︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠵᠡᠭᠦᠨ ᠬᠡᠰᠡᠭ ᠤᠷᠤᠨ ᠤ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/8/6
     8 ᠳ᠋ᠤᠭᠠᠷ ᠰᠠᠷ᠎ᠠ ᠶᠢᠨ 2᠎ ᠠᠴᠠ 3᠎ ᠤ ᠡᠳᠦᠷ ᠪᠤᠯᠲᠠᠯ᠎ᠠ᠂ ᠪᠦᠬᠦ ᠤᠷᠤᠨ ᠤ ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠵᠡᠭᠦᠨ ᠬᠡᠰᠡᠭ ᠤᠷᠤᠨ ᠤ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠲᠦᠡᠭᠯᠢᠶᠤᠤ ᠬᠤᠲᠠ ᠳᠤ ᠬᠤᠷᠠᠯᠳᠤᠪᠠ᠃      ᠦᠪᠡᠷᠲᠡᠭᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠠᠢ ᠯᠢ ᠬᠤᠸᠠ ᠬᠤᠷᠠᠯ ᠳᠤ ᠣᠷᠤᠯᠴᠠᠨ ᠶᠠᠷᠢᠶ᠎ᠠ ᠲᠠᠯᠪᠢᠪᠠ᠃      ᠠᠢ ᠯᠢ ᠬᠤᠸᠠ ᠮᠠᠨ ᠤ ᠤᠷᠤᠨ ᠤ ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠪᠦᠲᠦᠭᠡᠨ ᠪᠠᠶᠢᠭᠤᠯᠤᠯᠲᠠ ᠶᠢᠨ ᠤᠯᠤᠭᠰᠠᠨ ᠢᠯᠡᠷᠬᠡᠢ ᠠᠮᠵᠢᠯᠲᠠ ᠪᠦᠲᠦᠮᠵᠢ ᠶᠢ ᠭᠦᠢᠴᠡᠳ ᠨᠤᠳᠠᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠴᠢᠬᠤᠯᠠ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠢ ᠯᠢ ᠬᠤᠸᠠ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠦᠴᠢᠷ ᠶᠡᠰᠤ ᠴᠢᠨᠠᠷ ᠢᠶᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠵᠠᠰᠠᠮᠠᠯ ᠵᠠᠮ ᠢ ᠰᠠᠶᠢᠲᠤᠷ ᠪᠠᠶᠢᠭᠤᠯᠬᠤ ᠬᠡᠷᠡᠭᠲᠡᠢ︔ ᠠᠷᠠᠴᠢᠯᠠᠵᠤ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠵᠠᠰᠠᠮᠠᠯ ᠵᠠᠮ ᠢ ᠰᠠᠶᠢᠲᠤᠷ ᠬᠠᠮᠠᠭᠠᠯᠠᠬᠤ ᠬᠡᠷᠡᠭᠲᠡᠢ︔ ᠬᠠᠤᠯᠢ ᠶᠤᠰᠤᠭᠠᠷ ᠵᠠᠮ ᠵᠠᠰᠠᠬᠤ ᠶᠢ ᠪᠠᠷᠢᠮᠲᠠᠯᠠᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠵᠠᠰᠠᠮᠠᠯ ᠵᠠᠮ ᠢ ᠰᠠᠶᠢᠲᠤᠷ ᠬᠠᠮᠢᠶᠠᠷᠬᠤ ᠬᠡᠷᠡᠭᠲᠡᠢ︔ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠵᠠᠰᠠᠮᠠᠯ ᠵᠠᠮ ᠢ ᠰᠠᠶᠢᠲᠤᠷ ᠡᠵᠡᠩᠨᠡᠬᠦ ᠬᠡᠷᠡᠭᠲᠡᠢ︔ ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠪᠦᠲᠦᠭᠡᠨ ᠪᠠᠶᠢᠭᠤᠯᠤᠯᠲᠠ ᠶᠢᠨ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠭᠡᠪᠠ᠃      ᠠᠢ ᠯᠢ ᠬᠤᠸᠠ᠂ ᠡᠯ᠎ᠠ ᠰᠠᠯᠠᠭ᠎ᠠ ᠮᠦᠴᠢᠷ ᠤᠨ ᠬᠢᠨ ᠤᠯᠤᠰ ᠲᠦᠷᠤ ᠶᠢᠨ ᠪᠠᠶᠢᠷᠢ ᠲᠤᠭᠳᠠᠯ ᠢᠶᠠᠨ ᠦᠨᠡᠨ ᠬᠦ ᠲᠡᠭᠡᠭᠰᠢᠯᠡᠬᠦᠯᠵᠤ᠂ ᠪᠦᠬᠦ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠶᠡᠭᠡ ᠲᠠᠯ᠎ᠠ ᠠᠴᠠ ᠡᠬᠦᠰᠴᠤ᠂ ᠵᠠᠰᠠᠮᠠᠯ ᠵᠠᠮ ᠤᠨ ᠲᠦᠷᠤᠯ ᠵᠤᠶᠢᠯ ᠤᠨ ᠪᠦᠳᠤᠬᠡᠨ ᠪᠠᠶᠢᠭᠤᠯᠤᠯᠳᠠ ᠶᠢᠨ ᠠᠬᠢᠴᠠ ᠶᠢ ᠪᠤᠭᠤᠮᠢᠯᠠᠵᠤ ᠪᠠᠶᠢᠭ᠎ᠠ ᠬᠠᠷᠰᠢ ᠰᠠᠭᠠᠳ ᠢ ᠪᠦᠬᠦ ᠲᠠᠯ᠎ᠠ ᠪᠠᠷ ᠪᠠᠶᠢᠴᠠᠭᠠᠨ ᠰᠢᠢᠳᠪᠤᠷᠢᠯᠠᠵᠤ᠂ ᠵᠠᠰᠠᠮᠠᠯ ᠵᠠᠮ ᠤᠨ ᠪᠦᠳᠤᠬᠡᠨ ᠪᠠᠶᠢᠭᠤᠯᠤᠯᠳᠠ ᠶᠢᠨ ᠲᠦᠷᠤᠯ ᠵᠤᠶᠢᠯ ᠤᠨ ᠭᠠᠵᠠᠷ ᠰᠢᠷᠤᠢ ᠲᠠᠳᠠᠪᠤᠷᠢᠯᠠᠵᠤ ᠨᠤᠷᠠᠭᠠᠨ ᠨᠡᠬᠦᠯᠬᠡᠬᠦ᠂ ᠭᠠᠵᠠᠷ ᠰᠢᠷᠤᠢ ᠶᠢᠨ ᠬᠦᠢᠴᠡᠳᠬᠡᠯ ᠢ ᠮᠡᠳᠡᠬᠦᠯᠤᠨ ᠵᠦᠪᠰᠢᠶᠡᠷᠡᠬᠦᠯᠬᠦ ᠭᠤᠤᠯ ᠴᠤᠬᠴᠠ ᠶᠢᠨ ᠬᠠᠷᠢᠭᠤᠴᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠲᠦᠷᠤᠯ ᠵᠤᠶᠢᠯ ᠤᠨ ᠪᠦᠳᠤᠬᠡᠨ ᠪᠠᠶᠢᠭᠤᠯᠤᠯᠳᠠ ᠳᠤ ᠨᠦᠬᠦᠴᠠᠯ ᠪᠦᠷᠢᠯᠳᠤᠬᠦᠯᠵᠤ᠂ ᠡᠬᠦᠷᠬᠡ ᠬᠠᠷᠠᠯᠳᠠ ᠶᠢ ᠪᠦᠬᠦ ᠲᠠᠯ᠎ᠠ ᠪᠠᠷ ᠪᠡᠶᠡᠯᠡᠬᠦᠯᠬᠦ ᠶᠢ ᠪᠠᠳᠤᠯᠠᠬᠤ ᠭᠡᠷᠡᠭᠳᠠᠢ᠃ ᠮᠤᠩᠭᠤᠯ ᠮᠤᠷᠢᠨ ᠤ ᠵᠤᠷᠢᠬ ᠰᠠᠨᠠᠭ᠎ᠠ ᠶᠢ ᠪᠠᠳᠠᠷᠠᠭᠤᠯᠵᠤ᠂ ᠬᠦᠴᠢᠷ ᠢ ᠲᠤᠭᠤᠯᠵᠤ ᠪᠡᠷᠬᠡ ᠶᠢ ᠲᠠᠪᠠᠵᠤ᠂ ᠬᠦᠳᠡᠭᠡ ᠲᠤᠰᠬᠤᠨ ᠮᠠᠯᠵᠢᠬᠤ ᠳᠠᠷᠢᠶᠠᠯᠠᠬᠤ ᠤᠷᠤᠨ ᠤ ᠵᠠᠰᠠᠮᠠᠯ ᠵᠠᠮ ᠎ ᠤᠨ ᠰᠢᠨ᠎ᠠ ᠪᠠᠶᠢᠳᠠᠯ ᠢ ᠴᠢᠷᠮᠠᠶᠢᠨ ᠨᠡᠬᠡᠬᠡᠨ ᠡᠬᠦᠳᠬᠦ ᠭᠡᠷᠡᠭᠳᠠᠢ ᠬᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号