ᠥᠪᠥᠷ ᠮᠣᠩᠭᠤᠯ ᠤᠨ ᠬᠠᠶᠢᠨ ᠲᠣᠳᠣᠯᠠᠭᠰᠠᠨ ᠤᠰᠤᠨ ᠲᠦᠷᠢᠯᠭᠡ ᠬᠠᠮᠤᠭ ᠤᠨ ᠥᠨᠳᠦᠷ ᠤᠷᠤᠰᠬᠠᠯ ᠤᠨ ᠬᠡᠮᠵᠢᠶ᠎ᠡ ᠬᠠᠮᠤᠭ ᠤᠨ ᠶᠡᠭᠡ ᠭᠠᠵᠠᠷ ᠤᠨ ᠢᠯᠴᠢ ᠶᠢᠨ ᠬᠤᠳᠳᠤᠭ ᠠᠴᠠ ᠠᠮᠵᠢᠯᠲᠠ ᠲᠠᠢ ᠪᠠᠷ ᠤᠰᠤ ᠭᠠᠷᠴᠠᠢ
ᠨᠡᠶᠢᠲᠡᠯᠡᠭᠰᠡᠨ ᠴᠠᠭ᠄
2018/8/6
     8 ᠳ᠋ᠤᠭᠠᠷ ᠰᠠᠷ᠎ᠠ ᠶᠢᠨ 2᠎ ᠤᠨ ᠡᠳᠦᠷ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠲᠤ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠭᠰᠠᠨ ᠦᠷ᠎ᠡ ᠪᠦᠲᠦᠭᠡᠯ ᠤᠨ ᠲᠤᠬᠠᠶ ᠶᠢᠨ ᠲᠠᠯᠠᠪᠠᠢ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠡ᠃ ᠪᠤᠷᠭᠢᠯᠤᠨ ᠭᠠᠷᠬᠤ ᠤᠰᠤᠨ ᠤ ᠲᠦᠷᠢᠯᠲᠡ ᠨᠢ ᠣᠳᠣᠬᠠᠨ ᠤ ᠮᠠᠨ ᠤ ᠣᠷᠣᠨ ᠤ ᠬᠠᠶᠢᠨ ᠲᠣᠳᠣᠯᠠᠭᠰᠠᠨ ᠤᠰᠤᠨ ᠲᠦᠷᠢᠯᠭᠡ ᠬᠠᠮᠤᠭ ᠤᠨ ᠥᠨᠳᠦᠷ ᠤᠷᠤᠰᠬᠠᠯ ᠤᠨ ᠬᠡᠮᠵᠢᠶ᠎ᠡ ᠬᠠᠮᠤᠭ ᠤᠨ ᠶᠡᠭᠡ ᠭᠠᠵᠠᠷ ᠤᠨ ᠢᠯᠴᠢ ᠶᠢᠨ ᠬᠤᠳᠳᠤᠭ ᠠᠴᠠ ᠠᠩᠬᠠᠳᠤᠭᠠᠷ ᠤᠳᠠᠭ᠎ᠠ ᠠᠮᠵᠢᠯᠲᠠ ᠲᠠᠢ ᠪᠠᠷ ᠤᠰᠤ ᠭᠠᠷᠤᠭᠰᠠᠨ ᠢ ᠬᠠᠷᠠᠭᠤᠯᠪᠠ᠃      ᠲᠠᠨᠢᠯᠴᠠᠭᠤᠯᠤᠭᠰᠠᠨ ᠢᠶᠠᠷ᠂ ᠲᠤᠰ ᠭᠠᠵᠠᠷ ᠤᠨ ᠢᠯᠴᠢ ᠶᠢᠨ ᠬᠤᠳᠳᠤᠭ ᠨᠢ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠭᠤᠣᠯ ᠲᠣᠭᠤᠷᠢᠭ ᠤᠨ ᠬᠤᠶᠢᠲᠤ ᠬᠡᠰᠡᠭ ᠲᠠᠬᠢ ᠪᠠᠭ᠎ᠠ ᠡᠩᠡ ᠲᠤᠰᠬᠤᠨ ᠤ ᠪᠠᠷᠠᠭᠤᠨ ᠲᠠᠯ᠎ᠠ ᠳᠤ ᠪᠠᠶᠢᠷᠢᠯᠠᠵᠤ᠂ ᠢᠯᠴᠢ ᠬᠠᠳᠠᠭᠠᠯᠠᠬᠤ ᠳᠠᠪᠬᠤᠷᠭ᠎ᠠ ᠶᠢᠨ ᠵᠤᠵᠠᠭᠠᠨ ᠨᠢ 241.9 ᠮᠧᠲᠷ ᠪᠠᠶᠢᠳᠠᠭ᠃ ᠤᠷᠤᠰᠬᠠᠯ ᠤᠨ ᠬᠡᠮᠵᠢᠶᠡᠨ ᠤ ᠤᠰᠤᠨ ᠲᠦᠷᠢᠯᠭᠡ ᠨᠢ ᠭᠠᠵᠠᠷ ᠤᠨ ᠭᠠᠳᠠᠷᠭᠤ ᠠᠴᠠ 110 ᠮᠧᠲᠷ ᠥᠨᠳᠦᠷ ᠪᠠᠶᠢᠵᠤ᠂ ᠤᠷᠤᠰᠬᠠᠯ ᠤᠨ ᠬᠡᠮᠵᠢᠶ᠎ᠡ ᠨᠢ ᠡᠳᠤᠷ ᠲᠤ 4030 ᠺᠦᠪ ᠮᠧᠲᠷ ᠬᠦᠷᠳᠡᠭ᠂ ᠬᠤᠳᠳᠤᠭ ᠤᠨ ᠢᠷᠤᠭᠠᠷ ᠲᠠᠬᠢ ᠳᠤᠯᠠᠭᠠᠨ ᠨᠢ 68.64℃ ᠪᠠᠶᠢᠵᠤ᠂ ᠭᠠᠷᠤᠭᠰᠠᠨ ᠤᠰᠤᠨ ᠤ ᠳᠤᠯᠠᠭᠠᠨ ᠨᠢ 62 ℃ ᠪᠠᠶᠢᠳᠠᠭ ᠪᠥᠭᠡᠳ ᠠᠰᠢᠭᠲᠠᠶ ᠵᠦᠶᠯ ᠣᠯᠠᠨ ᠠᠭᠤᠯᠤᠭᠰᠠᠨ ᠰᠲᠷᠤᠨᠲ ᠷᠠᠰᠢᠶᠠᠨ ᠪᠣᠯᠤᠨ᠎ᠠ᠃ ᠡᠨᠡ ᠬᠤᠳᠳᠤᠭ ᠨᠢ ᠰᠢᠨ᠎ᠡ ᠲᠣᠭᠤᠷᠢᠭ ᠤᠨ ᠲᠥᠯᠥᠪᠵᠢᠭᠦᠯᠭᠡ ᠶᠢᠨ ᠬᠡᠪᠴᠢᠶᠡᠨ ᠳᠤ ᠬᠢ ᠠᠩᠬᠠᠳᠤᠭᠠᠷ ᠭᠠᠵᠠᠷ ᠤᠨ ᠢᠯᠴᠢ ᠶᠢᠨ ᠬᠤᠳᠳᠤᠭ ᠪᠥᠭᠡᠳ ᠮᠠᠨ ᠤ ᠣᠷᠣᠨ ᠤ ᠨᠢᠭᠡᠨᠲᠡ ᠬᠠᠶᠢᠨ ᠲᠣᠳᠣᠯᠠᠭᠰᠠᠨ ᠤᠰᠤᠨ ᠲᠦᠷᠢᠯᠭᠡ ᠬᠠᠮᠤᠭ ᠤᠨ ᠥᠨᠳᠦᠷ ᠤᠷᠤᠰᠬᠠᠯ ᠤᠨ ᠬᠡᠮᠵᠢᠶ᠎ᠡ ᠬᠠᠮᠤᠭ ᠤᠨ ᠶᠡᠭᠡ ᠭᠠᠵᠠᠷ ᠤᠨ ᠢᠯᠴᠢ ᠶᠢᠨ ᠬᠤᠳᠳᠤᠭ ᠪᠣᠯᠤᠨ᠎ᠠ᠃ ︽ᠲᠤᠩᠭᠠᠯᠠᠭ ᠬᠤᠲᠠ︾᠎ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠦᠭᠡ᠂ ᠰᠢᠨ᠎ᠡ ᠲᠣᠭᠤᠷᠢᠭ ᠨᠢ ᠭᠠᠵᠠᠷ ᠵᠦᠶ ᠶᠢᠨ ᠬᠡᠮᠵᠢᠨ ᠵᠢᠷᠤᠭᠯᠠᠯᠲᠠ᠂ ᠭᠧᠣᠯᠣᠭᠢ ᠶᠢᠨ ᠬᠠᠶᠢᠨ ᠪᠠᠶᠢᠴᠠᠭᠠᠯᠲᠠ᠂ ᠭᠠᠵᠠᠷ ᠬᠥᠳᠡᠯᠦᠯᠲᠡ ᠶᠢᠨ ᠭᠠᠮᠰᠢᠭ ᠎ ᠤᠨ ᠵᠢᠱᠢᠯᠲᠡ ᠵᠡᠷᠭᠡ ᠠᠵᠢᠯᠯᠠᠭ᠎ᠠ ᠦᠷᠨᠢᠭᠦᠯᠵᠦ᠂ ᠰᠢᠨ᠎ᠡ ᠲᠣᠭᠤᠷᠢᠭ ᠤᠨ ᠭᠠᠵᠠᠷ ᠤᠨ ᠭᠠᠳᠠᠷᠭᠤ ᠭᠠᠵᠠᠷ ᠳᠣᠣᠷᠠᠬᠢ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠡᠯ᠎ᠡ ᠲᠦᠷᠦᠯ ᠤᠨ ᠡᠬᠢ ᠪᠠᠶᠠᠯᠢᠭ ᠤᠨ ︽ᠰᠠᠭᠤᠷᠢ ᠲᠤᠭ᠎ᠠ︾᠎ ᠶᠢ ᠲᠣᠳᠣᠷᠬᠠᠶ ᠡᠵᠡᠮᠰᠢᠵᠤ᠂ ᠡᠵᠡᠮᠰᠢᠯ ᠤᠨ ᠬᠡᠪᠴᠢᠶᠡᠨ ᠳᠤ ᠪᠠᠶᠢᠭ᠎ᠠ ᠭᠠᠵᠠᠷ ᠤᠨ ᠭᠠᠳᠠᠷᠭᠤ ᠭᠠᠵᠠᠷ ᠳᠣᠣᠷᠠᠬᠢ ᠲᠣᠨᠤᠭ ᠪᠡᠯᠡᠳᠭᠡᠮᠵᠢ ᠶᠢ ᠨᠢᠭᠡ ᠯᠡ ᠤᠳᠠᠭ᠎ᠠ ᠳᠤ ᠲᠣᠳᠤᠯᠠᠬᠤ ᠶᠢ ᠪᠣᠳᠠᠲᠠᠶᠢᠵᠢᠭᠤᠯᠵᠤ᠂ ᠭᠠᠵᠠᠷ ᠤᠨ ᠭᠠᠳᠠᠷᠭᠤ ᠪᠠ ᠭᠠᠵᠠᠷ ᠳᠣᠣᠷᠠᠬᠢ ᠪᠠᠶᠢᠳᠠᠯ ᠢ ᠨᠢᠭᠡ ᠯᠡ ᠤᠳᠠᠭ᠎ᠠ ᠳᠤ ᠪᠦᠬᠦᠨ ᠢ ᠡᠵᠡᠮᠳᠡᠨ ᠬᠠᠮᠢᠶᠠᠷᠬᠤ ᠶᠢ ᠪᠡᠶᠡᠯᠡᠭᠦᠯᠦᠭᠰᠡᠨ ᠪᠥᠭᠡᠳ ᠭᠧᠣᠯᠣᠭᠢ ᠶᠢᠨ ᠣᠷᠴᠢᠨ ᠲᠣᠭᠤᠷᠢᠨ ᠤ ᠨᠥᠬᠦᠴᠡᠯ ᠢ ᠦᠨᠳᠦᠰᠦᠯᠡᠨ ᠨᠢᠭᠡᠳᠦᠯᠲᠡᠶ ᠲᠥᠯᠥᠪᠵᠢᠭᠦᠯᠵᠤ ᠲᠣᠬᠢᠷᠠᠮᠵᠢᠲᠠᠶ ᠪᠠᠶᠢᠷᠢᠯᠠᠭᠤᠯᠤᠨ᠂ ᠰᠢᠨ᠎ᠡ ᠲᠣᠭᠤᠷᠢᠭ ᠢ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠬᠤ ᠳᠤ ᠦᠨᠡᠨ ᠬᠦ ᠲᠤᠯᠭᠠᠭᠤᠷᠢᠯᠠᠵᠠᠢ᠃ ᠡᠨᠡ ᠤᠳᠠᠭᠠᠨ ᠤ ᠭᠠᠵᠠᠷ ᠤᠨ ᠢᠯᠴᠢ ᠶᠢᠨ ᠬᠤᠳᠳᠤᠭ ᠠᠴᠠ ᠠᠮᠵᠢᠯᠲᠠ ᠲᠠᠢ ᠪᠠᠷ ᠤᠰᠤ ᠭᠠᠷᠭᠠᠭᠰᠠᠨ ᠶᠠᠪᠤᠳᠠᠯ ᠪᠣᠯ ᠰᠢᠨ᠎ᠡ ᠲᠣᠭᠤᠷᠢᠭ ᠤᠨ ᠭᠠᠵᠠᠷ ᠤᠨ ᠢᠯᠴᠢ ᠶᠢᠨ ᠡᠬᠢ ᠪᠠᠶᠠᠯᠢᠭ ᠤᠨ ᠬᠠᠶᠢᠨ ᠪᠠᠶᠢᠴᠠᠭᠠᠯᠲᠠ ᠶᠢᠨ ᠴᠢᠬᠤᠯᠠ ᠶᠡᠭᠡ ᠰᠢᠪᠲᠤᠯᠤᠯᠲᠠ ᠪᠠᠶᠢᠵᠤ᠂ ᠰᠢᠨ᠎ᠡ ᠲᠣᠭᠤᠷᠢᠭ ᠤᠨ ᠲᠥᠯᠥᠪᠵᠢᠭᠦᠯᠭᠡ ᠳᠤ ᠭᠧᠣᠯᠣᠭᠢ ᠶᠢᠨ ᠦᠨᠳᠦᠰᠦ ᠪᠠᠷᠢᠮᠲᠠ ᠬᠠᠩᠭᠠᠵᠤ᠂ ᠰᠢᠨ᠎ᠡ ᠲᠣᠭᠤᠷᠢᠭ ᠤᠨ ᠭᠠᠵᠠᠷ ᠤᠨ ᠢᠯᠴᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠨᠡᠭᠡᠭᠡᠨ ᠠᠰᠢᠭᠯᠠᠬᠤ ᠲᠣᠳᠣᠷᠬᠠᠢ ᠴᠢᠭᠯᠡᠯ ᠢ ᠵᠢᠭᠠᠨ ᠥᠭᠴᠦ᠂ ᠰᠢᠨ᠎ᠡ ᠲᠣᠭᠤᠷᠢᠭ ᠤᠨ ᠤᠳᠤ ᠦᠶ᠎ᠡ ᠶᠢᠨ ᠰᠡᠯᠡᠭᠦᠴᠡᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ᠂ ᠠᠷᠢᠭᠤᠨ ᠴᠡᠪᠡᠷ ᠡᠨᠧᠷᠭᠢ ᠶᠢᠨ ᠢᠯᠴᠢ ᠬᠠᠩᠭᠠᠬᠤ ᠶᠢ ᠬᠥᠭᠵᠢᠭᠦᠯᠬᠦ ᠵᠡᠷᠭᠡ ᠳᠤ ᠨᠢ ᠪᠡᠯᠭᠡ ᠲᠡᠮᠳᠡᠭᠲᠦ ᠠᠴᠢ ᠬᠤᠯᠪᠤᠭᠲᠠᠯ ᠲᠠᠢ ᠪᠣᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号