ᠥᠪᠥᠷ ᠮᠣᠩᠭᠤᠯ 8 ᠳ᠋ᠤᠭᠠᠷ ᠰᠠᠷ᠎ᠠ ᠠᠴᠠ ᠡᠬᠢᠯᠡᠨ ᠪᠠᠷᠢᠯᠭ᠎ᠠ ᠶᠢᠨ ᠠᠵᠢᠯᠴᠢᠳ ᠤᠨ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ ᠶᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2018/8/6
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ 7 ᠰᠠᠯᠠᠭ᠎ᠠ ᠮᠥᠴᠢᠷ ᠬᠠᠮᠲᠤᠷᠠᠨ ᠲᠣᠭᠲᠠᠭᠠᠵᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯᠴᠢᠳ ᠤᠨ ᠦᠨᠡᠨ ᠨᠡᠷ᠎ᠡ ᠶᠢᠨ ᠲᠦᠷᠢᠮ ᠪᠠ ᠴᠠᠯᠢᠩ ᠥᠭᠬᠦ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠶᠢ ᠲᠣᠰ ᠰᠠᠷ᠎ᠠ ᠠᠴᠠ ᠡᠬᠢᠯᠡᠨ ᠬᠡᠷᠡᠭᠵᠢᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠥᠷᠢᠲᠦᠬᠦ ᠭᠡᠮ ᠢ ᠰᠢᠢᠳᠪᠦᠷᠢᠯᠡᠬᠦ ᠪᠣᠯᠤᠮᠵᠢ ᠲᠠᠢ ᠪᠠᠶᠢᠨ᠎ᠠ᠃      ︽ᠠᠷᠭ᠎ᠠ︾᠎ ᠳᠤ ᠲᠣᠭᠲᠠᠭᠠᠭᠰᠠᠨ ᠨᠢ᠂ ᠥᠪᠥᠷ ᠮᠣᠩᠭᠤᠯ ᠤᠨ ᠬᠡᠪᠴᠢᠶᠡᠨ ᠳᠤ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠤᠨ ᠲᠤᠬᠠᠶ ᠶᠢᠨ ᠲᠠᠯᠠᠪᠤᠷ ︵ᠳᠣᠷᠣᠭᠰᠢ ᠪᠠᠷᠢᠯᠭ᠎ᠠ ᠶᠢᠨ ᠲᠤᠬᠠᠶ ᠶᠢᠨ ᠲᠠᠯᠠᠪᠤᠷ ᠭᠡᠵᠦ ᠳᠥᠭᠦᠮᠴᠢᠯᠡᠨ᠎ᠡ︶᠎ ᠲᠠᠬᠢ ᠪᠠᠷᠢᠯᠭ᠎ᠠ ᠶᠢᠨ ᠠᠵᠢᠯᠴᠢᠳ ᠲᠤ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠠᠷᠢᠯᠭ᠎ᠠ ᠲᠤᠬᠠᠶ ᠶᠢᠨ ᠲᠠᠯᠠᠪᠤᠷ ᠲᠠᠬᠢ ᠪᠠᠷᠢᠯᠭ᠎ᠠ ᠶᠢᠨ ᠠᠵᠢᠯᠴᠢᠨ ︵ᠬᠦᠴᠦ ᠶᠠᠪᠤᠭᠴᠢ ᠮᠠᠯᠴᠢᠨ ᠲᠠᠷᠢᠶᠠᠴᠢᠨ ᠪᠠᠭᠲᠠᠨ᠎ᠠ︶᠎ ᠤ ᠠᠵᠢᠯ ᠡᠷᠬᠢᠯᠡᠭᠰᠡᠨ ᠥᠩᠭᠡᠷᠡᠯᠲᠡ ᠶᠢᠨ ᠲᠡᠮᠳᠡᠭᠯᠡᠯ᠂ ᠲᠤᠬᠠᠶ ᠶᠢᠨ ᠲᠠᠯᠠᠪᠤᠷ ᠤᠨ ᠠᠵᠢᠯ ᠳᠤ ᠭᠠᠷᠤᠭᠰᠠᠨ ᠲᠡᠮᠳᠡᠭᠯᠡᠯ᠂ ᠴᠠᠯᠢᠩ ᠥᠭᠬᠦ ᠶᠢ ᠬᠢᠨᠠᠨ ᠡᠵᠡᠮᠳᠡᠬᠦ ᠵᠡᠷᠭᠡ ᠠᠷᠭ᠎ᠠ ᠬᠢᠳᠡᠯ ᠢᠶᠠᠷ ᠳᠠᠮᠵᠢᠭᠤᠯᠤᠨ᠂ ᠪᠠᠷᠢᠯᠭ᠎ᠠ ᠶᠢᠨ ᠲᠤᠬᠠᠶ ᠶᠢᠨ ᠲᠠᠯᠠᠪᠤᠷ ᠤᠨ ᠬᠥᠮᠦᠰ ᠨᠢ ᠲᠣᠳᠣᠷᠬᠠᠶ᠂ ᠠᠵᠢᠯ ᠡᠷᠬᠢᠯᠡᠭᠰᠡᠨ ᠥᠩᠭᠡᠷᠡᠯᠲᠡ ᠨᠢ ᠲᠣᠳᠣᠷᠬᠠᠶ᠂ ᠠᠵᠢᠯ ᠳᠤ ᠭᠠᠷᠤᠭᠰᠠᠨ ᠲᠡᠮᠳᠡᠭᠯᠡᠯ ᠨᠢ ᠲᠣᠳᠣᠷᠬᠠᠶ᠂ ᠴᠠᠯᠢᠩ ᠣᠯᠭᠤᠭᠰᠠᠨ ᠲᠡᠮᠳᠡᠭᠯᠡᠯ ᠨᠢ ᠲᠣᠳᠣᠷᠬᠠᠶ᠂ ᠠᠵᠢᠯ ᠳᠤ ᠭᠠᠷᠬᠤ ᠪᠠᠭᠤᠬᠤ ᠭᠠᠵᠠᠷ ᠴᠠᠭ ᠨᠢ ᠲᠣᠳᠣᠷᠬᠠᠶ ᠵᠡᠷᠭᠡ ︽ᠲᠠᠪᠤᠨ ᠲᠣᠳᠣᠷᠬᠠᠢ ᠪᠠᠶᠢᠬᠤ︾ ᠬᠠᠷᠠᠯᠲᠠ ᠶᠢ ᠪᠡᠶᠡᠯᠡᠭᠦᠯᠦᠨ᠎ᠡ᠃      ᠡᠭᠦᠨ ᠤ ᠬᠠᠮᠲᠤ᠂ ᠳᠦᠷᠦ ᠶᠢᠨ ᠶᠠᠪᠤᠳᠠᠯ ᠤᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠥᠷᠢᠲᠦᠯ ᠢ ᠵᠠᠰᠠᠵᠤ ᠴᠠᠯᠢᠩ ᠢ ᠪᠠᠲᠤᠯᠠᠬᠤ ᠠᠵᠢᠯ ᠳᠤ ᠲᠣᠭᠲᠠᠭᠰᠠᠨ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ᠂ ᠪᠠᠷᠢᠯᠭ᠎ᠠ ᠶᠢᠨ ᠶᠠᠪᠤᠴᠠ ᠳᠠᠬᠢ ᠳ᠋ᠦᠩᠨᠡᠨ ᠪᠣᠳᠣᠯᠲᠠ᠂ ᠴᠠᠯᠢᠩ ᠪᠠ ᠪᠠᠷᠢᠯᠭ᠎ᠠ ᠶᠢᠨ ᠵᠣᠭᠤᠰ ᠢ ᠠᠰ ᠠᠰ ᠲᠤᠨᠢ ᠳᠠᠩᠰᠠᠯᠠᠨ ᠬᠠᠮᠢᠶᠠᠷᠬᠤ ᠲᠦᠷᠢᠮ ᠂ ᠪᠠᠩᠬᠢ ᠠᠴᠠ ᠰᠠᠷ᠎ᠠ ᠪᠦᠷᠢ ᠴᠠᠯᠢᠩ ᠢ ᠨᠢ ᠣᠷᠣᠯᠠᠨ ᠥᠭᠬᠦ ᠵᠡᠷᠭᠡ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠴᠠᠯᠢᠩ ᠬᠥᠯᠥᠰᠥ ᠶᠢ ᠥᠷᠢᠲᠦᠬᠦ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠤᠷᠢᠲᠠᠯ ᠳᠣᠣᠷ᠎ᠠ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠬᠤ ᠠᠷᠭ᠎ᠠ ᠪᠠ ᠬᠢᠨᠠᠨ ᠬᠠᠮᠢᠶᠠᠷᠬᠤ ᠠᠷᠭ᠎ᠠ ᠳᠤ ᠲᠣᠬᠢᠷᠠᠭᠤᠯᠤᠯᠲᠠ ᠬᠢᠵᠦ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠠᠴᠠ ᠴᠠᠯᠢᠩ ᠢ ᠣᠷᠣᠯᠠᠨ ᠥᠭᠬᠦ ᠲᠤᠰᠬᠠᠶ ᠳᠠᠩᠰᠠᠠ ᠡᠷᠦᠭᠡ ᠪᠠᠶᠢᠭᠤᠯᠵᠤ᠂ ᠠᠳᠠᠯᠢ ᠪᠤᠰᠤ ᠬᠢᠷᠢ ᠴᠢᠳᠠᠯ ᠤᠨ ᠵᠡᠷᠭᠡ ᠳᠡᠰ ᠢᠶᠠᠷ ᠠᠳᠠᠯᠢ ᠪᠤᠰᠤ ᠬᠡᠮᠵᠢᠶᠡᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠬᠠᠳᠠᠭᠠᠯᠠᠬᠤ᠂ ᠣᠯᠠᠨ ᠰᠠᠯᠠᠭ᠎ᠠ ᠮᠥᠴᠢᠷ ᠬᠠᠮᠲᠤ ᠪᠠᠷ ᠪᠠᠲᠤᠯᠠᠭ᠎ᠠ ᠶᠢᠨ ᠮᠥᠩᠭᠦ ᠶᠢᠨ ᠲᠤᠭ᠎ᠠ ᠬᠡᠮᠵᠢᠶ᠎ᠡ ᠶᠢ ᠬᠢᠨᠠᠨ ᠬᠠᠮᠢᠶᠠᠷᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠭᠰᠠᠨ ᠢᠶᠠᠷ᠂ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠭᠰᠠᠨ ᠮᠥᠷᠲᠡᠭᠡᠨ ᠪᠠᠰᠠ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠪᠡᠯᠡ ᠮᠥᠩᠭᠦ ᠶᠢᠨ ᠡᠭᠦᠷᠭᠡᠯᠡᠯ ᠢ ᠬᠥᠩᠭᠡᠯᠡᠭᠰᠡᠨ ᠪᠠᠶᠢᠨ᠎ᠠ᠃      ︽ᠠᠷᠭ᠎ᠠ︾᠎ ᠳᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠥᠯᠥᠰᠥᠨ ᠠᠵᠢᠯᠴᠢᠨ ᠤ ᠴᠠᠯᠢᠩ ᠤᠨ ᠠᠰᠠᠭᠤᠳᠠᠯ ᠢ ᠰᠡᠷᠭᠡᠶᠢᠯᠡᠬᠦ ᠪᠠ ᠢᠯᠭᠠᠷᠠᠭᠤᠯᠬᠤ ᠲᠤᠰᠬᠠᠶ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠡᠯ᠎ᠡ ᠬᠤᠯᠪᠣᠭᠳᠠᠯ ᠪᠥᠬᠦᠶ ᠪᠦᠷᠢᠯᠳᠦᠬᠦᠨ ᠨᠢᠭᠡᠴᠡ ᠨᠦᠭᠦᠳ ᠲᠤᠰ ᠲᠤᠰ ᠤᠨ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ ᠶᠢᠨ ᠬᠡᠷᠡᠭᠯᠡᠭᠴᠢᠳ ᠤᠨ ᠥᠵᠥᠭᠦᠷᠯᠢᠭ ᠢᠶᠠᠷ ᠳᠠᠮᠵᠢᠭᠤᠯᠤᠨ ᠪᠠᠷᠢᠯᠭ᠎ᠠ ᠶᠢᠨ ᠲᠥᠷᠥᠯ ᠵᠦᠢᠯ ᠤᠨ ᠪᠠᠶᠢᠳᠠᠯ ᠂ ᠪᠠᠷᠢᠯᠭ᠎ᠠ ᠶᠢᠨ ᠠᠵᠢᠯ ᠤᠨ ᠲᠤᠬᠠᠶ ᠶᠢᠨ ᠲᠠᠯᠠᠪᠤᠷ ᠤᠨ ᠬᠥᠮᠦᠰ ᠤᠨ ᠰᠢᠯᠵᠢᠯᠲᠡ ᠪᠠ ᠴᠠᠯᠢᠩ ᠥᠭᠬᠦ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠬᠦ ᠪᠣᠯᠣᠭᠰᠠᠨ ᠢᠶᠠᠷ ᠪᠠᠷᠢᠯᠭ᠎ᠠ ᠶᠢᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠥᠢᠯᠡ ᠠᠵᠢᠯᠯᠠᠭ᠎ᠠ ᠶᠢ ᠵᠢᠷᠤᠮᠵᠢᠭᠤᠯᠤᠭᠰᠠᠨ ᠮᠥᠷᠲᠡᠭᠡᠨ ᠴᠠᠯᠢᠩ ᠬᠥᠯᠥᠰᠥᠨ ᠤ ᠵᠢᠭᠤᠷᠠᠯᠳᠤᠭᠠᠨ ᠢ ᠴᠠᠭ ᠲᠤᠬᠠᠶ ᠳᠤᠨᠢ ᠰᠢᠢᠳᠪᠦᠷᠢᠯᠡᠵᠦ᠂ ᠡᠭᠦᠨ ᠤ ᠬᠠᠮᠲᠤ ᠪᠠᠰᠠ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠲᠤ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠳᠤᠨᠢ ᠪᠦᠲᠦᠮᠵᠢᠲᠡᠶ ᠦᠨᠳᠦᠰᠦ ᠪᠠᠷᠢᠮᠲᠠ ᠬᠠᠩᠭᠠᠵᠤ ᠥᠭᠬᠦ ᠪᠣᠯᠭᠠᠵᠠᠢ᠃      ︽ᠠᠷᠭ᠎ᠠ︾᠎ ᠳᠤ ᠪᠠᠰᠠ ᠪᠠᠷᠢᠯᠭ᠎ᠠ ᠶᠢᠨ ᠠᠵᠢᠯᠴᠢᠳ ᠲᠤ ᠴᠠᠯᠢᠩ ᠥᠭᠬᠦ ᠵᠢᠴᠢ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠬᠠᠮᠢᠶᠠᠷᠬᠤ᠂ ᠪᠠᠷᠢᠯᠭ᠎ᠠ ᠶᠢᠨ ᠠᠵᠢᠯᠴᠢᠨ ᠤ ᠴᠠᠯᠢᠩ ᠢ ᠪᠠᠩᠬᠢ ᠠᠴᠠ ᠣᠷᠣᠯᠠᠨ ᠥᠭᠬᠦ ᠲᠦᠷᠢᠮ ᠢ ᠬᠡᠷᠡᠭᠵᠢᠭᠦᠯᠬᠦ ᠶᠢ ᠨᠠᠷᠢᠨ ᠲᠣᠳᠣᠷᠬᠠᠢ ᠲᠣᠭᠲᠠᠭᠠᠵᠠᠢ᠃ ᠪᠠᠷᠢᠯᠭ᠎ᠠ ᠶᠢᠨ ᠠᠵᠤ ᠠᠬᠤᠶᠢᠯᠠᠯ ᠤᠳ ᠰᠠᠶᠢᠨ ᠳᠤᠷ᠎ᠠ ᠶᠢᠨ ᠵᠠᠷᠴᠢᠮ ᠢᠶᠠᠷ᠂ ᠦᠨᠡᠨ ᠨᠡᠷ᠎ᠡ ᠶᠢᠨ ᠲᠦᠷᠢᠮ ᠤᠨ ᠮᠡᠳᠡᠭᠡ ᠵᠠᠩᠭᠢ ᠶᠢᠨ ᠲᠠᠪᠴᠠᠩ ᠯᠤᠭ᠎ᠠ ᠵᠣᠯᠭᠠᠭᠤᠯᠤᠭᠰᠠᠨ ᠪᠠᠩᠬᠢ ᠎ ᠶᠢ ᠰᠣᠩᠭᠤᠨ ᠪᠠᠷᠢᠯᠭ᠎ᠠ ᠶᠢᠨ ᠠᠵᠢᠯᠴᠢᠨ ᠤ ᠴᠠᠯᠢᠩ ᠢ ᠣᠷᠣᠯᠠᠨ ᠥᠭᠬᠦ ᠲᠤᠰᠬᠠᠶ ᠲᠠᠩᠰᠠᠨ ᠡᠷᠦᠬᠡ ᠪᠠᠶᠢᠭᠤᠯᠬᠤ ᠪᠥᠭᠡᠳ ᠪᠠᠷᠢᠯᠭ᠎ᠠ ᠶᠢᠨ ᠠᠵᠢᠯᠴᠢᠳ ᠲᠤ ᠴᠠᠯᠢᠩ ᠤᠨ ᠺᠠᠷᠲ ᠭᠦᠢᠴᠡᠳᠬᠡᠵᠦ ᠥᠭᠭᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠴᠠᠯᠢᠩ ᠣᠷᠣᠯᠠᠨ ᠥᠭᠬᠦ ᠲᠤᠰᠬᠠᠶ ᠳᠠᠩᠰᠠᠨ ᠡᠷᠦᠬᠡ ᠶᠢ ᠪᠣᠯ ᠠᠵᠤ ᠠᠬᠤᠶᠢᠯᠠᠯ ᠤᠨ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠭᠰᠠᠨ ᠭᠠᠵᠠᠷ ᠲᠤ ᠪᠠᠶᠢᠭᠤᠯᠪᠠᠯ ᠵᠣᠬᠢᠨ᠎ᠠ᠃ ᠭᠠᠳᠠᠷ ᠣᠷᠣᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠴᠠᠯᠢᠩ ᠣᠷᠣᠯᠠᠨ ᠥᠭᠬᠦ ᠲᠤᠰᠬᠠᠶ ᠳᠠᠩᠰᠠᠨ ᠡᠷᠦᠬᠡ ᠶᠢ ᠪᠣᠯ ᠪᠠᠷᠢᠯᠭ᠎ᠠ ᠳᠠᠭᠠᠭᠠᠴᠢᠯᠠᠭᠰᠠᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭ᠎ᠠ ᠭᠠᠵᠠᠷ ᠲᠤ ᠪᠠᠶᠢᠭᠤᠯᠪᠠᠯ ᠵᠣᠬᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号