ᠥᠪᠥᠷ ᠮᠣᠩᠭᠤᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠤᠯᠤᠨ᠎ᠠ
ᠨᠡᠶᠢᠲᠡᠯᠡᠭᠰᠡᠨ ᠴᠠᠭ᠄
2018/8/6
     3᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽2018 ᠣᠨ ᠤ ᠪᠥᠬᠦ ᠤᠯᠤᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠠᠯᠢ ᠳᠤᠤᠷ᠎ᠠ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠮᠡᠳᠡᠭᠳᠡᠯ︾᠎ ᠤᠨ ᠱᠠᠭᠠᠷᠳᠠᠯᠭ᠎ᠠ ᠶᠢ ᠦᠨᠳᠦᠰᠦᠯᠡᠵᠦ᠂ 2018 ᠣᠨ ᠤ ᠲᠥᠪ ᠤᠨ ᠨᠥᠬᠦᠪᠥᠷᠢ ᠪᠡᠯᠡ ᠮᠥᠩᠭᠦ ᠶᠢ ᠤᠷᠢᠳᠴᠢᠯᠠᠨ ᠰᠠᠯᠭᠠᠨ ᠥᠭᠬᠦ ᠪᠠᠶᠢᠳᠠᠯ ᠲᠠᠢ ᠤᠶᠠᠯᠳᠤᠭᠤᠯᠤᠨ᠂ ᠮᠠᠨ ᠤ ᠣᠷᠣᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠬᠦ ᠪᠠᠷ ᠲᠤᠭᠲᠠᠭᠠᠪᠠ᠂ ᠲᠤᠬᠠᠶᠢᠯᠠᠪᠠᠯ 18 ᠲᠥᠭᠦᠷᠢᠭ ᠨᠡᠮᠡᠭᠳᠡᠭᠦᠯᠵᠦ᠂ ᠬᠥᠮᠦᠨ ᠪᠦᠷᠢ ᠳᠤ ᠰᠠᠷ᠎ᠠ ᠪᠦᠷᠢ 128 ᠲᠥᠭᠦᠷᠢᠭ ᠪᠤᠯᠭᠠᠵᠠᠢ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠪᠠᠷᠢᠮᠵᠢᠶ᠎ᠠ ᠶᠢ 2018 ᠤᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠵᠦ᠂ ᠮᠠᠨ ᠤ ᠤᠷᠤᠨ 8 ᠳ᠋ᠤᠭᠠᠷ ᠰᠠᠷ᠎ᠠ ᠠᠴᠠ ᠡᠬᠢᠯᠡᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠬᠦᠷᠲᠡᠭᠡᠮᠵᠢ ᠬᠦᠷᠲᠡᠵᠦ ᠪᠠᠶᠢᠭ᠎ᠠ ᠬᠥᠮᠦᠰ ᠲᠤ ᠨᠠᠰᠤᠵᠢᠯ ᠤᠨ ᠠᠰᠠᠷᠠᠮᠵᠢ ᠶᠢᠨ ᠦᠰᠭᠡᠭᠰᠡᠨ ᠬᠡᠰᠡᠭ ᠢ ᠴᠠᠭ ᠲᠤᠬᠠᠶ ᠳᠤᠨᠢ᠂ ᠲᠤᠭ᠎ᠠ ᠶᠣᠰᠣᠭᠠᠷ ᠨᠦᠬᠦᠵᠦ ᠤᠯᠭᠤᠨ᠎ᠠ᠃ ᠰᠤᠷᠪᠤᠯᠵᠢᠯᠠᠭ᠎ᠠ ᠳᠤᠮᠳᠠ ᠰᠤᠷᠪᠤᠯᠵᠢᠯᠠᠭᠴᠢ ᠶᠢᠨ ᠣᠯᠵᠤ ᠮᠡᠳᠡᠭᠰᠡᠨ ᠢᠶᠠᠷ᠂ ᠡᠨᠡ ᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠬᠦᠷᠲᠡᠭᠡᠮᠵᠢ ᠶᠢᠨ ᠲᠤᠭᠲᠠᠭᠠᠯᠲᠠ ᠪᠠ ᠰᠠᠭᠤᠷᠢ ᠨᠠᠰᠤᠵᠢᠯ ᠤᠨ ᠮᠥᠩᠭᠦ ᠶᠢᠨ ᠬᠡᠪ ᠤᠨ ᠲᠣᠬᠢᠷᠠᠭᠤᠯᠤᠯᠲᠠ ᠶᠢᠨ ᠲᠤᠬᠠᠢ ᠵᠢᠯᠣᠭᠤᠳᠬᠤ ᠰᠠᠨᠠᠯ︾᠎ ᠢ ᠳᠠᠷᠤᠮᠠᠯᠯᠠᠨ ᠲᠠᠷᠬᠠᠭᠠᠵᠤ᠂ ᠰᠠᠭᠤᠷᠢ ᠨᠠᠰᠤᠵᠢᠯ ᠤᠨ ᠮᠥᠩᠭᠦ ᠶᠢᠨ ᠬᠡᠪ ᠤᠨ ᠲᠣᠬᠢᠷᠠᠭᠤᠯᠤᠯᠲᠠ ᠶᠢᠨ ᠲᠣᠭᠲᠠᠴᠠ ᠶᠢ ᠲᠤᠭᠲᠠᠭᠠᠵᠠᠢ᠂ ᠲᠤᠬᠠᠶᠢᠯᠠᠪᠠᠯ᠄ ᠦᠢᠷ᠎ᠠ ᠶᠢᠨ ᠵᠢᠯ ᠤᠨ ᠲᠤᠷᠰᠢᠬᠢ ᠬᠤᠳᠡ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ᠂ ᠪᠠᠷᠠᠭᠠᠨ ᠤ ᠦᠨ᠎ᠡ ᠶᠢᠨ ᠬᠤᠪᠢᠷᠠᠯᠲᠠ ᠪᠠ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠵᠡᠷᠭᠡ ᠪᠠᠲᠤᠯᠠᠭ᠎ᠠ ᠶᠢᠨ ᠪᠠᠷᠢᠮᠵᠢᠶᠠᠨ ᠤ ᠲᠣᠬᠢᠷᠠᠭᠤᠯᠤᠯᠲᠠ ᠶᠢᠨ ᠪᠠᠶᠢᠳᠠᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠥᠬᠦ ᠤᠯᠤᠰ ᠤᠨ ᠠᠯᠢ ᠳᠤᠤᠷ᠎ᠠ ᠪᠠᠷᠢᠮᠵᠢᠶ᠎ᠠ ᠶᠢ ᠲᠤᠬᠢᠷᠠᠭᠤᠯᠬᠤ ᠲᠥᠰᠦᠯ ᠢ ᠴᠠᠭ ᠲᠤᠬᠠᠢ ᠳᠤᠷᠠᠳᠤᠨ ᠭᠠᠷᠭᠠᠵᠤ᠂ ᠨᠠᠮ ᠤᠨ ᠲᠥᠪ ᠬᠤᠷᠢᠶ᠎ᠠ ᠪᠣᠯᠤᠨ ᠲᠦᠷᠤ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠲᠤᠭᠲᠠᠭᠠᠯᠭᠠᠨ᠎ᠠ᠃ ᠤᠳᠤᠬᠠᠨ ᠳᠤ᠂ ᠮᠠᠨ ᠤ ᠤᠷᠤᠨ ᠶᠠᠭ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ ᠰᠠᠭᠤᠷᠢ ᠨᠠᠰᠤᠵᠢᠯ ᠤᠨ ᠮᠥᠩᠭᠦ ᠶᠢᠨ ᠬᠡᠪ ᠤᠨ ᠲᠤᠬᠢᠷᠠᠭᠤᠯᠤᠯᠲᠠ ᠶᠢᠨ ᠲᠣᠭᠲᠠᠴᠠ ᠶᠢ ᠰᠤᠳᠤᠯᠤᠨ ᠲᠤᠭᠲᠠᠭᠠᠵᠤ ᠪᠠᠶᠢᠨ᠎ᠠ᠃ ᠲᠣᠭᠲᠠᠴᠠ ᠶᠢ ᠲᠣᠭᠲᠠᠭᠠᠭᠰᠠᠨ ᠤ ᠳᠠᠷᠠᠭ᠎ᠠ᠂ ᠲᠤᠬᠢᠷᠠᠭᠤᠯᠤᠭᠰᠠᠨ ᠲᠤᠭᠲᠠᠴᠠ ᠶᠣᠰᠣᠭᠠᠷ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ ᠲᠤᠬᠢᠷᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号