ᠰᠢᠯᠢ ᠶᠢᠨ ᠭᠤᠣᠯ ᠠᠶᠢᠮᠠᠭ ᠮᠠᠯ ᠠᠵᠤ ᠠᠬᠤᠶ ᠶᠢᠨ ᠬᠥᠭᠵᠢᠯᠲᠡ ᠪᠠᠨ ᠰᠢᠯᠢᠳᠡᠭᠵᠢᠭᠦᠯᠦᠨ ᠬᠦᠴᠦᠷᠬᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2018/8/7
     ᠣᠶᠢᠷ᠎ᠠ ᠶᠢᠨ ᠵᠢᠯ ᠤᠳ ᠲᠤ᠂ ᠰᠢᠯᠢ ᠶᠢᠨ ᠭᠤᠤᠯ ᠠᠶᠢᠮᠠᠭ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠰᠡᠳᠬᠢᠴᠡ ᠶᠢ ᠲᠡᠵᠢᠭᠡᠬᠦ ᠬᠤᠳᠠᠯᠳᠤᠬᠤ ᠡᠳ᠋ᠰᠢᠭᠦᠯᠬᠦ ᠡᠯ᠎ᠡ ᠭᠤᠭᠴᠤᠭ᠎ᠠ ᠳᠤ ᠲᠠᠰᠤᠷᠠᠯᠳᠡ ᠦᠭᠡᠢ ᠠᠭᠤᠰᠬᠠᠨ ᠣᠷᠤᠭᠤᠯᠪᠠ᠂ ᠡᠨᠡ ᠵᠢᠯ᠂ ᠰᠢᠯᠢ ᠶᠢᠨ ᠭᠤᠤᠯ ᠠᠶᠢᠮᠠᠭ ᠠᠯᠠᠰᠢᠨ ᠬᠤᠨᠢ ᠶᠢ 150 ᠲᠥᠮᠡ ᠰᠢᠬᠠᠮ ᠴᠦᠬᠡᠳᠬᠡᠵᠦ᠂ ᠴᠢᠨᠠᠷ ᠰᠠᠶᠢᠲᠠᠶ ᠰᠢᠯᠢᠳᠡᠭ ᠡᠭᠦᠯᠳᠡᠷ ᠤᠨ ᠠᠯᠠᠰᠢᠨ ᠦᠬᠡᠷ ᠢ 5 ᠲᠦᠮᠨ ᠣᠷᠣᠭᠤᠯᠵᠦ᠂ ᠮᠠᠯ ᠠᠵᠤ ᠠᠬᠤᠶ ᠶᠢᠨ ᠣᠨ ᠤ ᠬᠤᠨᠢ ᠶᠢᠨ ᠲᠤᠭ᠎ᠠ ᠶᠢ 1100 ᠲᠦᠮᠡ ᠰᠢᠬᠠᠮ ᠳᠤ ᠬᠢᠵᠠᠭᠠᠷᠯᠠᠨ᠂ ᠦᠬᠡᠷ ᠤᠨ ᠲᠤᠭ᠎ᠠ ᠶᠢ 170 ᠲᠦᠮᠡ ᠰᠢᠬᠠᠮ ᠬᠦᠷᠲᠡᠯ᠎ᠡ ᠨᠡᠮᠡᠭᠳᠡᠭᠦᠯᠵᠦ᠂ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠤᠯᠲᠠ ᠶᠢᠨ ᠨᠣᠷᠮ᠎ᠠ ᠶᠢ 98%᠎ ᠠᠴᠠ ᠳᠡᠭᠡᠭᠰᠢ ᠳᠤ ᠬᠦᠷᠦᠭᠦᠯᠵᠡᠢ᠂ ᠬᠤᠸᠠ ᠦᠬᠡᠷ ᠤᠨ ᠡᠭᠦᠯᠳᠡᠷ ᠰᠠᠶᠢᠵᠢᠷᠠᠭᠤᠯᠬᠤ ᠲᠠᠯ᠎ᠠ ᠪᠠᠷ᠂ 77 ᠲᠦᠮᠡᠨ ᠦᠬᠡᠷ ᠤᠨ ᠡᠭᠦᠯᠳᠡᠷ ᠰᠠᠶᠢᠵᠢᠷᠠᠭᠤᠯᠬᠤ ᠠᠵᠢᠯ ᠢ ᠪᠡᠶᠡᠯᠡᠭᠦᠯᠵᠡᠢ᠂ ᠡᠭᠦᠨ ᠳᠤ 42 ᠲᠦᠮᠨ ᠳᠤᠨᠢ ᠡᠪᠦᠴᠡᠯ ᠬᠡᠭᠡᠯᠲᠦᠭᠦᠯᠭᠡ ᠬᠢᠵᠦ᠂ 35 ᠲᠦᠮᠨ ᠳᠤᠨᠢ ᠢᠴᠡᠭᠡᠯ ᠦᠷ᠎ᠡ ᠶᠢᠨ ᠬᠡᠭᠡᠯᠲᠦᠭᠦᠯᠭᠡ ᠬᠢᠵᠦ᠂ 41 ᠭᠤᠣᠯ ᠰᠦᠷᠦᠭᠵᠢᠯ ᠢ ᠰᠢᠨ᠎ᠡ ᠪᠠᠷ ᠪᠠᠶᠢᠭᠤᠯᠵᠤ᠂ ᠤᠳᠤ ᠪᠠᠶᠢᠭ᠎ᠠ ᠠᠯᠠᠰᠢᠨ ᠦᠬᠡᠷ ᠤᠨ 179 ᠭᠤᠣᠯ ᠰᠥᠷᠥᠭᠵᠢᠯ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠳᠤᠮᠳᠠ ᠳᠡᠭᠡᠳᠦ ᠳᠡᠰ ᠤᠨ ᠬᠠᠩᠭᠠᠯᠭ᠎ᠠ ᠶᠢ ᠥᠷᠭᠡᠳᠬᠡᠵᠦ᠂ ᠮᠠᠯ ᠲᠡᠵᠢᠭᠡᠪᠦᠷᠢ ᠶᠢᠨ ᠪᠦᠲᠦᠴᠡ ᠶᠢᠨ ᠬᠡᠷᠡᠭᠴᠡᠭᠡᠨ ᠤ ᠬᠤᠪᠢᠷᠠᠯᠲᠠ ᠳᠤ ᠵᠣᠬᠢᠴᠠᠬᠤ ᠴᠢᠨᠠᠷ ᠪᠠ ᠠᠮᠢᠳᠤᠯᠢᠭ ᠴᠢᠨᠠᠷ ᠢ ᠨᠡᠮᠡᠭᠳᠡᠭᠦᠯᠵᠦ᠂ ᠤᠯᠤᠰ ᠤᠨ ᠲᠡᠰ ᠤᠨ ᠴᠢᠨᠠᠷ ᠰᠠᠶᠢᠲᠠᠶ ᠡᠭᠦᠯᠳᠡᠷ ᠤᠨ ᠮᠠᠯ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠨ ᠤᠷᠤᠭᠰᠢᠯᠠᠵᠤ᠂ ︽13·5︾᠎ ᠶᠢᠨ ᠡᠴᠦᠰ ᠲᠤ ᠰᠢᠯᠢ ᠶᠢᠨ ᠭᠤᠣᠯ ᠠᠶᠢᠮᠠᠭ ᠤᠨ ᠴᠢᠨᠠᠷ ᠰᠠᠶᠢᠲᠠᠢ ᠰᠢᠯᠢᠳᠡᠭ ᠡᠭᠦᠯᠳᠡᠷ ᠤᠨ ᠠᠯᠠᠰᠢᠨ ᠦᠬᠡᠷ ᠤᠨ ᠬᠡᠪᠴᠢᠶ᠎ᠡ ᠪᠣᠯᠣᠨ ᠣᠨ ᠤ ᠭᠠᠷᠭᠠᠯᠲᠠ ᠶᠢᠨ ᠨᠠᠷᠢᠯᠢᠭ ᠡᠳ᠋ᠰᠢᠭᠦᠯᠬᠦ ᠬᠡᠪᠴᠢᠶ᠎ᠡ ᠶᠢ 2016 ᠣᠨ ᠤ ᠬᠢ ᠠᠴᠠ ᠲᠤᠰ ᠲᠤᠰ100% ᠪᠣᠯᠣᠨ 50%᠎ ᠪᠠᠷ ᠨᠡᠮᠡᠭᠳᠡᠭᠦᠯᠬᠦ ᠪᠠᠷ ᠵᠢᠱᠢᠵᠤ ᠪᠣᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号