ᠬᠥᠬᠡᠬᠤᠲᠠ ᠪᠤᠭᠤᠳᠤ ᠤᠷᠳᠤᠰ ᠤᠨ ᠬᠠᠮᠵᠢᠯᠴᠠᠨ ᠬᠦᠭᠵᠢᠭᠦ ᠶᠢ ᠠᠬᠢᠭᠤᠯᠬᠤ ᠲᠤᠰᠬᠠᠢ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/9/10
     9 ᠳ᠋ᠦ᠋ᠭᠡᠷ ᠰᠠᠷ᠎ᠠ ᠶᠢᠨ 6᠎ ᠤ ᠡᠳᠦᠷ᠂ ᠬᠦᠬᠡᠬᠤᠳᠠ ᠪᠤᠭᠤᠳᠤ ᠤᠷᠳᠤᠰ ᠤᠨ ᠬᠠᠮᠵᠢᠯᠴᠠᠨ ᠬᠦᠭᠵᠢᠭᠦ ᠶᠢ ᠠᠬᠢᠭᠤᠯᠬᠤ ᠲᠤᠰᠬᠠᠢ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃      ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠎ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠣᠷᠣᠯᠴᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶ᠎ᠠ ᠪᠤᠯ ᠦᠪᠦᠷ ᠮᠤᠩᠭᠤᠯ ᠤᠨ ᠨᠡᠩ ᠲᠡᠭᠡᠳᠦ ᠲᠠᠪᠬᠤᠷᠭ᠎ᠠ ᠠᠴᠠ ᠬᠦᠬᠡᠬᠤᠳᠠ ᠪᠤᠭᠤᠳᠤ ᠤᠷᠳᠤᠰ ᠤᠨ ᠬᠠᠮᠵᠢᠯᠴᠠᠨ ᠬᠦᠭᠵᠢᠭᠦ ᠶᠢ ᠠᠬᠢᠭᠤᠯᠬᠤ ᠴᠢᠬᠤᠯᠠ ᠵᠢᠷᠤᠮᠯᠠᠯ ᠪᠤᠯᠤᠨ᠎ᠠ᠃ ᠪᠢᠳᠡ ᠡᠷᠬᠡᠪᠰᠢ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠦᠨ᠂ ︽ᠲᠦᠷᠪᠡᠨ ᠤᠬᠠᠮᠰᠠᠷ︾᠎ ᠢᠶᠠᠨ ᠴᠢᠩᠭᠠᠷᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠲᠠᠢ ᠨᠢᠭᠡᠳᠦᠯᠳᠡᠢ ᠪᠠᠶᠢᠯᠭᠠᠵᠤ᠂ ᠨᠢᠭᠡᠳᠦᠯᠳᠡᠢ ᠨᠡᠭᠡᠭᠡᠯᠳᠡ ᠬᠢᠭᠦ ᠲᠤᠮᠤ ᠵᠠᠬ᠎ᠠ ᠲᠡᠯᠭᠡᠭᠦᠷ ᠢ ᠪᠠᠶᠢᠭᠤᠯᠬᠤ ᠳᠤ ᠰᠠᠭᠤᠷᠢᠯᠠᠵᠤ᠂ ᠤᠷᠤᠨ ᠪᠦᠰᠡ ᠶᠢᠨ ᠪᠦᠬᠦᠯᠢ ᠴᠤᠬᠴᠠ ᠶᠢᠨ ᠬᠦᠭᠵᠢᠯᠳᠡ ᠶᠢᠨ ᠲᠦᠪᠰᠢᠨ ᠢ ᠲᠡᠭᠡᠭᠰᠢᠯᠡᠭᠦᠯᠭᠦ ᠳᠤ ᠰᠠᠭᠤᠷᠢᠯᠠᠨ᠂ ᠤᠯᠤᠰ ᠤᠨ ᠴᠢᠬᠤᠯᠠ ᠶᠡᠭᠡ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠳᠤ ᠠᠭᠤᠰᠤᠯᠴᠠᠭᠤᠯᠬᠤ ᠳᠤ ᠰᠠᠭᠤᠷᠢᠯᠠᠵᠤ᠂ ᠬᠦᠬᠡᠬᠤᠳᠠ ᠪᠤᠭᠤᠳᠤ ᠤᠷᠳᠤᠰ ᠤᠨ ᠬᠠᠮᠵᠢᠯᠴᠠᠨ ᠬᠦᠭᠵᠢᠭᠦ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠭᠦ ᠬᠡᠷᠡᠭᠳᠡᠢ ᠬᠡᠪᠠ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠬᠦᠬᠡᠬᠤᠳᠠ ᠪᠤᠭᠤᠳᠤ ᠤᠷᠳᠤᠰ ᠨᠢᠭᠡ ᠴᠤᠬᠴᠠᠵᠢᠭᠤᠯᠤᠨ ᠬᠦᠭᠵᠢᠭᠦᠯᠭᠦ ᠭᠤᠤᠯ ᠰᠢᠵᠢᠮ ᠢ ᠴᠢᠩᠭ᠎ᠠ ᠠᠳᠬᠤᠵᠤ᠂ ︽ᠨᠢᠭᠡ ᠬᠦᠯᠭᠡ ᠰᠢᠳᠠᠷ᠎ᠠ︾ ᠪᠤᠯᠬᠤ ᠦᠵᠡᠯ ᠰᠠᠨᠠᠭ᠎ᠠ ᠶᠢ ᠪᠠᠳᠤ ᠪᠤᠢ ᠪᠤᠯᠭᠠᠨ᠂ ᠬᠠᠮᠵᠢᠯᠴᠠᠨ ᠬᠦᠭᠵᠢᠭᠦ ᠶᠢ ᠬᠢᠵᠠᠭᠠᠷᠯᠠᠵᠤ ᠪᠦᠬᠦᠢ ᠪᠠᠶᠢᠭᠤᠯᠤᠮᠵᠢ ᠲᠤᠬᠳᠠᠴᠠ ᠶᠢᠨ ᠰᠠᠭᠠᠳ ᠲᠤᠳᠬᠠᠷ ᠢ ᠲᠦᠷᠭᠡᠳᠭᠡᠨ ᠠᠷᠢᠯᠭᠠᠵᠤ᠂ ᠬᠦᠬᠡᠬᠤᠳᠠ ᠪᠤᠭᠤᠳᠤ ᠤᠷᠳᠤᠰ ᠤᠨ ᠬᠦᠨᠵᠡᠭᠡᠢ ᠠᠭᠤᠰᠤᠯᠴᠠᠬᠤ ᠬᠦᠭᠵᠢᠯᠳᠡ ᠶᠢᠨ ᠪᠠᠶᠢᠷᠢᠰᠢᠯ ᠢ ᠪᠦᠷᠢᠯᠳᠦᠭᠦᠯᠭᠦ ᠬᠡᠷᠡᠭᠳᠡᠢ᠃ ᠠᠵᠤ ᠦᠢᠯᠡᠰ ᠤᠨ ᠠᠵᠢᠯ ᠤᠨ ᠬᠤᠪᠢᠶᠠᠷᠢᠯᠠᠯᠳᠠ ᠬᠠᠮᠵᠢᠯᠴᠠᠭ᠎ᠠ ᠪᠠᠨ ᠴᠢᠩᠭᠠᠷᠠᠭᠤᠯᠵᠤ᠂ ᠬᠦᠬᠡᠬᠤᠳᠠ ᠪᠤᠭᠤᠳᠤ ᠤᠷᠳᠤᠰ ᠭᠤᠷᠪᠠᠨ ᠬᠤᠳᠠ ᠶᠢᠨ ᠡᠬᠢ ᠪᠠᠶᠠᠯᠢᠭ ᠤᠨ ᠲᠠᠪᠠᠭᠤᠯᠢᠭ ᠪᠤᠯᠤᠨ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠲᠠᠪᠠᠭᠤᠯᠢᠭ ᠢᠶᠠᠨ ᠪᠠᠳᠠᠷᠠᠭᠤᠯᠤᠨ ᠲᠤᠳᠠᠭᠤᠳᠠᠯ ᠢᠶᠠᠨ ᠨᠦᠬᠦᠪᠦᠷᠢᠯᠡᠭᠦ᠂ ᠬᠠᠮᠳᠤᠷᠠᠨ ᠠᠵᠢᠯᠯᠠᠵᠤ ᠬᠠᠮᠳᠤ ᠪᠠᠷ ᠠᠰᠢᠭ ᠬᠦᠷᠳᠡᠭᠦ ᠶᠢ ᠠᠬᠢᠭᠤᠯᠵᠤ᠂ ᠤᠨᠴᠠᠯᠢᠬᠳᠦ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠭᠡᠭᠵᠢᠭᠦᠯᠵᠤ᠂ ᠠᠳᠠᠯᠢ ᠪᠦᠳᠦᠴᠡᠳᠦ᠂ ᠠᠳᠠᠯᠢ ᠴᠢᠨᠠᠷᠳᠤ ᠬᠦᠭᠵᠢᠯᠳᠡ ᠠᠴᠠ ᠵᠠᠶᠢᠯᠠᠬᠤ ᠬᠡᠷᠡᠭᠳᠡᠢ᠃ ᠰᠢᠨᠵᠢᠯᠡᠭᠦ ᠤᠬᠠᠭᠠᠨ ᠮᠡᠷᠭᠡᠵᠢᠯ ᠤᠨ ᠴᠢᠳᠠᠪᠤᠷᠢᠳᠠᠨ ᠤ ᠡᠬᠢ ᠪᠠᠶᠠᠯᠢᠭ ᠪᠠ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ᠂ ᠢᠨᠵᠧᠨᠧᠷᠢᠩ ᠤᠨ ᠰᠤᠳᠤᠯᠭᠠᠨ ᠤ ᠲᠦᠪ ᠵᠡᠷᠭᠡ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠨᠢᠭᠡᠳᠦᠯᠳᠡᠢ ᠲᠦᠯᠦᠪᠵᠢᠭᠦᠯᠵᠤ᠂ ᠰᠢᠨ᠎ᠠ ᠶᠢ ᠡᠭᠦᠳᠭᠦ ᠴᠢᠳᠠᠪᠤᠷᠢ ᠪᠠᠨ ᠬᠠᠮᠵᠢᠯᠴᠡᠨ ᠲᠡᠭᠡᠭᠰᠢᠯᠡᠭᠦᠯᠵᠤ᠂ ᠬᠦᠬᠡᠬᠤᠳᠠ ᠪᠤᠭᠤᠳᠤ ᠤᠷᠳᠤᠰ ᠤᠨ ᠤᠯᠤᠰ ᠤᠨ ᠲᠡᠰ ᠤᠨ ᠪᠡᠶ᠎ᠡ ᠪᠠᠨ ᠲᠠᠭᠠᠭᠠᠵᠤ ᠰᠢᠨ᠎ᠠ ᠶᠢ ᠡᠭᠦᠳᠭᠦ ᠵᠢᠱᠢᠶ᠎ᠡ ᠦᠵᠡᠭᠦᠯᠭᠦ ᠤᠷᠤᠨ ᠢ ᠲᠦᠷᠭᠡᠳᠭᠡᠨ ᠪᠠᠶᠢᠭᠤᠯᠬᠤ ᠬᠡᠷᠡᠭᠳᠡᠢ᠃ ᠵᠠᠩᠬᠢᠯᠠᠭ᠎ᠠ ᠶᠢ ᠠᠳᠬᠤᠵᠤ᠂ ᠲᠤᠳᠠᠭᠤᠳᠠᠯ ᠢᠶᠠᠨ ᠨᠦᠬᠦᠪᠦᠷᠢᠯᠡᠭᠦ ᠠᠵᠢᠯ ᠢ ᠤᠨᠤᠪᠴᠢᠳᠠᠢ ᠰᠠᠶᠢᠳᠤᠷ ᠬᠢᠵᠤ᠂ ᠬᠦᠬᠡᠬᠤᠳᠠ ᠪᠤᠭᠤᠳᠤ ᠤᠷᠳᠤᠰ ᠤᠨ ᠠᠮᠢ ᠠᠬᠤᠢ ᠤᠷᠴᠢᠨ ᠲᠤᠭᠤᠷᠢᠨ᠂ ᠤᠰᠤᠨ ᠠᠰᠢᠬᠯᠠᠯᠳᠠ᠂ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ ᠵᠡᠷᠭᠡ ᠰᠠᠭᠤᠷᠢ ᠲᠦᠭᠦᠭᠡᠷᠦᠮᠵᠢ ᠶᠢᠨ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠭᠦᠯᠵᠤ᠂ ᠤᠷᠤᠨ ᠪᠦᠰᠡ ᠶᠢᠨ ᠲᠤᠳᠤᠭᠠᠳᠤᠬᠢ ︽ᠮᠤᠬᠤᠷᠳᠡᠯ ᠵᠠᠮ︾ ᠪᠠ ︽ᠨᠢᠭᠡ ᠺᠢᠯᠦᠮᠧᠲᠷ ᠤᠨ ᠪᠠᠬᠢᠯᠡᠯᠳᠡ︾ ᠵᠡᠷᠭᠡ ᠲᠤᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠭᠦ ᠬᠡᠷᠡᠭᠳᠡᠢ᠃ ᠰᠠᠨᠠᠭᠠᠰᠢᠷᠠᠬᠤ ᠤᠬᠠᠮᠰᠠᠷ᠂ ᠬᠠᠷᠢᠭᠤᠴᠠᠯᠭᠠᠳᠦ ᠤᠬᠠᠮᠰᠠᠷ ᠢᠶᠠᠨ ᠴᠢᠩᠭᠠᠷᠠᠭᠤᠯᠤᠨ᠂ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠢ ᠬᠠᠮᠵᠢᠯᠴᠠᠨ ᠰᠠᠶᠢᠳᠤᠷ ᠬᠢᠭᠦ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠦᠷᠦ ᠶᠢᠨ ᠪᠤᠳᠤᠯᠭ᠎ᠠ ᠠᠷᠭ᠎ᠠ ᠪᠠᠷᠢᠯ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ᠂ ᠪᠠᠶᠢᠭᠤᠯᠤᠮᠵᠢ ᠶᠢᠨ ᠰᠢᠨ᠎ᠠ ᠡᠭᠦᠳᠦᠯᠳᠡ ᠵᠡᠷᠭᠡ ᠲᠠᠯ᠎ᠠ ᠪᠠᠷ ᠢᠳᠡᠪᠬᠢᠳᠡᠢ ᠲᠠᠮᠵᠢᠯᠭᠡ ᠦᠵᠡᠭᠦᠯᠭᠦ ᠬᠡᠷᠡᠭᠳᠡᠢ ᠬᠡᠵᠠᠢ᠃      ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠪᠤᠤ ᠭᠠᠩ ᠬᠤᠷᠠᠯ ᠳᠤ ᠤᠷᠤᠯᠴᠠᠪᠠ᠃ ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠪᠠ ᠬᠦᠬᠡᠬᠤᠳᠠ ᠪᠤᠭᠤᠳᠤ ᠤᠷᠳᠤᠰ ᠭᠤᠷᠪᠠᠨ ᠬᠤᠳᠠ ᠶᠢᠨ ᠬᠠᠷᠢᠭᠤᠴᠠᠯᠭᠠᠳᠠᠨ ᠬᠠᠮᠢᠶ᠎ᠠ ᠪᠦᠬᠦᠢ ᠪᠠᠶᠢᠳᠠᠯ ᠢ ᠬᠠᠷᠢᠭᠤ ᠮᠡᠳᠡᠭᠦᠯᠵᠤ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠦᠭᠡ ᠬᠡᠯᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号