ᠶᠠᠩ ᠸᠧᠢ ᠳ᠋ᠦᠩ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠤᠶᠤᠨᠲᠤ ᠳᠣᠲᠣᠭᠠᠳᠤ ᠶᠢ ᠬᠠᠮᠠᠭᠠᠯᠠᠬᠤ︾᠎ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠣᠳᠣᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2018/8/6
     8 ᠳ᠋ᠤᠭᠠᠷ ᠰᠠᠷ᠎ᠠ ᠶᠢᠨ 4᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠶᠠᠩ ᠸᠧᠢ ᠳ᠋ᠦᠩ ᠲᠢᠩᠬᠢᠮ ᠤᠨ ᠵᠢᠯᠣᠭᠤᠳᠬᠤ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠶᠡᠷᠦᠩᠬᠡᠶ ᠠᠩᠭᠢ ᠵᠡᠷᠭᠡ ᠭᠠᠵᠠᠷ ᠲᠤ ᠭᠦᠨᠵᠡᠭᠡᠶᠢᠷᠡᠵᠦ᠂ ︽ᠤᠶᠤᠨᠲᠤ ᠳᠣᠲᠣᠭᠠᠳᠤ ᠶᠢ ᠬᠠᠮᠠᠭᠠᠯᠠᠬᠤ︾᠎ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠣᠳᠠᠲᠠᠶ ᠭᠠᠵᠠᠷ ᠲᠤᠨᠢ ᠪᠠᠶᠢᠴᠠᠭᠠᠨ ᠰᠣᠳᠣᠯᠵᠤ ᠵᠢᠭᠠᠨ ᠵᠢᠯᠣᠭᠤᠳᠪᠠ᠃      ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠳᠡᠳ᠋ ᠲᠡᠷᠢᠭᠦᠯᠡᠭᠴᠢ ᠶᠠᠩ ᠸᠧᠶ ᠳ᠋ᠦᠩ ᠲᠧᠯᠸᠢᠰ ᠳ᠋ᠢᠶᠠᠩᠬᠤᠸᠠ ᠬᠤᠷᠠᠯ ᠤᠨ ᠭᠡᠷ᠂ ᠵᠢᠯᠣᠭᠤᠳᠬᠤ ᠶᠡᠭᠡ ᠲᠠᠩᠬᠢᠮ ᠵᠡᠷᠭᠡ ᠴᠢᠳᠠᠮᠵᠢᠳᠤ ᠣᠷᠣᠨ ᠲᠠᠯᠠᠪᠤᠷ ᠢᠶᠠᠷ ᠪᠠᠶᠢᠴᠠᠭᠠᠨ ᠦᠵᠡᠵᠦ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠳᠡᠳ᠋ ᠲᠡᠷᠢᠭᠦᠯᠡᠭᠴᠢ ᠶᠠᠩ ᠸᠧᠶ ᠳ᠋ᠦᠩ ᠵᠢᠭᠠᠵᠤ ᠭᠠᠷᠭᠠᠭᠰᠠᠨ ᠨᠢ᠂ ᠰᠢᠨ᠎ᠡ ᠴᠠᠭ ᠦᠶ᠎ᠡ ᠰᠢᠨ᠎ᠡ ᠪᠠᠶᠢᠳᠠᠯ ᠰᠢᠨ᠎ᠡ ᠡᠭᠦᠷᠭᠡ ᠨᠢ ᠳᠣᠲᠣᠭᠠᠳᠤ ᠶᠢ ᠬᠠᠮᠠᠭᠠᠯᠠᠬᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠪᠠ᠂ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ︽ᠤᠶᠤᠨᠲᠤ ᠳᠣᠲᠣᠭᠠᠳᠤ ᠶᠢ ᠬᠠᠮᠠᠭᠠᠯᠠᠬᠤ︾᠎ ᠶᠢᠨ ᠪᠦᠲᠦᠭᠡᠨ ᠪᠠᠶᠢᠭᠤᠯᠤᠯᠲᠠ ᠠᠴᠠ ᠰᠠᠯᠵᠤ ᠴᠢᠳᠠᠬᠤ ᠦᠭᠡᠢ ᠶᠤᠮ᠃ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠴᠠᠭ ᠤᠨ ᠪᠠᠶᠢᠳᠠᠯ ᠳᠤ ᠵᠣᠬᠢᠴᠠᠭᠤᠯᠤᠨ᠂ ᠠᠷᠭ᠎ᠠ ᠤᠬᠠᠭᠠᠨ ᠰᠦᠪᠡᠭᠴᠢᠯᠡᠨ ᠴᠢᠳᠠᠮᠠᠭᠠᠶ ᠠᠵᠢᠯᠯᠠᠬᠤ ᠬᠡᠷᠡᠭᠲᠡᠢ᠂ ᠬᠡᠢ ᠬᠤᠭᠤᠰᠣᠨ ᠵᠦᠢᠯ ᠢ ᠪᠤᠳᠤᠵᠥ ᠪᠣᠯᠬᠤ ᠦᠭᠡᠢ᠂ ᠬᠡᠶᠢᠰᠪᠦᠷᠢ ᠶᠠᠭᠤᠮ᠎ᠠ ᠶᠢ ᠬᠥᠭᠡᠭᠡᠴᠡᠯᠳᠦᠵᠦ ᠪᠣᠯᠬᠤ ᠦᠭᠡᠢ᠂ ︽ᠤᠶᠤᠨᠲᠤ ᠳᠣᠲᠣᠭᠠᠳᠤ ᠶᠢ ᠬᠠᠮᠠᠭᠠᠯᠠᠬᠤ︾᠎ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠪᠡ᠃      ᠳᠡᠳ᠋ ᠲᠡᠷᠢᠭᠦᠯᠡᠭᠴᠢ ᠶᠠᠩ ᠸᠧᠶ ᠳ᠋ᠦᠩ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ︽ᠲᠦᠷᠪᠡᠨ ᠤᠬᠠᠮᠰᠠᠷ︾᠎ ᠢᠶᠠᠨ ᠦᠨᠡᠨᠬᠦ ᠳᠡᠭᠡᠭᠰᠢᠯᠡᠭᠦᠯᠵᠦ᠂ ︽ᠲᠦᠷᠪᠡᠨ ᠢᠲᠡᠭᠡᠯ︾᠎ ᠢᠶᠠᠨ ᠪᠠᠲᠤᠳᠬᠠᠵᠤ᠂ ᠤᠯᠤᠰ ᠲᠦᠷᠦ ᠶᠢᠨ ᠵᠣᠭᠰᠣᠯᠲᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠷᠡᠰ ᠰᠢᠭᠤᠷᠬᠠᠶ ᠪᠠᠷ ᠰᠢᠨ᠎ᠡ ᠶᠢ ᠡᠭᠦᠳᠬᠦ ᠰᠥᠰᠥ ᠵᠣᠷᠢᠭ᠂ ᠪᠤᠰᠤᠳ ᠠᠴᠠ ᠲᠦᠷᠦᠭᠦᠯᠡᠬᠦ ᠣᠮᠤᠭ ᠵᠣᠷᠢᠭ᠂ ᠥᠷᠨᠢᠨ ᠪᠠᠳᠠᠷᠠᠵᠤ ᠥᠭᠡᠳᠡᠯᠡᠨ ᠲᠠᠪᠰᠢᠬᠤ ᠴᠤᠭ ᠵᠢᠪᠬᠤᠭ᠎ᠠ ᠪᠠᠷ ᠳᠣᠲᠣᠭᠠᠳᠤ ᠶᠢ ᠬᠠᠮᠠᠭᠠᠯᠠᠬᠤ ᠠᠵᠢᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠳᠣᠲᠣᠭᠠᠳᠤ ᠶᠢ ᠬᠠᠮᠠᠭᠠᠯᠠᠬᠤ ᠲᠤᠮᠤ ᠳ᠋ᠠᠶᠢᠲ᠋ᠠ ᠶᠢᠨ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ︽ᠤᠶᠤᠨᠲᠤ ᠳᠣᠲᠣᠭᠠᠳᠤ ᠶᠢ ᠬᠠᠮᠠᠭᠠᠯᠠᠬᠤ︾᠎ ᠶᠢ ᠪᠦᠲᠦᠭᠡᠨ ᠪᠠᠶᠢᠭᠤᠯᠵᠤ᠂ ᠲᠤᠭ᠎ᠠ ᠪᠠᠷᠢᠮᠲᠠᠲᠤ ᠴᠠᠭᠳᠠᠭᠠᠨ ᠤ ᠶᠠᠪᠤᠳᠠᠯ ᠢ ᠪᠣᠢ ᠪᠣᠯᠭᠠᠨ᠂ ᠥᠪᠥᠷ ᠮᠣᠩᠭᠤᠯ ᠤᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠢ ᠬᠠᠮᠠᠭᠠᠯᠠᠬᠤ ᠴᠢᠳᠠᠪᠤᠷᠢ ᠶᠢᠨ ᠲᠠᠪᠠᠯᠳᠠᠳᠤ ᠬᠥᠭᠵᠢᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠬᠡᠷᠡᠭᠲᠡᠢ ᠭᠡᠪᠡ᠃      ᠳᠡᠳ᠋ ᠲᠡᠷᠢᠭᠦᠯᠡᠭᠴᠢ ᠶᠠᠩ ᠸᠧᠶ ᠳ᠋ᠦᠩ ᠱᠠᠭᠠᠷᠳᠠᠭᠰᠠᠨ ᠨᠢ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠮᠤ ᠳ᠋ᠠᠶᠢᠲ᠋ᠠ ᠶᠢᠨ ᠪᠠᠶᠢᠯᠳᠤᠬᠤ ᠪᠤᠳᠤᠯᠭ᠎ᠠ ᠪᠣᠯᠤᠨ ︽ᠤᠶᠤᠨᠲᠤ ᠳᠣᠲᠣᠭᠠᠳᠤ ᠶᠢ ᠬᠠᠮᠠᠭᠠᠯᠠᠬᠤ︾ ᠎ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠬᠦᠯᠢᠶᠡᠵᠦ ᠨᠠᠶᠢᠳᠠᠬᠤ ᠦᠭᠡᠢ ᠪᠠᠶᠢᠵᠤ᠂ ᠢᠳᠡᠪᠬᠢᠲᠡᠶ ᠪᠠᠷ ᠵᠣᠯᠭᠠᠭᠤᠯᠤᠨ ᠵᠣᠬᠢᠴᠠᠭᠤᠯᠵᠦ᠂ ᠮᠠᠨ ᠤ ᠣᠷᠣᠨ ᠤ ᠳᠡᠭᠡᠪᠦᠷ ᠲᠥᠯᠥᠪᠯᠡᠭᠡ ᠶᠢᠨ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠠᠵᠢᠯ ᠢ ᠪᠣᠳᠠᠲᠠᠶᠢᠵᠢᠭᠤᠯᠤᠨ ᠠᠮᠵᠢᠯᠲᠠ ᠣᠯᠬᠤ ᠶᠢ ᠠᠬᠢᠭᠤᠯᠬᠤ ᠬᠡᠷᠡᠭᠲᠡᠢ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠭᠤᠣᠯᠳᠠᠯᠭᠠᠲᠤ ᠠᠵᠢᠯ ᠲᠠᠢ ᠨᠢᠭᠲᠠ ᠤᠶᠠᠯᠳᠤᠭᠤᠯᠤᠨ᠂ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ ᠶᠢ ᠪᠠᠷᠢᠮᠲᠠᠯᠠᠵᠤ᠂ ᠬᠦᠨᠳᠦ ᠬᠦᠡᠭᠬᠡᠨ ᠠᠯᠭᠤᠷ ᠪᠠᠴᠢᠮ ᠢ ᠢᠯᠭᠠᠨ ᠲᠠᠨᠢᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠭᠦᠢᠴᠡᠳ ᠲᠤᠯᠢᠳᠡᠠ᠂ ᠰᠡᠶᠢᠠ ᠢ ᠨᠢ ᠠᠪᠴᠤ ᠳᠤᠲᠠᠭᠳᠠᠯ ᠢᠶᠠᠨ ᠨᠦᠬᠦᠪᠦᠷᠢᠯᠡᠵᠦ᠂ ᠡᠯ᠎ᠡ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠪᠣᠯᠣᠨ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠲᠥᠯᠬᠢᠨ ᠠᠬᠢᠭᠤᠯᠵᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠣᠯᠯᠠᠬᠤ ᠳᠠᠶᠢᠴᠢᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠮ ᠪᠣᠯᠤᠨ ᠠᠷᠠᠳ ᠤᠯᠠᠨ ᠳᠤ ᠬᠠᠨᠤᠮᠵᠢᠲᠠᠢ ᠬᠠᠷᠢᠭᠤᠯᠲᠠ ᠲᠤᠰᠢᠶᠠᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号