ᠥᠪᠥᠷ ᠮᠣᠩᠭᠤᠯ 2020 ᠣᠨ ᠤ ᠵᠢᠯ ᠤᠨ ᠡᠴᠦᠰ ᠲᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠳᠠᠬᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠦᠨᠳᠦᠰᠦᠨ ᠳᠡᠭᠡᠨ ᠥᠷᠢᠲᠦᠬᠦ ᠦᠭᠡᠢ ᠪᠠᠶᠢᠬᠤ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2018/8/8
     8 ᠳ᠋ᠤᠭᠠᠷ ᠰᠠᠷ᠎ᠠ ᠶᠢᠨ 5᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠬᠦ ᠠᠰᠠᠭᠤᠳᠠᠯ ᠢ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ 2020 ᠣᠨ ᠤ ᠵᠢᠯ ᠤᠨ ᠡᠴᠦᠰ ᠪᠣᠯᠬᠤ ᠳᠤ᠂ ᠥᠪᠥᠷ ᠮᠣᠩᠭᠤᠯ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠳᠠᠬᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠬᠦ ᠦᠭᠡᠢ ᠪᠠᠶᠢᠬᠤ ᠶᠢ ᠪᠡᠶᠡᠯᠡᠭᠦᠯᠬᠦ ᠠᠵᠢᠯ ᠤᠨ ᠬᠠᠷᠠᠯᠲᠠ ᠳᠤᠷᠠᠳᠴᠠᠢ᠃      ︽ᠮᠡᠳᠡᠭᠳᠡᠯ︾᠎ ᠳᠤ ᠲᠤᠳᠤᠷᠬᠠᠶᠢᠯᠠᠭᠰᠠᠨ ᠨᠢ᠂ ︽ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠦᠷᠢᠲᠦᠬᠦ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾᠎ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ︽ᠬᠤᠶᠠᠷ ᠠᠯᠲᠠᠨ ᠭᠤᠷᠪᠠᠨ ᠲᠣᠭᠲᠠᠴᠠ︾ ᠵᠡᠷᠭᠡ ᠲᠦᠷᠢᠮ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠪᠣᠳᠠᠲᠠᠶ ᠬᠡᠷᠡᠭᠵᠢᠭᠦᠯᠬᠦ ᠠᠷᠭ᠎ᠠ ᠶᠢ ᠢᠵᠢ ᠪᠦᠷᠢᠯᠳᠦᠭᠦᠯᠦᠨ ᠪᠠᠶᠢᠭᠤᠯᠤᠨ ᠲᠡᠭᠦᠯᠳᠡᠷᠵᠢᠭᠦᠯᠵᠦ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠲᠥᠪᠯᠡᠷᠡᠭᠦᠯᠬᠦ ᠦᠢᠯᠡᠳᠦᠯ ᠲᠠᠢ ︽1 + N + X︾ ᠴᠠᠯᠢᠩ ᠦᠷᠢᠲᠦᠯ ᠢ ᠵᠠᠰᠠᠵᠤ ᠵᠠᠷᠤᠯᠭ᠎ᠠ ᠪᠠᠨ ᠮᠡᠳᠡᠭᠦᠯᠬᠦ ᠳᠦᠷᠢᠮ ᠤᠨ ᠰᠢᠰᠲ᠋ᠧᠮᠵᠢ ᠶᠢ ᠪᠠᠶᠢᠭᠤᠯᠤᠨ ᠪᠦᠷᠢᠯᠳᠦᠭᠦᠯᠦᠨ᠎ᠡ ᠭᠡᠵᠡᠢ᠃      ︽ᠮᠡᠳᠡᠭᠳᠡᠯ︾᠎ ᠳᠤ ᠢᠯᠡᠷᠬᠡᠶᠢᠯᠡᠭᠰᠡᠨ ᠨᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠵᠡᠷᠭᠡ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠬᠦ ᠠᠰᠠᠭᠤᠳᠠᠯ ᠠᠮᠠᠷᠬᠠᠨ ᠡᠭᠦᠰᠬᠦ ᠠᠵᠢᠯ ᠳᠦᠷᠦᠯ ᠢᠶᠠᠷ ᠭᠤᠣᠯᠳᠠᠯᠭ᠎ᠠ ᠪᠣᠯᠭᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠨᠢ ᠡᠷᠴᠢᠮᠲᠡᠢ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠨᠢ ᠲᠣᠳᠣᠷᠬᠠᠶ᠂ ᠪᠠᠶᠢᠭᠤᠯᠤᠯ ᠲᠣᠭᠲᠠᠴᠠ ᠨᠢ ᠪᠦᠷᠢᠨ᠂ ᠬᠢᠨᠠᠯᠲᠠ ᠬᠠᠮᠢᠶᠠᠷᠤᠯᠲᠠ ᠨᠢ ᠨᠠᠶᠢᠳᠠᠪᠤᠷᠢᠵᠢᠭᠤᠯᠤᠯ ᠲᠠᠢ ᠵᠠᠰᠠᠯᠲᠠ ᠶᠢᠨ ᠪᠠᠶᠢᠷᠢᠰᠢᠯ ᠢ ᠪᠤᠢ ᠪᠤᠯᠭᠠᠨ᠎ᠠ᠃ 2018 ᠣᠨ ᠤ ᠡᠴᠦᠰ ᠪᠣᠯᠬᠤ ᠳᠤ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ ᠤᠨ ᠬᠥᠳᠡᠯᠮᠦᠷᠢ ᠶᠢᠨ ᠭᠡᠷ᠎ᠡ ᠲᠤᠭᠲᠠᠬᠤ᠂ ᠪᠠᠩᠬᠢ ᠠᠴᠠ ᠰᠠᠷ᠎ᠠ ᠪᠦᠷᠢ ᠲᠤᠭ᠎ᠠ ᠶᠤᠰᠤᠭᠠᠷ ᠴᠠᠯᠢᠩ ᠤᠯᠭᠤᠬᠤ᠂ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ᠂ ᠬᠤᠪᠢᠶᠠᠨ ᠳᠠᠭᠠᠭᠠᠴᠢᠯᠠᠭᠰᠠᠨ ᠠᠵᠤ ᠠᠬᠤᠶᠢᠯᠠᠯ ᠨᠢ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠳᠤ ᠨᠠᠶᠢᠳᠠᠨ ᠰᠢᠭᠤᠳ ᠬᠦᠴᠦ ᠶᠠᠪᠤᠭᠴᠢ ᠮᠠᠯᠴᠢᠨ ᠲᠠᠷᠢᠶᠠᠴᠢᠨ ᠳᠤ ᠰᠢᠭᠤᠳ ᠴᠠᠯᠢᠩ ᠥᠭᠬᠦ ᠪᠠᠩᠬᠢ ᠶᠢᠨ ᠤᠯᠭᠤᠬᠤ ᠨᠤᠷᠮ᠎ᠠ᠂ ᠴᠠᠯᠢᠩ ᠪᠠ ᠪᠠᠷᠢᠯᠭ᠎ᠠ ᠶᠢᠨ ᠵᠣᠭᠤᠰ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ᠂ ᠴᠠᠯᠢᠩ ᠤᠨ ᠲᠤᠰᠬᠠᠶ ᠳᠠᠩᠰᠠ ᠶᠢᠨ ᠳᠦᠷᠢᠮ ᠤᠨ ᠪᠦᠷᠬᠦᠴᠡ ᠶᠢᠨ ᠨᠣᠷᠮ᠎ᠠ ᠶᠢ 90%᠎ ᠠᠴᠠ ᠳᠡᠭᠡᠭᠰᠢ ᠳᠤ ᠬᠦᠷᠦᠭᠦᠯᠵᠦ᠂ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠢᠯᠡᠴᠢᠯᠡᠨ ᠮᠡᠳᠡᠭᠦᠯᠵᠦ ᠵᠠᠭᠠᠯᠳᠣᠭᠰᠠᠨ ᠬᠡᠷᠡᠭ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠰᠢᠮᠳᠠᠭᠤᠯᠤᠨ ᠰᠢᠶᠳᠪᠦᠷᠢᠯᠡᠭᠦᠯᠬᠦ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠶᠢ 95%᠎ ᠠᠴᠠ ᠳᠡᠭᠡᠭᠰᠢ ᠳᠤ ᠬᠦᠷᠦᠭᠦᠯᠦᠨ᠎ᠡ︔ 2019 ᠣᠨ ᠤ ᠵᠢᠯ ᠤᠨ ᠡᠴᠦᠰ ᠪᠣᠯᠬᠤ ᠳᠤ᠂ ᠡᠯ᠎ᠡ ᠵᠦᠢᠯ ᠤᠨ ᠤᠷᠲᠤ ᠬᠤᠭᠤᠴᠠᠭᠠᠨ ᠤ ᠪᠦᠲᠦᠮᠵᠢᠲᠠᠢ ᠠᠷᠭ᠎ᠠ ᠬᠡᠮᠵᠢᠶ᠎ᠡ ᠪᠠ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ ᠴᠥᠮ 100%᠎ ᠳᠤ ᠬᠦᠷᠦᠭᠦᠯᠦᠨ᠎ᠡ︔ 2020 ᠣᠨ ᠤ ᠵᠢᠯ ᠤᠨ ᠡᠴᠦᠰ ᠪᠣᠯᠬᠤ ᠳᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠳᠠᠬᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠦᠨᠳᠦᠰᠦᠨ ᠳᠡᠭᠡᠨ ᠥᠷᠢᠲᠦᠬᠦ ᠦᠭᠡᠢ ᠪᠠᠶᠢᠬᠤ ᠬᠠᠷᠠᠯᠲᠠ ᠶᠢ ᠪᠡᠶᠡᠯᠡᠭᠦᠯᠦᠨ᠎ᠡ ᠭᠡᠵᠡᠢ᠃ ᠡᠭᠦᠨ ᠠᠴᠠ ᠭᠠᠳᠠᠨ᠎ᠠ ︽ᠮᠡᠳᠡᠭᠳᠡᠯ︾᠎ ᠳᠤ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠨᠤᠭᠤᠳ ᠰᠠᠷ᠎ᠠ ᠪᠦᠷᠢ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠢ ᠨᠡᠷ᠎ᠡ ᠵᠢᠭᠡᠯᠡᠵᠦ ᠳᠠᠭᠠᠭᠠᠴᠢᠯᠠᠭᠰᠠᠨ᠂ ᠬᠠᠤᠯᠢ ᠠᠴᠠ ᠵᠥᠷᠢᠴᠡᠵᠦ ᠳᠠᠭᠠᠭᠠᠴᠢᠯᠠᠭᠰᠠᠨ᠂ ᠰᠢᠯᠵᠢᠭᠦᠯᠵᠦ ᠳᠠᠭᠠᠭᠠᠴᠢᠯᠠᠭᠰᠠᠨ᠂ ᠬᠤᠪᠢᠶᠠᠵᠦ ᠳᠠᠭᠠᠭᠠᠴᠢᠯᠠᠭᠰᠠᠨ ᠪᠠ ᠴᠠᠯᠢᠩ ᠥᠭᠴᠦ ᠪᠠᠶᠢᠬᠤ ᠵᠡᠷᠭᠡ ᠪᠠᠶᠢᠳᠠᠯ ᠳᠤ ᠲᠤᠰᠬᠠᠢ ᠪᠠᠶᠢᠴᠠᠭᠠᠯᠲᠠ ᠬᠢᠵᠦ᠂ ᠤᠳᠤᠷᠢᠳᠬᠤ ᠬᠥᠮᠦᠰ ᠬᠡᠰᠡᠭ ᠲᠣᠭᠤᠷᠢᠭ ᠤᠨ ᠬᠢ ᠶᠢ ᠳᠠᠭᠠᠭᠠᠴᠢᠯᠠᠬᠤ᠂ ᠲᠤᠰᠬᠠᠶ ᠠᠵᠢᠯᠲᠠᠨ ᠲᠥᠷᠥᠯ ᠵᠦᠢᠯ ᠤᠨ ᠬᠢ ᠶᠢ ᠳᠠᠭᠠᠭᠠᠴᠢᠯᠠᠬᠤ ᠠᠷᠭ᠎ᠠ ᠠᠪᠴᠤ᠂ ᠪᠠᠷᠢᠯᠭ᠎ᠠ ᠶᠢᠨ ᠨᠢᠭᠡᠴᠡ ᠳᠤ ᠪᠥᠬᠦ ᠶᠠᠪᠤᠴᠠ ᠶᠢᠨ ᠬᠢᠨᠠᠯᠲᠠ ᠲᠠᠯᠪᠢᠵᠤ᠂ ᠭᠤᠭᠴᠤᠭ᠎ᠠ ᠨᠢᠭᠡᠪᠦᠷᠢ ᠳᠤ ᠬᠢᠨᠠᠯᠲᠠ ᠲᠠᠯᠪᠢᠬᠤ ᠶᠢ ᠰᠠᠶᠢᠲᠤᠷ ᠬᠢᠬᠦ ᠬᠡᠷᠡᠭᠲᠡᠶ︔ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠥᠭᠬᠦ ᠡᠳᠦᠷ ᠲᠤᠲᠤᠮ ᠤᠨ ᠬᠦᠯᠢᠶᠡᠨ ᠠᠪᠴᠤ ᠭᠦᠢᠴᠡᠳᠬᠡᠬᠦ  ᠲᠤᠰᠬᠠᠶ ᠴᠣᠩᠬᠤ ᠭᠠᠷᠭᠠᠵᠤ᠂ ᠲᠤᠰᠬᠠᠶ ᠬᠥᠮᠦᠨ ᠲᠣᠬᠢᠷᠠᠭᠤᠯᠵᠤ᠂ ᠬᠦᠯᠢᠶᠡᠨ ᠠᠪᠴᠤ ᠭᠦᠢᠴᠡᠳᠬᠡᠬᠦ ᠤᠴᠢᠷ ᠶᠠᠪᠤᠳᠠᠯ ᠪᠠ ᠬᠦᠯᠢᠶᠡᠨ ᠠᠪᠴᠤ ᠭᠦᠢᠴᠡᠳᠬᠡᠬᠦ ᠬᠡᠪᠴᠢᠶ᠎ᠡ ᠶᠢ ᠢᠯᠡ ᠪᠣᠯᠭᠠᠵᠤ᠂ ᠤᠯᠠᠨ ᠰᠠᠯᠠᠭ᠎ᠠ ᠮᠥᠴᠢᠷ ᠬᠠᠮᠲᠤᠷᠠᠨ ᠬᠦᠯᠢᠶᠡᠨ ᠠᠪᠴᠤ ᠭᠦᠢᠴᠡᠳᠬᠡᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠨ᠂ ᠬᠠᠤᠯᠢ ᠬᠡᠷᠡᠭᠵᠢᠭᠦᠯᠬᠦ ᠬᠦᠷᠢᠶ᠎ᠡ ᠬᠡᠪᠴᠢᠶ᠎ᠡ ᠪᠠ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠯᠠᠷᠠᠭᠤᠯᠤᠭᠤᠯᠬᠤ ᠪᠠᠷ ᠵᠠᠷᠯᠢᠭᠳᠠᠭᠰᠠᠨ ᠪᠣᠯᠪᠠᠴᠤ ᠬᠤᠭᠤᠴᠠᠭ᠎ᠠ ᠨᠢ ᠥᠩᠭᠡᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠦᠭᠡᠢ ᠠᠵᠤ ᠠᠬᠤᠶᠢᠯᠠᠯ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ  ᠥᠭᠴᠦ᠂ ᠲᠣᠭᠲᠠᠭᠠᠯ ᠶᠣᠰᠣᠭᠠᠷ ︽ᠬᠠᠷ᠎ᠠ ᠨᠡᠷ᠎ᠡ ᠶᠢᠨ ᠳᠠᠩᠰᠠᠨ︾᠎ ᠳᠤ ᠣᠷᠣᠭᠤᠯᠵᠤ ᠬᠠᠮᠲᠤ ᠪᠠᠷ ᠵᠠᠯᠬᠠᠭᠠᠨ ᠴᠡᠭᠡᠷᠯᠡᠭᠦᠯᠵᠦ᠂ ᠴᠠᠯᠢᠩ ᠠᠪᠬᠤ ᠨᠡᠷ᠎ᠡ ᠪᠠᠷ ᠪᠠᠷᠢᠯᠭ᠎ᠠ ᠶᠢᠨ ᠵᠣᠭᠤᠰ ᠢ ᠠᠪᠴᠤ ᠶᠠᠯ᠎ᠠ ᠬᠢᠭᠰᠡᠨ ᠳᠤ ᠬᠦᠷᠦᠭᠰᠡᠨ ᠪᠣᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号