ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2018 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/8/9
     8 ᠳ᠋ᠤᠭᠠᠷ ᠰᠠᠷ᠎ᠠ ᠶᠢᠨ 8᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠣᠷᠣᠨ ᠤ ᠳᠡᠭᠡᠳᠦ ᠬᠤᠷᠳᠤᠴᠠᠲᠤ ᠲᠡᠮᠦᠷ ᠵᠠᠮ ᠵᠡᠷᠭᠡ ᠭᠤᠣᠯᠳᠠᠯᠭ᠎ᠠ ᠲᠠᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠲᠦᠬᠦᠮ ᠪᠣᠯᠭᠠᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ ᠠᠵᠢᠯ ᠤᠨ ᠬᠡᠷᠡᠭᠵᠢᠭᠦᠯᠬᠦ ᠰᠠᠨᠠᠯ ᠵᠡᠷᠭᠡ ᠶᠠᠪᠤᠳᠠᠯ ᠢ ᠰᠤᠳᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠲᠠᠭᠤᠳᠠᠯ ᠢᠶᠠᠨ ᠨᠦᠬᠦᠪᠦᠷᠢᠯᠡᠬᠦ ᠪᠠᠷ ᠤᠳᠤᠬᠠᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠡᠭᠦᠷᠭᠡ ᠪᠠᠨ ᠪᠣᠯᠭᠠᠵᠤ᠂ ᠰᠠᠭᠤᠷᠢ ᠪᠡᠯᠡᠳᠬᠡᠮᠵᠢ ᠶᠢᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠨᠠᠷᠢᠨ ᠬᠢᠨᠠᠮᠠᠭᠠᠶ ᠰᠤᠳᠤᠯᠵᠤ᠂ ᠨᠢᠭᠡᠳᠦᠯᠲᠡᠶ ᠲᠥᠯᠥᠪᠯᠡᠨ ᠠᠷᠭ᠎ᠠ ᠰᠦᠪᠡᠭᠴᠢᠯᠡᠵᠦ᠂ ᠳᠤᠲᠠᠭᠤᠳᠠᠯ ᠢ ᠨᠥᠬᠦᠪᠥᠷᠢᠯᠡᠬᠦ ᠶᠢ ᠰᠦᠪᠡᠭᠴᠢᠯᠡᠬᠦ ᠪᠠ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢ ᠴᠢᠩᠭ᠎ᠠ ᠠᠳᠬᠤᠵᠤ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠣᠨᠣᠪᠴᠢᠲᠤ ᠴᠢᠨᠠᠷ ᠢ ᠳᠤᠪᠤᠶᠢᠯᠭᠠᠬᠤ ᠬᠡᠷᠡᠭᠲᠡᠢ᠃ ᠬᠡᠷᠡᠭᠴᠡᠭᠡ ᠪᠠ ᠪᠣᠯᠤᠯᠴᠠᠭ᠎ᠠ ᠶᠢ ᠭᠦᠢᠴᠡᠳ ᠪᠣᠳᠣᠯᠬᠢᠯᠠᠵᠤ᠂ ᠲᠤᠤᠷᠠᠳᠤ ᠲᠦᠪᠰᠢᠨ ᠢᠶᠠᠷ ᠲᠠᠪᠬᠤᠷᠳᠠᠭᠤᠯᠤᠨ ᠪᠡᠯᠡ ᠤᠷᠤᠭᠤᠯᠬᠤ᠂ ᠪᠦᠳᠦᠭᠦᠯᠢᠭ ᠢᠶᠠᠷ ᠪᠤᠰᠤᠳ ᠢ ᠲᠠᠭᠤᠷᠢᠶᠠᠨ ᠪᠡᠯᠡ ᠤᠷᠤᠭᠤᠯᠬᠤ ᠶᠢ ᠪᠦᠳᠦᠮᠵᠢᠳᠡᠢ ᠬᠤᠷᠢᠬᠯᠠᠬᠤ ᠬᠡᠷᠡᠭᠳᠡᠢ᠃ ᠪᠤᠳᠠᠳᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠤᠯ ᠬᠦᠨᠳᠦ ᠬᠦᠩᠭᠡᠨ ᠠᠯᠠᠭᠤᠷ ᠪᠠᠴᠢᠮ ᠢ ᠢᠯᠭᠠᠨ᠂ ᠡᠮᠬᠢ ᠵᠢᠷᠤᠮ ᠲᠠᠢ ᠠᠬᠢᠭᠤᠯᠵᠤ᠂ ᠳᠣᠲᠣᠷ ᠭᠠᠵᠠᠷ ᠪᠣᠯᠤᠨ ᠲᠠᠯᠠᠢ ᠳᠠᠭᠠᠤ ᠣᠷᠣᠨ ᠤ ᠤᠯᠤᠰ ᠤᠨ ᠵᠠᠮ ᠬᠠᠷᠢᠯᠴᠠᠭᠠᠨ ᠤ ᠭᠤᠣᠯ ᠱᠤᠭᠤᠮ ᠤᠨ ᠲᠥᠷᠥᠯ ᠵᠦᠢᠯ ᠢ ᠭᠤᠣᠯᠳᠠᠯᠭ᠎ᠠ ᠲᠠᠢ  ᠲᠦᠯᠬᠢᠨ  ᠠᠬᠢᠭᠤᠯᠬᠤ  ᠬᠡᠷᠡᠭᠲᠡᠢ  ᠭᠡᠵᠡᠢ᠃      ᠬᠤᠷᠠᠯ ᠠᠴᠠ ᠵᠢᠭᠠᠭᠰᠠᠨ ᠨᠢ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠲᠦᠬᠦᠮ ᠪᠣᠯᠭᠠᠬᠤ ᠠᠵᠢᠯ ᠢ ᠠᠬᠢᠭᠤᠯᠬᠤ ᠶᠢ ᠭᠦᠨᠵᠡᠭᠡᠶᠢᠷᠡᠭᠦᠯᠬᠦ ᠪᠤᠯ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠬᠦ᠂ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠬᠤ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠬᠤ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠮᠦᠨ᠂ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠡᠷᠬᠡᠪᠰᠢ ᠪᠡᠶ᠎ᠡ ᠳᠡᠭᠡᠨ ᠬᠤᠪᠢᠰᠬᠠᠯ ᠬᠢᠬᠦ ᠰᠥᠰᠥ ᠵᠤᠷᠢᠭ ᠢᠶᠠᠷ ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠨᠲᠡ ᠲᠣᠭᠲᠠᠭᠰᠠᠨ ᠠᠷᠭ᠎ᠠ ᠬᠡᠮᠵᠢᠶ᠎ᠡ ᠪᠣᠯᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠪᠠᠶᠢᠳᠠᠯ ᠎ ᠳᠤ ᠰᠢᠮᠳᠠᠭᠤᠯᠤᠨ ᠪᠠᠶᠢᠴᠠᠭᠠᠯᠲᠠ ᠬᠢᠬᠦ ᠡᠷᠴᠢᠮ ᠢᠶᠠᠨ ᠴᠢᠩᠭᠠᠷᠠᠭᠤᠯᠵᠤ᠂ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠳᠤ ᠲᠣᠭᠲᠠᠭᠰᠠᠨ ᠬᠤᠭᠤᠴᠠᠭ᠎ᠠ ᠲᠠᠢ ᠪᠠᠷ ᠲᠤᠬᠢᠷᠠᠭᠤᠯᠤᠯᠲᠠ ᠬᠢᠵᠦ᠂ ᠠᠵᠢᠯ ᠤᠨ ᠳᠤᠮᠳᠠᠬᠢ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠶᠳᠪᠦᠷᠢᠯᠡᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠯᠠᠨ ᠲᠦᠮᠡᠨ ᠯᠦᠭᠡ ᠬᠠᠮᠤᠭ ᠠᠴᠠ ᠨᠢᠬᠳᠠ ᠬᠠᠷᠢᠴᠠᠭ᠎ᠠ ᠲᠠᠢ ᠬᠢᠨᠠᠨ ᠵᠦᠪᠰᠢᠶᠡᠷᠡᠭᠦ ᠦᠢᠯᠡᠴᠢᠯᠡᠭᠡᠨ ᠤ ᠵᠦᠢᠯᠡᠰ ᠢ ᠨᠢᠬᠳᠠ ᠠᠩᠬᠠᠷᠴᠤ᠂ ︽ᠬᠡᠷᠡᠴᠢ ᠦᠨᠡᠮᠯᠡᠯ ᠢ ᠴᠦᠬᠡᠳᠭᠡᠨ ᠠᠷᠠᠳ ᠲᠤ ᠲᠦᠭᠦᠮ ᠦᠵᠡᠭᠦᠯᠭᠦ︾ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠤ᠂ ︽ᠨᠢᠭᠡ ᠰᠦᠯᠵᠢᠶ᠎ᠠ ᠪᠠᠷ ᠨᠡᠶᠢᠳᠡᠮ ᠬᠦᠢᠴᠡᠳᠭᠡᠭᠦ︾ ᠤᠷᠢᠳᠠᠯ ᠲᠤᠤᠷ᠎ᠠ ︽ᠬᠡᠳᠦᠷᠡᠬᠦ ᠳᠡᠭᠡᠨ ᠨᠢᠭᠡ ᠤᠳᠠᠭ᠎ᠠ ᠬᠦᠶᠦᠯᠭᠡᠭᠦ︾ ᠠᠵᠢᠯ ᠢ ᠬᠠᠮᠵᠢᠯᠴᠠᠨ ᠠᠬᠢᠭᠤᠯᠵᠤ᠂ ᠬᠠᠮᠤᠭ ᠤᠨ ᠶᠡᠭᠡ ᠬᠡᠮᠵᠢᠶ᠎ᠠ ᠪᠠᠷ ᠠᠵᠤ ᠠᠬᠤᠶᠢᠯᠠᠯ ᠳᠤ ᠠᠰᠢᠭ ᠬᠦᠷᠳᠡᠭᠡᠨ ᠠᠷᠠᠳ ᠲᠤ ᠲᠦᠭᠦᠮ ᠦᠵᠡᠭᠦᠯᠵᠤ᠂ ᠠᠵᠤ ᠠᠬᠤᠶᠢᠯᠠᠯ ᠪᠤᠯᠤᠨ ᠤᠯᠠᠨ ᠲᠦᠮᠡᠨ ᠤ ᠲᠠᠭᠠᠰᠢᠶᠠᠯ ᠤᠨ ᠬᠡᠮᠵᠢᠶ᠎ᠠ ᠪᠠ ᠬᠦᠷᠳᠡᠮᠵᠢ ᠶᠢᠨ ᠲᠦᠷᠦᠭᠳᠡᠯ ᠢ ᠦᠨᠡᠨ ᠬᠦ ᠲᠡᠭᠡᠭᠰᠢᠯᠡᠭᠦᠯᠭᠦ ᠬᠡᠷᠡᠭᠳᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号