ᠳᠡᠭᠡᠳᠦ ᠬᠠᠭᠠᠰ ᠵᠢᠯ ᠳᠤ ᠬᠢᠩᠭᠠᠨ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯ ᠭᠦᠢᠴᠡᠳᠬᠡᠬᠦ ᠲᠤᠭ᠎ᠠ ᠲᠦᠷᠭᠡᠨ ᠨᠡᠮᠡᠭᠳᠡᠵᠡᠢ
ᠨᠡᠶᠢᠲᠡᠯᠡᠭᠰᠡᠨ ᠴᠠᠭ᠄
2018/8/7
     6 ᠳ᠋ᠤᠭᠠᠷ ᠰᠠᠷ᠎ᠠ ᠳᠤ᠂ ᠪᠦᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 22.4%᠎ ᠢᠶᠠᠷ ᠨᠡᠮᠡᠭᠳᠡᠵᠦ᠂ ᠳᠡᠭᠡᠳᠦ ᠬᠠᠭᠠᠰ ᠵᠢᠯ ᠳᠤ᠂ ᠪᠦᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 16.3%᠎ ᠪᠠᠷ ᠨᠡᠮᠡᠭᠳᠡᠵᠡᠢ᠂ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ 12 ᠠᠶᠢᠮᠠᠭ ᠬᠤᠲᠠ ᠶᠢᠨ ᠳᠣᠲᠣᠷ᠎ᠠ 2 ᠳ᠋ᠤᠭᠠᠷ ᠲᠤ ᠲᠤᠳᠤᠷᠠᠵᠤ᠂ 1  — 5 ᠳ᠋ᠤᠭᠠᠷ ᠰᠠᠷ᠎ᠠ ᠶᠢᠨ ᠬᠢ ᠠᠴᠠ 1.2 ᠵᠠᠭᠤᠨ ᠤ ᠴᠡᠭ ᠳᠡᠭᠡᠭᠰᠢᠯᠡᠵᠡᠢ᠃      ᠳᠡᠭᠡᠳᠦ ᠬᠠᠭᠠᠰ ᠵᠢᠯ ᠳᠤ᠂ ᠪᠦᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠶᠢᠯᠡᠭᠰᠡᠨ ᠡᠨᠧᠷᠬᠢ ᠶᠢᠨ ᠬᠡᠷᠡᠭᠯᠡᠭᠡᠨ ᠤ ᠬᠡᠮᠵᠢᠶ᠎ᠡ 1120586 ᠲᠣᠨ ᠪᠠᠷᠢᠮᠵᠢᠶᠠᠲᠤ ᠨᠡᠭᠦᠷᠡᠰᠦ ᠳᠤ ᠬᠦᠷᠴᠦ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 55.8% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ 12 ᠠᠶᠢᠮᠠᠭ ᠬᠤᠲᠠ ᠶᠢᠨ 1 ᠳ᠋ᠦ᠋ᠭᠡᠷ ᠲᠤ ᠲᠤᠳᠤᠷᠠᠭᠰᠠᠨ ᠪᠠᠶᠢᠨ᠎ᠠ᠂ ᠡᠭᠦᠨ ᠳᠤ᠄ ᠡᠨᠧᠷᠬᠢ ᠶᠢᠨ ᠬᠤᠷᠤᠭᠤᠳᠠᠭᠤᠯᠤᠯ ᠶᠡᠬᠡᠲᠡᠢ ᠵᠢᠷᠭᠤᠭᠠᠨ ᠠᠵᠢᠯ ᠲᠦᠷᠦᠯ ᠶᠡᠷᠦᠩᠬᠡᠶᠢᠯᠡᠭᠰᠡᠨ ᠡᠨᠧᠷᠬᠢ ᠶᠢᠨ ᠬᠡᠷᠡᠭᠯᠡᠭᠡᠨ ᠤ ᠬᠡᠮᠵᠢᠶ᠎ᠡ ᠶᠢ 1095404 ᠲᠣᠨ ᠪᠠᠷᠢᠮᠵᠢᠶᠠᠲᠤ ᠨᠡᠭᠦᠷᠡᠰᠦ ᠪᠡᠶᠡᠯᠡᠭᠦᠯᠵᠦ᠂ 58.5% ᠨᠡᠮᠡᠭᠳᠡᠵᠡᠢ᠃ ᠳᠡᠭᠡᠳᠦ ᠬᠠᠭᠠᠰ ᠵᠢᠯ᠂ ᠪᠦᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠤ ᠬᠡᠮᠵᠢᠶ᠎ᠡ 94685 ᠲᠦᠮᠡᠨ ᠺᠢᠯᠣᠸᠠᠲ ᠴᠠᠭ ᠲᠤ ᠬᠦᠷᠴᠦ᠂ 50.8% ᠨᠡᠮᠡᠭᠳᠡᠵᠡᠢ᠃      ᠳᠡᠭᠡᠳᠦ ᠬᠠᠭᠠᠰ ᠵᠢᠯ ᠳᠤ᠂ ᠪᠦᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠢᠭᠡᠴᠡ ᠶᠢᠨ ᠨᠡᠮᠡᠭᠳᠡᠯ ᠦᠷᠲᠡᠭ ᠤᠨ ᠡᠨᠧᠷᠭᠢ ᠶᠢᠨ ᠬᠤᠷᠣᠭᠳᠠᠯ ᠨᠢ 34.0% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠢᠭᠡᠴᠡ ᠶᠢᠨ ᠨᠡᠮᠡᠭᠳᠡᠯ ᠥᠷᠲᠡᠭ ᠤᠨ ᠴᠠᠬᠢᠯᠭᠠᠨ ᠤ ᠬᠤᠷᠤᠭᠳᠠᠯ ᠨᠢ        29.6%  ᠨᠡᠮᠡᠭᠳᠡᠵᠡᠢ᠃      ᠳᠡᠭᠡᠳᠦ ᠬᠠᠭᠠᠰ ᠵᠢᠯ ᠳᠤ᠂ ᠪᠦᠬᠦ ᠠᠶᠢᠮᠠᠭ ᠠᠵᠤ ᠦᠢᠯᠡᠳᠪᠦᠷᠢ ᠶᠢᠨ ᠭᠠᠶᠢᠯᠢ ᠲᠠᠲᠠᠪᠤᠷᠢ ᠶᠢᠨ ᠤᠷᠤᠯᠭ᠎ᠠ ᠶᠢ 16.36 ᠳ᠋ᠦᠩᠰᠢᠭᠤᠷ ᠲᠦᠬᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 40.5%᠎ ᠪᠠᠷ ᠨᠡᠮᠡᠭᠳᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号