ᠥᠪᠥᠷ ᠮᠣᠩᠭᠤᠯ ᠬᠦᠨᠳᠦ ᠨᠣᠴᠢᠲᠠᠶ ᠢᠲᠡᠭᠡᠯ ᠠᠯᠳᠠᠭᠰᠠᠳ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠭᠤᠶᠤᠴᠢᠯᠠᠬᠤ ᠬᠢᠷᠢ ᠬᠡᠮ ᠢ ᠨᠢ ᠬᠦᠴᠦᠨ ᠦᠭᠡᠶ ᠪᠣᠯᠭᠠᠨ᠎ᠠ
ᠨᠡᠶᠢᠲᠡᠯᠡᠭᠰᠡᠨ ᠴᠠᠭ᠄
2018/8/8
      ᠡᠨᠡ ᠡᠳᠦᠷ ᠠᠴᠠ ᠡᠬᠢᠯᠡᠨ᠂ ᠥᠪᠥᠷ ᠮᠣᠩᠭᠤᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠢᠲᠡᠭᠡᠮᠵᠢ ᠶᠢᠨ ᠲᠡᠮᠳᠡᠭᠯᠡᠯ ᠢ ᠬᠢᠨᠠᠨ ᠪᠠᠶᠢᠴᠠᠭᠠᠬᠤ ᠳᠦᠷᠢᠮ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠨ ᠤ ᠲᠥᠷᠥᠯ ᠵᠦᠢᠯ ᠳᠤ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠢᠯᠯᠠᠭ᠎ᠠ ᠶᠢ ᠲᠡᠮᠳᠡᠭᠯᠡᠨ ᠬᠠᠮᠢᠶᠠᠷᠬᠤ ᠶᠢᠨ ᠲᠦᠷ ᠬᠡᠷᠡᠭᠵᠢᠭᠦᠯᠬᠦ ᠠᠷᠭ᠎ᠠ︾᠎ ᠶᠢ ᠡᠬᠢᠯᠡᠵᠦ ᠬᠡᠷᠡᠭᠵᠢᠭᠦᠯᠪᠡ᠃ ᠬᠤᠶᠢᠰᠢᠳᠠ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠭᠤᠶᠤᠴᠢᠯᠠᠬᠤ ᠭᠤᠣᠯ ᠴᠣᠭᠴᠠ ︵ᠬᠤᠪᠢ ᠬᠥᠮᠦᠨ ᠪᠤᠶᠤ ᠨᠢᠭᠡᠴᠡ︶ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠠᠵᠢᠯᠯᠠᠭ᠎ᠠ ᠲᠠᠢ ᠪᠣᠯ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠭᠤᠶᠤᠴᠢᠯᠠᠬᠤ ᠬᠢᠷᠢ ᠬᠡᠮ ᠢ ᠨᠢ ᠬᠦᠴᠦᠨ ᠦᠭᠡᠶ ᠪᠣᠯᠭᠠᠨ᠎ᠠ᠃      ︽ᠲᠦᠷᠢᠮ︾᠎ ᠳᠤ ᠲᠣᠭᠲᠠᠭᠠᠭᠰᠠᠨ ᠢᠶᠠᠷ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ᠂ ᠲᠥᠷᠥᠯ ᠵᠦᠢᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠲᠠᠪᠴᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠳᠤ ᠨᠡᠷ᠎ᠡ ᠳᠤᠷᠠᠳᠤᠭᠳᠠᠬᠤ ᠪᠠᠷ ᠮᠡᠳᠡᠭᠦᠯᠬᠦ ᠵᠡᠷᠭᠡ ᠶᠠᠪᠤᠴᠠ ᠳᠤ᠂ ᠮᠡᠳᠡᠭᠦᠯᠦᠭᠰᠡᠨ ᠨᠢᠭᠡᠴᠡ᠂ ᠬᠠᠤᠯᠢ ᠶᠢᠨ ᠡᠷᠬᠡᠲᠡᠨ ᠤ ᠲᠥᠯᠥᠭᠡᠯᠡᠭᠴᠢ ᠪᠤᠶᠤ ᠭᠤᠣᠯ ᠬᠠᠷᠢᠭᠤᠴᠠᠯᠭᠠᠲᠠᠨ᠂ ᠭᠤᠶᠤᠴᠢᠯᠠᠭᠰᠠᠨ ︵ᠡᠷᠬᠢᠯᠡᠭᠰᠡᠨ︶ ᠬᠥᠮᠦᠨ᠂ ᠲᠤᠰᠬᠠᠶ ᠠᠰᠢᠭ ᠤᠨ ᠡᠷᠬᠡ ᠲᠠᠢ ᠬᠥᠮᠦᠨ ᠪᠤᠶᠤ ᠡᠭᠦᠳᠦᠭᠴᠢ ᠨᠢ ᠨᠢᠭᠡᠨᠲᠡ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠪᠤᠰᠤᠳ ᠰᠠᠯᠠᠭ᠎ᠠ ᠮᠥᠴᠢᠷ ᠤᠨ ︽ᠬᠠᠷ᠎ᠠ ᠲᠠᠩᠰᠠ︾᠎ ᠳᠤ ᠲᠡᠮᠳᠡᠭᠯᠡᠭᠦᠯᠦᠭᠰᠡᠳ︔ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠪᠤᠰᠤᠳ ᠰᠠᠯᠠᠭ᠎ᠠ ᠮᠥᠴᠢᠷ ᠠᠴᠠ ︽ᠭᠤᠣᠯᠳᠠᠯᠭ᠎ᠠ ᠲᠠᠢ ᠬᠢᠨᠠᠯᠲᠠ ᠲᠠᠯᠪᠢᠭᠳᠠᠭᠴᠢ︾᠎ ᠪᠠᠷ ᠲᠡᠮᠳᠡᠭᠯᠡᠭᠦᠯᠦᠭᠰᠡᠳ︔ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠥᠭᠴᠦ᠂ ᠪᠠᠩᠬᠢ᠂ ᠨᠡᠶᠢᠭᠡᠮᠯᠢᠭ ᠵᠡᠷᠭᠡ ᠠᠵᠢᠯ ᠲᠦᠷᠦᠯ ᠤᠨ ᠰᠠᠯᠠᠭ᠎ᠠ ᠮᠥᠴᠢᠷ ᠠᠴᠠ ᠴᠢᠬᠤᠯᠠ ᠶᠡᠭᠡ ᠰᠢᠳᠬᠡᠯ ᠲᠣᠷᠭᠠᠭᠤᠯᠢ ᠥᠭᠬᠦ ᠰᠢᠢᠳᠪᠦᠷᠢ ᠭᠠᠷᠭᠠᠭᠠᠳ᠂ ᠬᠠᠷᠠᠬᠠᠨ ᠭᠦᠢᠴᠡᠳᠬᠡᠭᠡᠳᠦᠢ ᠪᠤᠶᠤ ᠭᠦᠢᠴᠡᠳᠬᠡᠬᠦ ᠬᠤᠭᠤᠴᠠᠭ᠎ᠠ ᠨᠢ ᠳᠠᠭᠤᠰᠤᠭᠠᠳᠤᠶ ᠪᠠᠶᠢᠭᠰᠠᠳ︔ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠵᠢᠴᠢ ᠬᠤᠰᠢᠭᠤ ᠰᠢᠶᠠᠨ ᠤ ᠰᠢᠭᠦᠬᠦ ᠬᠤᠷᠢᠶ᠎ᠠ ᠰᠢᠭᠦᠨ ᠲᠠᠰᠤᠯᠤᠭᠠᠳ᠂ ᠬᠠᠷᠠᠬᠠᠨ ᠭᠦᠢᠴᠡᠳᠬᠡᠭᠡᠳᠦᠢ ᠪᠤᠶᠤ ᠭᠦᠢᠴᠡᠳᠬᠡᠬᠦ ᠬᠤᠭᠤᠴᠠᠭ᠎ᠠ ᠨᠢ ᠳᠠᠭᠤᠰᠤᠭᠠᠳᠤᠶ ᠪᠠᠶᠢᠭᠰᠠᠳ︔ ᠠᠵᠤ ᠠᠬᠤᠶᠢᠯᠠᠯ ᠨᠢ ᠡᠷᠡᠭᠦᠯ ᠪᠤᠰᠤ ᠡᠵᠡᠩᠨᠡᠯᠲᠡ ᠶᠢᠨ ᠨᠡᠷᠡᠰ ᠲᠤ ᠵᠢᠭᠰᠠᠭᠠᠭᠰᠠᠳ︔ ᠮᠡᠳᠡᠭᠦᠯᠦᠭᠰᠡᠨ ᠨᠢᠭᠡᠴᠡ᠂ ᠬᠠᠤᠯᠢ ᠶᠢᠨ ᠡᠷᠬᠡᠲᠡᠨ ᠤ ᠲᠥᠯᠥᠭᠡᠯᠡᠭᠴᠢ ᠪᠤᠶᠤ ᠭᠤᠣᠯ ᠬᠠᠷᠢᠭᠤᠴᠠᠯᠭᠠᠲᠠᠨ᠂ ᠭᠤᠶᠤᠴᠢᠯᠠᠭᠰᠠᠨ ︵ᠡᠷᠬᠢᠯᠡᠭᠰᠡᠨ︶ ᠬᠥᠮᠦᠨ᠂ ᠲᠤᠰᠬᠠᠶ ᠠᠰᠢᠭ ᠤᠨ ᠡᠷᠬᠡ ᠲᠠᠢ ᠬᠥᠮᠦᠨ ᠪᠤᠶᠤ ᠡᠭᠦᠳᠦᠭᠴᠢ ᠨᠢ ᠪᠤᠰᠤᠳ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠠᠵᠢᠯᠯᠠᠭ᠎ᠠ ᠲᠠᠢ ᠪᠣᠯ᠂ ᠲᠤᠬᠠᠶ ᠶᠢᠨ ᠵᠢᠯ ᠤᠨ  ᠭᠤᠶᠤᠴᠢᠯᠠᠬᠤ ᠬᠢᠷᠢ ᠬᠡᠮ ᠢ ᠨᠢ ᠬᠦᠴᠦᠨ ᠦᠭᠡᠶ ᠪᠣᠯᠭᠠᠨ᠎ᠠ᠃      ᠣᠶᠢᠯᠠᠭᠠᠭᠰᠠᠨ ᠢᠶᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠢᠲᠡᠭᠡᠮᠵᠢ ᠶᠢᠨ ᠬᠢᠨᠠᠨ ᠪᠠᠶᠢᠴᠠᠭᠠᠬᠤ ᠲᠡᠮᠳᠡᠭᠯᠡᠯ ᠤᠨ ᠲᠣᠬᠠᠢ ᠲᠣᠳᠣᠷᠬᠠᠶ ᠲᠣᠭᠲᠠᠭᠠᠯ ᠪᠠᠶᠢᠬᠤ ᠠᠴᠠ ᠭᠠᠳᠠᠨ᠎ᠠ᠂ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠨ ᠤ ᠲᠥᠷᠥᠯ ᠵᠦᠢᠯ ᠢ ᠵᠣᠬᠢᠶᠠᠨ ᠪᠠᠶᠢᠭᠤᠯᠵᠤ ᠬᠠᠮᠢᠶᠠᠷᠬᠤ ᠳᠤ ᠤᠷᠤᠯᠴᠠᠭᠰᠠᠨ ᠪᠤᠶᠤ ᠬᠡᠷᠡᠭᠵᠢᠭᠦᠯᠦᠯᠲᠡ ᠳᠤᠮᠳᠠ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠠᠵᠢᠯᠯᠠᠭ᠎ᠠ ᠲᠠᠢ ᠬᠠᠮᠢᠶ᠎ᠠ ᠪᠥᠬᠦᠶ ᠬᠠᠷᠢᠭᠤᠴᠠᠯᠭ᠎ᠠ ᠲᠠᠢ ᠭᠤᠤᠯ ᠴᠣᠭᠴᠠ ᠳᠤ ᠵᠣᠬᠢᠴᠠᠩᠭᠤᠶ ᠬᠢᠵᠠᠭᠠᠷᠯᠠᠬᠤ ᠠᠷᠭ᠎ᠠ ᠬᠡᠮᠵᠢᠶ᠎ᠡ ᠳᠤᠷᠠᠳᠤᠨ ᠭᠠᠷᠭᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号