2018 ᠤᠨ ᠤ ᠦᠪᠦᠷ ᠮᠤᠩᠭᠤᠯ ᠤᠨ ᠨᠠᠰᠤᠨ ᠳᠤ ᠬᠦᠷᠦᠭᠰᠡᠳ ᠤᠨ ᠶᠡᠭᠡ ᠰᠤᠷᠭᠠᠭᠤᠯᠢ ᠶᠢᠨ ᠰᠤᠷᠤᠭᠴᠢ ᠡᠯᠰᠡᠯᠳᠡ ᠶᠢᠨ ᠰᠢᠯᠭᠠᠯᠲᠠ 9 ᠳ᠋ᠦ᠋ᠭᠡᠷ ᠰᠠᠷ᠎ᠠ ᠶᠢᠨ 11 ᠤ ᠡᠳᠦᠷ ᠠᠴᠠ ᠡᠬᠢᠯᠡᠨ ᠨᠡᠷ᠎ᠡ ᠮᠡᠳᠡᠭᠦᠯᠦᠨ᠎ᠡ
ᠨᠡᠶᠢᠲᠡᠯᠡᠭᠰᠡᠨ ᠴᠠᠭ᠄
2018/8/30
      ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠤᠨ ᠨᠡᠶᠢᠲᠡᠯᠡᠭᠰᠡᠨ ᠮᠡᠳᠡᠭᠡ ᠶᠢ ᠦᠨᠳᠦᠰᠦᠯᠡᠪᠡᠯ᠂ 2018 ᠤᠨ ᠤ ᠦᠪᠦᠷ ᠮᠤᠩᠭᠤᠯ ᠤᠨ ᠨᠠᠰᠤᠨ ᠳᠤ ᠬᠦᠷᠦᠭᠰᠡᠳ ᠤᠨ ᠶᠡᠭᠡ ᠰᠤᠷᠭᠠᠭᠤᠯᠢ ᠶᠢᠨ ᠰᠤᠷᠤᠭᠴᠢ ᠡᠯᠰᠡᠯᠳᠡ ᠶᠢᠨ ᠰᠢᠯᠭᠠᠯᠲᠠ 9 ᠳ᠋ᠦ᠋ᠭᠡᠷ ᠰᠠᠷ᠎ᠠ ᠶᠢᠨ 11 ᠤ ᠡᠳᠦᠷ ᠠᠴᠠ ᠡᠬᠢᠯᠡᠨ 17 ᠤ ᠡᠳᠦᠷ ᠤᠨ 17᠄ 00 ᠴᠠᠭ ︵ᠭᠠᠷᠠᠭ ᠤᠨ ᠵᠢᠷᠭᠤᠭᠠᠨ ᠭᠠᠷᠠᠭ ᠤᠨ ᠡᠳᠦᠷ ᠠᠮᠠᠷᠠᠬᠤ ᠦᠭᠡᠢ︶ ᠪᠤᠯᠳᠠᠯ᠎ᠠ ᠨᠡᠷ᠎ᠡ ᠮᠡᠳᠡᠭᠦᠯᠦᠨ᠎ᠡ᠃ ᠰᠤᠷᠭᠠᠨ ᠬᠦᠮᠦᠵᠢᠯ ᠤᠨ ᠶᠠᠮᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠳᠤ 2018 ᠤᠨ ᠤ ᠪᠦᠬᠦ ᠤᠯᠤᠰ ᠤᠨ ᠨᠠᠰᠤᠨ ᠳᠤ ᠬᠦᠷᠦᠭᠰᠡᠳ ᠤᠨ ᠶᠡᠭᠡ ᠰᠤᠷᠭᠠᠭᠤᠯᠢ ᠶᠢᠨ ᠡᠯᠰᠡᠯᠳᠡ ᠶᠢᠨ ᠨᠢᠭᠡᠳᠦᠯᠲᠡᠢ ᠰᠢᠯᠭᠠᠯᠲᠠ ᠶᠢ 10 ᠳ᠋ᠤᠭᠠᠷ ᠰᠠᠷ᠎ᠠ ᠶᠢᠨ 27 — 28 ᠤ ᠡᠳᠦᠷ ᠲᠤ ᠶᠠᠪᠤᠭᠳᠠᠭᠤᠯᠤᠨ᠎ᠠ ᠭᠡᠵᠦ ᠳᠤᠭᠲᠠᠭᠠᠪᠠ᠃       ᠲᠠᠨᠢᠯᠴᠠᠭᠤᠯᠤᠭᠰᠠᠨ ᠢ ᠦᠨᠳᠦᠰᠦᠯᠡᠪᠡᠯ᠂ ᠪᠦᠬᠦ ᠤᠯᠤᠰ ᠤᠨ ᠨᠢᠭᠡᠳᠦᠯᠲᠡᠢ ᠰᠢᠯᠭᠠᠯᠲᠠ᠂ ᠳᠤᠰᠠᠭᠠᠷ ᠰᠢᠯᠭᠠᠯᠲᠠ᠂ ᠰᠢᠯᠭᠠᠭᠤᠯᠬᠤ ᠦᠬᠡᠢ ᠪᠠᠷ ᠰᠤᠷᠭᠠᠭᠤᠯᠢ ᠳᠤ ᠤᠷᠤᠬᠰᠠᠳ ᠴᠦᠮ ᠨᠡᠷ᠎ᠡ ᠮᠡᠳᠡᠭᠦᠯᠬᠦ ᠭᠠᠷ ᠭᠦᠢᠴᠡᠳᠭᠡᠯ ᠬᠢᠬᠦ ᠬᠡᠷᠡᠭᠲᠡᠢ᠃ ᠰᠢᠯᠭᠠᠭᠤᠯᠬᠤ ᠦᠭᠡᠢ ᠪᠠᠷ ᠰᠤᠷᠭᠠᠭᠤᠯᠢ ᠳᠤ ᠤᠷᠤᠬᠤ ᠨᠦᠬᠦᠴᠡᠯ ᠢ ᠪᠦᠷᠢᠯᠳᠦᠭᠦᠯᠦᠭᠰᠡᠳ ᠪᠠ ᠰᠢᠯᠭᠠᠭᠤᠯᠬᠤ ᠦᠭᠡᠢ ᠪᠠᠷ ᠰᠤᠷᠭᠠᠭᠤᠯᠢ ᠳᠤ ᠤᠷᠤᠬᠤ ᠶᠢ ᠡᠷᠡᠮᠡᠯᠵᠡᠯᠡᠭᠰᠡᠳ ︽ᠡᠯᠰᠡᠯᠲᠡ ᠶᠢᠨ ᠠᠩᠭᠢᠯᠠᠯ︾ ᠠᠴᠠ ︽ᠰᠢᠯᠭᠠᠭᠤᠯᠬᠤ ᠦᠬᠡᠢ ᠪᠠᠷ ᠤᠷᠤᠬᠤ︾ ᠶᠢ ᠰᠤᠩᠭᠤᠵᠤ ᠳᠤᠭᠳᠠᠭᠰᠠᠨ ᠬᠤᠭᠤᠴᠠᠭᠠᠨ ᠳᠤ ᠡᠷᠡᠮᠡᠯᠵᠡᠯ ᠢᠶᠠᠨ ᠲᠠᠭᠯᠠᠨ᠎ᠠ᠃ ᠬᠡᠷᠪᠡ ᠳᠤᠭᠳᠠᠭᠰᠠᠨ ᠬᠤᠭᠤᠴᠠᠭᠠᠨ ᠳᠤ ᠡᠷᠡᠮᠡᠯᠵᠡᠯ ᠢᠶᠠᠨ ᠲᠠᠭᠯᠠᠭᠰᠠᠨ ᠦᠭᠡᠢ ᠪᠤᠯ ᠡᠷᠡᠮᠡᠯᠵᠡᠭᠰᠡᠨ ᠦᠬᠡᠢ ᠳᠤ ᠳᠤᠭᠠᠴᠠᠨ᠎ᠠ᠃ ᠮᠦᠨ ᠳᠤᠰ ᠨᠦᠬᠦᠴᠡᠯ ᠳᠤ ᠬᠦᠷᠦᠭᠰᠡᠨ ᠡᠰᠡᠭᠦ ᠪᠠᠨ ᠰᠢᠯᠭᠠᠯᠲᠠ ᠠᠴᠠ ᠡᠮᠦᠨ᠎ᠠ ᠨᠢᠭᠡ ᠭᠠᠷᠠᠭ ᠲᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠤᠨ ᠨᠧᠲ ︵www.nm.zsks.cn︶ ᠲᠤ ᠤᠷᠤᠵᠤ ᠬᠠᠮᠢᠶ᠎ᠠ ᠪᠦᠬᠦᠢ ᠵᠠᠷᠯᠠᠯ ᠠᠴᠠ ᠤᠶᠢᠯᠠᠭᠠᠵᠤ ᠪᠤᠯᠤᠨ᠎ᠠ᠃ ᠵᠠᠷᠯᠠᠯ ᠳᠤ ᠨᠡᠷ᠎ᠡ ᠳᠤᠳᠤᠷᠠᠭ᠎ᠠ ᠦᠬᠡᠢ ᠰᠢᠯᠭᠠᠭᠤᠯᠤᠭᠰᠠᠳ ︽ᠰᠢᠯᠭᠠᠯᠲᠠ ᠶᠢᠨ ᠦᠨᠡᠮᠯᠡᠯ ︾ ᠢᠶᠠᠨ ᠴᠠᠭ ᠲᠤᠬᠠᠢ ᠳᠤ ᠨᠢ ᠠᠪᠴᠤ ᠰᠢᠯᠭᠠᠯᠲᠠ ᠳᠤ ᠤᠷᠤᠯᠴᠠᠨ᠎ᠠ᠃ ᠦᠨᠳᠦᠷ ᠳᠤᠮᠳᠠᠳᠤ ᠠᠴᠠ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠢᠯᠭᠠᠯᠲᠠ ᠳᠤ ᠤᠷᠤᠬᠤ ᠬᠦᠮᠦᠰ ᠲᠦᠩᠯᠢᠶᠤᠤ ᠬᠤᠲᠠ ᠪᠠ ᠬᠦᠬᠡᠬᠤᠲᠠ ᠳᠤ ᠰᠢᠯᠭᠠᠭᠤᠯᠤᠨ᠎ᠠ᠃       ᠨᠠᠷᠢᠨ ᠮᠡᠳᠡᠭᠡᠯᠡᠯ ᠢ www.nm.zsks.cn ᠨᠧᠲ ᠠᠴᠠ ᠯᠠᠪᠯᠠᠭᠠᠷᠠᠢ᠃
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号