ᠲᠦᠩᠯᠢᠶᠣᠤ ᠬᠤᠲᠠ ᠶᠢᠨ ᠠᠵᠤ ᠦᠢᠯᠡᠳᠪᠦᠷᠢ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ︵ᠲᠦᠩᠯᠢᠶᠣᠤ ᠮᠠᠰᠲ᠋ᠧᠷ ᠤᠨ ᠳᠡᠭᠡᠳᠦ ᠰᠤᠷᠭᠠᠭᠤᠯᠢ︶ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2018/9/10
     9 ᠳ᠋ᠦ᠋ᠭᠡᠷ ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠠᠵᠤ ᠦᠢᠯᠡᠳᠪᠦᠷᠢ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ︵ᠲᠦᠩᠯᠢᠶᠣᠤ ᠮᠠᠰᠲ᠋ᠧᠷ ᠤᠨ ᠳᠡᠭᠡᠳᠦ ᠰᠤᠷᠭᠠᠭᠤᠯᠢ︶᠎ ᠶᠢᠨ ᠢᠯᠡᠷᠬᠡᠶᠢᠯᠡᠯ ᠰᠡᠬᠦᠬᠦ ᠶᠣᠰᠣᠯᠠᠯ ᠪᠠ ᠰᠤᠷᠤᠯᠭ᠎ᠠ ᠡᠬᠢᠯᠡᠬᠦ ᠶᠣᠰᠣᠯᠠᠯ ᠶᠠᠪᠤᠭᠳᠠᠪᠠ᠃ ᠲᠦᠩᠯᠢᠶᠣᠤ ᠬᠤᠲᠠ ᠶᠢᠨ ᠠᠵᠤ ᠦᠢᠯᠡᠳᠪᠦᠷᠢ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ︵ᠲᠦᠩᠯᠢᠶᠣᠤ ᠮᠠᠰᠲ᠋ᠧᠷ ᠤᠨ ᠳᠡᠭᠡᠳᠦ ᠰᠤᠷᠭᠠᠭᠤᠯᠢ ︶ ᠪᠣᠯ ᠤᠤᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠠᠵᠤ ᠦᠢᠯᠡᠳᠪᠦᠷᠢ ᠶᠢᠨ ᠮᠡᠷᠭᠡᠵᠢᠯ ᠤᠨ ᠰᠤᠷᠭᠠᠭᠤᠯᠢ᠂ ᠲᠦᠩᠯᠢᠶᠣᠤ ᠬᠤᠲᠠ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠲᠠᠨ ᠤ ᠰᠤᠷᠭᠠᠭᠤᠯᠢ᠂ ᠲᠦᠩᠯᠢᠶᠣᠤ ᠬᠤᠳᠠ ᠶᠢᠨ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠬᠤᠷᠴᠢᠨ ᠲᠣᠭᠤᠷᠢᠭ ᠤᠨ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠡᠷᠭᠡ ᠳᠥᠷᠪᠡᠨ ᠰᠤᠷᠭᠠᠭᠤᠯᠢ ᠨᠡᠶᠢᠯᠡᠵᠦ ᠪᠠᠶᠢᠭᠤᠯᠤᠭᠳᠠᠭᠰᠠᠨ ᠶᠤᠮ᠂ ᠲᠦᠩᠯᠢᠶᠣᠤ ᠬᠤᠲᠠ ᠶᠢᠨ ᠣᠳᠣᠬᠠᠨ ᠤ ᠭᠤᠣᠯ ᠪᠣᠯᠬᠤ ᠴᠣᠷ ᠤᠨ ᠭᠠᠭᠴᠠ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠣᠯᠤᠨ᠎ᠠ᠃      ᠲᠦᠩᠯᠢᠶᠣᠤ ᠬᠤᠲᠠ ᠶᠢᠨ ᠠᠵᠤ ᠦᠢᠯᠡᠳᠪᠦᠷᠢ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ︵ᠲᠦᠩᠯᠢᠶᠣᠤ ᠮᠠᠰᠲ᠋ᠧᠷ ᠤᠨ ᠳᠡᠭᠡᠳᠦ ᠰᠤᠷᠭᠠᠭᠤᠯᠢ︶ 258 ᠮᠥ ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠢ ᠨᠢ 80462 ᠲᠡᠭᠰᠢ ᠳᠥᠷᠪᠡᠯᠵᠢᠨ ᠮᠧᠲᠷ ᠪᠠᠶᠢᠵᠤ᠂ ᠣᠳᠣ ᠰᠤᠷᠭᠠᠭᠤᠯᠢ ᠳᠤ ᠪᠠᠶᠢᠭ᠎ᠠ ᠰᠤᠷᠤᠭᠴᠢ 3026 ᠬᠥᠮᠦᠨ᠂ ᠪᠠᠭᠰᠢ ᠠᠵᠢᠯᠳᠠᠨ 380 ᠬᠥᠮᠦᠨ᠂ 15 ᠲᠤᠰᠬᠠᠶ ᠮᠡᠷᠭᠡᠵᠢᠯ ᠪᠠ ᠬᠤᠰᠢᠭᠤᠷᠠᠯ ᠳᠠᠳᠤᠯᠭ᠎ᠠ ᠶᠢᠨ ᠲᠠᠰᠤᠭ᠂ ᠵᠢᠯᠣᠭᠤᠴᠢ ᠶᠢᠨ ᠰᠤᠷᠭᠠᠭᠤᠯᠢ᠂ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ᠂ ᠬᠡᠦᠬᠡᠳ ᠤᠨ ᠴᠡᠴᠡᠷᠯᠢᠭ ᠵᠡᠷᠭᠡ ᠳᠠᠳᠤᠯᠭ᠎ᠠ ᠶᠢᠨ 30 ᠭᠠᠷᠤᠢ ᠭᠠᠵᠠᠷ ᠪᠤᠢ᠂ ᠡᠯ᠎ᠡ ᠲᠥᠷᠥᠯ ᠤᠨ ᠳᠠᠳᠤᠯᠭ᠎ᠠ ᠶᠢᠨ ᠲᠥᠬᠦᠭᠡᠷᠦᠮᠵᠢ 3000 ᠭᠠᠷᠤᠶ ᠰᠠᠭᠤᠷᠢ ︵ᠢᠵᠢ︶ ᠪᠤᠢ᠃ ᠰᠤᠷᠭᠠᠭᠤᠯᠢ ᠨᠢ ᠬᠥᠭᠵᠢᠯᠲᠡ ᠶᠢᠨ ᠶᠠᠪᠤᠴᠠ ᠳᠤ ᠪᠠᠨ᠂ ᠤᠷᠢᠳ ᠬᠤᠵᠢᠳ ᠤᠯᠤᠰ ᠤᠨ ᠲᠠᠰ ᠤᠨ ᠭᠤᠤᠯᠳᠠᠯᠭ᠎ᠠ ᠲᠠᠢ ᠮᠡᠷᠭᠡᠵᠢᠯ ᠤᠨ ᠠᠵᠢᠯᠲᠠᠨ ᠤ ᠰᠤᠷᠭᠠᠭᠤᠯᠢ᠂ ᠤᠯᠤᠰ ᠤᠨ ᠲᠡᠰ ᠤᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠷ ᠵᠡᠷᠭᠡ ᠳᠡᠪᠰᠢᠵᠦ᠂ 2015 ᠣᠨ ᠳᠤ ᠮᠠᠰᠲ᠋ᠧᠷ ᠤᠨ ᠰᠤᠷᠭᠠᠭᠤᠯᠢ ᠪᠠᠷ ᠵᠡᠷᠭᠡ ᠳᠡᠪᠰᠢᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠠᠴᠠ ︽ᠬᠥᠳᠡᠯᠮᠦᠷᠢ ᠶᠢᠨ ᠬᠦᠴᠦᠨ ᠢ ᠰᠢᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠬᠡᠮᠡᠨ ᠴᠤᠯᠠᠯᠠᠭᠳᠠᠵᠤ᠂ ᠤᠯᠤᠰ ᠤᠨ ᠲᠤᠯᠤᠭᠠᠨ ᠶᠠᠮᠤᠨ ᠵᠥᠪᠯᠡᠯ ᠳᠤ ︽ᠪᠥᠬᠦ ᠤᠯᠤᠰ ᠤᠨ ᠬᠥᠳᠡᠭᠡ ᠲᠣᠰᠬᠤᠨ ᠤ ᠵᠠᠯᠠᠭᠤᠴᠤᠳ ᠢ ᠰᠢᠯᠵᠢᠭᠦᠯᠦᠨ ᠠᠵᠢᠯ ᠣᠯᠭᠤᠬᠤ ᠲᠡᠷᠢᠭᠦᠨ ᠤ ᠨᠢᠭᠡᠴᠢ︾ ᠪᠣᠯᠬᠤ ᠪᠠᠷ ᠦᠨᠡᠯᠡᠭᠳᠡᠨ᠂ ᠰᠤᠷᠭᠠᠨ ᠬᠥᠮᠦᠵᠢᠯ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠠᠴᠠ ︽ᠤᠯᠤᠰ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠤᠷᠭᠠᠭᠤᠯᠢ︾᠂ ︽ᠤᠯᠤᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠰᠤᠷᠭᠠᠭᠤᠯᠢ︾᠎ ᠪᠠᠷ ᠴᠤᠯᠠᠯᠠᠭᠳᠠᠭᠰᠠᠨ᠂ ᠤᠯᠤᠰ ᠤᠨ ᠮᠡᠷᠭᠡᠵᠢᠯ ᠤᠨ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ  ᠴᠡᠭ ᠲᠣᠭᠲᠠᠭᠰᠠᠨ ᠪᠣᠯᠪᠠᠰᠤᠷᠠᠭᠤᠯᠤᠯ ᠤᠨ ᠨᠢᠭᠡᠴᠢ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号