ᠪᠦᠬᠦ ᠤᠷᠤᠨ ᠤ ᠭᠤᠷᠪᠠᠳᠤᠭᠠᠷ ᠤᠳᠠᠭ᠎ᠠ ᠶᠢᠨ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠶᠢᠨ ᠬᠠᠷᠠᠭᠠᠨ ᠳᠠᠪᠲᠠᠮᠵᠢᠲᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/9/10
     9 ᠳ᠋ᠦ᠋ᠭᠡᠷ ᠰᠠᠷ᠎ᠠ ᠶᠢᠨ 6 ᠤ ᠡᠳᠤᠷ᠂ ᠭᠤᠷᠪᠠᠳᠤᠭᠠᠷ ᠤᠳᠠᠭ᠎ᠠ ᠶᠢᠨ ᠪᠦᠬᠦ ᠤᠷᠤᠨ ᠤ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠶᠢᠨ ᠬᠠᠷᠠᠭᠠᠨ ᠳᠠᠪᠲᠠᠮᠵᠢᠲᠤ ᠬᠤᠷᠠᠯ ᠬᠤᠷᠠᠯᠳᠤᠪᠠ᠂ ᠬᠤᠷᠠᠯ ᠠᠴᠠ ᠭᠤᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠶᠢᠨ ᠳᠧᠯᠸᠢᠰ ᠳ᠋ᠢᠶᠠᠩᠬᠤᠸᠠ ᠬᠤᠷᠠᠯ ᠤᠨ ᠵᠤᠷᠢᠭ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠳᠤᠭᠠᠷ ᠤᠳᠠᠭ᠎ᠠ ᠶᠢᠨ ᠪᠦᠬᠦ ᠤᠷᠤᠨ ᠤ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠶᠢᠨ ᠠᠵᠢᠯ ᠳᠤ ᠪᠠᠶᠢᠷᠢᠯᠠᠭᠤᠯᠤᠯᠲᠠ ᠬᠢᠪᠡ᠃      ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠵᠠᠩ ᠱᠤᠤ ᠴᠦᠨ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠳᠠᠯᠪᠢᠵᠠᠢ᠃      ᠵᠠᠩ ᠱᠤᠤ ᠴᠦᠨ ᠵᠢᠭᠠᠭᠰᠠᠨ ᠨᠢ᠂ ᠳᠦᠷᠦ ᠶᠢᠨ ᠶᠠᠪᠤᠳᠠᠯ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ᠭᠤᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠪᠤᠯ ᠨᠢᠬᠡ ᠤᠳᠠᠭᠠᠨ ᠤ ᠰᠠᠭᠤᠷᠢ ᠴᠢᠨᠠᠷᠳᠠᠢ ᠴᠢᠬᠤᠯᠠ ᠪᠠᠶᠢᠴᠠᠭᠠᠯᠲᠠ ᠶᠢᠨ ᠠᠵᠢᠯ ᠪᠤᠯᠤᠨ᠎ᠠ᠂ ᠪᠠᠰᠠ ᠴᠤ ᠨᠢᠬᠡ ᠵᠦᠢᠯ ᠤᠨ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠪᠤᠯᠤᠨ᠎ᠡ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠳᠦᠷᠬᠡᠳᠬᠡᠨ ᠠᠬᠢᠭᠤᠯᠬᠤ᠂ ᠳᠠᠷᠢᠶᠠᠨ ᠭᠠᠵᠠᠷ ᠤᠨ ᠬᠠᠮᠠᠭᠠᠯᠠᠯᠳᠠ ᠶᠢᠨ ᠬᠠᠮᠤᠭ ᠴᠢᠩᠭ᠎ᠠ ᠳᠦᠷᠢᠮ ᠪᠤᠯᠤᠨ ᠭᠠᠵᠠᠷ ᠰᠢᠷᠤᠢ ᠶᠢ ᠠᠷᠪᠢᠯᠠᠨ ᠬᠡᠷᠡᠭᠯᠡᠬᠦ ᠬᠠᠮᠤᠭ ᠴᠢᠩᠭ᠎ᠠ ᠳᠦᠷᠢᠮ ᠢ ᠨᠠᠶᠢᠳᠠᠪᠤᠷᠢᠵᠢᠭᠤᠯᠬᠤ᠂ ᠤᠯᠤᠰ ᠤᠨ ᠠᠮᠤ ᠪᠤᠳᠠᠭ᠎ᠠ ᠶᠢᠨ ᠠᠮᠤᠷ ᠲᠦᠪᠰᠢᠨ ᠪᠤᠯᠤᠨ ᠨᠡᠶᠢᠭᠡᠮ ᠤᠨ ᠳᠤᠬᠳᠠᠭᠤᠨ ᠢ ᠪᠠᠳᠤᠯᠠᠬᠤ ᠶᠢᠨ ᠴᠢᠬᠤᠯᠠ ᠠᠷᠭ᠎ᠠ ᠬᠢᠳᠡᠯ ᠮᠦᠨ᠂ ᠴᠢᠨᠡᠬᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠠᠯᠳᠠ ᠶᠢ ᠤᠯᠬᠤ ᠳᠤ ᠴᠢᠬᠤᠯᠠ ᠠᠴᠢ ᠬᠤᠯᠪᠤᠬᠳᠠᠯ ᠲᠠᠢ ᠶᠤᠮ ᠭᠡᠵᠡᠢ᠃      ᠵᠠᠩ ᠱᠤᠤ ᠴᠦᠨ ᠱᠠᠭᠠᠷᠳᠠᠭᠰᠠᠨ ᠨᠢ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠭᠤᠷᠪᠠᠳᠤᠭᠠᠷ ᠤᠳᠠᠭ᠎ᠠ ᠶᠢᠨ ᠪᠦᠭᠦ ᠤᠷᠤᠨ ᠤ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠶᠢ ᠰᠠᠶᠢᠲᠤᠷ ᠬᠢᠬᠦ ᠶᠢᠨ ᠴᠢᠬᠤᠯᠠ ᠴᠢᠨᠠᠷ ᠪᠤᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠦᠨᠳᠤᠷ ᠪᠠᠷᠢᠮᠵᠢᠶ᠎ᠠ᠂ ᠦᠨᠳᠤᠷ ᠶᠠᠰᠤ ᠴᠢᠨᠠᠷ᠂ ᠦᠨᠳᠤᠷ ᠠᠰᠢᠭᠯᠠᠮᠵᠢᠳᠠᠢ ᠪᠠᠷ ᠡᠯ᠎ᠠ ᠵᠦᠢᠯ ᠤᠨ ᠪᠠᠶᠢᠴᠠᠭᠠᠯᠲᠠ ᠶᠢᠨ ᠡᠭᠦᠷᠭᠡ ᠪᠠᠨ ᠪᠡᠶᠡᠯᠡᠭᠦᠯᠭᠦ ᠶᠢ ᠪᠠᠳᠤᠯᠠᠬᠤ ᠭᠡᠷᠡᠭᠳᠠᠢ᠃ ᠤᠳᠤᠬᠢ ᠪᠠᠶᠢᠳᠠᠯ ᠢ ᠪᠠᠶᠢᠴᠠᠭᠠᠨ ᠲᠤᠳᠤᠯᠠᠬᠤ ᠬᠢᠭᠡᠳ ᠲᠤᠭ᠎ᠠ ᠪᠠᠷᠢᠮᠳᠠ ᠶᠢᠨ ᠭᠦᠮᠤᠷᠭᠡ ᠶᠢ ᠲᠡᠭᠦᠯᠳᠡᠷᠵᠢᠭᠦᠯᠭᠦ ᠶᠢ ᠤᠶᠠᠯᠳᠤᠭᠤᠯᠵᠤ᠂ ᠭᠠᠵᠠᠷ ᠰᠢᠷᠤᠢ ᠶᠢᠨ ᠲᠦᠷᠤᠯ ᠤᠨ ᠪᠠᠶᠢᠴᠠᠭᠠᠯᠲᠠ ᠬᠢᠭᠡᠳ ᠡᠷᠭᠡ ᠶᠢᠨ ᠬᠠᠷᠢᠶᠠᠯᠠᠯ ᠤᠨ ᠪᠠᠶᠢᠴᠠᠭᠠᠯᠲᠠ ᠶᠢ ᠤᠶᠠᠯᠳᠤᠭᠤᠯᠵᠤ᠂ ᠮᠡᠳᠡᠭᠡ ᠵᠠᠩᠬᠢ ᠶᠢ ᠨᠡᠶᠢᠳᠬᠡᠬᠦ ᠬᠢᠬᠡᠤᠨ ᠭᠡᠷᠡᠭᠯᠡᠯᠳᠠ ᠶᠢᠨ ᠦᠷ᠎ᠠ ᠪᠦᠳᠤᠮᠵᠢ ᠶᠢ ᠤᠶᠠᠯᠳᠤᠭᠤᠯᠵᠤ᠂ ᠪᠠᠶᠢᠴᠠᠭᠠᠯᠲᠠ ᠶᠢ ᠦᠷᠨᠢᠭᠦᠯᠭᠦ ᠪᠤᠯᠤᠨ ᠲᠦᠷᠢᠮ ᠪᠠᠶᠢᠭᠤᠯᠬᠤ ᠶᠢ ᠤᠶᠠᠯᠳᠤᠭᠤᠯᠵᠤ᠂ ᠦᠨᠡᠨ ᠪᠤᠳᠠᠳᠠᠢ᠂ ᠤᠨᠤᠪᠴᠢᠳᠠᠢ᠂ ᠪᠦᠷᠢᠨ᠂ ᠨᠠᠶᠢᠳᠠᠪᠤᠷᠢᠲᠠᠢ ᠤᠯᠤᠰ ᠤᠨ ᠭᠠᠵᠠᠷ ᠰᠢᠷᠤᠢ ᠶᠢᠨ ᠲᠤᠭ᠎ᠠ ᠪᠠᠷᠢᠮᠳᠠ ᠶᠢ ᠡᠵᠡᠮᠳᠠᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠳᠤ ᠪᠦᠳᠤᠮᠵᠢᠳᠠᠢ ᠦᠢᠯᠡᠴᠢᠯᠡᠭᠡ ᠪᠤᠯᠤᠨ ᠪᠠᠳᠤᠯᠠᠭ᠎ᠠ ᠬᠠᠨᠭ᠍ᠭᠠᠬᠤ ᠭᠡᠷᠡᠭᠳᠠᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号