᠠ ᠵᠤᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠠᠵᠢᠯ ᠲᠥᠷᠥᠯ ᠤᠨ ᠵᠢᠯᠤᠭᠤᠳᠤᠯᠭ᠎ᠠ ᠪᠠᠨ ᠴᠢᠩᠭᠠᠳᠬᠠᠨ᠂ ᠤᠯᠤᠰ ᠤᠨ ᠦᠮᠴᠢᠯᠠᠯᠲᠦ ᠠᠵᠤ ᠠᠬᠤᠶᠢᠯᠠᠯ ᠤᠨ ᠪᠠᠶᠢᠷᠢᠰᠢᠭᠤᠯᠤᠯ ᠤᠨ ᠪᠥᠲᠥᠴᠡ ᠶᠢ ᠲᠤᠬᠢᠷᠠᠭᠤᠯᠬᠤ ᠶᠢ ᠢᠳᠡᠪᠬᠢᠲᠡᠢ ᠳᠡᠮᠵᠢᠨ᠂ ᠤᠯᠤᠰ ᠤᠨ ᠥᠮᠴᠢᠯᠡᠯᠲᠥ ᠭᠥᠷᠥᠩᠬᠡ ᠶᠢᠨ ᠠᠵᠢᠯ ᠲᠥᠷᠥᠯ ᠬᠤᠪᠢᠶᠠᠨ ᠤᠷᠤᠨ ᠪᠦᠰᠡ ᠬᠤᠪᠢᠶᠠᠨ ᠪᠠᠶᠢᠷᠢᠰᠢᠭᠤᠯᠬᠤ ᠪᠤᠲᠠᠲᠠᠢ ᠱᠠᠭᠠᠷᠳᠠᠯᠭ᠎ᠠ ᠶᠢ ᠲᠤᠳᠤᠷᠬᠠᠶᠢᠯᠠᠵᠤ᠂ ᠵᠠᠬ᠎ᠠ ᠳᠡᠯᠭᠡᠭᠦᠷ ᠤᠨ ᠲᠥᠪ ᠭᠤᠣᠯᠴᠢ ᠪᠠᠷ ᠥᠷᠢᠰᠥᠯᠳᠥᠬᠦ ᠡᠮᠬᠢ ᠵᠠᠮᠪᠠᠷᠠᠭ᠎ᠠ ᠶᠢ ᠬᠠᠮᠠᠭᠠᠯᠠᠨ᠂ ᠡᠯ᠎ᠡ ᠵᠦᠢᠯ ᠤᠨ ᠠᠵᠢᠯ ᠤᠨ ᠪᠤᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ᠥᠭᠡᠷᠡᠴᠢᠯᠡᠯᠲᠠ ᠶᠢ ᠪᠥᠬᠦ ᠲᠠᠯ᠎ᠡ ᠪᠠᠷ ᠭᠦᠨᠵᠡᠭᠡᠶᠢᠷᠡᠭᠦᠯᠬᠦ ᠬᠡᠷᠡᠭᠲᠡᠢ᠃ ᠡᠯ᠎ᠡ ᠱᠠᠲᠤᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠬᠥᠷᠥᠩᠭᠡ ᠬᠠᠮᠢᠶᠠᠷᠬᠤ ᠪᠠᠷ ᠭᠤᠤᠯ ᠪᠤᠯᠭᠠᠨ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ ᠲᠥᠷᠭᠡᠳᠬᠡᠨ᠂ ᠪᠡᠯᠡ ᠤᠷᠤᠭᠤᠯᠤᠭᠰᠠᠨ ᠬᠥᠮᠥᠨ ᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠬᠡᠬᠦ ᠤᠷᠤᠨ ᠪᠠᠶᠢᠷᠢ ᠶᠢᠨ ᠲᠤᠭᠲᠠᠭᠠᠯᠲᠠ ᠶᠢ ᠤᠨᠤᠪᠴᠢᠲᠡᠢ ᠡᠵᠡᠮᠰᠢᠵᠤ᠂ ᠤᠯᠤᠰ ᠤᠨ ᠥᠮᠴᠢᠯᠡᠯᠲᠥ ᠬᠥᠷᠥᠩᠭᠡ ᠶᠢᠨ ᠥᠮᠴᠢᠯᠡᠬᠦ ᠡᠷᠭᠡ ᠪᠠ ᠡᠵᠡᠩᠨᠡᠬᠦ ᠡᠷᠭᠡ ᠶᠢᠨ ᠵᠠᠭᠠᠭ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠬᠢᠨᠠᠨ ᠬᠠᠮᠢᠶᠠᠷᠬᠤ ᠡᠷᠭᠡ ᠶᠢᠨ ᠨᠠᠷᠢᠨ ᠬᠠᠭᠤᠳᠠᠰᠤ ᠪᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠳᠡᠭᠦᠯᠳᠡᠷᠵᠢᠭᠦᠯᠬᠦ ᠬᠡᠷᠡᠭᠲᠡᠢ᠃ ︽︿ᠥᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ ᠬᠠᠷᠢᠶ᠎ᠠ ᠪᠥᠬᠦᠢ ᠠᠵᠤ ᠠᠬᠤᠶᠢᠯᠠᠯ ᠤᠨ ᠬᠠᠷᠢᠴᠠᠭ᠎ᠠ ᠬᠤᠯᠪᠤᠭ᠎ᠠ ᠪᠠᠨ ᠰᠠᠯᠭᠠᠬᠤ ᠥᠭᠡᠷᠡᠴᠢᠯᠡᠯᠲᠠ ᠪᠡ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯᠲᠥ ᠡᠳ᠋ ᠭᠥᠷᠥᠩᠬᠡ ᠶᠢ ᠲᠥᠪᠯᠡᠷᠡᠭᠦᠯᠥᠨ ᠨᠢᠭᠡᠲᠥᠯᠲᠡᠢ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠲᠦᠰᠦᠯ﹀᠎ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠲᠠᠷᠬᠠᠭᠠᠭᠰᠠᠨ ﹇2017﹈ 15 ᠳ᠋ᠤᠭᠠᠷ ᠲᠤᠭᠠᠲᠤ︶᠎ ᠤᠨ ᠵᠤᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠤᠷᠤᠨ ᠤ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯᠲᠥ ᠡᠳ᠋ ᠬᠥᠷᠥᠩᠬᠡ ᠶᠢ ᠲᠥᠪᠯᠡᠷᠡᠭᠦᠯᠥᠨ ᠨᠢᠭᠡᠳᠥᠯᠲᠡᠢ ᠬᠢᠨᠠᠨ ᠬᠠᠮᠢᠶᠠᠷᠬᠤ ᠶᠢ ᠶᠡᠭᠡᠪᠡᠷ ᠠᠬᠢᠭᠤᠯᠵᠤ᠂ ᠤᠯᠤᠰ ᠤᠨ ᠥᠮᠴᠢᠯᠡᠯᠲᠥ ᠡᠳ᠋ ᠬᠥᠷᠥᠩᠬᠡ ᠶᠢᠨ ᠨᠡᠩ ᠶᠡᠭᠡ ᠬᠡᠪᠴᠢᠶ᠎ᠡ᠂ ᠨᠡᠩ ᠥᠷᠭᠡᠨ ᠭᠥᠷᠢᠶ᠎ᠡ ᠴᠠᠷᠠᠭ᠎ᠠ ᠳᠤ ᠰᠢᠯᠢᠳᠡᠭᠵᠢᠭᠦᠯᠥᠨ ᠲᠤᠬᠢᠷᠠᠭᠤᠯᠬᠤ ᠶᠢ ᠠᠬᠢᠭᠤᠯᠬᠤ ᠬᠡᠷᠡᠭᠲᠡᠢ᠃ ᠬᠤᠯᠢᠮᠠᠭ ᠥᠮᠴᠢᠯᠡᠯᠳᠤ ᠠᠵᠤ ᠠᠬᠤᠢ ᠶᠢ ᠬᠥᠭᠵᠢᠭᠦᠯᠥᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠺᠤᠮᠫᠠᠨᠢ ᠶᠢᠨ ᠳᠥᠷᠢᠮᠲᠥ ᠬᠤᠪᠢᠴᠠᠭᠠᠲᠥ ᠳᠥᠷᠢᠮᠲᠥ ᠥᠭᠡᠷᠡᠴᠢᠯᠡᠯᠲᠡ ᠶᠢ ᠠᠬᠢᠭᠤᠯᠤᠨ᠂ ᠪᠠᠶᠢᠯᠳᠤᠬᠤ ᠪᠤᠳᠤᠯᠭ᠎ᠠ ᠶᠢᠨ ᠬᠠᠮᠲᠤᠷᠠᠨ ᠠᠵᠢᠯᠯᠠᠭᠴᠢ ᠶᠢ ᠲᠥᠷᠭᠡᠳᠬᠡᠨ ᠤᠷᠤᠭᠤᠯᠵᠤ᠂ ᠦᠮᠴᠢᠯᠡᠬᠦ ᠡᠷᠭᠡ ᠶᠢᠨ ᠶᠡᠭᠡ ᠠᠯᠭᠠᠰᠠᠯ ᠲᠠᠢ ᠲᠠᠬᠢᠨ ᠪᠠᠶᠢᠭᠤᠯᠬᠤ ᠶᠢ ᠢᠳᠡᠪᠬᠢᠲᠡᠢ ᠠᠬᠢᠭᠤᠯᠤᠨ᠂ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠬᠢᠬᠡᠳ ᠲᠥᠪ ᠤᠨ ᠠᠵᠤ ᠠᠬᠤᠶᠢᠯᠠᠯ ᠵᠢᠴᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠤᠯᠢᠪᠴᠡᠨ ᠬᠤᠪᠢ ᠡᠵᠡᠮᠳᠡᠬᠦ ᠶᠢ ᠳᠡᠮᠵᠢᠬᠦ ᠬᠡᠷᠡᠭᠲᠡᠢ᠃ ᠤᠯᠤᠰ ᠤᠨ ᠥᠮᠴᠢᠯᠡᠯᠲᠥ ᠡᠳ᠋ ᠬᠥᠷᠥᠩᠭᠡ ᠶᠢᠨ ᠪᠡᠯᠡ ᠤᠷᠤᠭᠤᠯᠤᠯᠲᠠ ᠪᠠ ᠡᠵᠡᠩᠨᠡᠬᠦ ᠺᠤᠮᠫᠠᠨᠢ ᠶᠢᠨ ᠴᠢᠳᠠᠪᠬᠢ ᠶᠢ ᠭᠥᠢᠴᠡᠳ ᠪᠠᠳᠠᠷᠠᠭᠤᠯᠤᠨ᠂ ᠤᠯᠤᠰ ᠤᠨ ᠥᠮᠴᠢᠯᠡᠯᠲᠥ ᠡᠳ᠋ ᠬᠥᠷᠥᠩᠭᠡ ᠶᠢᠨ ᠵᠤᠬᠢᠰᠲᠠᠢ ᠡᠷᠭᠢᠯᠳᠥᠬᠦ ᠶᠢ ᠲᠥᠷᠭᠡᠳᠭᠡᠨ ᠠᠬᠢᠭᠤᠯᠵᠤ᠂ ᠤᠯᠤᠰ ᠤᠨ ᠥᠮᠴᠢᠯᠡᠯᠲᠥ ᠡᠳ᠋ ᠬᠥᠷᠥᠩᠭᠡ ᠶᠢᠨ ᠡᠵᠡᠩᠨᠡᠯᠲᠡ ᠶᠢᠨ ᠥᠷ᠎ᠡ ᠪᠥᠲᠥᠮᠵᠢ ᠶᠢ ᠳᠡᠭᠡᠭᠰᠢᠯᠡᠭᠦᠯᠥᠨ᠂ ᠤᠯᠤᠰ ᠤᠨ ᠥᠮᠴᠢᠯᠡᠯᠲᠥ ᠬᠥᠷᠥᠩᠬᠡ ᠶᠢᠨ ᠪᠠᠶᠢᠷᠢᠰᠢᠭᠤᠯᠤᠯ ᠤᠨ ᠪᠥᠲᠥᠴᠡ ᠶᠢ ᠰᠢᠯᠢᠳᠡᠭᠵᠢᠭᠦᠯᠬᠦ ᠶᠢ ᠨᠡᠩ ᠰᠠᠶᠢᠨ ᠢᠶᠠᠷ ᠠᠬᠢᠭᠤᠯᠬᠤ ᠬᠡᠷᠡᠭᠲᠡᠢ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠣᠯᠪᠠᠰᠤᠷᠠᠭᠤᠯᠤᠯ ᠪᠠ ᠰᠤᠪᠢᠯᠠᠯᠲᠠ ᠶᠢᠨ ᠪᠠᠶᠢᠭᠤᠯᠤᠮᠵᠢ ᠶᠢ ᠰᠠᠯᠭᠠᠬᠤ᠂ ᠡᠮᠬᠢᠯᠡᠨ ᠨᠡᠶᠢᠯᠡᠬᠦᠯᠬᠦ ᠶᠢ ᠲᠦᠷᠭᠡᠳᠬᠡᠨ ᠠᠬᠢᠭᠤᠯᠵᠤ᠂ ᠡᠵᠡᠩᠨᠡᠯᠲᠡ ᠶᠢᠨ ᠴᠢᠨᠠᠷᠲᠠᠶ ᠤᠯᠤᠰ ᠤᠨ ᠦᠮᠴᠢᠯᠠᠯᠲᠦ ᠡᠳ᠋ ᠬᠦᠷᠦᠩᠭᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠨᠢᠭᠡᠳᠦᠯᠲᠡᠢ ᠲᠥᠯᠥᠪᠯᠡᠬᠦ ᠬᠡᠷᠡᠭᠲᠡᠢ᠃ ᠣᠷᠣᠨ ᠤ ᠬᠠᠷᠢᠶ᠎ᠠ ᠪᠦᠬᠦᠢ ᠤᠯᠤᠰ ᠤᠨ ᠦᠮᠴᠢᠯᠠᠯᠲᠦ ᠠᠵᠤ ᠠᠬᠤᠶᠢᠯᠠᠯ ᠤᠨ ᠭᠤᠣᠯ ᠠᠵᠢᠯ ᠲᠦᠷᠤᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠤ ᠠᠬᠤᠶᠢᠯᠠᠯ ᠤᠨ ᠲᠥᠷᠥᠯ ᠢᠯᠭᠠᠯ ᠢ ᠣᠨᠣᠪᠴᠢᠲᠠᠢ ᠰᠠᠯᠭᠠᠨ ᠬᠤᠪᠢᠶᠠᠵᠤ᠂ ᠲᠥᠷᠥᠯ ᠬᠤᠪᠢᠶᠠᠨ ᠥᠭᠡᠷᠡᠴᠢᠯᠡᠬᠦ᠂ ᠲᠥᠷᠥᠯ ᠬᠤᠪᠢᠶᠠᠨ ᠬᠥᠭᠵᠢᠭᠦᠯᠬᠦ᠂ ᠲᠦᠷᠦᠯ ᠬᠤᠪᠢᠶᠠᠨ ᠬᠢᠨᠠᠨ ᠬᠠᠮᠢᠶᠠᠷᠬᠤ᠂ ᠲᠦᠷᠦᠯ ᠬᠤᠪᠢᠶᠠᠨ ᠰᠢᠯᠭᠠᠨ ᠬᠢᠨᠠᠬᠤ ᠶᠢ ᠲᠦᠷᠭᠡᠳᠬᠡᠨ ᠬᠡᠷᠡᠭᠵᠢᠭᠦᠯᠬᠦ ᠬᠡᠷᠡᠭᠲᠡᠶ᠃      ︵ᠭᠤᠷᠪᠠ︶ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠤᠷᠤᠨ ᠤ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠡᠳ᠋ ᠤᠨ ᠵᠠᠰᠠᠭ᠂ ᠮᠥᠩᠭᠦᠨ ᠭᠥᠢᠯᠭᠡᠭᠡ᠂ ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ᠂ ᠭᠠᠶᠢᠯᠢ ᠲᠠᠳᠠᠪᠤᠷᠢ ᠵᠡᠷᠭᠡ ᠲᠠᠯ᠎ᠠ ᠪᠠᠷ ᠬᠢ᠂ ᠤᠯᠤᠰ ᠤᠨ ᠥᠮᠴᠢᠯᠡᠯᠲᠥ ᠠᠵᠤ ᠠᠬᠤᠢ ᠶᠢᠨ ᠪᠠᠶᠢᠷᠢᠰᠢᠭᠤᠯᠤᠯ ᠤᠨ ᠪᠥᠲᠥᠴᠡ ᠶᠢ ᠲᠤᠬᠢᠷᠠᠭᠤᠯᠬᠤ ᠪᠡ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠥᠭᠡᠷᠡᠴᠢᠯᠡᠯᠲᠠ ᠬᠥᠭᠵᠢᠯᠲᠡ ᠶᠢ ᠪᠤᠲᠠᠲᠠᠢ ᠳᠡᠮᠵᠢᠬᠦ ᠲᠥᠷᠥ ᠶᠢᠨ ᠪᠤᠳᠤᠯᠭ᠎ᠠ ᠶᠢ ᠰᠤᠳᠤᠯᠤᠨ ᠲᠣᠭᠲᠠᠭᠠᠬᠤ ᠬᠡᠷᠡᠭᠲᠡᠢ᠃ ᠥᠪᠥᠷ ᠮᠤᠩᠭᠤᠯ ᠤᠨ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠬᠡᠯᠪᠡᠷᠢ ᠶᠢ ᠬᠤᠪᠢᠷᠠᠭᠤᠯᠤᠨ ᠳᠠᠰ ᠳᠡᠪᠰᠢᠭᠦᠯᠬᠦ ᠰᠠᠭᠤᠷᠢ ᠮᠥᠩᠬᠦ ᠶᠢᠨ ᠥᠢᠯᠡᠳᠥᠯ ᠢ ᠦᠨᠡᠨᠬᠦ ᠰᠠᠶᠢᠲᠤᠷ ᠪᠠᠳᠠᠷᠠᠭᠤᠯᠤᠨ᠂ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠪᠠᠶᠢᠷᠢᠰᠢᠭᠤᠯᠤᠯ ᠢ ᠰᠢᠯᠢᠳᠡᠭᠵᠢᠭᠦᠯᠬᠦ᠂ ᠪᠥᠲᠥᠴᠡ ᠶᠢ ᠲᠤᠬᠢᠷᠠᠭᠤᠯᠬᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠠᠬᠢᠨ ᠪᠠᠶᠢᠭᠤᠯᠬᠤ ᠶᠢ ᠲᠥᠷᠭᠡᠳᠬᠡᠨ ᠠᠬᠢᠭᠤᠯᠬᠤ ᠬᠡᠷᠡᠭᠲᠡᠢ᠃ ᠡᠯ᠎ᠡ ᠲᠥᠷᠥᠯ ᠤᠨ ᠠᠵᠤ ᠦᠢᠯᠡᠰ ᠤᠨ ᠰᠠᠭᠤᠷᠢ ᠮᠥᠩᠬᠦ ᠶᠢᠨ ᠥᠢᠯᠡᠳᠥᠯ ᠢ ᠭᠥᠢᠴᠡᠳ ᠪᠠᠳᠠᠷᠠᠭᠤᠯᠤᠨ᠂ ᠤᠯᠠᠮᠵᠢᠯᠠᠯᠲᠤ ᠠᠵᠤ ᠥᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠥᠷᠭᠡᠳᠬᠡᠨ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠪᠣᠢ ᠪᠣᠯᠣᠭᠰᠠᠨ ᠠᠵᠤ ᠥᠢᠯᠡᠰ ᠢ ᠲᠦᠷᠭᠡᠳᠬᠡᠨ ᠪᠤᠶᠢᠵᠢᠭᠤᠯᠬᠤ ᠬᠡᠷᠡᠭᠲᠡᠢ᠃ ᠴᠤᠭᠴᠠᠯᠠᠨ ᠪᠠᠶᠢᠭᠤᠯᠬᠤ ᠳᠤ ᠪᠡᠯᠡ ᠤᠷᠤᠭᠤᠯᠬᠤ ᠡᠯ᠎ᠡ ᠲᠥᠷᠥᠯ ᠤᠨ ᠰᠠᠭᠤᠷᠢ ᠮᠥᠩᠬᠦ ᠪᠠ ᠥᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠲᠥᠷᠥᠯ ᠤᠨ ᠪᠡᠯᠡ ᠮᠥᠩᠬᠦ ᠶᠢ ᠭᠥᠢᠴᠡᠳ ᠰᠠᠶᠢᠲᠤᠷ ᠭᠡᠷᠡᠭᠯᠡᠨ᠂ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠳᠡᠮᠵᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠥᠷ᠎ᠡ ᠪᠥᠲᠥᠮᠵᠢ ᠶᠢ ᠤᠯᠠᠷᠢᠭᠤᠯᠬᠤ ᠪᠡ ᠰᠢᠨ᠎ᠡ ᠪᠠᠷ ᠪᠣᠢ ᠪᠣᠯᠣᠭᠰᠠᠨ ᠠᠵᠤ ᠥᠢᠯᠡᠰ ᠢ ᠪᠤᠶᠢᠵᠢᠭᠤᠯᠬᠤ ᠶᠢ ᠠᠬᠢᠭᠤᠯᠬᠤ ᠬᠡᠷᠡᠭᠲᠡᠢ᠃      ︵ᠳᠥᠷᠪᠡ︶ ᠶᠠᠷᠢᠶ᠎ᠡ ᠬᠡᠯᠡᠯᠴᠡᠭᠡ ᠶᠢᠨ ᠤᠬᠠᠭᠤᠯᠭ᠎ᠠ ᠶᠢ ᠴᠢᠩᠭᠠᠳᠬᠠᠬᠤ ᠭᠡᠷᠡᠭᠲᠡᠢ᠃ ᠥᠪᠡᠷᠲᠡᠭᠡᠨ ᠵᠠᠰᠠᠬᠤ ᠤᠷᠤᠨ ᠤ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠡᠯ᠎ᠡ ᠲᠥᠷᠥᠯ ᠤᠨ ᠰᠤᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠨ᠂ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠪᠠᠶᠢᠷᠢᠰᠢᠭᠤᠯᠤᠯ ᠤᠨ ᠪᠥᠲᠥᠴᠡ ᠶᠢ ᠲᠤᠬᠢᠷᠠᠭᠤᠯᠬᠤ ᠴᠢᠬᠤᠯᠠ ᠶᠡᠭᠡ ᠠᠴᠢ ᠬᠤᠯᠪᠤᠭᠳᠠᠯ ᠵᠢᠴᠢ ᠬᠤᠯᠪᠤᠭᠳᠠᠯ ᠪᠥᠬᠦᠢ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠶᠡᠭᠡ ᠪᠠᠷ ᠤᠬᠠᠭᠤᠯᠤᠨ᠂ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠪᠠᠶᠢᠷᠢᠰᠢᠭᠤᠯᠤᠯ ᠤᠨ ᠪᠥᠲᠥᠴᠡ ᠶᠢ ᠲᠤᠬᠢᠷᠠᠭᠤᠯᠬᠤ ᠪᠠ ᠤᠯᠤᠰ ᠤᠨ ᠥᠮᠴᠢᠯᠡᠯᠲᠥ ᠡᠳ᠋ ᠬᠥᠷᠥᠩᠭᠡ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠳᠤ ᠠᠰᠢᠭᠲᠠᠢ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠡᠭᠦᠳᠬᠦ ᠬᠡᠷᠡᠭᠲᠡᠢ᠃ ᠮᠥᠩᠭᠦᠨ ᠭᠥᠢᠯᠭᠡᠭᠡ᠂ ᠰᠤᠶᠤᠯ ᠵᠠᠷᠭᠡ ᠤᠷᠤᠨ ᠤ ᠬᠠᠷᠢᠶ᠎ᠠ ᠪᠥᠬᠦᠢ ᠠᠵᠤ ᠠᠬᠤᠶᠢᠯᠠᠯ ᠤᠨ ᠪᠥᠲᠥᠴᠡ ᠶᠢ ᠲᠤᠬᠢᠷᠠᠭᠤᠯᠬᠤ ᠪᠡ ᠲᠠᠬᠢᠨ ᠪᠠᠶᠢᠭᠤᠯᠬᠤ ᠳᠤ᠂ ᠲᠥᠪ ᠪᠠ ᠥᠪᠡᠷᠲᠡᠭᠡᠨ ᠵᠠᠰᠠᠬᠤ ᠤᠷᠤᠨ ᠤ ᠠᠰᠳᠠᠭᠠᠨ ᠲᠤᠭᠲᠠᠭᠠᠯ ᠲᠠᠢ ᠪᠣᠯ ᠲᠡᠷᠡ ᠲᠤᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃                                           ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号